ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠤᠨ ᠳᠠᠶ᠋ᠢᠴᠢᠯᠠᠯᠳᠠ ᠵᠢᠨ ᠶᠡᠭᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠳᠡᠯᠡᠪᠠ
ᠨᠡᠶ᠋ᠢᠲᠡᠯᠡᠭᠰᠡᠨ ᠴᠠᠭ᠄ 2021-04-01

    ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ ᠵᠢᠨ 31᠎ᠤ ᠴᠠᠬᠢᠯᠭ᠋ᠠᠨ ᠮᠡᠳᠡᠭᠡ 4 ᠰᠠᠷ᠎ᠠ ᠵᠢᠨ 1᠎ᠤ ᠡᠳᠦᠷ ᠬᠡᠪᠯᠡᠭᠳᠡᠬᠦ 7 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠭᠦᠯ᠎ᠳᠤ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠ ᠵᠤᠬᠢᠶᠠᠯ 《ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠤᠨ ᠳᠠᠶ᠋ᠢᠴᠢᠯᠠᠯᠳᠠ ᠵᠢᠨ ᠶᠡᠭᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠳᠡᠯᠡᠪᠡ᠃
    ᠵᠤᠬᠢᠶᠠᠯ᠎ᠳᠤ᠂ ᠪᠦᠬᠦ ᠨᠠᠮ᠎ᠳᠤ ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠪᠤᠯ ᠨᠠᠮ᠎ᠤᠨ ᠳᠦᠪ ᠬᠤᠷᠢᠶ᠎ᠠ ᠨᠠᠮ᠎ᠤᠨ ᠵᠠᠭᠤᠨ ᠵᠢᠯ᠎ᠤᠨ ᠳᠡᠥᠬᠡ ᠵᠢᠨ ᠰᠢᠨ᠎ᠡ ᠭᠠᠷᠤᠭ᠎ᠠ᠎ᠳᠤ ᠵᠤᠬᠰᠤᠨ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠪᠠᠶ᠋ᠢᠯᠳᠤᠬᠤ ᠪᠤᠳᠤᠯᠭ᠎ᠠ ᠵᠢᠨ ᠪᠦᠬᠦ ᠳᠠᠯ᠎ᠠ ᠪᠤᠯᠤᠨ ᠳᠡᠯᠡᠬᠡᠢ ᠶᠢᠷᠳᠢᠨᠴᠦ ᠵᠢᠨ ᠵᠠᠭᠤᠨ ᠵᠢᠯ᠎ᠳᠤ ᠳᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠵᠢ ᠨᠢᠬᠡᠳᠦᠯᠳᠡᠢ ᠳᠦᠯᠦᠪᠵᠢᠬᠦᠯᠵᠥ᠂ ᠪᠦᠬᠦ ᠨᠠᠮ ᠪᠦᠬᠦ ᠤᠯᠤᠰ᠎ᠤᠨ ᠬᠡᠬᠦᠳᠡᠭ ᠳᠦᠬᠦᠷᠡᠩ ᠢᠳᠡᠬᠡᠯ ᠵᠤᠷᠢᠬ ᠵᠶ᠋ᠠᠷ ᠨᠡᠶ᠋ᠢᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠠᠶ᠋ᠢᠭᠤᠯᠬᠤ᠎ᠳᠤ ᠤᠷᠤᠯᠴᠠᠬᠤ ᠵᠢ ᠳᠠᠶ᠋ᠢᠴᠢᠯᠠᠬᠤ ᠵᠢᠨ ᠳᠦᠯᠦᠬᠡ ᠭᠠᠷᠭ᠋ᠠᠬᠰᠠᠨ ᠴᠢᠬᠤᠯᠠ ᠶᠡᠭᠡ ᠰᠢᠢ᠍ᠳᠪᠦᠷᠢᠳᠤ ᠪᠤᠳᠤᠯᠭ᠎ᠠ ᠮᠦᠨ᠃ ᠪᠦᠬᠦ ᠨᠠᠮ᠎ᠤᠨ ᠨᠦᠬᠦᠳ ᠳᠡᠥᠬᠡ ᠵᠢ ᠰᠤᠷᠤᠯᠴᠠᠵᠦ ᠶᠤᠰᠤ ᠤᠴᠢᠷ᠎ᠢ ᠤᠢ᠍ᠢ᠍ᠯᠠᠭ᠋ᠠᠵᠤ᠂ ᠳᠡᠥᠬᠡ ᠵᠢ ᠰᠤᠷᠤᠯᠴᠠᠵᠦ ᠢᠳᠡᠬᠡᠯ ᠵᠶ᠋ᠠᠨ ᠨᠡᠮᠡᠭᠳᠡᠬᠦᠯᠵᠤ᠂ ᠳᠡᠥᠬᠡ ᠵᠢ ᠰᠤᠷᠤᠯᠴᠠᠵᠦ ᠶᠤᠰᠤ ᠰᠤᠷᠳᠠᠬᠤᠨ᠎ᠢ ᠡᠷᠬᠢᠮᠯᠡᠵᠤ᠂ ᠳᠡᠥᠬᠡ ᠵᠢ ᠰᠤᠷᠤᠯᠴᠠᠵᠦ ᠴᠢᠷᠮᠠᠶ᠋ᠢᠨ ᠦᠢ᠍ᠯᠡᠳᠦᠯᠭᠡᠵᠢᠭᠦᠯᠵᠦ᠂ ᠨᠠᠮ᠎ᠤᠨ ᠳᠡᠥᠬᠡ ᠵᠢ ᠰᠤᠷᠤᠯᠴᠠᠵᠥ᠂ ᠦᠵᠡᠯ ᠰᠠᠨᠠᠭ᠎ᠠ᠎ᠪᠠᠨ ᠰᠡᠭᠡᠭᠡᠷᠡᠭᠦᠯᠵᠦ᠂ ᠪᠤᠳᠠᠳᠤ ᠶᠠᠪᠤᠳᠠᠯ ᠬᠢᠵᠥ᠂ ᠰᠢᠨ᠎ᠡ ᠪᠠᠶ᠋ᠢᠳᠠᠯ᠎ᠢ ᠡᠬᠦᠳᠴᠤ᠂ ᠴᠤᠬ ᠪᠠᠳᠠᠷᠠᠩᠭᠤᠢ ᠳᠦᠷᠰᠤ ᠪᠠᠶ᠋ᠢᠳᠠᠯ ᠵᠶ᠋ᠠᠷ ᠨᠡᠶ᠋ᠢᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠠᠶ᠋ᠢᠭᠤᠯᠬᠤ ᠰᠢᠨ᠎ᠠ ᠠᠶᠠᠨ ᠵᠶ᠋ᠠᠨ ᠴᠢᠷᠮᠠᠶ᠋ᠢᠨ ᠡᠬᠢᠯᠡᠬᠦᠯᠵᠥ᠂ ᠰᠢᠯᠢᠳᠡᠭ   ᠠᠮᠵᠢᠯᠳᠠ ᠎ᠪᠠᠷ   ᠨᠠᠮ   ᠪᠠᠶ᠋ᠢᠭᠤᠯᠤᠬᠳᠠᠬᠰᠠᠨ   ᠵᠠᠭᠤᠨ   ᠵᠢᠯ ᠎ᠤᠨ   ᠤᠢ ᠵᠢ   ᠤᠬᠳᠤᠬᠤ   ᠬᠡᠷᠡᠭᠳᠡᠢ ᠭᠡᠵᠤ ᠴᠢᠬᠤᠯᠠᠴᠢᠯᠠᠵᠠᠢ᠃
    ᠵᠤᠬᠢᠶᠠᠯ᠎ᠳᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ ᠦᠷᠨᠢᠭᠦᠯᠬᠦ᠎ᠨᠢ ᠠᠴᠢ ᠬᠤᠯᠪᠤᠭᠳᠠᠯ ᠴᠢᠬᠤᠯᠠ ᠶᠡᠭᠡ ᠶᠤᠮ᠃ ᠮᠠᠨ᠎ᠤ ᠨᠠᠮ ᠡᠷᠳᠡᠨ᠎ᠠᠴᠠ ᠠᠪᠤᠭ᠋ᠠᠳ ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠢ ᠴᠢᠬᠤᠯᠠᠴᠢᠯᠠᠬᠰᠠᠭ᠋ᠠᠷ ᠢᠷᠡᠵᠠᠢ᠃ ᠮᠠᠨ᠎ᠤ ᠨᠠᠮ᠎ᠤᠨ ᠵᠠᠭᠤᠨ ᠵᠢᠯ᠎ᠤᠨ ᠤᠢ ᠵᠢ ᠪᠡᠯᠬᠡᠯᠡᠬᠦ ᠴᠢᠬᠤᠯᠠ ᠶᠡᠭᠡ ᠴᠠᠬ ᠮᠦᠴᠡ᠎ᠳᠤ᠂ 《ᠬᠤᠤᠰ ᠵᠠᠭᠤᠨ ᠵᠢᠯ》᠎ᠤᠨ ᠳᠡᠮᠡᠴᠡᠬᠦ ᠬᠠᠷᠠᠯᠳᠠ ᠵᠢᠨ ᠳᠡᠥᠬᠡᠨ ᠠᠭᠤᠯᠵᠠᠷ ᠬᠤᠭᠤᠴᠠᠭ᠎ᠠ ᠵᠠᠩᠬᠢᠯᠠᠭ᠎ᠠ ᠵᠢᠨ ᠦᠶ᠎ᠡ᠎ᠳᠤ᠂ ᠪᠦᠬᠦ ᠨᠠᠮ᠎ᠳᠤ ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠢ ᠳᠦᠪᠯᠡᠷᠡᠬᠦᠯᠦᠨ ᠦᠷᠨᠢᠬᠦᠯᠬᠦ᠎ᠨᠢ ᠴᠠᠭ᠎ᠲᠠᠭᠠᠨ ᠮᠠᠰᠢ ᠳᠤᠬᠢᠷᠠᠵᠥ᠂ ᠮᠠᠰᠢ ᠴᠢᠬᠤᠯᠠᠳᠠᠢ ᠪᠠᠶ᠋ᠢᠭ᠎ᠠ ᠶᠤᠮ᠃
    ᠪᠦᠬᠦ ᠨᠠᠮ᠎ᠳᠤ ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠢ ᠦᠷᠨᠢᠬᠦᠯᠬᠦ ᠪᠤᠯ ᠤᠬ ᠰᠠᠨᠠᠭ᠎ᠠ ᠡᠬᠦᠷᠬᠡ ᠬᠠᠷᠢᠭᠤᠴᠠᠯᠭ᠎ᠠ᠎ᠪᠠᠨ ᠪᠠᠳᠤ ᠴᠠᠬᠡᠵᠢᠯᠡᠵᠥ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠳᠡᠥᠬᠡ ᠵᠢᠨ ᠠᠭᠤᠤ ᠦᠢ᠍ᠯᠡᠰ᠎ᠢ ᠠᠬᠢᠭᠤᠯᠬᠤ ᠵᠠᠶ᠋ᠢᠯᠠᠰᠢ ᠦᠭᠡᠢ ᠱᠠᠭ᠋ᠠᠷᠳᠠᠯᠭ᠎ᠠ ᠪᠤᠯᠤᠨ᠎ᠠ᠂ ᠢᠳᠡᠬᠡᠯ ᠪᠢᠰᠢᠷᠡᠯ ᠢᠳᠡᠬᠡᠯ ᠵᠤᠷᠢᠬ ᠵᠶ᠋ᠠᠨ ᠪᠠᠳᠤᠳᠬᠠᠵᠥ᠂ ᠰᠢᠨ᠎ᠡ ᠴᠠᠬ ᠦᠶ᠎ᠡ᠎ᠳᠤ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠢ ᠪᠠᠷᠢᠮᠳᠠᠯᠠᠨ ᠬᠦᠭᠵᠢᠬᠦᠯᠬᠦ ᠵᠠᠶ᠋ᠢᠯᠠᠰᠢ ᠦᠭᠡᠢ ᠱᠠᠭ᠋ᠠᠷᠳᠠᠯᠭ᠎ᠠ ᠪᠤᠯᠤᠨ᠎ᠠ᠂ ᠨᠠᠮ᠎ᠤᠨ ᠦᠪᠡᠷ ᠪᠡᠶ᠎ᠡ ᠵᠢᠨ ᠬᠤᠪᠢᠰᠬᠠᠯ᠎ᠢ ᠠᠬᠢᠭᠤᠯᠵᠥ᠂ ᠨᠠᠮ᠎ᠤᠨ ᠠᠮᠢᠵᠢᠷᠠᠯ᠎ᠤᠨ ᠬᠦᠴᠦᠨ᠎ᠢ ᠡᠬᠦᠷᠢᠳᠡ ᠪᠠᠳᠤᠯᠠᠬᠤ ᠵᠠᠶ᠋ᠢᠯᠠᠰᠢ ᠦᠭᠡᠢ ᠱᠠᠭ᠋ᠠᠷᠳᠠᠯᠭ᠎ᠠ ᠪᠤᠯᠤᠨ᠎ᠠ ᠭᠡᠵᠤ ᠵᠢᠭ᠋ᠠᠵᠤ ᠭᠠᠷᠭ᠋ᠠᠵᠠᠢ᠃
    ᠵᠣᠬᠢᠶᠠᠯ᠎ᠳᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ ᠭᠤᠣᠯᠳᠠᠯᠭ᠎ᠠ ᠵᠢ ᠲᠤᠪᠤᠶ᠋ᠢᠯᠭ᠋ᠠᠬᠤ ᠬᠡᠷᠡᠭᠲᠡᠢ᠃ ᠨᠢᠭᠡᠳᠦᠭᠡᠷ᠎ᠲᠤ᠂ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠴᠢᠨᠠᠭᠰᠢᠲᠠ ᠣᠶ᠋ᠢᠯᠠᠭ᠋ᠠᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠪᠦᠬᠦ ᠨᠠᠮ᠎ᠢ ᠵᠡᠪᠰᠡᠭᠯᠡᠬᠦ ᠤᠯᠤᠰ ᠲᠦᠷᠦ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠬᠤᠶᠠᠳᠤᠭ᠋ᠠᠷ᠎ᠲᠤ᠂ ᠲᠡᠦᠬᠡ ᠵᠢᠨ ᠬᠥᠭᠵᠢᠯᠲᠡ ᠵᠢᠨ ᠵᠢᠮ᠎ᠡ ᠶᠣᠰᠣ ᠪᠠ ᠶᠡᠭᠡ ᠬᠠᠨᠳᠤᠰᠢ ᠵᠢ ᠴᠢᠨᠠᠭᠰᠢᠲᠠ ᠡᠵᠡᠮᠳᠡᠵᠦ᠂ ᠨᠠᠮ ᠪᠠ ᠤᠯᠤᠰ ᠎ᠤᠨ   ᠠᠵᠢᠯ   ᠦᠢ᠍ᠯᠡᠰ ᠎ᠤᠨ   ᠬᠥᠭᠵᠢᠯᠲᠡ ᠵᠢᠨ   ᠲᠡᠦᠬᠡᠨ   ᠰᠠᠨᠠᠭ᠋ᠠᠴᠢᠯᠠᠭ᠋ᠠᠲᠤ   ᠡᠷᠬᠡ ᠵᠢ   ᠢᠮᠠᠭᠲᠠ ᠡᠵᠡᠮᠰᠢᠬᠦ ᠬᠡᠷᠡᠭᠲᠡᠢ᠃ ᠭᠤᠷᠪᠠᠳᠤᠭ᠋ᠠᠷ᠎ᠲᠤ᠂ ᠨᠠᠮ᠎ᠤᠨ ᠰᠢᠨᠵᠢ ᠴᠢᠨᠠᠷ ᠵᠣᠷᠢᠯᠲᠠ ᠵᠢᠨ ᠲᠤᠬᠠᠢ ᠲᠠᠨᠢᠯᠲᠠ᠎ᠪᠠᠨ ᠴᠢᠨᠠᠭᠰᠢᠳᠠ ᠭᠦᠨᠵᠡᠭᠡᠶ᠋ᠢᠷᠡᠭᠦᠯᠵᠦ᠂ ᠮᠠᠷᠺᠰ᠎ᠤᠨ ᠦᠵᠡᠯ᠎ᠤᠨ ᠲᠦᠷᠦ ᠵᠢᠨ ᠨᠠᠮ᠎ᠤᠨ ᠢᠯᠡ ᠲᠣᠳᠣ ᠮᠥᠨ ᠴᠢᠨᠠᠷ᠎ᠢ ᠢᠮᠠᠭᠳᠠ ᠪᠠᠳᠤᠯᠠᠬᠤ ᠬᠡᠷᠡᠭᠲᠡᠢ᠃ ᠳᠥᠷᠪᠡᠳᠦᠭᠡᠷ᠎ᠲᠤ᠂ ᠨᠠᠮ᠎ᠤᠨ ᠲᠡᠦᠬᠡᠨ ᠲᠤᠷᠰᠢᠯᠭ᠎ᠠ ᠵᠢ ᠴᠢᠨᠠᠭᠰᠢᠲᠠ ᠳ᠋ᠦᠩᠨᠡᠵᠦ᠂ ᠠᠶᠤᠯ ᠲᠦᠭᠰᠢᠭᠦᠷᠢ ᠥᠷᠢᠰᠥᠯᠳᠦᠭᠡᠨ   ᠎ᠢ ᠠᠷᠭ᠋ᠠᠴᠠᠭ᠋ᠠᠬᠤ ᠴᠢᠳᠠᠪᠤᠷᠢ ᠪᠠ ᠲᠦᠪᠰᠢᠨ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠪᠤᠳᠤᠭ᠋ᠠᠷ᠎ᠲᠤ᠂ ᠬᠤᠪᠢᠰᠬᠠᠯᠲᠤ ᠵᠣᠷᠢᠭ ᠰᠠᠨᠠᠭ᠎ᠠ ᠵᠢ ᠴᠢᠨᠠᠭᠰᠢᠳᠠ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ ᠴᠤᠭ ᠪᠠᠳᠠᠷᠠᠩᠭᠤᠢ ᠵᠣᠷᠢᠭ ᠰᠠᠨᠠᠭ᠎ᠠ ᠵᠢ ᠢᠮᠠᠭᠲᠠ ᠪᠠᠳᠤᠯᠠᠬᠤ ᠬᠡᠷᠡᠭᠲᠡᠢ᠃ ᠵᠢᠷᠭᠤᠳᠤᠭ᠋ᠠᠷ᠎ᠲᠤ᠂ ᠨᠠᠮ᠎ᠤᠨ ᠪᠦᠯᠬᠦᠮᠳᠡᠯ ᠪᠠ ᠲᠥᠪᠯᠡᠷᠡᠯ ᠨᠢᠭᠡᠳᠦᠯ᠎ᠢ ᠴᠢᠨᠠᠭᠰᠢᠲᠠ ᠴᠢᠩᠭ᠋ᠠᠳᠬᠠᠵᠤ᠂ ᠪᠦᠬᠦ ᠨᠠᠮ᠎ᠤᠨ ᠠᠯᠬᠤᠮ ᠨᠢᠭᠡᠲᠡᠢ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
    ᠵᠣᠬᠢᠶᠠᠯ᠎ᠳᠤ᠂ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ ᠡᠷᠬᠡᠪᠰᠢ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ᠃ ᠪᠦᠬᠦ ᠨᠠᠮ ᠵᠶ᠋ᠠᠷ ᠵᠶ᠋ᠠᠨ ᠲᠡᠭᠡᠲᠦ ᠬᠡᠮᠵᠢᠶ᠎ᠠ᠎ᠪᠠᠷ ᠴᠢᠬᠤᠯᠠᠴᠢᠯᠠᠵᠦ᠂ ᠦᠵᠡᠯ ᠰᠠᠨᠠᠭ᠎ᠠ ᠵᠤᠭᠰᠤᠴᠠ᠎ᠪᠠᠨ ᠲᠡᠭᠡᠭᠰᠢᠯᠡᠭᠦᠯᠵᠦ᠂ ᠪᠤᠲᠠᠲᠤ ᠪᠠᠶ᠋ᠢᠲᠠᠯ᠎ᠳᠤ ᠰᠠᠭᠤᠷᠢᠯᠠᠵᠦ᠂ ᠲᠦᠪ ᠶᠤᠰᠤ ᠵᠢ ᠪᠠᠷᠢᠮᠲᠠᠯᠠᠠ ᠰᠢᠨ᠎ᠠ ᠵᠢ ᠡᠭᠦᠳᠴᠤ᠂ ᠰᠤᠷᠤᠯᠴᠠᠯᠭ᠎ᠠ ᠬᠦᠮᠦᠵᠢᠯ᠎ᠤᠨ ᠡᠯ᠎ᠠ ᠵᠦᠢ᠍ᠯ᠎ᠤᠨ ᠡᠬᠦᠷᠭᠡ ᠵᠢ ᠦᠨᠲᠦᠷ ᠪᠠᠷᠢᠮᠵᠢᠶ᠎ᠠ᠎ᠪᠠᠷ ᠴᠢᠨᠠᠷ ᠰᠠᠶ᠋ᠢᠲᠠᠢ ᠪᠡᠶᠡᠯᠡᠭᠦᠯᠬᠦ ᠭᠡᠷᠡᠭᠲᠡᠢ᠃ ᠨᠢᠭᠡ᠎ᠳᠤ᠂ ᠵᠤᠬᠢᠶᠠᠠ ᠪᠠᠶ᠋ᠢᠭᠤᠯᠵᠦ ᠤᠲᠤᠷᠢᠳᠬᠤ᠎ᠪᠠᠨ ᠴᠢᠩᠭ᠋ᠠᠳᠬᠠᠬᠤ ᠭᠡᠷᠡᠭᠲᠡᠢ᠃ ᠬᠤᠶᠠᠷ᠎ᠲᠤ᠂ ᠵᠦᠪ ᠨᠠᠮ᠎ᠤᠨ ᠲᠡᠤᠬᠡ ᠵᠢᠨ ᠦᠵᠡᠯᠲᠡ ᠵᠢ ᠪᠤᠢ ᠪᠤᠯᠭ᠋ᠠᠬᠤ ᠭᠡᠷᠡᠭᠲᠡᠢ᠃ ᠭᠤᠷᠪᠠ᠎ᠳᠤ᠂ ᠤᠯᠠᠠ ᠲᠦᠮᠠᠠ᠎ᠳᠤ ᠦᠨᠡᠡ ᠬᠦ᠌   ᠪᠤᠲᠠᠲᠤ   ᠶᠠᠪᠤᠳᠠᠯ   ᠬᠢᠵᠦ   ᠦᠭᠭᠦᠨ   ᠬᠦᠴᠢᠷ   ᠠᠰᠠᠭᠤᠲᠠᠯ ᠎ᠢ ᠎ᠨᠢ   ᠰᠢᠢ᠍ᠳᠪᠦᠷᠢᠯᠡᠵᠦ   ᠦᠭᠬᠦ ᠭᠡᠷᠡᠭᠲᠡᠢ᠃ ᠲᠦᠷᠪᠡ᠎ᠳᠤ᠂ ᠠᠷᠭ᠎ᠠ ᠬᠡᠯᠪᠡᠷᠢ ᠠᠷᠭ᠎ᠠ ᠬᠡᠮᠵᠢᠶ᠎ᠠ᠎ᠪᠠᠨ ᠰᠢᠨᠡᠴᠢᠯᠡᠬᠦ ᠵᠢ ᠴᠢᠬᠤᠯᠠᠴᠢᠯᠠᠬᠤ ᠭᠡᠷᠡᠭᠲᠡᠢ᠃ ᠪᠦᠬᠦ ᠨᠡᠶ᠋ᠢᠭᠡᠮ᠎ᠳᠤ ᠨᠠᠮ᠎ᠤᠨ ᠲᠡᠤᠬᠡ᠂ ᠰᠢᠨ᠎ᠠ ᠲᠤᠮᠲᠠᠲᠤ ᠤᠯᠤᠰ᠎ᠤᠨ ᠲᠡᠤᠬᠡ᠂ ᠦᠭᠡᠷᠡᠴᠢᠯᠡᠯᠲᠡ ᠨᠡᠭᠡᠭᠡᠯᠲᠡ ᠵᠢᠨ ᠲᠡᠤᠬᠡ᠂ ᠨᠡᠶ᠋ᠢᠭᠡᠮ ᠵᠢᠷᠤᠮ᠎ᠤᠨ ᠬᠦᠭᠵᠢᠯᠲᠠ ᠵᠢᠨ ᠲᠡᠤᠬᠡ ᠵᠢᠨ ᠤᠬᠠᠭᠤᠯᠭ᠎ᠠ ᠬᠦᠮᠦᠵᠢᠯ᠎ᠢ ᠦᠷᠭᠡᠡ ᠵᠶ᠋ᠠᠷ ᠦᠷᠨᠢᠭᠦᠯᠵᠦ᠂ ᠨᠠᠮ᠎ᠤᠨ ᠲᠡᠤᠬᠡ ᠵᠢᠨ ᠮᠡᠲᠡᠯᠭᠡ ᠵᠢ ᠲᠦᠭᠡᠮᠡᠯᠵᠢᠭᠦᠯᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠢ ᠤᠯᠠᠠ ᠲᠦᠮᠠᠠ᠂ ᠦᠨᠲᠦᠰᠦᠨ ᠱᠠᠲᠤᠨ᠎ᠳᠤ ᠭᠦᠨᠵᠡᠭᠡᠢ ᠦᠷᠨᠢᠭᠦᠯᠵᠦ᠂ ᠬᠦᠮᠦᠰ᠎ᠤᠨ ᠰᠡᠳᠭᠢᠯ᠎ᠳᠤ ᠬᠠᠳᠠᠩᠰᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠵᠢ ᠨᠡᠶ᠋ᠢᠲᠡᠯᠡᠪᠡ
ᠰᠢ ᠵᠢᠨ ᠫᠢᠩ ᠭᠧᠷᠮᠠᠨ᠎ᠤ ᠶᠡᠷᠦᠩᠭᠡᠢ ᠰᠠᠶ᠋ᠢᠳ ᠮᠤᠺᠧᠷ᠎ᠲᠠᠢ ᠤᠳᠠᠰᠤ᠎ᠪᠠᠷ ᠶᠠᠷᠢᠯᠴᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠶ᠋ᠢᠷᠢᠯᠠᠭᠤᠯᠪᠠ
ᠰᠢ ᠵᠢᠨ ᠫᠢᠩ ᠲᠠᠯᠠᠢ ᠵᠢᠨ ᠴᠡᠷᠢᠭ᠎ᠤᠨ ᠭᠤᠷᠪᠠᠨ ᠬᠡᠯᠪᠡᠷᠢ ᠵᠢᠨ ᠭᠣᠣᠯ ᠪᠠᠶ᠋ᠢᠯᠳᠤᠭ᠋ᠠᠨ᠎ᠤ ᠬᠦᠯᠭᠡ ᠣᠩᠭᠣᠴᠠ ᠵᠢ ᠲᠥᠪᠯᠡᠷᠡᠭᠦᠯᠦᠨ ᠲᠤᠰᠢᠶᠠᠬᠤ ᠪᠠ ᠬᠦᠯᠢᠶᠡᠨ ᠠᠪᠴᠤ ᠡᠩᠨᠡᠭᠡᠨ᠎ᠳᠤ ᠣᠷᠣᠭᠤᠯᠬᠤ ᠠᠵᠢᠯᠯᠠᠭ᠎ᠠ᠎ᠳᠤ ᠣᠷᠣᠯᠴᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
 
            