ᠰᠢ ᠵᠢᠨ ᠫᠢᠩ ᠨᠠᠮ᠎ᠤᠨ ᠲᠥᠪ ᠬᠤᠷᠢᠶ᠎ᠠ ᠳᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠴᠠᠬᠢᠯᠭ᠋ᠠᠨ ᠴᠢᠮᠡᠭᠡ ᠶᠠᠪᠤᠭᠤᠯᠵᠦ ᠪᠠᠶᠠᠷ ᠬᠦᠷᠭᠡᠵᠠᠢ
ᠯᠢ ᠺᠧ ᠴᠢᠶᠠᠩ ᠸᠠᠩ ᠬᠤ᠌ ᠨᠢᠩ ᠪᠡᠭᠡᠵᠢᠩ᠎ᠳᠤ ᠬᠠᠷᠪᠤᠯᠳᠠ ᠵᠢᠨ ᠪᠤᠳᠠᠳᠤ ᠪᠠᠶ᠋ᠢᠳᠠᠯ᠎ᠢ ᠦᠵᠡᠵᠠᠢ
ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 29᠎ᠤ ᠴᠠᠬᠢᠯᠭ᠋ᠠᠨ ᠮᠡᠳᠡᠭᠡ 4 ᠰᠠᠷ᠎ᠠ ᠵᠢᠨ 29᠎ᠤ ᠡᠳᠦᠷ᠎ᠤᠨ 11 ᠴᠠᠭ 23 ᠮᠢᠨᠦ᠋ᠲ᠎ᠲᠤ᠂ ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠣᠭᠲᠠᠷᠭᠤᠢ᠎ᠳᠤ ᠬᠠᠷᠪᠤᠵᠤ ᠭᠠᠷᠭ᠋ᠠᠨ᠂ ᠵᠢᠱ᠌ᠢᠭᠰᠡᠨ ᠲᠣᠭᠤᠷᠢᠯᠲᠠ ᠵᠢᠨ ᠵᠠᠮ᠎ᠳᠤ ᠣᠨᠣᠪᠴᠢᠲᠠᠢ ᠣᠷᠣᠵᠤ᠂ ᠬᠠᠷᠪᠤᠯᠳᠠ ᠵᠢᠨ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠵᠠᠢ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ ᠣᠭᠲᠠᠷᠭᠤᠢ ᠵᠢᠨ ᠦᠷᠳᠡᠭᠡ ᠵᠢᠨ ᠱᠠᠳᠤᠴᠢ ᠴᠢᠨᠠᠷᠲᠠᠢ ᠨᠢᠰᠦᠯᠲᠡ ᠵᠢᠨ ᠡᠭᠦᠷᠭᠡ ᠵᠢᠨ ᠶᠡᠷᠦᠩᠬᠡᠢ ᠵᠢᠯᠣᠭᠤᠳᠬᠤ ᠭᠠᠵᠠᠷ ᠬᠢᠭᠡᠳ ᠲᠢᠶᠠᠨ ᠾᠧ ᠭᠤᠣᠯ ᠦᠷᠦᠬᠡ ᠵᠢᠨ ᠬᠠᠷᠪᠤᠯᠲᠠ ᠵᠢᠨ ᠡᠭᠦᠷᠭᠡ ᠵᠢᠨ ᠰᠤᠳᠤᠯᠭ᠋ᠠᠨ ᠪᠠ ᠲᠤᠷᠰᠢᠯᠲᠠ᠎ᠳᠤ ᠣᠷᠣᠯᠴᠠᠭᠰᠠᠨ ᠡᠯ᠎ᠡ ᠪᠠᠶ᠋ᠢᠭᠤᠯᠭ᠎ᠠ ᠨᠢᠭᠡᠴᠢ ᠪᠣᠯᠤᠨ ᠪᠦᠬᠦ ᠨᠥᠬᠦᠳ᠎ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠠᠢ᠃
ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠣᠭᠲᠠᠷᠭᠤᠢ ᠵᠢᠨ ᠦᠷᠲᠡᠭᠡ ᠪᠠᠶ᠋ᠢᠭᠤᠯᠬᠤ᠂ ᠤᠯᠤᠰ᠎ᠤᠨ ᠰᠠᠨᠰᠠᠷ᠎ᠤᠨ ᠲᠤᠷᠰᠢᠯᠲᠠ ᠵᠢᠨ ᠲᠠᠰᠤᠭ᠎ᠢ ᠪᠠᠶ᠋ᠢᠭᠤᠯᠤᠭᠰᠠᠨ᠎ᠨᠢ ᠮᠠᠨ᠎ᠤ ᠤᠯᠤᠰ᠎ᠤᠨ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ 《ᠭᠤᠷᠪᠠᠨ ᠠᠯᠬᠤᠮ ᠵᠶ᠋ᠠᠷ ᠶᠠᠪᠤᠬᠤ》 ᠪᠠᠶ᠋ᠢᠯᠳᠤᠬᠤ ᠪᠤᠳᠤᠯᠭ᠎ᠠ ᠵᠢ ᠪᠡᠶᠡᠯᠡᠭᠦᠯᠬᠦ ᠵᠢᠨ ᠴᠢᠬᠤᠯᠠ ᠬᠠᠷᠠᠯᠲᠠ ᠮᠥᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠳᠠᠭ᠋ᠠᠭᠤᠯᠬᠤ ᠴᠢᠨᠠᠷᠲᠠᠢ ᠢᠨᠵᠧᠨᠧᠷᠢᠩ ᠮᠥᠨ᠃ ᠲᠢᠶᠠᠨ ᠾᠧ ᠭᠤᠣᠯ ᠦᠷᠦᠬᠡ ᠵᠢ ᠠᠮᠵᠢᠯᠲᠠ᠎ᠲᠠᠢ ᠬᠠᠷᠪᠤᠭᠰᠠᠨ᠎ᠨᠢ ᠮᠠᠨ᠎ᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠪᠦᠳᠦᠬᠡᠨ ᠪᠠᠶ᠋ᠢᠭᠤᠯᠤᠯᠲᠠ ᠪᠦᠬᠦ ᠲᠠᠯ᠎ᠠ᠎ᠪᠠᠷ ᠬᠡᠷᠡᠭᠵᠢᠭᠦᠯᠬᠦ ᠱᠠᠲᠤᠨ᠎ᠳᠤ ᠤᠷᠤᠬᠰᠠᠨᠢ ᠬᠠᠷᠠᠭᠤᠯᠵᠤ᠂ ᠲᠠᠷᠠᠭ᠋ᠠᠴᠢ ᠵᠢᠨ ᠡᠭᠦᠷᠭᠡ ᠵᠢ ᠥᠷᠨᠢᠭᠦᠯᠬᠦ᠎ᠳᠤ ᠪᠠᠲᠤ ᠪᠠᠬᠢ ᠰᠠᠭᠤᠷᠢ ᠲᠠᠯᠪᠢᠵᠦ ᠦᠭᠭᠦᠭᠰᠡᠨ ᠪᠠᠶ᠋ᠢᠨ᠎ᠠ᠃ ᠲᠠ ᠨᠠᠷ᠎ᠤᠨ 《ᠬᠤᠶᠠᠷ ᠪᠥᠮᠪᠦᠭᠡ ᠨᠢᠭᠡ ᠤᠳᠤᠨ》᠎ᠤ ᠵᠣᠷᠢᠭ ᠰᠠᠨᠠᠭ᠎ᠠ ᠪᠣᠯᠤᠨ ᠬᠥᠮᠦᠨ ᠰᠠᠭᠤᠯᠭ᠋ᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠵᠢ ᠶᠡᠭᠡ ᠪᠠᠷ ᠪᠠᠳᠠᠷᠠᠭᠤᠯᠤᠨ ᠂ ᠪᠡᠶ᠎ᠡ ᠪᠠᠨ ᠳᠠᠭ᠋ᠠᠭ᠋ᠠᠨ ᠬᠦᠴᠦᠷᠬᠡᠭᠵᠢᠵᠦ᠂ ᠰᠢᠨ᠎ᠡ ᠵᠢ ᠡᠭᠦᠳᠴᠤ ᠳᠠᠪᠠᠨ ᠲᠤᠭᠤᠯᠵᠤ᠂ ᠣᠭᠲᠠᠷᠭᠤᠢ ᠵᠢᠨ ᠦᠷᠲᠡᠭᠡ ᠪᠠᠶ᠋ᠢᠭᠤᠯᠬᠤ ᠡᠭᠦᠷᠭᠡ ᠵᠢᠨ ᠪᠦᠬᠦ ᠲᠠᠯ᠎ᠠ ᠵᠢᠨ ᠢᠯᠠᠯᠲᠠ ᠵᠢ ᠣᠯᠵᠤ᠂ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠡ ᠪᠠᠶ᠋ᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ!
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ᠂ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠠᠷᠪᠤᠯᠲᠠ ᠵᠢᠨ ᠪᠣᠳᠠᠲᠤ ᠪᠠᠶ᠋ᠢᠳᠠᠯ᠎ᠢ ᠦᠵᠡᠵᠠᠢ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠳ᠋ ᠲᠡᠷᠢᠭᠦᠯᠡᠭᠴᠢ ᠵᠠᠩ ᠶᠢᠦ ᠰᠢᠶᠠ ᠬᠠᠶ᠋ᠢᠨᠠᠨ᠎ᠤ ᠸᠧᠨᠴᠠᠩ ᠰᠠᠨᠰᠠᠷ᠎ᠤᠨ ᠠᠶᠠᠯᠠᠯ᠎ᠤᠨ ᠬᠠᠷᠪᠤᠯᠲᠠ ᠵᠢᠨ ᠲᠠᠯᠠᠪᠠᠢ᠎ᠳᠤ ᠰᠢ ᠵᠢᠨ ᠫᠢᠩ᠎ᠤᠨ ᠪᠠᠶᠠᠷ᠎ᠤᠨ ᠴᠠᠬᠢᠯᠭ᠋ᠠᠨ ᠴᠢᠮᠡᠭᠡ ᠵᠢ ᠤᠩᠰᠢᠨ ᠨᠡᠶ᠋ᠢᠲᠡᠯᠡᠪᠡ᠃
ᠯᠢᠦ ᠾᠧ᠂ ᠰᠢᠤᠢ ᠴᠢ ᠯᠢᠶᠠᠩ᠂ ᠰᠢᠶᠤᠤ ᠵᠢᠶᠧ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠠᠷᠪᠤᠯᠲᠠ ᠵᠢ ᠦᠵᠡᠵᠠᠢ᠃
ᠳᠤᠮᠳᠠᠳᠤ ᠤᠯᠤᠰ᠎ᠤᠨ ᠣᠭᠲᠠᠷᠭᠤᠢ ᠵᠢᠨ ᠦᠷᠲᠡᠭᠡ ᠪᠣᠯ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠪᠠᠶ᠋ᠢᠭᠤᠯᠵᠤ ᠡᠵᠡᠩᠨᠡᠬᠦ ᠬᠥᠮᠦᠨ ᠰᠠᠭᠤᠯᠭ᠋ᠠᠭᠰᠠᠨ ᠣᠭᠲᠠᠷᠭᠤᠢ ᠵᠢᠨ ᠦᠷᠲᠡᠭᠡ ᠪᠣᠯᠤᠨ᠎ᠠ᠂ ᠲᠢᠶᠠᠨ ᠾᠧ ᠭᠤᠣᠯ ᠦᠷᠦᠭᠡ᠂ ᠸᠧᠨ ᠲᠢᠶᠠᠨ ᠲᠤᠷᠰᠢᠯᠲᠠ ᠵᠢᠨ ᠦᠷᠦᠭᠡ᠂ ᠮᠧᠩ ᠲᠢᠶᠠᠨ ᠲᠤᠷᠰᠢᠯᠲᠠ ᠵᠢᠨ ᠦᠷᠦᠭᠡ ᠵᠡᠷᠭᠡ ᠭᠤᠷᠪᠠᠨ ᠦᠷᠦᠭᠡ᠎ᠪᠠᠷ ᠪᠦᠷᠢᠯᠳᠦᠵᠡᠢ᠃ ᠲᠢᠶᠠᠨ ᠾᠧ ᠭᠤᠤᠯ ᠥᠷᠥᠭᠡ ᠪᠣᠯ ᠣᠭᠲᠠᠷᠭᠤᠶ ᠵᠢᠨ ᠥᠷᠲᠡᠭᠡ ᠵᠢᠨ ᠬᠠᠮᠢᠶᠠᠷᠤᠯᠲᠠ ᠪᠠ ᠡᠵᠡᠮᠳᠡᠬᠦ ᠲᠥᠪ ᠪᠠᠶ᠋ᠢᠵᠤ᠂ ᠲᠣᠭᠤᠷᠢᠯᠲᠠ ᠵᠢᠨ ᠵᠠᠮ᠎ᠳᠤ ᠣᠷᠣᠭᠤᠯᠤᠭᠰᠠᠨ ᠣᠭᠲᠠᠷᠭᠤᠶ ᠵᠢᠨ ᠥᠷᠲᠡᠭᠡ ᠵᠢᠨ ᠠᠩᠬᠠᠨ᠎ᠤ ᠦᠷᠦᠭᠡ ᠪᠣᠯᠤᠨ᠎ᠠ᠃ ᠡᠭᠦᠷᠭᠡ ᠵᠢᠨ ᠲᠣᠬᠢᠷᠠᠭᠤᠯᠤᠯᠲᠠ ᠵᠢ ᠦᠨᠳᠦᠰᠦᠯᠡᠪᠡᠯ᠂ ᠤᠭᠲᠠᠷᠭᠤᠢ ᠵᠢᠨ ᠥᠷᠲᠡᠭᠡ ᠵᠢ 2022 ᠣᠨ᠎ᠳᠤ ᠲᠣᠭᠤᠷᠢᠯᠲᠠ ᠵᠢᠨ ᠵᠠᠮ ᠳᠡᠭᠡᠷ᠎ᠡ ᠪᠠᠶ᠋ᠢᠭᠤᠯᠵᠤ ᠳᠠᠭᠤᠰᠬᠠᠨ᠂ ᠭᠠᠵᠠᠷ᠎ᠤᠨ ᠪᠥᠮᠪᠥᠷᠴᠡᠭ᠎ᠠᠴᠠ ᠣᠶ᠋ᠢᠷ᠎ᠠ ᠣᠭᠲᠠᠷᠭᠤᠶ᠎ᠳᠤ ᠬᠦᠮᠦᠨ᠎ᠤ ᠤᠷᠤᠯᠴᠠᠯᠭ᠎ᠠ᠎ᠲᠠᠢ ᠰᠢᠨᠵᠢᠯᠡᠬᠦ ᠤᠬᠠᠭ᠋ᠠᠨ᠎ᠤ ᠲᠤᠷᠰᠢᠯᠲᠠ᠂ ᠮᠡᠷᠭᠡᠵᠢᠯ᠎ᠤᠨ ᠲᠤᠷᠰᠢᠯᠲᠠ ᠵᠢ ᠣᠷᠳᠣ ᠬᠤᠭᠤᠴᠠᠭ᠎ᠠ᠎ᠪᠠᠷ ᠥᠷᠨᠢᠭᠦᠯᠬᠦ ᠪᠠ ᠰᠠᠨᠰᠠᠷ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠠᠠᠯᠠᠬᠤ ᠴᠢᠳᠠᠪᠤᠷᠢ ᠵᠢ ᠪᠦᠷᠢᠳᠦᠭᠦᠯᠵᠤ᠂ ᠬᠡᠷᠡᠭᠯᠡᠭᠡ ᠪᠠ ᠬᠥᠭᠵᠢᠯᠲᠡ ᠵᠢᠨ ᠱᠠᠲᠤᠨ᠎ᠳᠤ ᠰᠢᠯᠵᠢᠬᠦ ᠪᠤᠯᠤᠨ᠎ᠠ᠃