ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠧᠷᠮᠠᠨ᠎ᠤ ᠶᠡᠷᠦᠩᠭᠡᠢ ᠰᠠᠶ᠋ᠢᠳ ᠮᠤᠺᠧᠷ᠎ᠲᠠᠢ ᠤᠳᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-04-08

    ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 7᠎ᠤ ᠴᠠᠬᠢᠯᠭ᠋ᠠᠨ ᠮᠡᠳᠡᠭᠡ ᠤᠯᠤᠰ᠎ᠤᠨ ᠲᠡᠷᠢᠬᠦᠯᠡᠭᠴᠢ ᠰᠢ ᠵᠢᠨ ᠫᠢᠩ 4   ᠰᠠᠷ᠎ᠠ ᠵᠢᠨ  7 ᠎ᠤ   ᠡᠳᠦᠷ   ᠪᠤᠯᠵᠤᠭ᠎ᠠ ᠎ᠪᠠᠷ   ᠭᠧᠷᠮᠠᠨ ᠎ᠤ   ᠶᠡᠷᠦᠩᠭᠡᠢ ᠰᠠᠶ᠋ᠢᠳ ᠮᠤᠺᠧᠷ᠎ᠲᠠᠢ ᠤᠳᠠᠰᠤ᠎ᠪᠠᠷ ᠶᠠᠷᠢᠯᠴᠠᠪᠠ᠃
    ᠰᠢ ᠵᠢᠨ ᠫᠢᠩ᠂ ᠨᠢᠳᠤᠨᠤᠨ ᠪᠢᠳᠠ ᠤᠯᠠᠨ ᠤᠳᠠᠭ᠎ᠠ ᠶᠠᠷᠢᠯᠴᠠᠨ ᠤᠯᠤᠯᠴᠠᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠠ ᠵᠢᠨ ᠬᠠᠷᠢᠯᠴᠠᠭ᠋ᠠᠨ᠎ᠤ ᠬᠦᠭᠵᠢᠯᠳᠠ᠎ᠳᠤ ᠴᠢᠬᠤᠯᠠ ᠬᠦᠳᠦᠯᠦᠨ ᠳᠠᠭ᠋ᠠᠭᠤᠯᠬᠤ ᠦᠢ᠍ᠯᠡᠳᠦᠯ ᠦᠵᠡᠬᠦᠯᠵᠡᠢ᠃ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠎ᠠ ᠵᠢ ᠴᠢᠩᠭ᠋ᠠᠳᠬᠠᠪᠠᠯ ᠤᠳᠬ᠎ᠠ ᠠᠭᠤᠯᠭ᠎ᠠ᠎ᠲᠠᠢ ᠲᠤᠮᠤ ᠶᠠᠪᠤᠳᠠᠯ᠎ᠢ ᠪᠦᠳᠦᠭᠡᠵᠦ ᠴᠢᠳᠠᠬᠤ ᠶᠤᠮ᠃ ᠭᠧᠷᠮᠠᠨ᠎ᠤ ᠲᠠᠯ᠎ᠠ᠂ ᠡᠸᠦ᠋ᠷᠦᠫᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠲᠠᠢ ᠬᠠᠮᠳᠤ᠎ᠪᠠᠷ ᠢᠳᠡᠪᠬᠢᠳᠠᠢ ᠴᠢᠷᠮᠠᠶ᠋ᠢᠯᠭ᠎ᠠ ᠭᠠᠷᠭ᠋ᠠᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠋ᠠᠨ᠎ᠤ ᠡᠷᠡᠬᠦᠯ ᠲᠤᠭᠳᠠᠭᠤᠨ ᠵᠶ᠋ᠠᠷ ᠬᠦᠭᠵᠢᠬᠦ ᠵᠢ ᠬᠠᠮᠠᠭ᠋ᠠᠯᠠᠨ ᠠᠬᠢᠭᠤᠯᠵᠦ᠂ ᠡᠨᠡ ᠬᠦ᠌ ᠬᠤᠪᠢᠷᠠᠯᠳᠠ ᠤᠯᠠᠨᠳᠠᠢ ᠳᠡᠯᠡᠭᠡᠢ ᠶᠢᠷᠳᠢᠨᠴᠦ᠎ᠳᠤ ᠨᠡᠩ ᠤᠯᠠᠨ ᠲᠤᠭᠳᠠᠭ᠋ᠠᠯᠳᠦ ᠴᠢᠨᠠᠷ ᠪᠠ ᠲᠤᠭᠳᠠᠪᠤᠷᠢᠳᠦ ᠴᠢᠨᠠᠷ ᠨᠡᠮᠡᠷᠢᠯᠡᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
    ᠰᠢ ᠵᠢᠨ ᠫᠢᠩ᠂ ᠳᠤᠮᠳᠠᠳᠤ ᠭᠧᠷᠮᠠᠨ ᠪᠤᠳᠠᠳᠠᠢ ᠵᠢ ᠡᠷᠬᠢᠮᠯᠡᠨ ᠬᠠᠮᠳᠤᠷᠠᠯᠴᠠᠵᠦ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠶ᠋ᠢᠳᠠᠯ᠎ᠤᠨ ᠨᠦᠯᠦᠭᠡ ᠪᠠ ᠪᠤᠰᠤᠳ ᠬᠠᠷᠰᠢᠯᠠᠯ ᠨᠦᠯᠦᠭᠡᠯᠡᠯ᠎ᠢ ᠢᠯᠠᠨ ᠲᠠᠪᠠᠵᠤ᠂ ᠲᠤᠭᠳᠠᠭᠤᠨ᠎ᠤ ᠳᠤᠮᠳᠠ ᠤᠷᠤᠬᠰᠢᠯᠠᠨ ᠲᠠᠪᠰᠢᠵᠦ᠂ ᠳᠤᠮᠳᠠᠳᠤ ᠤᠯᠤᠰ 5 ᠵᠢᠯ ᠳᠠᠷᠠᠭ᠋ᠠᠯᠠᠨ ᠭᠧᠷᠮᠠᠨ᠎ᠤ ᠪᠦᠬᠦ ᠪᠦᠮᠪᠦᠷᠴᠡᠭ᠎ᠤᠨ ᠬᠠᠮᠤᠭ᠎ᠤᠨ ᠲᠤᠮᠤ ᠠᠷᠠᠯᠵᠢᠶᠠᠨ᠎ᠤ ᠬᠠᠨᠢᠳᠠᠨ ᠪᠤᠯᠪᠠ᠂ ᠡᠨᠡ᠎ᠨᠢ ᠳᠤᠮᠳᠠᠳᠤ ᠭᠧᠷᠮᠠᠨ᠎ᠤ ᠬᠠᠮᠳᠤᠷᠠᠯᠴᠠᠭ᠎ᠠ ᠵᠢᠨ ᠤᠶᠠᠨ ᠬᠠᠳᠠᠨ ᠴᠢᠨᠠᠷ ᠪᠠ ᠲᠠᠯᠲᠠ ᠬᠦᠴᠦᠨ᠎ᠢ ᠬᠠᠷᠠᠭᠤᠯᠵᠤ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠭᠡᠬᠦ᠂ ᠬᠠᠷᠢᠯᠴᠠᠨ ᠠᠰᠢᠬᠳᠠᠢ ᠬᠠᠮᠳᠤ᠎ᠪᠠᠷ ᠠᠰᠢᠬ ᠬᠦᠷᠳᠡᠬᠦ ᠵᠤᠷᠢᠭ ᠰᠠᠨᠠᠭ᠎ᠠ᠎ᠪᠠᠷ ᠳᠤᠮᠳᠠᠳᠤ ᠭᠧᠷᠮᠠᠨ᠎ᠤ ᠡᠯ᠎ᠠ ᠬᠦᠷᠢᠶᠡᠨ᠎ᠳᠠᠬᠢ ᠬᠠᠮᠳᠤᠷᠠᠯᠴᠠᠭ᠎ᠠ ᠵᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠵᠢ ᠬᠦᠰᠡᠵᠦ ᠪᠠᠶ᠋ᠢᠨ᠎ᠠ᠂ ᠡᠨᠡ᠎ᠨᠢ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠎ᠠ ᠪᠤᠯᠤᠨ ᠳᠡᠯᠡᠭᠡᠢ ᠵᠢᠨ ᠠᠵᠤ ᠠᠬᠤᠢ ᠵᠢᠨ ᠰᠡᠷᠬᠦᠯᠳᠠ᠎ᠳᠤ ᠢᠳᠡᠭᠡᠯ ᠪᠠ ᠬᠦᠳᠡᠯᠭᠡᠬᠦ ᠬᠦᠴᠦᠨ ᠨᠡᠮᠡᠷᠢᠯᠡᠬᠦ ᠶᠤᠮ᠃ ᠳᠤᠮᠳᠠᠳᠤ ᠤᠯᠤᠰ ᠰᠢᠨ᠎ᠠ ᠬᠦᠭᠵᠢᠯᠳᠠ ᠵᠢᠨ ᠪᠠᠶ᠋ᠢᠷᠢᠰᠢᠯ᠎ᠢ ᠪᠠᠶ᠋ᠢᠭᠤᠯᠵᠦ ᠪᠤᠢ᠂ ᠦᠪᠡᠷ᠎ᠤᠨ ᠬᠦᠴᠦᠨ᠎ᠳᠡᠭᠡᠨ ᠲᠦᠰᠢᠭᠯᠡᠨ ᠬᠦᠭᠵᠢᠬᠦ ᠵᠢᠨ ᠵᠡᠷᠭᠡ᠎ᠪᠠᠷ ᠭᠠᠳᠠᠭ᠋ᠠᠳᠦ᠎ᠳᠤ ᠨᠡᠭᠡᠭᠡᠯᠳᠠ ᠬᠢᠬᠦ ᠵᠢ ᠪᠠᠷᠢᠮᠳᠠᠯᠠᠵᠦ᠂ ᠤᠯᠠᠨ ᠤᠯᠤᠰ᠎ᠤᠨ ᠠᠵᠢᠯ᠎ᠤᠨ ᠬᠤᠪᠢᠶᠠᠷᠢᠯᠠᠯᠲᠠ ᠪᠠ ᠬᠠᠮᠳᠤᠷᠠᠯᠴᠠᠭ᠎ᠠ᠎ᠳᠤ ᠢᠳᠡᠪᠬᠢᠳᠠᠢ ᠤᠷᠤᠯᠴᠠᠨ᠎ᠠ᠃ ᠳᠤᠮᠳᠠᠳᠤ ᠵᠢᠨ ᠲᠠᠯ᠎ᠠ ᠳᠤᠷᠠᠳᠠᠶ᠎ᠠ ᠭᠧᠷᠮᠠᠨ᠎ᠤ ᠠᠵᠤ ᠠᠬᠤᠢ᠍ᠢ᠍ᠯᠠᠯ᠎ᠢ ᠪᠠᠭᠳᠠᠭ᠋ᠠᠭᠰᠠᠨ ᠡᠯ᠎ᠠ ᠤᠯᠤᠰ᠎ᠤᠨ ᠠᠵᠤ ᠠᠬᠤᠢ᠍ᠢ᠍ᠯᠠᠯ᠎ᠯᠤᠭ᠎ᠠ ᠳᠤᠮᠳᠠᠳᠤ ᠤᠯᠤᠰ᠎ᠤᠨ ᠰᠢᠨ᠎ᠠ ᠨᠢᠭᠡ ᠡᠭᠡᠯᠵᠢ ᠵᠢᠨ ᠨᠡᠭᠡᠭᠡᠯᠳᠠᠳᠦ ᠬᠦᠭᠵᠢᠯᠳᠠ ᠵᠢᠨ ᠠᠪᠴᠢᠷᠠᠭᠰᠠᠨ ᠠᠵᠠ ᠲᠤᠬᠢᠶᠠᠯ᠎ᠢ ᠬᠠᠮᠳᠤ᠎ᠪᠠᠷ ᠡᠳ᠋ᠯᠡᠨ᠎ᠠ᠃ ᠭᠧᠷᠮᠠᠨ᠎ᠤ ᠲᠠᠯ᠎ᠠ ᠵᠢᠨ᠎ᠬᠢᠨ ᠨᠡᠭᠡᠭᠡᠯᠳᠡᠳᠦ ᠪᠠᠶ᠋ᠢᠳᠠᠯ ᠵᠶ᠋ᠠᠨ ᠪᠠᠳᠤᠯᠠᠵᠦ᠂ ᠬᠤᠶᠠᠷ ᠤᠯᠤᠰ᠎ᠤᠨ ᠠᠵᠤ ᠠᠬᠤᠢ᠍ᠢ᠍ᠯᠠᠯ᠎ᠤᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠵᠢ ᠦᠷᠭᠡᠳᠭᠡᠬᠦ᠎ᠳᠤ ᠨᠡᠩ ᠤᠯᠠᠨ ᠠᠰᠢᠬᠳᠠᠢ ᠨᠦᠬᠦᠴᠡᠯ ᠬᠠᠩᠭ᠋ᠠᠬᠤ ᠵᠢ ᠬᠦᠰᠡᠵᠦ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠳᠠᠷᠠᠭ᠎ᠠ ᠵᠢᠯ᠎ᠤᠨ ᠳᠤᠮᠳᠠᠳᠤ ᠭᠧᠷᠮᠨᠨ᠎ᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠪᠤᠯᠤᠨ ᠪᠡᠭᠡᠵᠢᠩ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭ᠋ᠠᠨ ᠵᠶ᠋ᠠᠷ   ᠠᠵᠠ ᠲᠤᠬᠢᠶᠠᠯ   ᠪᠤᠯᠭ᠋ᠠᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂   ᠰᠤᠷᠭ᠋ᠠᠨ   ᠬᠦᠮᠦᠵᠢᠯ᠂ ᠪᠡᠶ᠎ᠠ ᠵᠢᠨ ᠲᠠᠮᠢᠷ ᠵᠡᠷᠭᠡ ᠬᠦᠷᠢᠶᠡᠨ᠎ᠳᠠᠬᠢ ᠰᠤᠯᠢᠯᠴᠠᠭ᠎ᠠ ᠵᠢ ᠠᠬᠢᠭᠤᠯᠤᠶ᠎ᠠ ᠭᠡᠵᠦ ᠵᠢᠭ᠋ᠠᠵᠦ ᠭᠠᠷᠭ᠋ᠠᠵᠠᠢ᠃
    ᠰᠢ ᠵᠢᠨ ᠫᠢᠩ᠂ ᠤᠳᠤᠬᠠᠨ᠎ᠳᠤ ᠳᠤᠮᠳᠠᠳᠤ ᠡᠸᠦ᠋ᠷᠦᠫᠠ ᠵᠢᠨ ᠬᠠᠷᠢᠯᠴᠠᠭ᠎ᠠ ᠰᠢᠨ᠎ᠠ ᠬᠦᠭᠵᠢᠯᠳᠠ ᠵᠢᠨ ᠠᠵᠠ ᠲᠤᠬᠢᠶᠠᠯ᠎ᠳᠤ ᠤᠴᠠᠷᠠᠵᠦ ᠪᠤᠢ᠂ ᠪᠠᠰᠠ ᠡᠯ᠎ᠠ ᠵᠦᠢ᠍ᠯ᠎ᠤᠨ ᠦᠷᠢᠰᠦᠯᠳᠦᠭᠡᠨ᠎ᠳᠤ ᠤᠴᠠᠷᠠᠵᠦ ᠪᠠᠶ᠋ᠢᠨ᠎ᠠ᠃ ᠵᠠᠩᠬᠢᠯᠠᠭ᠎ᠠ᠎ᠨᠢ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠳᠤᠮᠳᠠᠳᠤ ᠡᠸᠦ᠋ᠷᠦᠫᠠ ᠵᠢᠨ ᠬᠠᠷᠢᠯᠴᠠᠭ᠋ᠠᠨ᠎ᠤ ᠬᠦᠭᠵᠢᠯᠳᠠ ᠵᠢᠨ ᠶᠡᠭᠡ ᠴᠢᠭᠯᠡᠯ ᠪᠠ ᠭᠤᠤᠯ ᠬᠦᠭ ᠠᠶᠠᠰ᠎ᠢ ᠪᠠᠳᠤ ᠡᠵᠡᠮᠳᠡᠵᠦ᠂ ᠬᠠᠷᠢᠯᠴᠠᠨ ᠬᠦᠨᠳᠦᠳᠭᠡᠨ ᠬᠠᠷᠰᠢᠯᠠᠯ᠎ᠢ ᠠᠷᠢᠯᠭ᠋ᠠᠬᠤ᠎ᠳᠤ ᠪᠠᠶ᠋ᠢᠨ᠎ᠠ᠃ ᠲᠤᠮᠳᠠᠳᠤ ᠤᠯᠤᠰ᠎ᠤᠨ ᠬᠦᠭᠵᠢᠯᠳᠠ᠎ᠨᠢ ᠡᠸᠦ᠋ᠷᠤᠫᠠ ᠲᠢᠪ᠎ᠤᠨ ᠤᠯᠤᠰ᠎ᠤᠳ᠎ᠤᠨ ᠬᠤᠯᠪᠤᠭ᠎ᠠ᠎ᠳᠤ ᠠᠪᠴᠤ ᠬᠡᠯᠡᠪᠡᠯ ᠠᠵᠠ ᠲᠤᠬᠢᠶᠠᠯ ᠪᠤᠯᠬᠤ ᠶᠤᠮ᠂ ᠡᠸᠦ᠋ᠷᠤᠫᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ᠎ᠬᠢᠨ ᠪᠠᠶ᠎ᠡ᠎ᠪᠠᠨ ᠲᠠᠭ᠋ᠠᠭ᠋ᠠᠨ ᠵᠦᠪ ᠮᠠᠭ᠋ᠠᠳᠯᠠᠯᠳᠠ ᠬᠢᠵᠤ᠂ ᠪᠠᠶ᠋ᠢᠯᠳᠤᠬᠤ ᠪᠤᠳᠤᠯᠭ᠎ᠠ ᠵᠢᠨ ᠲᠠᠯ᠎ᠠ᠎ᠪᠠᠷ ᠪᠠᠶ᠎ᠡ᠎ᠪᠠᠨ ᠲᠠᠭ᠋ᠠᠭ᠋ᠠᠬᠤ ᠵᠢ ᠦᠨᠡᠨ ᠬᠦ᠌ ᠪᠠᠶᠠᠯᠡᠬᠦᠯᠬᠦ ᠵᠢ ᠬᠦᠰᠡᠵᠤ ᠪᠠᠶ᠋ᠢᠨ᠎ᠡ᠃ ᠲᠤᠮᠳᠠᠳᠤ ᠤᠯᠤᠰ ᠲᠤᠷᠠᠳᠠᠶ᠎ᠡ ᠡᠸᠦ᠋ᠷᠤᠫᠠ ᠵᠢᠨ ᠲᠠᠯ᠎ᠠ᠎ᠲᠠᠢ ᠬᠠᠮᠳᠤ᠎ᠪᠠᠷ ᠴᠢᠷᠮᠠᠶ᠋ᠢᠵᠤ᠂ ᠲᠠᠷᠠᠭ᠋ᠠᠴᠢ ᠵᠢᠨ ᠱᠠᠳᠤᠨ᠎ᠤ ᠠᠯᠢ ᠤᠯᠠᠨ ᠴᠢᠬᠤᠯᠠ ᠤᠯᠤᠰ ᠲᠦᠷᠦ ᠵᠢᠨ ᠵᠦᠪᠯᠡᠬᠦ ᠵᠦᠢ᠍ᠯ᠎ᠢ ᠵᠦᠪᠳᠡᠯᠴᠡᠨ ᠰᠠᠶ᠋ᠢᠳᠤᠷ ᠰᠢᠢ᠍ᠳᠪᠤᠷᠢᠯᠡᠵᠤ᠂ ᠡᠯ᠎ᠡ ᠬᠦᠷᠢᠶᠠᠨ᠎ᠤ ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠎ᠠ ᠵᠢ ᠬᠦᠨᠵᠡᠭᠡᠶ᠋ᠢᠷᠠᠬᠦᠯᠤᠨ ᠦᠷᠭᠡᠳᠭᠡᠵᠤ᠂ ᠠᠭᠤᠷ ᠠᠮᠢᠰᠬᠤᠯ᠎ᠤᠨ ᠬᠤᠪᠢᠷᠠᠯᠳᠠ ᠵᠡᠷᠭᠡ ᠪᠦᠬᠦ ᠪᠦᠮᠪᠦᠷᠴᠡᠭ᠎ᠤᠨ ᠵᠠᠰᠠᠯᠳᠠ ᠵᠢᠨ ᠠᠰᠠᠭᠤᠳᠠᠯ᠎ᠤᠨ ᠲᠠᠯ᠎ᠠ᠎ᠪᠠᠷ᠎ᠬᠢ ᠤᠯᠤᠯᠴᠠᠭ᠎ᠠ ᠎ᠪᠠᠨ   ᠴᠢᠩᠭ᠋ᠠᠳᠬᠠᠵᠤ  ᠂   ᠤᠯᠠᠨ   ᠲᠠᠯᠠᠳᠤ   ᠦᠵᠡᠯ ᠎ᠢ   ᠬᠠᠮᠳᠤ ᠎ᠪᠠᠷ   ᠦᠢ᠍ᠯᠡᠳᠤᠯᠭᠡᠵᠢᠬᠦᠯᠤᠨ᠎ᠡ   ᠭᠡᠵᠤ ᠴᠢᠬᠤᠯᠠᠴᠢᠯᠠᠪᠠ᠃
    ᠰᠢ ᠵᠢᠨ ᠫᠢᠩ᠂ ᠸᠠᠺᠼᠢᠨ᠎ᠢ ᠪᠤᠯ ᠡᠪᠡᠳᠴᠢᠨ ᠬᠢᠵᠢᠭ᠎ᠢ ᠰᠡᠷᠭᠡᠶ᠋ᠢᠯᠡᠵᠤ ᠬᠦᠮᠤᠨ᠎ᠤ ᠠᠮᠢ ᠨᠠᠰᠤ ᠵᠢ ᠠᠪᠤᠷᠠᠬᠤ᠎ᠳᠤ ᠭᠡᠷᠡᠭᠯᠡᠳᠡᠭ ᠶᠤᠮ᠂ ᠲᠤᠮᠳᠠᠳᠤ ᠤᠯᠤᠰ ᠸᠠᠺᠼᠢᠨ᠎ᠢ ᠤᠯᠤᠰ ᠲᠦᠷᠦᠴᠢᠯᠡᠬᠦ ᠪᠤᠶᠤ  《ᠸᠠᠺᠼᠢᠨ ᠎ᠤ ᠦᠨᠳᠤᠰᠤᠳᠡᠨ ᠎ᠤ ᠦᠵᠡᠯ》 ᠭᠠᠷᠭ᠋ᠠᠬᠤ ᠵᠢ ᠡᠰᠡᠷᠬᠦᠴᠡᠨ᠎ᠡ᠂ ᠲᠤᠷᠠᠳᠠᠶ᠎ᠡ ᠭᠧᠷᠮᠠᠨ᠎ᠢ ᠪᠠᠭᠳᠠᠭ᠋ᠠᠬᠰᠡᠨ ᠲᠡᠯᠡᠭᠡᠢ ᠨᠡᠶ᠋ᠢᠭᠡᠮ᠎ᠤᠨ᠎ᠬᠢᠨ᠎ᠲᠠᠢ ᠬᠠᠮᠳᠤ᠎ᠪᠠᠷ ᠸᠠᠺᠼᠢᠨ᠎ᠢ ᠲᠦᠪ ᠭᠤᠤᠯᠴᠢ ᠵᠦᠢ ᠵᠤᠬᠢᠰᠳᠠᠢ ᠬᠤᠪᠢᠶᠠᠷᠢᠯᠠᠬᠤ ᠵᠢ ᠠᠬᠢᠭᠤᠯᠵᠤ᠂ ᠦᠷᠭᠡᠨ ᠤᠯᠠᠨ ᠬᠦᠭᠵᠢᠵᠤ ᠪᠠᠶ᠋ᠢᠭ᠎ᠠ ᠤᠯᠤᠰ᠎ᠲᠤ ᠸᠠᠺᠼᠢᠨ ᠤᠯᠭᠤᠬᠤ ᠵᠢ ᠬᠠᠪᠰᠤᠷᠤᠨ ᠲᠠᠮᠵᠢᠵᠤ᠂ ᠬᠦᠮᠦᠨ ᠲᠦᠷᠦᠯᠬᠢᠳᠠᠨ ᠬᠠᠮᠳᠤ᠎ᠪᠠᠷ ᠡᠷᠳᠡ ᠨᠢᠬᠡᠨ ᠡᠳᠤᠷ ᠬᠢᠵᠢᠭ᠎ᠢ ᠢᠯᠠᠬᠤ᠎ᠳᠤ ᠬᠤᠪᠢ ᠨᠠᠮᠠᠷᠢ᠎ᠪᠠᠨ ᠦᠵᠡᠬᠦᠯᠤᠨ᠎ᠡ ᠭᠡᠵᠤ ᠵᠢᠭ᠋ᠠᠵᠤ ᠭᠠᠷᠭ᠋ᠠᠪᠠ᠃
    ᠮᠤᠺᠧᠷ᠂ ᠡᠸᠦ᠋ᠷᠤᠫᠠ ᠵᠢᠨ᠎ᠬᠢᠨ ᠭᠠᠳᠠᠭ᠋ᠠᠳᠤ ᠬᠠᠷᠢᠯᠴᠠᠭ᠎ᠠ ᠵᠢᠨ ᠲᠠᠯ᠎ᠡ᠎ᠪᠠᠷ ᠡᠵᠡᠨ ᠮᠡᠳᠡᠬᠦ ᠵᠢ ᠪᠠᠷᠢᠮᠳᠠᠯᠠᠵᠤ ᠪᠠᠶ᠋ᠢᠨ᠎ᠡ᠃ ᠤᠳᠤᠬᠠᠨ᠎ᠤ ᠲᠠᠯᠠᠭᠡᠢ ᠶᠢᠷᠳᠢᠨᠴᠤ ᠮᠠᠰᠢ ᠤᠯᠠᠨ ᠠᠰᠠᠭᠤᠳᠠᠯ ᠪᠠ ᠦᠷᠢᠰᠦᠯᠳᠤᠭᠡᠨ᠎ᠳᠤ ᠲᠤᠯᠭ᠋ᠠᠷᠠᠵᠤ᠂ ᠭᠧᠷᠮᠠᠨ ᠲᠤᠮᠳᠠᠳᠤ᠂ ᠡᠸᠦ᠋ᠷᠤᠫᠠ ᠲᠤᠮᠳᠠᠳᠤ ᠵᠢᠨ ᠬᠠᠮᠳᠤᠷᠠᠯᠴᠠᠨ ᠠᠷᠭ᠋ᠠᠴᠠᠭ᠋ᠠᠬᠤ ᠵᠢ ᠨᠡᠩ ᠢᠯᠡᠬᠦᠤ ᠱᠠᠭ᠋ᠠᠷᠳᠠᠵᠤ ᠪᠠᠶ᠋ᠢᠨ᠎ᠡ᠃ ᠡᠸᠦ᠋ᠷᠤᠫᠠ ᠲᠤᠮᠳᠠᠳᠤ ᠶᠠᠷᠢᠯᠴᠠᠭ᠎ᠠ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠨᠢ ᠬᠤᠶᠠᠷ ᠲᠠᠯ᠎ᠡ ᠵᠢᠨ ᠠᠰᠢᠭ ᠲᠤᠰᠠ᠎ᠲᠠᠢ ᠨᠠᠶ᠋ᠢᠴᠡᠬᠦ ᠪᠦᠭᠡᠳ ᠪᠠᠰᠠ ᠲᠠᠯᠠᠭᠡᠢ ᠶᠢᠷᠳᠢᠨᠴᠦ᠎ᠳᠤ ᠠᠰᠢᠬ᠎ᠲᠠᠢ ᠶᠤᠮ᠂ ᠭᠧᠷᠮᠠᠨ᠎ᠤ ᠲᠠᠯ᠎ᠠ ᠵᠢᠨ᠎ᠬᠢᠨ ᠲᠤᠷᠠᠳᠠᠶ᠎ᠡ ᠡᠬᠦᠨ᠎ᠳᠤ ᠢᠳᠡᠪᠬᠢᠳᠠᠢ ᠦᠢ᠍ᠯᠡᠳᠤᠯ ᠥᠵᠡᠬᠦᠯᠤᠨ᠎ᠠ᠃ ᠭᠧᠷᠮᠠᠨ᠎ᠤ ᠲᠠᠯ᠎ᠠ ᠵᠢᠨ᠎ᠬᠢᠨ ᠲᠤᠮᠳᠠᠳᠤ ᠤᠯᠤᠰ᠎ᠤᠨ 《ᠠᠷᠪᠡᠨ ᠲᠦᠷᠪᠠᠳᠤᠭᠡᠷ ᠲᠠᠪᠤᠨ ᠵᠢᠯ》᠎ᠤᠨ ᠲᠦᠯᠦᠪᠵᠢᠬᠦᠯᠭᠡ ᠵᠢ ᠴᠢᠬᠤᠯᠠᠴᠢᠯᠠᠨ ᠦᠵᠡᠵᠤ ᠪᠠᠶ᠋ᠢᠨ᠎ᠡ᠂ ᠡᠨᠡ ᠬᠦ᠌ ᠲᠦᠯᠦᠪᠵᠢᠬᠦᠯᠭᠡ᠎ᠨᠢ ᠭᠧᠷᠮᠠᠨ ᠲᠤᠮᠳᠠᠳᠤ᠂ ᠡᠸᠦ᠋ᠷᠤᠫᠠ ᠲᠤᠮᠳᠠᠳᠤ ᠵᠢᠨ ᠬᠠᠮᠳᠤᠷᠠᠯᠴᠠᠭ᠎ᠠ᠎ᠳᠤ ᠴᠢᠬᠤᠯᠠ ᠰᠢᠨ᠎ᠡ ᠲᠤᠬᠢᠶᠠᠯ ᠠᠪᠴᠢᠷᠠᠬᠤ ᠵᠢ ᠬᠦᠰᠡᠵᠤ ᠪᠠᠶ᠋ᠢᠨ᠎ᠡ᠃ ᠭᠧᠷᠮᠨᠨ᠎ᠤ ᠲᠠᠯ᠎ᠠ ᠵᠢᠨ᠎ᠬᠢᠨ ᠲᠤᠷᠠᠳᠠᠶ᠎ᠡ ᠲᠤᠮᠳᠠᠳᠤ ᠵᠢᠨ ᠲᠠᠯ᠎ᠠ᠎ᠲᠠᠢ ᠬᠠᠮᠳᠤ᠎ᠪᠠᠷ ᠰᠢᠨ᠎ᠡ ᠨᠢᠭᠡ ᠡᠭᠡᠯᠵᠢ ᠵᠢᠨ ᠭᠧᠷᠮᠠᠨ ᠲᠤᠮᠳᠠᠳᠤ ᠵᠢᠨ ᠵᠠᠰᠠᠭ᠎ᠤᠨ ᠤᠷᠳᠤᠨ᠎ᠤ ᠵᠦᠪᠳᠡᠯᠴᠡᠭᠡ ᠵᠢ ᠰᠠᠶ᠋ᠢᠳᠤᠷ ᠪᠡᠯᠡᠳᠭᠡᠵᠤ᠂ ᠬᠦᠮᠦᠨ ᠬᠠᠷ᠎ᠡ ᠵᠢᠨ ᠶᠠᠪᠤᠯᠴᠠᠭ᠎ᠠ ᠵᠢ ᠲᠦᠷᠭᠡᠬᠡᠨ ᠰᠡᠷᠬᠦᠭᠡᠵᠤ᠂ ᠬᠢᠵᠢᠭ᠎ᠲᠠᠢ ᠲᠡᠮᠡᠴᠡᠬᠦ᠂ ᠠᠭᠤᠷ ᠠᠮᠢᠰᠬᠤᠯ᠎ᠤᠨ ᠬᠤᠪᠢᠷᠠᠯᠳᠠ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠵᠡᠷᠭᠡ ᠬᠦᠷᠢᠶᠠᠨ᠎ᠤ ᠰᠤᠯᠢᠯᠴᠠᠭ᠎ᠠ ᠬᠠᠮᠳᠤᠷᠠᠯᠴᠠᠭ᠎ᠠ ᠵᠢ ᠴᠢᠩᠭ᠋ᠠᠳᠬᠠᠨ᠎ᠡ᠂ ᠸᠠᠺᠼᠢᠨ᠎ᠢ ᠲᠦᠪ ᠭᠤᠤᠯᠴᠢ᠎ᠪᠠᠷ ᠬᠤᠪᠢᠶᠠᠷᠢᠯᠠᠬᠤ᠂ ᠬᠠᠷᠢᠯᠴᠠᠨ ᠨᠤᠳᠠᠯᠠᠨ ᠭᠡᠷᠡᠴᠢᠯᠡᠭᠦ ᠵᠡᠷᠭᠡ ᠠᠰᠠᠭᠤᠳᠠᠯ᠎ᠤᠨ ᠲᠤᠬᠠᠢ ᠲᠤᠮᠳᠠᠳᠤ ᠤᠯᠤᠰ᠎ᠯᠤᠭ᠎ᠠ ᠤᠯᠤᠯᠴᠠᠭ᠎ᠠ᠎ᠪᠠᠨ ᠪᠠᠳᠤᠯᠠᠬᠤ ᠵᠢ ᠬᠦᠰᠡᠵᠤ ᠪᠠᠶ᠋ᠢᠨ᠎ᠡ᠃ ᠭᠧᠷᠮᠠᠨ᠎ᠤ ᠲᠠᠯ᠎ᠠ ᠵᠢᠨ᠎ᠬᠢᠨ ᠲᠤᠷᠠᠳᠠᠶ᠎ᠡ ᠺᠦᠨᠮᠢᠩ᠎ᠤᠨ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠤᠨ ᠶᠡᠭᠡ ᠬᠤᠷᠠᠯ᠎ᠤᠨ ᠠᠮᠵᠢᠯᠳᠠ ᠤᠯᠬᠤ᠎ᠳᠤ ᠬᠤᠪᠢ ᠨᠠᠮᠠᠷᠢ᠎ᠪᠠᠨ ᠦᠵᠡᠬᠦᠯᠤᠨ᠎ᠡ ᠭᠡᠵᠤ ᠢᠯᠡᠳᠭᠡᠪᠡ᠃

ᠢᠷᠡᠯᠲᠡ᠄ ᠦᠪᠦᠷ ᠮᠤᠩᠭᠤᠯ᠎ᠤᠨ ᠡᠳᠦᠷ ᠦ᠋᠊ᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠶ᠋ᠢᠷᠢᠯᠠᠭᠤᠯᠪᠠ
ᠰᠢ ᠵᠢᠨ ᠫᠢᠩ ᠲᠠᠯᠠᠢ ᠵᠢᠨ ᠴᠡᠷᠢᠭ᠎ᠤᠨ ᠭᠤᠷᠪᠠᠨ ᠬᠡᠯᠪᠡᠷᠢ ᠵᠢᠨ ᠭᠣᠣᠯ ᠪᠠᠶ᠋ᠢᠯᠳᠤᠭ᠋ᠠᠨ᠎ᠤ ᠬᠦᠯᠭᠡ ᠣᠩᠭᠣᠴᠠ ᠵᠢ ᠲᠥᠪᠯᠡᠷᠡᠭᠦᠯᠦᠨ ᠲᠤᠰᠢᠶᠠᠬᠤ ᠪᠠ ᠬᠦᠯᠢᠶᠡᠨ ᠠᠪᠴᠤ ᠡᠩᠨᠡᠭᠡᠨ᠎ᠳᠤ ᠣᠷᠣᠭᠤᠯᠬᠤ ᠠᠵᠢᠯᠯᠠᠭ᠎ᠠ᠎ᠳᠤ ᠣᠷᠣᠯᠴᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠶ᠋ᠢᠷᠢᠯᠠᠭᠤᠯᠪᠠ
 
            