ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ᠎ᠳᠤ ᠹᠦᠵᠢᠶᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠥ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠥ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ᠂ ᠥᠭᠡᠷᠡᠴᠢᠯᠡᠯᠲᠡ ᠨᠡᠭᠡᠭᠡᠯᠲᠡ ᠵᠢ ᠥᠷᠭᠡᠳᠬᠡᠵᠥ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠥ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠬᠦᠯᠵᠥ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠡᠩ ᠶᠡᠭᠡ ᠳᠠᠪᠰᠢᠯᠲᠠ᠎ᠲᠠᠢ ᠪᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠠᠯ᠎ᠠ᠎ᠪᠠᠷ ᠨᠠᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠨ᠂ ᠲᠠᠶ᠋ᠢᠸᠠᠨ ᠬᠤᠭᠤᠯᠠᠢ ᠵᠢᠨ ᠬᠤᠶᠠᠷ ᠬᠦᠪᠡᠭᠡᠨ᠎ᠤ ᠠᠭᠤᠰᠤᠯᠴᠠᠨ ᠬᠥᠭᠵᠢᠭᠦ ᠰᠢᠨ᠎ᠡ ᠵᠠᠮ᠎ᠢ ᠬᠠᠶ᠋ᠢᠨ ᠰᠦᠪᠡᠭᠴᠢᠯᠡᠬᠦ ᠲᠠᠯ᠎ᠠ᠎ᠪᠠᠷ ᠨᠡᠩ ᠶᠡᠭᠡ ᠠᠯᠬᠤᠮ᠎ᠢ ᠠᠯᠬᠤᠵᠥ᠂ ᠴᠢᠨᠠᠷ ᠰᠠᠶ᠋ᠢᠲᠠᠶ ᠠᠮᠢᠳᠤᠷᠠᠯ᠎ᠢ ᠴᠣᠭᠴᠠᠯᠠᠬᠤ ᠲᠠᠯ᠎ᠠ᠎ᠪᠠᠷ ᠨᠠᠩ ᠶᠡᠭᠡ ᠰᠢᠪᠲᠤᠯᠤᠯᠲᠠ ᠭᠠᠷᠭ᠋ᠠᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠹᠦᠵᠢᠶᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃

3 ᠰᠠᠷ᠎ᠠ ᠵᠢᠨ 22᠎ᠠᠴᠠ 25᠎ᠤ ᠡᠳᠤᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠰᠢ ᠵᠢᠨ ᠫᠢᠩ ᠹᠦᠵᠢᠶᠠᠨ᠎ᠳᠤ ᠰᠢᠨᠵᠢᠯᠠᠨ ᠪᠠᠶ᠋ᠢᠴᠠᠭ᠋ᠠᠪᠠ᠃ ᠡᠨᠡ ᠪᠤᠯ 22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠨᠠᠨᠫᠢᠩ᠎ᠤᠨ ᠡᠤ ᠢ ᠱᠠᠨ ᠬᠤᠳᠠ ᠵᠢᠨ ᠰᠢᠩ ᠼᠦᠨ ᠪᠠᠯᠭ᠋ᠠᠰᠤᠨ᠎ᠤ ᠶᠠᠨ ᠽᠢ ᠺᠧ ᠠᠮᠢ ᠠᠬᠤᠢ ᠵᠢᠨ ᠴᠠᠢ ᠵᠢᠨ ᠬᠦᠷᠢᠶᠠᠯᠠᠩ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠤᠨᠴᠠ ᠳᠤᠮᠢᠯᠠᠬ᠍ᠴᠢ᠂ ᠴᠠᠢ ᠵᠢᠨ ᠳᠠᠷᠢᠶᠠᠴᠢᠨ᠎ᠲᠠᠢ ᠳᠤᠳᠤᠨᠤ᠎ᠪᠠᠷ ᠰᠤᠯᠢᠯᠴᠠᠵᠥ᠂ ᠳᠤᠬᠠᠢ ᠵᠢᠨ ᠭᠠᠵᠠᠷ᠎ᠤᠨ ᠴᠠᠢ ᠵᠢᠨ ᠠᠵᠥ ᠦᠢ᠍ᠯᠡᠰ᠎ᠤᠨ ᠬᠦᠭᠵᠢᠯᠳᠡ ᠵᠢᠨ ᠪᠠᠶ᠋ᠢᠳᠠᠯ᠎ᠢ ᠦᠢ᠍ᠯᠠᠭ᠋ᠠᠵᠥ ᠪᠠᠶ᠋ᠢᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠶᠠᠨ ᠶᠠᠨ ᠰᠡᠬᠦᠳᠡᠷᠯᠡᠪᠡ
ᠬᠠᠪᠤᠷ᠎ᠤᠨ ᠳᠤᠮᠳᠠ ᠰᠠᠷ᠎ᠠ᠎ᠪᠠᠷ᠂ ᠹᠦᠵᠢᠶᠠᠨ᠎ᠤ ᠡᠬᠡ ᠭᠠᠵᠠᠷ᠎ᠲᠤ ᠠᠮᠢ ᠠᠮᠢᠵᠢᠷᠠᠯ ᠵᠶ᠋ᠠᠷ ᠪᠢᠯᠬᠠᠨ᠎ᠠ᠃ 3 ᠰᠠᠷ᠎ᠠ ᠵᠢᠨ 22᠎ᠠᠴᠠ 25᠎ᠤ ᠡᠳᠦᠷ ᠪᠣᠯᠲᠠᠯ᠎ᠠ᠂ ᠰᠢ ᠵᠢᠨ ᠫᠢᠩ ᠹᠦᠵᠢᠶᠠᠨ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠶᠢᠨ ᠯᠢ᠂ ᠮᠤᠵᠢ ᠵᠢᠨ ᠳᠠᠷᠤᠭ᠎ᠠ ᠸᠠᠩ ᠨᠢᠩ᠎ᠤᠨ ᠪᠠᠷ᠎ᠠ ᠪᠣᠯᠣᠯᠭ᠎ᠠ᠎ᠲᠠᠢ᠎ᠪᠠᠷ ᠤᠷᠢᠳ ᠬᠤᠵᠢᠳ ᠨᠠᠨᠫᠢᠩ᠂ ᠰᠠᠨᠮᠢᠩ᠂ ᠹᠦᠵᠧᠦ ᠵᠡᠷᠭᠡ ᠭᠠᠵᠠᠷ᠎ᠲᠤ ᠬᠦᠷᠴᠦ᠂ ᠤᠯᠤᠰ᠎ᠤᠨ ᠴᠡᠴᠡᠷᠯᠢᠭ᠂ ᠠᠮᠢ ᠠᠬᠤᠶ ᠵᠢᠨ ᠴᠠᠶ ᠵᠢᠨ ᠬᠦᠷᠢᠶᠡᠯᠡᠩ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠂ ᠡᠮᠨᠡᠯᠭᠡ ᠵᠢᠨ ᠬᠤᠷᠢᠶ᠎ᠠ᠂ ᠬᠥᠳᠡᠭᠡ ᠲᠣᠰᠬᠤᠨ᠂ ᠠᠵᠤ ᠠᠬᠤᠶ᠋ᠢᠯᠠᠯ᠂ ᠰᠤᠷᠭ᠋ᠠᠭᠤᠯᠢ ᠵᠡᠷᠭᠡ ᠭᠠᠵᠠᠷ᠎ᠲᠤ ᠭᠦᠨᠵᠡᠭᠡᠶ᠋ᠢᠷᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠶ᠋ᠢᠨ ᠡᠬᠢᠯᠡᠯᠳᠡ᠎ᠲᠠᠢ ᠪᠠᠶ᠋ᠢᠬᠤ ᠵᠢ ᠠᠬᠢᠭᠤᠯᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠡᠷᠭᠡ ᠵᠢᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠠ᠃
ᠦ᠋ ᠢ ᠱᠠᠨ᠎ᠤ ᠤᠯᠤᠰ᠎ᠤᠨ ᠴᠡᠴᠡᠷᠯᠢᠭ ᠪᠣᠯ ᠤᠯᠤᠰ᠎ᠤᠨ ᠴᠡᠴᠡᠷᠯᠢᠭ᠎ᠤᠨ ᠪᠠᠶ᠋ᠢᠭᠤᠯᠤᠮᠵᠢ ᠵᠢᠨ ᠲᠦᠷᠦᠭᠦᠦ ᠪᠦᠯᠦᠭ᠎ᠤᠨ ᠲᠤᠷᠰᠢᠯᠲᠠ ᠵᠢᠨ ᠴᠡᠭ᠎ᠤᠨ ᠨᠢᠭᠡ ᠪᠣᠯᠤᠨ᠎ᠠ᠃ 22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠴᠡᠴᠡᠷᠯᠢᠭ᠎ᠤᠨ ᠤᠶᠤᠨᠴᠢ ᠬᠠᠮᠢᠶᠠᠷᠤᠯᠲᠠ ᠵᠢᠨ ᠲᠥᠪ᠎ᠲᠤ ᠬᠦᠷᠴᠦ᠂ ᠤᠶᠤᠨᠴᠢ ᠬᠠᠮᠢᠶᠠᠷᠤᠯᠲᠠ ᠵᠢᠨ ᠲᠠᠪᠴᠠᠩ᠎ᠤᠨ ᠠᠵᠢᠯᠯᠠᠭ᠋ᠠᠨ᠎ᠤ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠲᠣᠰ ᠲᠥᠪ᠎ᠨᠢ ᠤᠶᠤᠨᠳᠤ ᠮᠡᠷᠭᠡᠵᠢᠯ᠎ᠢ ᠶᠡᠷᠦᠩᠬᠡᠶ᠋ᠢᠯᠡᠨ ᠠᠰᠢᠡᠡᠯᠠᠵᠤ᠂ ᠴᠡᠴᠡᠷᠯᠢᠭ᠎ᠤᠨ 《ᠲᠩᠷᠢ ᠭᠠᠵᠠᠷ ᠣᠭᠲᠠᠷᠭᠤᠶ》 ᠵᠢ ᠪᠥᠬᠦ ᠬᠠᠷᠠᠭ᠋ᠠᠰᠤ᠎ᠠᠴᠠ᠂ ᠪᠦᠬᠦᠯᠢ ᠡᠳᠦᠷ ᠵᠶ᠋ᠠᠷ ᠬᠢᠨᠠᠨ ᠡᠵᠡᠮᠳᠡᠵᠦ ᠬᠠᠮᠢᠶᠠᠷᠬᠤ ᠵᠢ ᠪᠡᠶᠡᠯᠡᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠠᠢ᠃ ᠰᠢ ᠵᠢᠨ ᠫᠢᠩ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠹᠦᠵᠢᠶᠠᠨ᠎ᠳᠤ ᠠᠵᠢᠯᠯᠠᠵᠥ ᠪᠠᠶ᠋ᠢᠬᠰᠠᠨ ᠬᠤᠭᠤᠴᠠᠭ᠋ᠠᠨ᠎ᠳᠠᠭᠠᠨ ᠳᠠᠷᠤᠢ ᠴᠠᠩ ᠲᠢᠩ᠎ᠤᠨ ᠬᠦᠷᠦᠰᠦ ᠰᠢᠷᠣᠢ ᠵᠢᠨ ᠢᠳᠡᠭᠳᠡᠯ᠎ᠢ ᠵᠠᠰᠠᠬᠤ᠂ ᠮᠦ᠍ ᠯᠠᠨ ᠰᠢ ᠵᠢᠨ ᠦᠢ᠍ᠡᠷᠢ ᠰᠡᠷᠭᠡᠶ᠋ᠢᠯᠡᠬᠦ ᠢᠨᠵᠧᠨᠧᠷᠢᠩ ᠵᠡᠷᠭᠡ ᠴᠢᠬᠤᠯᠠ ᠶᠡᠭᠡ ᠠᠮᠢ ᠠᠬᠤᠢ ᠵᠢᠨ ᠬᠠᠮᠠᠭ᠋ᠠᠯᠠᠯᠲᠠ ᠵᠢᠨ ᠢᠨᠵᠧᠨᠧᠷᠢᠩ᠎ᠢ ᠠᠬᠢᠭᠤᠯᠤᠭᠰᠠᠨ ᠪᠥᠭᠡᠳ 2000 ᠣᠨ᠎ᠳᠤ ᠹᠦᠵᠢᠶᠠᠨ᠎ᠳᠤ ᠪᠦᠬᠦ ᠤᠯᠤᠰ᠎ᠲᠤ ᠡᠩ ᠲᠡᠷᠢᠭᠦᠨ᠎ᠳᠤ ᠠᠮᠢ ᠠᠬᠤᠢ ᠵᠢᠨ ᠮᠤᠵᠢ ᠵᠢᠨ ᠪᠦᠳᠦᠭᠡᠨ ᠪᠠᠶ᠋ᠢᠭᠤᠯᠤᠯᠲᠠ ᠵᠢ ᠰᠦᠪᠡᠭᠴᠢᠯᠡᠬᠦ ᠵᠢ ᠠᠬᠢᠭᠤᠯᠤᠬᠰᠠᠨ ᠶᠤᠮ᠃ ᠤᠷᠳᠤ ᠬᠤᠭᠤᠴᠠᠭ᠋ᠠᠨ᠎ᠤ ᠴᠢᠷᠮᠠᠶ᠋ᠢᠯᠭ᠎ᠠ᠎ᠪᠠᠷ ᠳᠠᠮᠵᠢᠨ᠂ ᠹᠦᠵᠢᠶᠠᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠤᠯᠪᠠ᠃ ᠰᠢ ᠵᠢᠨ ᠫᠢᠩ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠬᠤ ᠵᠢᠨ ᠵᠣᠷᠢᠯᠭ᠎ᠠ ᠪᠣᠯ ᠳᠠᠷᠤᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ᠎ᠤ ᠬᠠᠮᠲᠤ ᠴᠣᠭᠴᠠ ᠪᠣᠯᠬᠤ ᠣᠶ᠋ᠢᠯᠠᠭ᠋ᠠᠭᠳᠠᠬᠤᠨ ᠶᠤᠰᠤᠭ᠋ᠠᠷ᠂ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠤᠨ ᠤᠤᠯ ᠲᠦᠷᠢ ᠳᠦᠷᠬᠦ ᠪᠣᠯᠤᠨ ᠪᠦᠷᠢᠨ ᠪᠦᠲᠦᠨ ᠴᠢᠨᠠᠷ᠎ᠢ ᠪᠠᠲᠤᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢᠨ ᠲᠥᠯᠥᠭᠡ ᠶᠤᠮ᠃ ᠠᠮᠢ ᠠᠬᠤᠢ ᠵᠢᠨ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠠᠮᠠᠭ᠋ᠠᠯᠠᠬᠤ ᠪᠠ ᠬᠥᠭᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ ᠵᠢᠨ ᠨᠡᠭᠦᠳᠡᠯ ᠠᠷᠠᠳ᠎ᠢ ᠡᠮᠬᠢ ᠵᠢᠷᠤᠮ᠎ᠲᠠᠢ᠎ᠪᠠᠷ ᠨᠡᠭᠦᠯᠭᠡᠨ ᠰᠢᠯᠵᠢᠭᠦᠯᠵᠦ᠂ ᠠᠮᠢ ᠠᠬᠤᠢ ᠵᠢᠨ ᠵᠢᠭᠤᠯᠴᠢᠯᠠᠯ᠎ᠢ ᠵᠣᠬᠢᠰᠲᠠᠢ ᠬᠥᠭᠵᠢᠭᠦᠯᠤᠨ᠂ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ ᠦᠭᠡᠢ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠨᠢᠭᠡᠳᠭᠡᠬᠦ ᠵᠢ ᠪᠡᠶᠡᠯᠡᠭᠦᠯᠬᠦ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃
ᠡᠤ ᠢ ᠱᠠᠨ ᠠᠭᠤᠯᠠ ᠪᠣᠯ ᠡᠤ ᠯᠦᠩ ᠴᠠᠢ᠂ ᠬᠠᠷ᠎ᠠ ᠴᠠᠢ ᠵᠢᠨ ᠭᠤᠯᠤᠮᠳᠠ ᠤᠷᠤᠨ ᠪᠤᠯᠤᠨ᠎ᠠ᠃ ᠰᠢ ᠵᠢᠨ ᠫᠢᠩ ᠰᠢᠩ ᠼᠦᠨ ᠪᠠᠯᠭ᠋ᠠᠰᠤ ᠵᠢᠨ ᠶᠠᠨ ᠽᠢ ᠺᠧ ᠠᠮᠢ ᠠᠬᠤᠢ ᠵᠢᠨ ᠴᠠᠢ ᠵᠢᠨ ᠬᠦᠷᠢᠶᠡᠯᠡᠩ᠎ᠳᠤ ᠬᠦᠷᠴᠦ᠂ ᠬᠠᠪᠤᠷ᠎ᠤᠨ ᠴᠠᠢ ᠵᠢᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠲᠤᠬᠠᠢ ᠵᠢᠨ ᠭᠠᠵᠠᠷ᠎ᠤᠨ ᠴᠠᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠣᠶ᠋ᠢᠯᠠᠭ᠋ᠠᠪᠠ᠃ ᠰᠢ ᠵᠢᠨ ᠫᠢᠩ᠂ ᠴᠠᠢ ᠵᠢᠨ ᠰᠣᠶᠣᠯ᠂ ᠴᠠᠢ ᠵᠢᠨ ᠠᠵᠤ ᠦᠢ᠍ᠯᠡᠰ᠂ ᠴᠠᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠨᠡ ᠬᠦ᠌ ᠶᠡᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠵᠢᠨ ᠴᠢᠭᠯᠡᠯ᠎ᠢ ᠪᠠᠷᠢᠮᠲᠠᠯᠠᠨ᠂ ᠲᠦᠷᠦᠯ ᠲᠡᠮᠳᠡᠭ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠡᠵᠡᠩᠨᠡᠯᠳᠠ ᠪᠣᠷᠣᠯᠠᠭᠤᠯᠭ᠎ᠠ ᠭᠦᠢ᠍ᠯᠭᠡᠭᠡ ᠵᠢᠨ ᠣᠷᠴᠢᠨ᠎ᠢ ᠰᠢᠯᠢᠳᠡᠭᠵᠢᠭᠦᠯᠦᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠠᠵᠤ ᠦᠢ᠍ᠯᠡᠰ᠎ᠤᠨ ᠰᠠᠭᠤᠷᠢ ᠵᠢ ᠪᠠᠳᠤᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠴᠢ ᠵᠢᠨ ᠲᠦᠷᠢᠮ᠎ᠢ ᠭᠦᠨᠵᠡᠭᠡᠢ ᠠᠬᠢᠭᠤᠯᠵᠤ᠂ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠴᠢ ᠥᠭᠦᠯᠡᠯ ᠵᠶ᠋ᠠᠨ ᠬᠥᠳᠡᠭᠡ ᠤᠴᠢᠵᠤ ᠪᠢᠴᠢᠭᠦ᠎ᠳᠤ ᠬᠦᠷᠭᠡᠬᠦ ᠬᠡᠷᠡᠭᠲᠡᠢ ᠬᠡᠵᠥ ᠴᠢᠬᠤᠯᠠᠴᠢᠯᠠᠪᠠ᠃
ᠴᠠᠢ ᠵᠢᠨ ᠬᠦᠷᠢᠶᠡᠯᠡᠩ᠎ᠠᠴᠠ ᠰᠠᠯᠤᠭ᠋ᠠᠳ᠂ ᠰᠢ ᠵᠢᠨ ᠫᠢᠩ ᠬᠤᠯᠤᠰᠤᠨ ᠰᠠᠯ᠎ᠳᠤ ᠰᠠᠭᠤᠵᠤ ᠵᠢᠦ ᠴᠢᠥᠢ ᠰᠢ ᠵᠢ᠎ᠲᠠᠭᠠᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠪᠠᠶ᠋ᠢᠳᠠᠯ ᠪᠣᠯᠤᠨ ᠪᠠᠶ᠋ᠢᠭ᠋ᠠᠯᠢ ᠵᠢᠨ ᠦᠩᠭᠡ ᠦᠵᠡᠮᠵᠢ ᠵᠢ ᠪᠠᠶ᠋ᠢᠴᠠᠭ᠋ᠠᠨ ᠰᠤᠨᠢᠷᠬᠠᠪᠠ᠃ ᠵᠢᠦ ᠴᠢᠦᠢ ᠰᠢ ᠵᠢᠨ ᠬᠥᠪᠡᠭᠡᠨ᠎ᠳᠠᠬᠢ ᠵᠦ᠍ ᠰᠢ ᠶᠤᠸᠠᠨ᠎ᠳᠤ᠂ ᠰᠢ ᠵᠢᠨ ᠫᠢᠩ ᠵᠦ᠍ ᠰᠢ ᠵᠢᠨ ᠨᠠᠮᠲᠠᠷ ᠵᠢᠴᠢ ᠶᠣᠰᠣ ᠵᠦᠢ ᠵᠢᠨ ᠰᠤᠳᠤᠯᠭ᠋ᠠᠨ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠣᠨᠳᠣᠣᠰᠢᠭᠤᠯᠬᠤ᠂ ᠪᠦᠲᠦᠭᠡᠯᠴᠢ᠎ᠪᠠᠷ ᠬᠥᠭᠵᠢᠭᠦᠯᠬᠦ ᠵᠢ ᠠᠬᠢᠭᠤᠯᠵᠤ᠂ ᠴᠠᠭ ᠦᠶ᠎ᠡ ᠵᠢᠨ ᠵᠣᠷᠢᠭ ᠰᠠᠨᠠᠭ᠎ᠠ᠎ᠪᠠᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠮᠠᠷᠺᠰ᠎ᠤᠨ ᠦᠵᠡᠯ᠎ᠢ ᠪᠠᠷᠢᠮᠲᠠᠯᠠᠬᠤ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃

3 ᠰᠠᠷ᠎ᠠ ᠵᠢᠨ 22᠎ᠠᠴᠠ 25᠎ᠤ ᠡᠳᠤᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠰᠢ ᠵᠢᠨ ᠫᠢᠩ ᠹᠦᠵᠢᠶᠠᠨ᠎ᠳᠤ ᠰᠢᠨᠵᠢᠯᠠᠨ ᠪᠠᠶ᠋ᠢᠴᠠᠭ᠋ᠠᠪᠠ᠃ ᠡᠨᠡ ᠪᠤᠯ 23᠎ᠤ ᠦᠳᠡ ᠵᠢᠨ ᠡᠮᠤᠨ᠎ᠡ᠂ ᠰᠢ ᠵᠢᠨ ᠫᠢᠩ ᠰᠠᠨᠮᠢᠩ ᠬᠤᠳᠠ ᠵᠢᠨ ᠱᠠ ᠰᠢᠶᠠᠨ᠎ᠤ ᠶᠡᠷᠦᠩᠬᠡᠢ ᠡᠮᠨᠡᠯᠬᠡ ᠵᠢᠨ ᠬᠤᠷᠢᠶᠠᠨ᠎ᠤ ᠡᠮᠨᠡᠯᠬᠡ᠎ᠳᠤ ᠰᠠᠭᠤᠬᠤ ᠠᠰᠠᠷ᠎ᠤᠨ ᠨᠢᠬᠡᠳᠤᠬᠡᠷ ᠳᠠᠪᠬᠤᠷᠯᠢᠭ᠎ᠤᠨ ᠶᠡᠭᠡ ᠳᠢᠩᠬᠢᠮ᠎ᠳᠤ᠂ ᠡᠮᠴᠢ ᠰᠤᠪᠢᠯᠠᠬ᠍ᠴᠢ᠂ ᠡᠪᠡᠳᠴᠢᠳᠠᠨ᠎ᠲᠠᠢ ᠳᠤᠳᠤᠨᠤ᠎ᠪᠠᠷ ᠶᠠᠷᠢᠯᠴᠠᠵᠥ ᠪᠠᠶ᠋ᠢᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠸᠠᠩ ᠶᠧ ᠰᠡᠬᠦᠳᠡᠷᠯᠡᠪᠡ
ᠤᠢ᠍ᠢ᠍ᠷ᠎ᠠ ᠵᠢᠨ ᠵᠢᠯ᠎ᠤᠳ᠎ᠲᠤ᠂ ᠰᠠᠨᠮᠢᠩ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠨᠢ ᠡᠮ᠎ᠤᠨ ᠵᠦᠢ᠍ᠯᠡᠰ᠎ᠤᠨ ᠮᠠᠲ᠋ᠧᠷᠢᠶᠠᠯ᠎ᠤᠨ ᠬᠤᠷᠣᠭᠳᠠᠯ᠎ᠢ ᠵᠠᠰᠠᠬᠤ ᠥᠭᠡᠷᠡᠴᠢᠯᠡᠯᠲᠡ᠎ᠪᠠᠷ ᠰᠢᠪᠲᠤᠯᠤᠯᠲᠠ ᠪᠣᠯᠭ᠋ᠠᠵᠤ᠂ ᠡᠮ ᠡᠮᠨᠡᠯᠭᠡ᠂ ᠡᠮᠴᠢᠯᠡᠭᠡᠨ᠎ᠤ ᠳᠠᠭ᠋ᠠᠳᠬᠠᠯ᠂ ᠡᠮᠴᠢᠯᠡᠭᠡᠨ᠎ᠤ ᠥᠭᠡᠷᠡᠴᠢᠯᠡᠯᠲᠡ ᠬᠤᠯᠪᠣᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠪᠦᠬᠦ ᠤᠯᠤᠰ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠦᠭᠡᠷᠡᠴᠢᠯᠡᠯᠳᠡ᠎ᠳᠤ ᠡᠷᠬᠢᠮ ᠨᠠᠨᠳᠢᠨ ᠲᠤᠷᠰᠢᠯᠭ᠎ᠠ ᠰᠦᠪᠡᠭᠴᠢᠯᠡᠵᠦ ᠥᠭᠴᠡᠢ᠃ 2016 ᠣᠨ᠎ᠤ 2 ᠰᠠᠷ᠎ᠠ᠎ᠳᠤ᠂ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠠᠨᠮᠢᠩ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠥᠭᠡᠷᠡᠴᠢᠯᠡᠯᠲᠡ ᠵᠢᠨ ᠲᠤᠷᠰᠢᠯᠭ᠎ᠠ᠎ᠪᠠᠨ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ 23᠎ᠤ ᠦᠳᠡ ᠵᠢᠨ ᠡᠮᠦᠨ᠎ᠡ᠂ ᠰᠢ ᠵᠢᠨ ᠫᠢᠩ ᠰᠠᠨᠮᠢᠩ ᠬᠤᠳᠠ ᠵᠢᠨ ᠱᠠ ᠰᠢᠶᠠᠨ᠎ᠤ ᠶᠡᠷᠦᠩᠬᠡᠢ ᠡᠮᠨᠡᠯᠭᠡ ᠵᠢᠨ ᠬᠤᠷᠢᠶ᠎ᠠ᠎ᠳᠤ ᠬᠦᠷᠴᠦ᠂ ᠡᠮᠨᠡᠯᠭᠡ᠎ᠳᠤ ᠰᠠᠭᠤᠬᠤ ᠠᠰᠠᠷ᠎ᠤᠨ ᠨᠢᠭᠡᠳᠦᠭᠡᠷ ᠳᠠᠪᠬᠤᠷᠯᠢᠭ᠎ᠤᠨ ᠶᠡᠭᠡ ᠲᠢᠩᠬᠢᠮ᠎ᠳᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠡᠮᠴᠢ ᠰᠤᠪᠢᠯᠠᠭᠴᠢ᠂ ᠡᠪᠡᠳᠴᠢᠲᠡᠨ᠎ᠠᠴᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠠᠷᠠᠳ᠎ᠲᠤ ᠠᠰᠢᠭ ᠬᠦᠷᠲᠡᠭᠡᠭᠰᠡᠨ ᠪᠠᠶ᠋ᠢᠳᠠᠯ᠎ᠢ ᠣᠶ᠋ᠢᠯᠠᠭ᠋ᠠᠪᠠ᠃ ᠰᠢ ᠵᠢᠨ ᠫᠢᠩ᠂ ᠠᠷᠠᠳ ᠲᠦᠮᠡᠨ ᠡᠷᠡᠭᠦᠯ ᠮᠡᠨᠳᠦ ᠪᠠᠶ᠋ᠢᠬᠤ ᠪᠣᠯ ᠨᠡᠶ᠋ᠢᠭᠡᠮ ᠵᠢᠷᠦᠮᠳᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠳᠠ ᠵᠢᠨ ᠴᠢᠬᠤᠯᠠ ᠪᠡᠯᠭᠡ ᠲᠡᠮᠳᠡᠭ ᠮᠥᠨ᠃ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭ᠋ᠠᠯᠠᠯ ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠨᠢ ᠠᠷᠠᠳ ᠲᠦᠮᠡᠨ ᠢ ᠳᠡᠭᠡᠳᠦᠯᠡᠬᠦ᠂ ᠵᠣᠷᠢᠭᠲᠠᠶ ᠪᠠᠷ ᠲᠦᠷᠦᠭᠦᠯᠡᠨ ᠬᠢᠬᠦ ᠵᠤᠷᠢᠭ ᠰᠠᠨᠠᠭ᠎ᠠ ᠵᠢ ᠢᠯᠡᠷᠡᠭᠦᠯᠵᠦ᠂ ᠲᠤᠷᠰᠢᠯᠭ᠎ᠠ ᠵᠢ᠎ᠨᠢ ᠡᠯ᠎ᠡ ᠭᠠᠵᠠᠷ᠎ᠤᠨ᠎ᠬᠢᠨ ᠤᠷᠤᠨ ᠨᠤᠳᠤᠭ᠎ᠤᠨ ᠪᠠᠶ᠋ᠢᠳᠠᠯ᠎ᠳᠠᠭᠠᠨ ᠲᠣᠬᠢᠷᠠᠭᠤᠯᠤᠨ ᠲᠤᠯᠢᠯᠠᠵᠤ ᠪᠤᠯᠤᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠢ ᠲᠡᠩᠴᠡᠭᠦᠷᠢᠲᠡᠢ ᠪᠠᠶ᠋ᠢᠷᠢᠰᠢᠭᠤᠯᠤᠨ᠂ ᠦᠨᠳᠦᠰᠦᠨ ᠱᠠᠲᠤᠨ᠎ᠤ ᠰᠠᠭᠤᠷᠢ ᠲᠥᠬᠦᠭᠡᠷᠦᠮᠵᠢ ᠵᠢᠨ ᠨᠥᠬᠦᠴᠡᠯ᠎ᠢ ᠰᠠᠶ᠋ᠢᠵᠢᠷᠠᠭᠤᠯᠵᠤ᠂ ᠠᠷᠠᠳ ᠲᠦᠮᠡᠨ᠎ᠤ ᠡᠷᠡᠭᠦᠯ ᠮᠡᠨᠳᠦ ᠪᠠᠶ᠋ᠢᠬᠤ᠎ᠳᠤ ᠨᠠᠶ᠋ᠢᠳᠠᠪᠤᠷᠢᠲᠠᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠵᠠᠢ᠃
ᠹᠦᠵᠢᠶᠠᠨ ᠮᠤᠵᠢ ᠵᠢᠨ᠎ᠬᠢᠨ ᠰᠢ ᠵᠢᠨ ᠫᠢᠩ᠎ᠤᠨ ᠨᠢᠩᠳᠧ᠎ᠳᠤ ᠠᠵᠢᠯᠯᠠᠵᠤ ᠪᠠᠶ᠋ᠢᠬᠤ᠎ᠳᠠᠭᠠᠨ ᠳᠤᠷᠠᠳᠤᠭᠰᠠᠨ ᠳᠤᠷᠤᠢ ᠪᠠᠭᠤᠷᠠᠢ ᠪᠤᠯ ᠤᠷᠢᠳ ᠵᠶ᠋ᠠᠷ ᠬ᠋᠊ ᠊ᠦ᠋ᠴᠦᠯᠡᠬᠦ᠂ ᠲᠤᠰᠤᠯ ᠤᠰᠤ ᠪᠠᠷ ᠴᠢᠯᠠᠭᠤ ᠵᠢ ᠴᠤᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠶᠠᠳᠠᠭᠤ᠎ᠠᠴᠠ ᠠᠩᠭᠢᠵᠢᠷᠠᠬᠤ ᠠᠵᠢᠯ᠎ᠢ ᠬᠦᠴᠦᠯᠡᠨ ᠠᠳᠬᠤᠵᠠᠢ᠃ 30 ᠭᠠᠷᠤᠢ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠹᠦᠵᠢᠶᠠᠨ ᠪᠦᠬᠦ ᠮᠤᠵᠢ᠎ᠪᠠᠷ ᠵᠶ᠋ᠠᠨ ᠪᠦᠬᠦ ᠤᠯᠤᠰ᠎ᠲᠠᠢ ᠵᠡᠷᠭᠡ᠎ᠪᠠᠷ ᠲᠦᠢ᠍ᠯ᠎ᠤᠨ ᠶᠠᠳᠠᠭᠤ ᠬᠦᠴᠢᠷᠳᠡᠯ᠎ᠢ ᠲᠦᠢ᠍ᠯᠪᠤᠷᠢᠲᠠᠢ ᠠᠷᠢᠯᠭ᠋ᠠᠪᠠ᠃ 23᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ ᠪᠤᠯᠬᠤ ᠱᠠ ᠰᠢᠶᠠᠨ᠎ᠤ ᠰᠢᠶᠠ ᠮᠤᠤ ᠪᠠᠯᠭ᠋ᠠᠰᠤᠨ᠎ᠤ ᠢᠦᠢ ᠪᠠᠩ ᠲᠣᠰᠬᠤᠨ᠎ᠳᠤ ᠬᠦᠷᠴᠦ᠂ ᠰᠤᠯᠠ ᠢᠳᠡᠭᠡᠨ᠎ᠤ ᠬᠤᠳᠠᠯᠳᠤᠭ᠎ᠠ ᠵᠢᠨ ᠵᠠᠬ᠎ᠠ᠎ᠳᠤ᠂ ᠣᠨᠴᠠ ᠭᠠᠷᠤᠯᠲᠠ ᠵᠢᠨ ᠳᠡᠯᠭᠡᠭᠦᠷ᠎ᠲᠤ᠂ ᠲᠣᠰᠬᠤᠨ᠎ᠤ ᠠᠷᠠᠳ᠎ᠤᠨ ᠡᠭᠦᠳᠡᠨ ᠡᠮᠦᠨ᠎ᠠ᠂ ᠨᠤᠲᠤᠭ᠎ᠤᠨ ᠠᠬ᠎ᠠ ᠳᠡᠭᠦᠦ ᠨᠡᠷ᠎ᠲᠠᠢ ᠳᠣᠲᠣᠨᠣ᠎ᠪᠠᠷ ᠶᠠᠷᠢᠯᠴᠠᠵᠤ᠂ ᠱᠠ ᠰᠢᠶᠠᠨ᠎ᠤ ᠰᠤᠯᠠ ᠢᠳᠡᠭᠡᠨ᠎ᠤ ᠵᠦᠢ᠍ᠯ᠎ᠤᠨ ᠬᠥᠭᠵᠢᠯᠲᠡ ᠵᠢᠨ ᠣᠳᠣᠬᠢ ᠪᠠᠶ᠋ᠢᠳᠠᠯ ᠪᠠ ᠢᠷᠡᠭᠡᠳᠦᠢ ᠵᠢᠨ ᠬᠠᠨᠳᠤᠰᠢ ᠵᠢ ᠨᠠᠷᠢᠨ ᠣᠶ᠋ᠢᠯᠠᠭ᠋ᠠᠪᠠ᠃ ᠰᠢ ᠵᠢᠨ ᠫᠢᠩ᠂ ᠱᠠ ᠰᠢᠶᠠᠨ᠎ᠤ ᠬᠥᠮᠦᠰ ᠭᠠᠳᠠᠭᠰᠢ᠎ᠪᠠᠨ ᠤᠯᠠᠨ ᠭᠠᠵᠠᠷ ᠵᠶ᠋ᠠᠷ ᠶᠠᠪᠤᠵᠤ᠂ ᠱᠠ ᠰᠢᠶᠠᠨ᠎ᠤ ᠰᠤᠯᠠ ᠢᠳᠡᠭᠡᠨ᠎ᠢ ᠠᠷᠠᠳ᠎ᠢ ᠪᠠᠶᠠᠵᠢᠭᠤᠯᠬᠤ ᠤᠨᠴᠠᠯᠢᠬᠳᠤ ᠠᠵᠤ ᠦᠢ᠍ᠯᠡᠰ ᠪᠣᠯᠭ᠋ᠠᠪᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠤᠷᠤᠨ ᠨᠤᠳᠤᠭ᠎ᠤᠨ ᠪᠠᠶ᠋ᠢᠳᠠᠯ᠎ᠳᠠᠭᠠᠨ ᠲᠤᠬᠢᠷᠠᠭᠤᠯᠤᠨ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠰᠤᠩᠭᠤᠬᠤ ᠪᠣᠯ ᠵᠠᠩᠭᠢᠯᠠᠭ᠎ᠠ ᠪᠣᠯᠤᠨ᠎ᠠ᠃ ᠠᠵᠠ ᠲᠣᠬᠢᠶᠠᠯ᠎ᠢ ᠡᠵᠡᠮᠳᠡᠨ᠂ ᠬᠠᠷᠠᠭ᠎ᠠ᠎ᠪᠠᠨ ᠥᠷᠭᠡᠳᠬᠡᠨ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠵᠣᠬᠢᠴᠠᠵᠤ᠂ ᠦᠷᠭᠦᠯᠵᠢᠯᠡᠨ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠴᠦ᠂ ᠰᠠᠶ᠋ᠢᠨ ᠰᠠᠶ᠋ᠢᠬᠠᠨ ᠠᠮᠢᠳᠤᠷᠠᠯ᠎ᠢ ᠴᠤᠭᠴᠠᠯᠠᠬᠤ ᠰᠢᠨ᠎ᠡ ᠠᠶᠠᠨ ᠳᠡᠭᠡᠷ᠎ᠠ ᠲᠠᠬᠢᠨᠳᠠ ᠭᠠᠪᠰᠢᠭ᠋ᠠᠢ᠍ᠢ᠍ᠯᠠᠨ ᠤᠷᠤᠭᠰᠢᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ ᠹᠦᠵᠢᠶᠠᠨ᠎ᠳᠤ ᠠᠵᠢᠯᠯᠠᠵᠤ ᠪᠠᠶ᠋ᠢᠬᠤ᠎ᠳᠠᠭᠠᠨ ᠬᠠᠮᠲᠤ ᠵᠢᠨ ᠤᠢ ᠰᠢᠭᠤᠢ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ ᠥᠷᠨᠢᠭᠦᠯᠵᠦ᠂ 《ᠠᠭᠤᠯᠠ ᠵᠢ ᠡᠷᠦᠬᠡ᠎ᠳᠤ ᠬᠤᠪᠢᠶᠠᠨ᠂ ᠤᠢ ᠮᠤᠳᠤ ᠵᠢ ᠠᠷᠠᠳ᠎ᠲᠤ ᠲᠡᠭᠰᠢᠯᠡᠨ ᠬᠤᠪᠢᠶᠠᠬᠤ》 ᠠᠵᠢᠯ᠎ᠢ ᠲᠤᠷᠰᠢᠨ ᠬᠡᠷᠡᠭᠵᠢᠭᠦᠯᠵᠦ᠂ 《ᠠᠭᠤᠯᠨᠤ ᠡᠷᠬᠡ ᠵᠢ ᠲᠣᠭᠲᠠᠭ᠋ᠠᠬᠤ᠂ ᠮᠣᠳᠣᠨ᠎ᠤ ᠦᠨᠳᠦᠰᠦ ᠵᠢ ᠪᠠᠬᠢᠵᠢᠭᠦᠯᠬᠦ᠂ ᠬᠥᠮᠦᠨ᠎ᠤ ᠰᠡᠳᠬᠢᠯ᠎ᠢ ᠲᠣᠭᠲᠠᠪᠤᠷᠢᠵᠢᠭᠤᠯᠬᠤ》 ᠵᠢ ᠪᠡᠶᠡᠯᠡᠭᠦᠯᠪᠡ᠃ ᠱᠠ ᠰᠢᠶᠠᠨ᠎ᠤ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢᠨ ᠠᠷᠠᠯᠵᠢᠶᠠᠨ᠎ᠤ ᠲᠥᠪ᠎ᠲᠤ᠂ ᠰᠢ ᠵᠢᠨ ᠫᠢᠩ ᠬᠠᠮᠲᠤ ᠵᠢᠨ ᠣᠶ ᠰᠢᠭᠤᠶ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢᠨ ᠲᠠᠨᠢᠯᠴᠠᠭᠤᠯᠭ᠎ᠠ ᠵᠢ ᠰᠣᠨᠣᠰᠴᠤ᠂ ᠤᠴᠢᠷ ᠶᠠᠪᠤᠳᠠᠯ ᠭᠦᠢ᠍ᠴᠡᠳᠭᠡᠵᠤ ᠪᠠᠶ᠋ᠢᠭ᠎ᠠ ᠣᠯᠠᠨ ᠲᠦᠮᠡᠨ ᠪᠣᠯᠤᠨ ᠠᠵᠢᠯᠲᠠᠨ᠎ᠠᠴᠠ ᠬᠠᠮᠲᠤ ᠵᠢᠨ ᠣᠶ ᠰᠢᠭᠤᠶ ᠵᠢᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠠᠷᠠᠯᠵᠢᠶᠠᠯᠠᠬᠤ᠂ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠰᠢ ᠵᠢᠨ ᠫᠢᠩ᠂ ᠰᠠᠨᠮᠢᠩ᠎ᠤᠨ ᠬᠠᠮᠲᠤ ᠵᠢᠨ ᠤᠢ ᠰᠢᠭᠤᠢ ᠵᠢᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢᠨ ᠰᠦᠪᠡᠭᠴᠢᠯᠡᠯᠳᠡ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠂ ᠵᠥᠪ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠤᠯᠠᠨ ᠲᠦᠮᠡᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠬᠠᠮᠲᠤ ᠵᠢᠨ ᠤᠢ ᠰᠢᠭᠤᠢ ᠵᠢᠨ ᠡᠷᠬᠡ ᠵᠢᠨ ᠲᠦᠷᠢᠮ᠎ᠤᠨ ᠰᠢᠨ᠎ᠡ ᠵᠢ ᠡᠭᠦᠳᠬᠦ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠠᠮᠢ ᠠᠬᠤᠢ ᠵᠢᠨ ᠪᠦᠲᠦᠭᠡᠭᠳᠡᠭᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠰᠢᠪᠲᠤᠯᠤᠯᠲᠠ ᠭᠠᠷᠭ᠋ᠠᠬᠤ ᠪᠠᠷ ᠴᠢᠷᠮᠠᠶ᠋ᠢᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ 24᠎ᠤ ᠡᠳᠦᠷ ᠹᠦᠵᠧᠦ᠎ᠳᠤ ᠰᠢᠨᠵᠢᠯᠡᠨ ᠪᠠᠶ᠋ᠢᠴᠠᠭ᠋ᠠᠪᠠ᠃ ᠹᠦᠵᠧᠦ᠎ᠳᠤ ᠠᠵᠢᠯᠯᠠᠵᠤ ᠪᠠᠶ᠋ᠢᠭᠰᠠᠨ ᠬᠤᠭᠤᠴᠠᠭ᠋ᠠᠨ ᠳᠠᠭᠠᠨ ᠰᠢ ᠵᠢᠨ ᠫᠢᠩ ᠹᠦᠵᠧᠦ ᠬᠤᠲᠠ ᠵᠢᠨ 《3820》 ᠢᠨᠵᠧᠨᠧᠷᠢᠩ᠎ᠢ ᠤᠳᠤᠷᠢᠳᠤᠨ ᠬᠡᠷᠡᠭᠵᠢᠭᠦᠯᠵᠦ᠂ ᠡᠷᠢᠨ ᠵᠠᠭᠤᠨ᠎ᠢ ᠰᠤᠨᠳᠠᠯᠠᠭᠰᠠᠨ ᠹ᠊ ᠊ᠦ᠋ᠵᠧᠦ ᠵᠢᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠤᠭ᠎ᠠ ᠲᠥᠰᠦᠪ᠎ᠢ ᠵᠢᠷᠤᠭᠯᠠᠪᠠ᠃ ᠹᠦᠱ᠌ᠠᠨ ᠲᠡᠭᠦᠷᠭᠡ ᠵᠢᠨ ᠴᠡᠴᠡᠷᠯᠢᠭ᠎ᠲᠤ᠂ ᠰᠢ ᠵᠢᠨ ᠫᠢᠩ ᠴᠠᠬᠢᠯᠭ᠋ᠠᠨ ᠲᠡᠷᠭᠡ᠎ᠪᠠᠷ ᠲᠡᠭᠦᠷᠭᠡ ᠵᠢᠨ ᠹᠦ᠋ ᠳ᠋ᠤᠤ ᠵᠠᠮ᠎ᠤᠨ ᠦᠩᠭᠡ ᠦᠵᠡᠮᠵᠢ ᠵᠢ ᠤᠢ᠍ᠢ᠍ᠯᠠᠭ᠋ᠠᠨ ᠰᠤᠨᠢᠷᠬᠠᠪᠠ᠂ ᠲᠡᠷᠡ ᠦᠵᠡᠮᠵᠢ ᠰᠤᠨᠢᠷᠬᠠᠬᠤ ᠲᠠᠶ᠋ᠢᠰᠠᠨ᠎ᠳᠤ ᠭᠠᠷᠴᠤ᠂ ᠹᠦᠵᠧᠦ ᠵᠢᠨ ᠰᠢᠨ᠎ᠡ ᠳᠦᠷᠰᠦ ᠪᠠᠶ᠋ᠢᠳᠠᠯ᠎ᠢ ᠪᠠᠷᠠᠯᠠᠵᠤ᠂ ᠬᠤᠳᠠ ᠵᠢᠨ ᠠᠮᠢ ᠠᠬᠤᠢ ᠵᠢᠨ ᠴᠡᠴᠡᠷᠯᠢᠭ᠎ᠤᠨ ᠲᠥᠯᠥᠪᠵᠢᠭᠦᠯᠭᠡ ᠪᠦᠳᠦᠭᠡᠨ ᠪᠠᠶ᠋ᠢᠭᠤᠯᠤᠯᠲᠠ᠂ ᠬᠤᠳᠠ ᠵᠢᠨ ᠤᠰᠤᠨ᠎ᠤ ᠰᠢᠰᠲ᠋ᠧᠮ᠎ᠢ ᠶᠡᠷᠦᠩᠬᠡᠶ᠋ᠢᠯᠡᠨ ᠵᠠᠰᠠᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠶᠡᠷᠦᠩᠬᠡᠶ ᠱᠦᠵᠢ ᠢᠷᠡᠭᠰᠡᠨ᠎ᠢ ᠦᠵᠡᠭᠡᠳ ᠬᠤᠲᠠ ᠵᠢᠨ ᠠᠷᠠᠳ᠎ᠤᠳ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠢᠶᠡᠯᠡᠨ ᠤᠴᠢᠪᠠ᠃ ᠰᠢ ᠵᠢᠨ ᠫᠢᠩ᠂ ᠨᠢᠭᠡ ᠬᠤᠳᠠ ᠵᠢ ᠰᠠᠶ᠋ᠢᠲᠤᠷ ᠪᠦᠳᠦᠭᠡᠨ ᠪᠠᠶ᠋ᠢᠭᠤᠯᠵᠤ ᠰᠠᠶ᠋ᠢᠲᠤᠷ ᠬᠠᠮᠢᠶᠠᠷᠬᠤ᠎ᠳᠤ ᠬᠤᠯᠢᠰᠢᠨ ᠢᠳᠡᠭᠡᠨ᠂ ᠣᠷᠣᠰᠢᠨ ᠠᠮᠢᠳᠤᠷᠠᠬᠤ ᠣᠷᠴᠢᠨ ᠨᠦᠬᠦᠴᠡᠯ᠂ ᠬᠤᠳᠠ ᠵᠢᠨ ᠣᠷᠣᠨ ᠵᠠᠢ ᠵᠡᠷᠭᠡ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠢ᠃ ᠹᠦᠵᠧᠦ ᠪᠣᠯ ᠪᠤᠶᠠᠨ᠎ᠲᠠᠢ ᠭᠠᠵᠠᠷ ᠶᠤᠮ᠂ ᠠᠮᠢ ᠠᠬᠤᠢ ᠵᠢᠨ ᠨᠥᠬᠦᠴᠡᠯ ᠦᠪᠡᠷᠮᠢᠴᠡ ᠰᠠᠶ᠋ᠢᠨ᠂ ᠡᠨᠡ ᠬᠦ᠌ ᠲᠠᠯᠠᠢ ᠵᠢᠨ ᠬᠥᠪᠡᠭᠡᠨ᠎ᠤ ᠬᠤᠳᠠ᠂ ᠠᠭᠤᠯᠠ ᠤᠰᠤᠨ᠎ᠤ ᠬᠤᠳᠠ ᠵᠢ ᠦᠷᠭᠦᠯᠵᠢᠯᠡᠨ ᠨᠡᠩ ᠰᠠᠶ᠋ᠢᠨ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠵᠤ᠂ ᠠᠷᠠᠳ ᠤᠯᠠᠨ᠎ᠳᠤ ᠨᠡᠩ ᠰᠠᠶ᠋ᠢᠨ ᠪᠤᠶᠠᠨ ᠦᠢ᠍ᠯᠡᠳᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃ ᠹᠦᠵᠧᠦ ᠵᠢᠨ ᠭᠤᠷᠪᠠᠨ ᠵᠡᠭᠡᠯᠢ ᠳᠣᠯᠣᠭ᠋ᠠᠨ ᠭᠤᠳᠤᠮᠵᠢ ᠵᠢᠨ ᠲᠡᠦᠬᠡ ᠰᠣᠶᠣᠯ᠎ᠤᠨ ᠲᠣᠭᠤᠷᠢᠭ᠎ᠨᠢ ᠲᠠᠩ ᠤᠯᠤᠰ ᠰᠦᠩ ᠤᠯᠤᠰ᠎ᠤᠨ ᠦᠶ᠎ᠠ ᠵᠢᠨ ᠵᠡᠭᠡᠯᠢ ᠭᠤᠳᠤᠮᠵᠢ ᠵᠢᠨ ᠪᠠᠶ᠋ᠢᠷᠢᠰᠢᠯ ᠪᠠ ᠮᠢᠩ ᠤᠯᠤᠰ ᠴᠢᠩ ᠤᠯᠤᠰ᠎ᠤᠨ ᠦᠶ᠎ᠠ ᠵᠢᠨ ᠠᠯᠢ ᠤᠯᠠᠨ ᠡᠷᠲᠡᠨ᠎ᠤ ᠪᠠᠷᠢᠯᠭ᠎ᠠ ᠵᠢᠨ ᠦᠯᠡᠳᠡᠭᠳᠡᠯ ᠪᠠᠶ᠋ᠢᠨ᠎ᠠ᠃ ᠠᠯᠢ ᠡᠷᠲᠡ 1991 ᠣᠨ᠎ᠳᠤ᠂ ᠰᠢ ᠵᠢᠨ ᠫᠢᠩ ᠹᠦᠵᠧᠦ᠎ᠳᠤ ᠠᠵᠢᠯᠯᠠᠵᠤ ᠪᠠᠶ᠋ᠢᠭᠰᠠᠨ ᠬᠤᠭᠤᠴᠠᠭ᠋ᠠᠨ᠎ᠳᠠᠭᠠᠨ ᠳᠠᠷᠤᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ ᠬᠤᠷᠠᠯᠳᠤᠭᠤᠯᠵᠤ᠂ ᠹᠦᠵᠧᠦ ᠵᠢᠨ ᠲᠡᠦᠬᠡ ᠰᠣᠶᠣᠯ᠎ᠤᠨ ᠨᠡᠷᠡᠳᠤ ᠬᠤᠳᠠ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠷᠢᠮ ᠪᠣᠯᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢ ᠠᠬᠢᠭᠤᠯᠵᠤ᠂ ᠬᠤᠳᠠ ᠵᠢᠨ ᠲᠡᠦᠬᠡ ᠰᠣᠶᠣᠯ᠎ᠢ ᠤᠯᠠᠮᠵᠢᠯᠠᠨ ᠬᠠᠮᠠᠭ᠋ᠠᠯᠠᠬᠤ ᠠᠵᠢᠯ᠎ᠢ ᠬᠦᠴᠦᠲᠡᠢ ᠠᠬᠢᠭᠤᠯᠪᠠ᠃ ᠰᠢ ᠵᠢᠨ ᠫᠢᠩ ᠹᠦᠵᠧᠦ ᠵᠢᠨ ᠡᠷᠳᠡᠨ᠎ᠤ ᠤᠷᠤᠨ ᠰᠠᠭᠤᠴᠠ ᠪᠣᠯᠤᠨ ᠭᠤᠷᠪᠠᠨ ᠵᠡᠭᠡᠯᠢ ᠳᠤᠯᠤᠭ᠋ᠠᠨ ᠭᠤᠳᠤᠮᠵᠢ ᠵᠢ ᠬᠠᠮᠠᠭ᠋ᠠᠯᠠᠨ ᠰᠡᠷᠭᠦᠭᠡᠵᠤ ᠪᠠᠶ᠋ᠢᠭ᠎ᠠ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠶᠠᠪᠠᠭ᠋ᠠᠨ ᠵᠶ᠋ᠠᠷ ᠨᠠᠨ ᠾᠧᠤ ᠵᠡᠭᠡᠯᠢ᠂ ᠯᠠᠩ ᠭᠤᠸᠠᠨ ᠭᠤᠳᠤᠮᠵᠢ ᠵᠢ ᠪᠠᠶ᠋ᠢᠴᠠᠭ᠋ᠠᠨ ᠦᠵᠡᠵᠦ᠂ ᠶᠠᠨ ᠹᠦ᠋ ᠵᠢᠨ ᠬᠠᠭᠤᠴᠢᠨ ᠰᠠᠭᠤᠴᠠ᠎ᠪᠠᠷ ᠲᠣᠭᠤᠷᠢᠨ ᠦᠵᠡᠵᠦ᠂ ᠵᠢᠭᠤᠯᠴᠢᠯᠠᠭᠰᠠᠳ ᠪᠣᠯᠤᠨ ᠬᠤᠳᠠ ᠵᠢᠨ ᠠᠷᠠᠳ ᠵᠦᠭ ᠪᠠᠶ᠋ᠢᠨ ᠪᠠᠶ᠋ᠢᠨ ᠭᠠᠷ ᠳᠠᠯᠠᠯᠤᠨ ᠮᠡᠨᠳᠦᠴᠢᠯᠡᠵᠤ ᠪᠠᠶ᠋ᠢᠯ᠎ᠠ᠃ ᠰᠢ ᠵᠢᠨ ᠫᠢᠩ᠂ ᠤᠯᠠᠮᠵᠢᠯᠠᠯᠲᠤ ᠵᠡᠭᠡᠯᠢ ᠭᠤᠳᠤᠮᠵᠢ ᠵᠢ ᠰᠠᠶ᠋ᠢᠲᠤᠷ ᠬᠠᠮᠠᠭ᠋ᠠᠯᠠᠵᠤ᠂ ᠡᠷᠲᠡᠨ᠎ᠤ ᠪᠠᠷᠢᠯᠭ᠎ᠠ ᠵᠢ ᠰᠠᠶ᠋ᠢᠲᠤᠷ ᠬᠠᠮᠠᠭ᠋ᠠᠯᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠰᠠᠶ᠋ᠢᠲᠤᠷ ᠬᠠᠮᠠᠭ᠋ᠠᠯᠠᠬᠤ᠎ᠨᠢ ᠳᠠᠷᠤᠢ ᠬᠤᠳᠠ ᠵᠢᠨ ᠲᠡᠦᠬᠡ ᠪᠠ ᠰᠣᠶᠣᠯ᠎ᠤᠨ ᠤᠯᠠᠮᠵᠢᠯᠠᠯ᠎ᠢ ᠬᠠᠳᠠᠭ᠋ᠠᠯᠠᠭᠰᠠᠨ ᠶᠠᠪᠤᠳᠠᠯ ᠪᠣᠯᠤᠨ᠎ᠠ᠃ ᠡᠷᠲᠡᠨ᠎ᠤ ᠪᠠᠷᠢᠯᠭ᠎ᠠ᠂ ᠡᠷᠳᠡᠨ᠎ᠤ ᠤᠷᠤᠨ ᠰᠠᠭᠤᠴᠠ᠂ ᠡᠷᠳᠡᠨ᠎ᠤ ᠵᠡᠭᠡᠯᠢ ᠲᠣᠭᠤᠷᠢᠭ᠎ᠢ ᠨᠠᠨᠳᠢᠩᠨᠠᠨ ᠬᠠᠶ᠋ᠢᠷᠠᠯᠠᠬᠤ ᠬᠦᠨᠳᠦᠳᠭᠡᠬᠦ ᠰᠡᠳᠬᠢᠯ ᠡᠪᠤᠷᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃
ᠹᠦᠵᠢᠶᠠᠨ᠎ᠤ ᠹᠦ᠋ ᠭᠤᠸᠠᠩ ᠬᠢᠵᠠᠭ᠋ᠠᠷᠲᠤ ᠺᠣᠮᠫᠠᠨᠢ ᠪᠣᠯ ᠭᠡᠷᠡᠯ᠎ᠤᠨ ᠤᠬᠠᠭ᠋ᠠᠨ᠎ᠤ ᠳᠤᠷᠠᠨ ᠦᠢ᠍ᠯᠡᠳᠪᠤᠷᠢᠯᠡᠬᠦ ᠴᠢᠬᠤᠯᠠ ᠬᠤᠳᠠᠯᠳᠤᠭ᠋ᠠᠴᠢᠨ ᠪᠤᠯᠤᠨ᠎ᠠ᠃ ᠰᠢ ᠵᠢᠨ ᠫᠢᠩ ᠺᠣᠮᠫᠠᠨᠢ ᠵᠢᠨ ᠦᠵᠡᠭᠦᠯᠭᠡ ᠵᠢᠨ ᠲᠢᠩᠬᠢᠮ᠎ᠳᠤ ᠣᠷᠣᠵᠤ᠂ ᠦᠢ᠍ᠯᠡᠳᠬᠦᠨ᠎ᠤ ᠳᠡᠯᠭᠡᠨ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠡᠭᠦᠳᠦᠯᠳᠡ ᠪᠠ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠪᠠᠶ᠋ᠢᠳᠠᠯ᠎ᠢ ᠯᠠᠪᠯᠠᠨ ᠠᠰᠠᠭᠤᠪᠠ᠃ ᠬᠡᠲᠦ ᠨᠠᠷᠢᠯᠢᠭ ᠦᠢ᠍ᠯᠡᠳᠪᠦᠷᠢ ᠵᠢᠨ ᠲᠠᠰᠤᠭ᠎ᠲᠤ᠂ ᠠᠵᠤ ᠠᠬᠤᠶ᠋ᠢᠯᠠᠯ᠎ᠤᠨ ᠠᠵᠢᠯᠲᠠᠨ ᠶᠡᠷᠦᠩᠬᠡᠶ ᠱᠦᠵᠢ᠎ᠳᠤ ᠦᠢ᠍ᠯᠡᠳᠬᠦᠨ ᠦᠢ᠍ᠯᠡᠳᠪᠦᠷᠢᠯᠡᠬᠦ ᠤᠷ᠎ᠠ ᠮᠡᠷᠭᠡᠰᠢᠯ ᠵᠶ᠋ᠠᠨ ᠬᠠᠷᠠᠭᠤᠯᠪᠠ᠃ ᠰᠢ ᠵᠢᠨ ᠫᠢᠩ᠂ ᠮᠠᠨ᠎ᠤ ᠤᠯᠤᠰ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠡᠮᠦᠨ᠎ᠡ ᠡᠩᠨᠡᠭᠡᠨ᠎ᠳᠤ ᠣᠷᠣᠬᠤ᠎ᠳᠤ ᠰᠢᠨ᠎ᠡ ᠵᠢ ᠡᠭᠦᠳᠬᠦ᠎ᠳᠤ ᠲᠦᠰᠢᠭᠯᠡᠬᠦ ᠬᠡᠷᠡᠭᠳᠠᠢ᠂ ᠪᠤᠰᠤᠳ᠎ᠤᠨ ᠬᠤᠶ᠋ᠢᠨ᠎ᠠ᠎ᠠᠴᠠ ᠲᠠᠭ᠋ᠠᠵᠤ ᠭᠦᠶᠦᠭᠡᠳ ᠵᠦᠭ ᠭᠠᠷᠬᠤ ᠦᠭᠡᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠭᠦ ᠠᠯᠬᠤᠭ᠎ᠠ᠎ᠪᠠᠨ ᠡᠷᠬᠡᠪᠰᠢ ᠲᠦᠷᠭᠡᠳᠬᠡᠬᠦ ᠬᠡᠷᠡᠭᠲᠡᠢ᠃ ᠣᠳᠣᠬᠢᠴᠢᠯᠠᠬᠤ ᠪᠦᠳᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠠᠬᠢ ᠰᠢᠨ᠎ᠡ ᠵᠢ ᠡᠭᠦᠳᠬᠦ ᠵᠢᠨ ᠭᠤᠣᠯᠯᠠᠬᠤ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠵᠢ ᠤᠯᠤᠰ᠎ᠤᠨ ᠪᠤᠳᠤᠯᠭ᠎ᠠ ᠪᠣᠯᠭ᠋ᠠᠵᠤ᠂ ᠰᠢᠨ᠎ᠡ ᠵᠢ ᠡᠭᠦᠳᠬᠦ ᠵᠢ ᠢᠳᠡᠪᠬᠢᠲᠡᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠰᠢᠨ᠎ᠡ ᠵᠢ ᠡᠭᠦᠳᠬᠦ᠎ᠳᠤ 《ᠪᠡᠶ᠎ᠡ ᠵᠢᠨ ᠭᠠᠷᠤᠯ》᠎ᠢ ᠦᠵᠡᠬᠦ ᠦᠭᠡᠢ᠂ ᠬᠡᠨ ᠤᠯᠤᠰ ᠣᠷᠣᠨ᠎ᠳᠤ ᠬᠤᠪᠢ ᠨᠡᠮᠡᠷᠢ ᠦᠵᠡᠭᠦᠯᠵᠤ ᠳᠡᠶ᠋ᠢᠯᠪᠡᠯ ᠲᠡᠭᠦᠨ᠎ᠢ ᠳᠡᠮᠵᠢᠬᠦ ᠬᠡᠷᠡᠭᠳᠠᠢ ᠭᠡᠵᠤ ᠴᠢᠬᠤᠯᠠᠴᠢᠯᠠᠪᠠ᠃
25᠎ᠤ ᠦᠳᠡ ᠵᠢᠨ ᠡᠮᠦᠨ᠎ᠡ᠂ ᠰᠢ ᠵᠢᠨ ᠫᠢᠩ ᠮᠢᠨᠵᠢᠶᠠᠩ ᠳᠡᠭᠡᠳᠦ ᠰᠤᠷᠭ᠋ᠠᠭᠤᠯᠢ᠎ᠳᠤ ᠬᠦᠷᠴᠤ ᠰᠢᠨᠵᠢᠯᠡᠨ ᠪᠠᠶ᠋ᠢᠴᠠᠭ᠋ᠠᠪᠠ᠃ ᠮᠢᠨᠵᠢᠶᠠᠩ ᠳᠡᠭᠡᠳᠦ ᠰᠤᠷᠭ᠋ᠠᠭᠤᠯᠢ ᠪᠤᠯ ᠤᠤᠯ᠎ᠤᠨ ᠹᠦᠵᠧᠦ ᠵᠢᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠪᠠ ᠮᠢᠨᠵᠢᠶᠠᠩ ᠠᠵᠢᠯ ᠮᠡᠷᠭᠡᠵᠢᠯ᠎ᠤᠨ ᠶᠡᠭᠡ ᠰᠤᠷᠭ᠋ᠠᠭᠤᠯᠢ ᠪᠤᠯᠤᠨ᠎ᠠ᠃ ᠹᠦᠵᠧᠦ᠎ᠳᠤ ᠠᠵᠢᠯᠯᠠᠵᠤ ᠪᠠᠶ᠋ᠢᠭᠰᠠᠨ ᠬᠤᠭᠤᠴᠠᠭ᠋ᠠᠨ᠎ᠳᠠᠭᠠᠨ᠂ ᠰᠢ ᠵᠢᠨ ᠫᠢᠩ ᠮᠢᠨᠵᠢᠶᠠᠩ᠎ᠤᠨ ᠠᠵᠢᠯ ᠮᠡᠷᠭᠡᠵᠢᠯ᠎ᠤᠨ ᠶᠡᠭᠡ ᠰᠤᠷᠭ᠋ᠠᠭᠤᠯᠢ ᠵᠢᠨ ᠵᠠᠬᠢᠷᠤᠯ᠎ᠤᠨ ᠲᠤᠰᠢᠶᠠᠯ᠎ᠢ 6 ᠵᠢᠯ ᠬᠠᠪᠰᠤᠷᠭ᠋ᠠᠨ ᠬᠠᠷᠢᠭᠤᠴᠠᠵᠤ᠂ ᠲᠡᠭᠦᠨ᠎ᠤ ᠳᠤᠷᠠᠳᠤᠭᠰᠠᠨ 《ᠬᠠᠮᠤᠭ᠎ᠤᠨ ᠶᠡᠭᠡ ᠵᠢ ᠬᠦᠭᠡᠭᠡᠴᠡᠯᠳᠦᠬᠦ ᠦᠭᠡᠢ᠂ ᠭᠡᠪᠡᠴᠤ ᠬᠠᠮᠤᠭ᠎ᠤᠨ ᠰᠢᠯᠢᠳᠡᠭ᠎ᠢ ᠬᠥᠭᠡᠭᠡᠴᠡᠯᠳᠦᠨ᠎ᠡ᠂ ᠨᠡᠶ᠋ᠢᠭᠡᠮ᠎ᠤᠨ ᠬᠡᠷᠡᠭᠴᠡᠭᠡ᠎ᠳᠤ ᠵᠣᠬᠢᠴᠠᠬᠤ ᠵᠢ ᠬᠦᠭᠡᠭᠡᠴᠡᠯᠳᠦᠨ᠎ᠠ》 ᠭᠡᠬᠦ ᠰᠤᠷᠭ᠋ᠠᠭᠤᠯᠢ ᠡᠷᠬᠢᠯᠡᠬᠦ ᠤᠢ᠍ᠢ᠍ᠯᠠᠭ᠋ᠠᠭᠳᠠᠬᠤᠨ᠎ᠨᠢ ᠠᠯᠤᠰ ᠬᠡᠳᠦ ᠵᠢᠨ ᠨᠥᠯᠥᠭᠡ ᠭᠠᠷᠤᠭᠰᠠᠨ ᠪᠠᠶ᠋ᠢᠨ᠎ᠠ᠃ 2018 ᠣᠨ᠎ᠤ 10 ᠰᠠᠷ᠎ᠠ᠎ᠳᠤ᠂ ᠰᠢ ᠵᠢᠨ ᠫᠢᠩ ᠮᠢᠨᠵᠢᠶᠠᠩ ᠳᠡᠭᠡᠳᠦ ᠰᠤᠷᠭ᠋ᠠᠭᠤᠯᠢ ᠪᠠᠶ᠋ᠢᠭᠤᠯᠤᠭᠳᠠᠭᠰᠠᠨ 60 ᠵᠢᠯ᠎ᠤᠨ ᠤᠢ᠎ᠳᠤ ᠪᠠᠶᠠᠷ᠎ᠤᠨ ᠵᠠᠬᠢᠳᠠᠯ ᠢᠯᠡᠭᠡᠪᠡ᠃ ᠮᠢᠨᠵᠢᠶᠠᠩ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠲᠡᠦᠬᠡ ᠪᠠ ᠬᠡᠷᠡᠭᠯᠡᠭᠡᠨ᠎ᠤ ᠮᠠᠶᠢᠭ᠎ᠤᠨ ᠰᠤᠷᠭ᠋ᠠᠭᠤᠯᠢ ᠡᠷᠬᠢᠯᠡᠭᠰᠡᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠢᠩᠬᠢᠮ᠎ᠳᠤ᠂ ᠰᠢ ᠵᠢᠨ ᠫᠢᠩ ᠳᠡᠭᠡᠳᠦ ᠰᠤᠷᠭ᠋ᠠᠭᠤᠯᠢ ᠵᠢᠨ ᠬᠡᠷᠡᠭᠯᠡᠭᠡᠨ᠎ᠤ ᠮᠠᠶᠢᠭ᠎ᠤᠨ ᠰᠤᠷᠭ᠋ᠠᠭᠤᠯᠢ ᠡᠷᠬᠢᠯᠡᠬᠦ ᠵᠢ ᠪᠠᠷᠢᠮᠲᠠᠯᠠᠵᠦ᠂ ᠦᠢ᠍ᠯᠡᠳᠪᠦᠷᠢᠯᠡᠯ ᠬᠢᠴᠢᠶᠡᠯ ᠬᠦᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ ᠵᠡᠷᠭᠡ ᠲᠠᠯ᠎ᠠ᠎ᠪᠠᠷ ᠣᠯᠤᠭᠰᠠᠨ ᠠᠮᠵᠢᠯᠲᠠ ᠵᠢ ᠨᠤᠲᠠᠯᠠᠪᠠ᠃ ᠰᠢ ᠵᠢᠨ ᠫᠢᠩ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠵᠢ ᠦᠨᠳᠦᠰᠦᠨ ᠡᠭᠦᠷᠭᠡ ᠪᠣᠯᠭ᠋ᠠᠵᠤ᠂ ᠬᠡᠷᠡᠭᠯᠡᠭᠡᠨ᠎ᠤ ᠮᠡᠷᠭᠡᠵᠢᠯ᠎ᠤᠨ ᠬᠡᠯᠪᠡᠷᠢ ᠵᠢᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠨᠡᠶ᠋ᠢᠭᠡᠮ᠎ᠤᠨ ᠬᠡᠷᠡᠭᠴᠡᠭᠡ᠎ᠳᠤ ᠵᠣᠬᠢᠴᠠᠭᠤᠯᠤᠨ ᠲᠤᠰᠬᠠᠢ ᠮᠡᠷᠭᠡᠵᠢᠯ ᠲᠤᠬᠢᠷᠠᠭᠤᠯᠤᠨ᠂ ᠰᠠᠭᠤᠷᠢ ᠵᠢ ᠰᠠᠶ᠋ᠢᠲᠤᠷ ᠲᠠᠯᠪᠢᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠤᠷᠭ᠋ᠠᠭᠤᠯᠢ ᠵᠢᠨ ᠬᠦᠷᠢᠶᠡᠨ ᠤ ᠠᠭᠤᠳᠠᠮ ᠲᠠᠯᠠᠪᠠᠢ ᠳᠤ ᠪᠠᠭᠰᠢ ᠰᠤᠷᠤᠭᠴᠢᠳ 《 ᠶᠡᠷᠦᠩᠬᠡᠢ ᠱᠦᠵᠢ ᠰᠠᠶ᠋ᠢᠨ ᠦᠦ?》᠂ 《ᠰᠢ ᠵᠢᠨ ᠫᠢᠩ ᠵᠠᠬᠢᠷᠤᠯ ᠰᠠᠶ᠋ᠢᠨ ᠦᠦ?》 ᠭᠡᠵᠦ ᠦᠨᠲᠦᠷ ᠲᠠᠭᠤᠨ ᠵᠶ᠋ᠠᠷ ᠬᠠᠰᠬᠢᠷᠴᠤ᠂ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠵᠢᠨ ᠫᠢᠩ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠠᠷᠢᠭᠤᠴᠠᠯᠭ᠎ᠠ ᠵᠠᠯᠠᠭᠤ ᠨᠢᠭᠡ ᠦᠶ᠎ᠡ ᠵᠢᠨ ᠬᠢᠨ ᠤ ᠮᠦᠷᠦᠨ᠎ᠳᠤ ᠪᠤᠢ᠃ ᠲᠠ ᠨᠠᠷ ᠠᠯᠤᠰ ᠬᠡᠲᠦ ᠵᠢᠨ ᠬᠦᠰᠡᠯᠡᠩ ᠡᠪᠤᠷᠯᠡᠵᠦ᠂ ᠠᠭᠤᠤ ᠶᠡᠭᠡ ᠡᠬᠡ ᠤᠯᠤᠰ ᠵᠶ᠋ᠠᠨ ᠬᠠᠶ᠋ᠢᠷᠠᠯᠠᠵᠤ᠂ ᠴᠠᠭ ᠦᠶ᠎ᠡ ᠵᠢᠨ ᠬᠠᠷᠢᠭᠤᠴᠠᠯᠭ᠎ᠠ᠎ᠪᠠᠨ ᠡᠭᠦᠷᠭᠡᠯᠡᠠ᠂ ᠵᠣᠷᠢᠭᠲᠠᠶ᠎ᠪᠠᠷ ᠡᠷᠡᠮᠡᠬᠡᠶ᠋ᠢᠯᠡᠨ ᠲᠡᠮᠡᠴᠡᠵᠦ᠂ ᠴᠠᠭ᠋ᠠᠷᠠᠭᠰᠠᠨ ᠡᠷᠳᠡᠮ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ᠂ ᠵᠠᠩ ᠮᠣᠷᠠᠯ ᠬᠡᠪ ᠪᠣᠯᠪᠠᠰᠤᠷᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠨᠡᠶ᠋ᠢᠭᠡᠮ᠎ᠳᠤ ᠬᠡᠷᠡᠭᠴᠡᠭᠡ᠎ᠲᠠᠢ ᠬᠥᠮᠦᠨ᠂ ᠶᠣᠰᠣ ᠰᠤᠷᠲᠠᠬᠤᠨ ᠡᠷᠬᠢᠮ ᠳᠡᠭᠡᠳᠦ ᠬᠥᠮᠦᠨ ᠪᠤᠯᠬᠤ᠎ᠪᠠᠷ ᠴᠢᠷᠮᠠᠶ᠋ᠢᠵᠦ᠂ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠠᠭᠤᠤ ᠶᠡᠭᠡ ᠦᠢ᠍ᠯᠡᠰ᠎ᠲᠤ ᠢᠳᠡᠪᠬᠢᠲᠡᠶ ᠣᠷᠣᠯᠴᠠᠬᠤ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
ᠲᠤᠰ ᠡᠳᠦᠷ᠎ᠤᠨ ᠦᠳᠡ ᠵᠢᠨ ᠡᠮᠦᠨ᠎ᠡ᠂ ᠰᠢ ᠵᠢᠨ ᠫᠢᠩ ᠹᠦᠵᠢᠶᠠᠨ ᠮᠤᠵᠢ ᠵᠢᠨ ᠨᠠᠮ᠎ᠤᠨ ᠬᠤᠷᠢᠶ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠹᠦᠵᠢᠶᠠᠨ᠎ᠤ ᠡᠯ᠎ᠡ ᠵᠦᠢ᠍ᠯ᠎ᠤᠨ ᠠᠵᠢᠯ᠎ᠤᠨ ᠣᠯᠤᠭᠰᠠᠨ ᠠᠮᠵᠢᠯᠲᠠ ᠵᠢ ᠨᠤᠲᠠᠯᠠᠵᠤ᠂ ᠹᠦᠵᠢᠶᠠᠨ᠎ᠤ᠎ᠬᠢᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠤᠯᠬᠤ ᠵᠢ ᠬᠦᠰᠡᠪᠡ᠃
ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠩ ᠲᠡᠷᠢᠭᠦᠨ᠎ᠳᠤ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ ᠪᠣᠯᠤᠨ ᠴᠢᠨᠠᠷ ᠰᠠᠶ᠋ᠢᠲᠠᠢ ᠬᠥᠭᠵᠢᠯᠲᠡ ᠪᠣᠯ ᠳᠣᠲᠣᠭ᠋ᠠᠳᠤ ᠨᠢᠭᠡᠳᠦᠯ ᠮᠦᠨ᠂ ᠴᠢᠨᠠᠷ ᠰᠠᠶ᠋ᠢᠲᠠᠢ ᠬᠥᠭᠵᠢᠯᠲᠡ ᠪᠣᠯ ᠳᠠᠷᠤᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠢᠯᠡᠷᠡᠭᠦᠯᠦᠭᠰᠡᠨ ᠬᠥᠭᠵᠢᠯᠲᠡ ᠪᠣᠯᠤᠨ᠎ᠠ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠴᠣᠭᠴᠠᠯᠠᠬᠤ᠎ᠳᠤ ᠦᠢ᠍ᠯᠡᠴᠢᠯᠡᠬᠦ ᠪᠠ ᠠᠭᠤᠰᠤᠯᠴᠠᠬᠤ ᠶᠠᠪᠤᠴᠠ᠎ᠳᠠᠬᠢ ᠪᠠᠶ᠋ᠢᠷᠢ ᠲᠣᠭᠲᠠᠭ᠋ᠠᠯᠲᠠ᠎ᠪᠠᠨ ᠵᠦᠪ ᠤᠯᠵᠤ᠂ ᠠᠵᠤ ᠦᠢ᠍ᠯᠡᠰ᠎ᠤᠨ ᠪᠦᠲᠦᠴᠡ᠎ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠭ᠎ᠠ ᠪᠠᠷᠢᠮᠳᠠ ᠵᠢᠨ ᠠᠵᠤ ᠦᠢ᠍ᠯᠡᠰᠵᠢᠯᠲᠡ᠂ ᠠᠵᠤ ᠦᠢ᠍ᠯᠡᠰ᠎ᠤᠨ ᠲᠣᠭ᠋ᠠᠴᠢᠯᠠᠯᠲᠠ ᠵᠢ ᠲᠦᠷᠭᠡᠳᠭᠡᠨ ᠠᠬᠢᠭᠤᠯᠬᠤ ᠬᠡᠷᠡᠭᠲᠡᠢ᠃ ᠰᠢᠨ᠎ᠡ ᠵᠢ ᠡᠭᠦᠳᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠵᠢ ᠡᠭᠦᠳᠬᠦ ᠠᠮᠢ ᠠᠬᠤᠢ ᠣᠷᠴᠢᠨ ᠲᠣᠭᠤᠷᠢᠨ᠎ᠢ ᠰᠢᠯᠢᠳᠡᠭᠵᠢᠭᠦᠯᠤᠨ᠂ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠰᠠᠶ᠋ᠢᠲᠤᠷ ᠡᠷᠬᠢᠯᠡᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠢ ᠵᠢᠨ ᠰᠢᠨ᠎ᠡ ᠪᠠᠶ᠋ᠢᠭᠤᠯᠤᠮᠵᠢ ᠵᠢ ᠪᠠᠶ᠋ᠢᠭᠤᠯᠬᠤ ᠬᠡᠷᠡᠭᠲᠡᠢ᠃ ᠨᠡᠪᠲᠡᠷᠡᠯᠴᠡᠭᠡ᠎ᠪᠠᠷ ᠠᠭᠤᠰᠤᠯᠴᠠᠯ᠎ᠢ ᠠᠬᠢᠭᠤᠯᠬᠤ᠂ ᠬᠠᠷᠠᠭ᠋ᠠᠯᠵᠠᠯ ᠵᠶ᠋ᠠᠷ ᠠᠭᠤᠰᠤᠯᠴᠠᠯ᠎ᠢ ᠠᠬᠢᠭᠤᠯᠬᠤ᠂ ᠬᠠᠶ᠋ᠢᠷ᠎ᠠ ᠰᠡᠳᠬᠢᠯᠭᠡ᠎ᠪᠠᠷ ᠠᠭᠤᠰᠤᠯᠴᠠᠯ᠎ᠢ ᠠᠬᠢᠭᠤᠯᠬᠤ ᠵᠢ ᠳᠣᠪᠤᠶ᠋ᠢᠯᠭ᠋ᠠᠨ᠂ ᠲᠠᠶ᠋ᠢᠸᠠᠨ ᠬᠤᠭᠤᠯᠠᠶ ᠵᠢᠨ ᠬᠤᠶᠠᠷ ᠬᠥᠪᠡᠭᠡᠨ᠎ᠤ ᠠᠭᠤᠰᠤᠯᠴᠠᠨ ᠬᠥᠭᠵᠢᠬᠦ ᠰᠢᠨ᠎ᠡ ᠵᠠᠮ᠎ᠢ ᠵᠣᠷᠢᠭᠲᠠᠶ᠎ᠪᠠᠷ ᠬᠠᠶ᠋ᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠭᠡᠨ ᠠᠬᠢᠭᠤᠯᠵᠤ᠂ ᠬᠥᠳᠡᠭᠡ ᠠᠵᠤ ᠠᠬᠤᠢ ᠵᠢᠨ ᠡᠬᠢ ᠪᠠᠶᠠᠯᠢᠭ᠎ᠤᠨ ᠤᠯᠠᠨ ᠶᠠᠩᠵᠤᠲᠤ ᠴᠢᠨᠠᠷ ᠪᠣᠯᠤᠨ ᠠᠭᠤᠷ ᠠᠮᠢᠰᠬᠤᠯ ᠲᠣᠬᠢᠷᠠᠮᠵᠢᠲᠠᠢ ᠳᠠᠪᠠᠭᠤᠯᠢᠭ᠎ᠲᠤ ᠰᠠᠭᠤᠷᠢᠯᠠᠨ᠂ ᠤᠨᠴᠠᠯᠢᠬᠳᠤ ᠳᠠᠪᠠᠭᠤᠯᠢᠭ ᠠᠵᠤ ᠦᠢ᠍ᠯᠡᠰ᠎ᠢ ᠪᠤᠶ᠋ᠢᠵᠢᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠨ᠂ ᠬᠥᠳᠡᠭᠡ ᠲᠣᠰᠬᠤᠨ᠎ᠤ ᠬᠦᠮᠦᠨ ᠠᠷᠠᠳ᠎ᠤᠨ ᠣᠷᠣᠰᠢᠨ ᠠᠮᠢᠳᠤᠷᠠᠬᠤ ᠣᠷᠴᠢᠨ ᠨᠦᠬᠦᠴᠡᠯ᠎ᠢ ᠰᠠᠶ᠋ᠢᠵᠢᠷᠠᠭᠤᠯᠵᠤ᠂ ᠣᠷᠣᠰᠢᠨ ᠠᠮᠢᠳᠤᠷᠠᠬᠤ᠎ᠳᠤ ᠳᠤᠬᠢᠯᠢᠭ ᠦᠢ᠍ᠯᠡᠰ ᠪᠤᠰᠬᠠᠬᠤ᠎ᠳᠤ ᠲᠣᠬᠢᠷᠠᠮᠵᠢᠲᠠᠶ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠬᠤ ᠬᠡᠷᠡᠭᠲᠡᠶ᠃ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ ᠣᠷᠣᠨ᠎ᠤ ᠤᠨᠴᠠᠯᠢᠬᠳᠤ ᠠᠵᠤ ᠦᠢ᠍ᠯᠡᠰ᠎ᠤᠨ ᠳᠡᠰ ᠳᠡᠪᠰᠢᠯᠳᠡ᠂ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠵᠢ ᠬᠦᠴᠦᠯᠡᠨ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠠ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠠᠮᠢ ᠠᠬᠤᠢ ᠵᠢᠨ ᠮᠤᠵᠢ ᠵᠢ ᠪᠦᠳᠦᠭᠡᠨ ᠪᠠᠶ᠋ᠢᠭᠤᠯᠬᠤ ᠪᠠᠶ᠋ᠢᠷᠢᠰᠢᠭᠤᠯᠤᠯᠲᠠ᠎ᠳᠤ ᠣᠷᠣᠭᠤᠯᠵᠤ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠬᠦᠴᠦᠯᠡᠨ ᠳᠡᠭᠡᠭᠰᠢᠯᠡᠭᠦᠯᠵᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠠᠷᠭ᠎ᠠ ᠵᠠᠮ᠎ᠢ ᠥᠷᠭᠡᠳᠬᠡᠨ᠂ ᠶᠡᠭᠡ ᠳᠡᠭᠡᠳᠦ ᠰᠤᠷᠭ᠋ᠠᠭᠤᠯᠢ ᠵᠢᠨ ᠲᠡᠭᠦᠰᠬᠦ ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ᠎ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ᠎ᠲᠠᠢ ᠬᠥᠮᠦᠰ᠎ᠤᠨ ᠠᠵᠢᠯ ᠣᠯᠭᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠬᠡᠷᠡᠭᠲᠡᠢ᠃ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠤᠨ᠂ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠡᠷᠡᠭᠲᠡᠢ᠃ ᠠᠷᠠᠳ ᠲᠦᠮᠡᠨ᠎ᠤ ᠡᠷᠡᠭᠦᠯ ᠮᠡᠨᠳᠦ ᠵᠢ ᠪᠠᠲᠤᠯᠠᠬᠤ ᠵᠢ ᠤᠷᠢᠳ ᠵᠶ᠋ᠠᠷ ᠬᠥᠭᠵᠢᠭᠦᠯᠬᠦ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠨ᠎ᠳᠤ ᠲᠠᠯᠪᠢᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠰᠡᠷᠭᠡᠶ᠋ᠢᠯᠡᠯᠲᠡ ᠬᠠᠮᠠᠭ᠋ᠠᠯᠠᠯᠲᠠ ᠵᠢᠨ ᠲᠤᠤᠷ᠎ᠢ ᠪᠠᠬᠢᠵᠢᠭᠦᠯᠦᠨ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ᠂ ᠳᠣᠲᠣᠭ᠋ᠠᠳᠤ᠎ᠳᠠᠭᠠᠨ ᠳᠠᠬᠢᠨ ᠳᠡᠯᠭᠡᠷᠡᠬᠦ ᠵᠢ ᠰᠡᠷᠭᠡᠶ᠋ᠢᠯᠡᠬᠦ》 ᠠᠵᠢᠯ᠎ᠢ ᠢᠮᠠᠭᠲᠠ ᠬᠢᠨᠠᠭᠤᠷ ᠪᠣᠯᠭᠤᠮᠵᠢᠲᠠᠶ ᠰᠠᠶ᠋ᠢᠲᠤᠷ ᠬᠢᠬᠦ ᠬᠡᠷᠡᠭᠲᠡᠶ᠃ ᠬᠦᠨᠳᠦ ᠤᠨᠴᠠ ᠶᠡᠭᠡ ᠠᠶᠤᠯᠭᠦᠶ ᠦᠢ᠍ᠯᠡᠳᠪᠦᠷᠢᠯᠡᠯ᠎ᠤᠨ ᠬᠡᠷᠡᠭ ᠡᠭᠦᠰᠬᠦ ᠵᠢ ᠪᠦᠲᠦᠮᠵᠢᠲᠡᠶ ᠬᠤᠷᠢᠠᠠᠯᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤᠵᠢᠭᠤᠯᠬᠤ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠰᠢ ᠵᠢᠨ ᠫᠢᠩ᠂ ᠹᠦᠵᠢᠶᠠᠨ ᠪᠣᠯ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ ᠨᠠᠮ᠎ᠤᠨ ᠲᠡᠦᠬᠡ ᠵᠢᠨ ᠬᠡᠷᠡᠭ ᠶᠠᠪᠤᠳᠠᠯ ᠤᠯᠠᠨ᠂ ᠬᠤᠪᠢᠰᠬᠠᠯ᠎ᠤᠨ ᠡᠬᠢ ᠪᠠᠶᠠᠯᠢᠭ ᠤᠯᠠᠨ᠂ ᠬᠤᠪᠢᠰᠬᠠᠯ᠎ᠤᠨ ᠤᠷᠢᠳᠤᠰ ᠤᠯᠠᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠥᠪᠡᠷᠮᠢᠴᠡ ᠳᠠᠪᠠᠭᠤᠯᠢᠭ᠎ᠲᠠᠢ ᠶᠤᠮ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠤᠮᠳᠠ ᠲᠡᠦᠬᠡ ᠵᠢ ᠰᠤᠷᠤᠯᠴᠠᠨ ᠶᠣᠰᠣ ᠤᠴᠢᠷ᠎ᠢ ᠮᠡᠳᠡᠬᠦ ᠬᠡᠷᠡᠭᠳᠠᠢ᠂ ᠶᠤᠰᠤ ᠤᠴᠢᠷ᠎ᠢ ᠮᠡᠳᠡᠬᠦ ᠪᠣᠯ ᠢᠲᠡᠭᠡᠯ᠎ᠢ ᠨᠡᠮᠡᠭᠳᠡᠭᠦᠯᠬᠦ᠂ ᠶᠣᠰᠣ ᠰᠤᠷᠲᠠᠬᠤᠨ᠎ᠢ ᠡᠷᠬᠢᠮᠯᠡᠬᠦ᠂ ᠬᠦᠴᠦᠯᠡᠨ ᠭᠦᠢ᠍ᠴᠡᠳᠭᠡᠬᠦ ᠵᠢᠨ ᠤᠷᠢᠲᠠᠯ ᠮᠥᠨ᠃ ᠨᠠᠮ᠎ᠤᠨ ᠬᠡᠷᠡᠯ ᠰᠠᠴᠤᠷᠠᠩᠭᠤᠢ ᠠᠮᠵᠢᠯᠲᠠ᠂ ᠪᠡᠷᠬᠡ ᠬᠠᠲᠠᠭᠤᠵᠢᠯᠲᠠᠢ ᠥᠩᠭᠡᠷᠡᠯᠲᠡ᠂ ᠲᠡᠦᠬᠡᠨ ᠲᠤᠷᠰᠢᠯᠭ᠎ᠠ᠂ ᠰᠢᠯᠢᠳᠡᠭ ᠤᠯᠠᠮᠵᠢᠯᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠴᠢᠳᠠᠬᠤ᠂ ᠮᠠᠷᠺᠰ᠎ᠤᠨ ᠦᠵᠡᠯ ᠶᠠᠭ᠋ᠠᠬᠢᠭ᠋ᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ ᠰᠠᠶ᠋ᠢᠨ ᠪᠠᠶ᠋ᠢᠬᠤ ᠵᠡᠷᠭᠡ ᠶᠣᠰᠣ ᠤᠴᠢᠷ᠎ᠢ ᠭᠦᠨᠵᠡᠭᠡᠢ ᠤᠬᠠᠪᠤᠷᠢᠯᠠᠨ᠂ ᠲᠡᠭᠦᠨ᠎ᠤ ᠳᠣᠲᠣᠷᠠᠬᠢ ᠲᠡᠦᠬᠡ ᠵᠢᠨ ᠯᠣᠭᠢᠭ᠂ ᠤᠨᠤᠯ᠎ᠤᠨ ᠯᠣᠭᠢᠭ᠂ ᠦᠢ᠍ᠯᠡᠳᠦᠯᠭᠡ ᠵᠢᠨ ᠯᠣᠭᠢᠭ᠎ᠢ ᠲᠣᠳᠣᠷᠬᠠᠢ ᠣᠶ᠋ᠢᠯᠠᠭ᠋ᠠᠬᠤ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠲᠡᠦᠬᠡ ᠵᠢᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠢ ᠤᠬᠠᠪᠤᠷᠢᠯᠠᠨ᠂ ᠨᠠᠮ᠎ᠤᠨ ᠤᠳᠤᠷᠢᠳᠤᠯᠭ᠎ᠠ ᠵᠢᠨ ᠲᠤᠬᠠᠢ ᠢᠲᠡᠭᠡᠯ ᠵᠶ᠋ᠠᠨ ᠪᠠᠲᠤᠳᠬᠠᠬᠤ ᠬᠡᠷᠡᠭᠲᠡᠢ᠃ ᠮᠠᠷᠺᠰ᠎ᠤᠨ ᠦᠵᠡᠯ ᠵᠢᠴᠢ ᠲᠡᠭᠦᠨ᠎ᠤ ᠳᠤᠮᠳᠠᠳᠤ ᠤᠯᠤᠰᠴᠢᠯᠠᠭᠰᠠᠨ ᠰᠢᠨ᠎ᠡ ᠵᠢ ᠡᠭᠦᠳᠦᠭᠰᠡᠨ ᠤᠨᠤᠯ᠎ᠤᠨ ᠦᠨᠡᠨ ᠶᠣᠰᠣᠴᠢ ᠴᠢᠨᠠᠷ᠎ᠢ ᠭᠦᠨᠵᠡᠭᠡᠢ ᠤᠬᠠᠪᠤᠷᠢᠯᠠᠨ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠤᠬᠠᠮᠰᠠᠷ᠎ᠠᠴᠠ᠎ᠪᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠡᠷᠡᠰ ᠪᠠᠲᠤ ᠴᠢᠨᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠵᠥᠪ ᠣᠨᠣᠪᠴᠢᠲᠤ ᠴᠢᠨᠠᠷ᠎ᠢ ᠭᠦᠨᠵᠡᠭᠡᠢ ᠤᠬᠠᠪᠤᠷᠢᠯᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠭᠡᠬᠦ ᠡᠨᠡ ᠬᠦ᠌ ᠴᠤᠷ᠎ᠤᠨ ᠭᠠᠭᠴᠠ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠬᠦᠷᠢᠶᠡᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠲᠤ ᠴᠢᠩᠭ᠎ᠠ ᠳᠠᠶ᠋ᠢᠴᠢᠨ ᠪᠠᠬᠢᠯᠡᠯᠲᠡ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠶ᠃ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠶᠡᠷᠦᠩᠬᠡᠶ᠋ᠢᠯᠡᠭᠰᠡᠨ ᠦᠢ᠍ᠯᠡᠳᠦᠯ ᠴᠢᠳᠠᠮᠵᠢ ᠵᠢ ᠲᠠᠰᠤᠷᠠᠯᠳᠠ ᠦᠭᠡᠢ ᠳᠡᠭᠡᠭᠰᠢᠯᠡᠭᠦᠯᠤᠨ᠂ ᠰᠠᠶ᠋ᠢᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃