ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠵᠤ᠂ ᠨᠡᠩ ᠣᠯᠠᠨ ᠠᠵᠤ ᠠᠬᠤᠶ᠋ᠢᠯᠠᠯ ᠪᠠ ᠠᠷᠠᠳ ᠲᠦᠮᠡᠨ᠎ᠳᠤ ᠠᠰᠢᠭ ᠬᠦᠷᠲᠡᠭᠡᠬᠦ ᠵᠡᠷᠭᠡ ᠵᠢ ᠪᠠᠶ᠋ᠢᠷᠢᠯᠠᠭᠤᠯᠪᠠ
ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠦ᠎ᠪᠠᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ ᠣᠯᠠᠨ ᠲᠦᠮᠡᠨ᠎ᠤ ᠡᠮᠴᠢᠯᠡᠭᠡ ᠵᠢᠨ ᠳᠠᠷᠤᠭ᠋ᠠᠰᠤ ᠵᠢ ᠬᠥᠩᠭᠡᠯᠡᠨ᠎ᠡ
ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 4 ᠳ᠋ᠦ᠍ᠭᠡᠷ ᠰᠠᠷ᠎ᠠ ᠵᠢᠨ 7᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠵᠤ᠂ ᠨᠡᠩ ᠣᠯᠠᠨ ᠠᠵᠤ ᠠᠬᠤᠶ᠋ᠢᠯᠠᠯ ᠪᠠ ᠠᠷᠠᠳ ᠲᠦᠮᠡᠨ᠎ᠳᠤ ᠠᠰᠢᠭ ᠬᠦᠷᠲᠡᠭᠡᠬᠦ ᠵᠦᠢ᠍ᠯ᠎ᠢ ᠪᠠᠶ᠋ᠢᠷᠢᠯᠠᠭᠤᠯᠪᠠ; ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠦ᠎ᠪᠠᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠣᠯᠠᠨ ᠲᠦᠮᠡᠨ᠎ᠤ ᠡᠮᠴᠢᠯᠡᠭᠡ ᠵᠢᠨ ᠳᠠᠷᠤᠭ᠋ᠠᠰᠤ ᠵᠢ ᠬᠥᠩᠭᠡᠯᠡᠨ᠎ᠡ᠃
ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ᠎ᠪᠠᠷ᠂ ᠤᠢ᠍ᠢ᠍ᠷ᠎ᠠ ᠵᠢᠨ ᠵᠢᠯ᠎ᠠᠴᠠ ᠨᠠᠭ᠋ᠠᠰᠢ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠮᠠᠯ ᠥᠷᠭᠡᠨ ᠪᠦᠰᠡ ᠪᠠ ᠰᠢᠯᠵᠢᠮᠡᠯ ᠰᠦᠯᠵᠢᠶᠡᠨ᠎ᠤ ᠬᠤᠷᠳᠤᠯᠠᠮᠵᠢ ᠶᠡᠭᠡ ᠬᠡᠮᠵᠢᠶ᠎ᠡ᠎ᠪᠠᠷ ᠳᠡᠭᠡᠭᠰᠢᠯᠡᠨ᠂ ᠬᠤᠷᠢᠶᠠᠬᠤ ᠰᠦᠢ᠍ᠳᠬᠡᠯ ᠶᠡᠭᠡ ᠬᠡᠮᠵᠢᠶ᠎ᠡ᠎ᠪᠠᠷ ᠪᠠᠭᠤᠷᠠᠵᠤ᠂ ᠤᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠠᠵᠤ ᠠᠬᠤᠶ᠋ᠢᠯᠠᠯ᠎ᠤᠨ ᠥᠪᠡᠷ᠎ᠤᠨ ᠦᠷᠳᠡᠭ᠎ᠢ ᠪᠠᠭᠤᠷᠠᠭᠤᠯᠬᠤ᠎ᠳᠤ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠵᠦ᠂ ᠠᠵᠢᠯ ᠣᠯᠭᠤᠵᠤ ᠠᠳᠠᠯ ᠦᠢ᠍ᠯᠡᠰ ᠪᠤᠰᠬᠠᠬᠤ᠂ ᠲᠣᠭ᠋ᠠᠵᠢᠭᠤᠯᠤᠭᠰᠠᠨ ᠠᠵᠤ ᠠᠬᠤᠢ ᠵᠢᠨ ᠬᠥᠭᠵᠢᠯᠲᠡ ᠪᠠ ᠰᠢᠨ᠎ᠡ ᠬᠥᠳᠡᠯᠭᠡᠬᠦ ᠴᠢᠳᠠᠪᠤᠷᠢ ᠵᠢᠨ ᠪᠤᠶ᠋ᠢᠵᠢᠯᠲᠠ ᠵᠢ ᠠᠬᠢᠭᠤᠯᠵᠠᠢ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠨᠢᠭᠡ᠎ᠳᠤ᠂ 5G ᠪᠠ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢᠨ ᠪᠥᠲᠥᠭᠡᠨ ᠪᠠᠶ᠋ᠢᠭᠤᠯᠤᠯᠲᠠ ᠪᠠ ᠬᠡᠷᠡᠭᠯᠡᠯᠲᠡ ᠵᠢ ᠶᠡᠭᠡ᠎ᠪᠠᠷ ᠠᠬᠢᠭᠤᠯᠬᠤ ᠬᠡᠷᠡᠭᠲᠡᠢ᠃ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢ ᠲᠠᠰ ᠳᠡᠪᠰᠢᠭᠦᠯᠬᠦ ᠪᠠ ᠡᠷᠦᠬᠡ᠎ᠳᠤ ᠣᠷᠣᠭᠤᠯᠬᠤ ᠥᠭᠡᠷᠡᠴᠢᠯᠡᠯᠲᠡ ᠵᠢ ᠥᠷᠨᠢᠭᠦᠯᠵᠦ᠂ ᠬᠤᠲᠠ ᠵᠢᠨ ᠲᠣᠭᠲᠠᠮᠠᠯ ᠪᠠ ᠰᠢᠯᠵᠢᠮᠡᠯ 《ᠮᠢᠩᠭ᠋ᠠᠨ ᠰᠠᠶ᠎ᠠ ᠡᠷᠦᠬᠡ᠎ᠳᠤ ᠬᠦᠷᠬᠦ》 ᠴᠢᠳᠠᠪᠤᠷᠢ ᠦᠨᠳᠦᠰᠦᠨ᠎ᠳᠤ᠎ᠪᠠᠨ ᠪᠦᠷᠢᠯᠳᠦᠭᠦᠯᠬᠦ ᠵᠢ ᠠᠬᠢᠭᠤᠯᠤᠨ᠂ ᠡᠨᠡ ᠵᠢᠯ ᠮᠢᠩᠭ᠋ᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ᠎ᠤᠨ ᠰᠦᠯᠵᠢᠶ᠎ᠡ ᠵᠢ 2 ᠳ᠋ᠦᠩᠰᠢᠭᠤᠷ ᠭᠠᠷᠤᠶ ᠡᠷᠦᠬᠡ᠎ᠳᠤ ᠪᠦᠷᠬᠦᠭᠦᠯᠬᠦ ᠵᠢ ᠪᠡᠶᠡᠯᠡᠭᠦᠯᠦᠨ᠎ᠡ᠃ ᠥᠷᠭᠡᠨ ᠪᠦᠰᠡᠲᠦ ᠰᠦᠯᠵᠢᠶ᠎ᠡ ᠵᠢ ᠵᠠᠰᠠᠭ ᠵᠠᠬᠢᠷᠭ᠋ᠠᠨ᠎ᠤ ᠲᠣᠰᠬᠤᠨ᠎ᠳᠤ ᠨᠡᠶ᠋ᠢᠳᠡᠮ ᠪᠦᠷᠬᠦᠭᠦᠯᠬᠦ ᠵᠢ ᠠᠬᠢᠭᠤᠯᠬᠤ ᠵᠢᠨ ᠬᠠᠮᠲᠤ ᠦᠢ᠍ᠯᠡᠳᠪᠦᠷᠢᠯᠡᠯ ᠠᠵᠢᠯᠯᠠᠭ᠋ᠠᠨ᠎ᠤ ᠲᠣᠭᠤᠷᠢᠭ᠂ ᠵᠠᠮ ᠬᠠᠷᠢᠯᠴᠠᠭ᠋ᠠᠨ᠎ᠤ ᠴᠢᠬᠤᠯᠠ ᠵᠠᠮ ᠳᠠᠭ᠋ᠠᠤ ᠣᠷᠣᠨ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠲᠡᠶ᠋ᠢᠰᠢ ᠥᠷᠭᠡᠳᠬᠡᠨ᠎ᠡ᠃ ᠬᠤᠶᠠᠷ᠎ᠲᠤ᠂ ᠰᠠᠭᠤᠷᠢ ᠴᠠᠬᠢᠯᠭ᠋ᠠᠨ ᠬᠤᠯᠪᠣᠭ᠋ᠠᠨ᠎ᠤ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠳᠤᠮᠳᠠ ᠵᠢᠵᠢᠭ ᠠᠵᠤ ᠠᠬᠤᠶ᠋ᠢᠯᠠᠯ᠎ᠤᠨ ᠥᠷᠭᠡᠨ ᠪᠦᠰᠡ ᠪᠠ ᠲᠤᠰᠬᠠᠶ ᠱᠤᠭᠤᠮ᠎ᠤᠨ ᠳᠤᠮᠳᠠᠴᠢ ᠰᠦᠢ᠍ᠳᠬᠡᠯ᠎ᠢ ᠲᠠᠬᠢᠨ 10%᠎ᠪᠠᠷ ᠪᠠᠭᠤᠷᠠᠭᠤᠯᠵᠤ᠂ ᠨᠠᠰᠤᠲᠠᠶ᠋ᠢᠴᠤᠳ᠂ ᠵᠡᠮᠳᠡᠭᠴᠦᠳ ᠵᠡᠷᠭᠡ ᠣᠨᠴᠠᠭ᠋ᠠᠶ ᠬᠦᠮᠦᠰ᠎ᠲᠤ ᠵᠠᠷᠤᠳᠠᠯ᠎ᠤᠨ ᠬᠠᠷᠠᠭ᠋ᠠᠯᠵᠠᠯ ᠦᠵᠡᠭᠦᠯᠬᠦ ᠬᠡᠷᠡᠭᠲᠡᠢ᠃ ᠭᠤᠷᠪᠠ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠲᠠᠭᠲᠤ ᠵᠢᠨ ᠥᠷᠭᠡᠨ ᠪᠦᠰᠡᠲᠦ ᠰᠦᠯᠵᠢᠶ᠎ᠡ ᠵᠢ ᠭᠠᠭᠴᠠᠭ᠋ᠠᠷ ᠡᠵᠡᠮᠰᠢᠨ ᠵᠠᠯᠭ᠋ᠠᠨ ᠣᠷᠣᠭᠤᠯᠬᠤ᠂ ᠠᠯᠪᠠᠳᠠᠯᠭ᠎ᠠ᠎ᠪᠠᠷ ᠦᠨ᠎ᠡ ᠥᠰᠬᠡᠬᠦ ᠵᠡᠷᠭᠡ ᠦᠢ᠍ᠯᠡ ᠠᠵᠢᠯᠯᠠᠭ᠎ᠠ ᠵᠢ ᠡᠷᠡᠰ ᠴᠡᠭᠴᠡᠯᠡᠨ ᠵᠠᠰᠠᠵᠤ᠂ ᠲᠡᠭᠦᠰᠭᠡᠯ ᠦᠵᠦᠭᠦᠷ᠎ᠤᠨ ᠰᠦᠯᠵᠢᠶᠡᠨ᠎ᠤ ᠬᠡᠷᠡᠭᠯᠡᠭᠴᠢᠳ ᠬᠤᠷᠳᠤᠴᠠ ᠵᠢ ᠳᠡᠭᠡᠭᠰᠢᠯᠡᠭᠦᠯᠦᠨ ᠰᠦᠢ᠍ᠳᠬᠡᠯ᠎ᠢ ᠪᠠᠭᠤᠷᠠᠭᠤᠯᠤᠭᠰᠠᠨ ᠪᠣᠳᠠᠲᠤ ᠦᠷ᠎ᠡ ᠠᠰᠢᠭ᠎ᠢ ᠣᠯᠵᠤ ᠭᠥᠷᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠷᠭᠡᠨ ᠪᠦᠰᠡᠲᠦ ᠰᠦᠯᠵᠢᠶ᠎ᠡ᠎ᠳᠤ ᠵᠠᠯᠭ᠋ᠠᠵᠤ ᠣᠷᠣᠭᠤᠯᠬᠤ ᠲᠤᠬᠠᠶ᠋ᠢᠯᠠᠭᠰᠠᠨ ᠠᠵᠢᠯ᠎ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠵᠣᠬᠢᠰᠲᠠᠶ᠎ᠪᠠᠷ ᠳᠣᠷᠣᠭᠰᠢᠯᠠᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠵᠡᠷᠭᠡ ᠵᠢᠨ ᠣᠷᠣᠯᠴᠠᠬᠤ ᠵᠢ ᠲᠡᠮᠵᠢᠵᠤ᠂ ᠵᠠᠬ᠎ᠠ ᠳᠡᠯᠭᠡᠭᠦᠷ᠎ᠤᠨ ᠲᠥᠪ ᠭᠤᠣᠯᠴᠢ ᠥᠷᠢᠰᠥᠯᠳᠦᠭᠡᠨ ᠵᠶ᠋ᠠᠷ ᠵᠠᠷᠤᠳᠠᠯ ᠰᠦᠢ᠍ᠳᠬᠡᠯ᠎ᠤᠨ ᠪᠠᠭᠤᠷᠠᠯᠲᠠ ᠵᠢ ᠠᠬᠢᠭᠤᠯᠬᠤ ᠬᠡᠷᠡᠭᠲᠡᠢ᠃ ᠲᠦᠷᠪᠡ᠎ᠳᠤ᠂ ᠴᠠᠬᠢᠯᠭ᠋ᠠᠨ ᠬᠤᠯᠪᠣᠭ᠋ᠠᠨ᠎ᠤ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠰᠦᠯᠵᠢᠶᠡᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠢᠨᠲ᠋ᠧᠷ ᠰᠦᠯᠵᠢᠶᠡᠨ᠎ᠤ ᠭᠤᠣᠯᠯᠠᠬᠤ ᠲᠣᠣᠷ᠎ᠤᠨ ᠬᠤᠭᠤᠷᠣᠨᠳᠣᠬᠢ ᠥᠷᠭᠡᠨ ᠪᠦᠰᠡ ᠵᠢᠨ ᠪᠠᠭᠲᠠᠭ᠋ᠠᠮᠵᠢ ᠵᠢ ᠥᠷᠭᠡᠳᠬᠡᠬᠦ ᠵᠢ ᠠᠬᠢᠭᠤᠯᠵᠤ᠂ ᠲᠣᠣᠷ ᠠᠯᠤᠰᠯᠠᠭᠰᠠᠨ ᠴᠢᠮᠡᠭᠡ ᠬᠤᠯᠪᠣᠭ᠋ᠠᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠮᠠᠨ᠎ᠤ ᠤᠯᠤᠰ᠎ᠤᠨ ᠰᠢᠨ᠎ᠡ ᠨᠢᠭᠡᠨ ᠡᠭᠡᠯᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ᠎ᠨᠢ ᠳᠡᠯᠡᠬᠡᠶ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ᠂ ᠠᠷᠪᠠ ᠭᠠᠷᠤᠶ ᠳ᠋ᠦᠩᠰᠢᠭᠤᠷ ᠬᠥᠮᠦᠨ᠎ᠳᠤ ᠠᠰᠢᠭ ᠬᠦᠷᠲᠡᠭᠡᠬᠦ ᠡᠮᠴᠢᠯᠡᠭᠡ ᠵᠢᠨ ᠦᠨᠳᠦᠰᠦᠨ ᠳᠠᠭ᠋ᠠᠳᠬᠠᠯ᠎ᠤᠨ ᠲᠣᠣᠷ᠎ᠢ ᠪᠠᠶ᠋ᠢᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ᠂ ᠡᠪᠡᠳᠴᠢᠨ ᠦᠵᠡᠭᠦᠯᠬᠦ᠎ᠳᠤ ᠵᠠᠷᠤᠳᠠᠯ ᠥᠨᠳᠥᠷ ᠪᠠᠶ᠋ᠢᠬᠤ ᠠᠰᠠᠭᠤᠳᠠᠯ᠎ᠢ ᠨᠠᠮᠳᠠᠭᠤᠯᠬᠤ᠎ᠳᠤ ᠴᠢᠬᠤᠯᠠ ᠦᠢ᠍ᠯᠡᠳᠦᠯ ᠭᠠᠷᠭ᠋ᠠᠵᠠᠶ᠃ ᠣᠶ᠋ᠢᠷ᠎ᠠ ᠵᠢᠨ ᠵᠢᠯ᠎ᠳᠤ᠂ ᠪᠠᠰᠠ ᠮᠠᠰᠢ ᠣᠯᠠᠨ ᠡᠪᠡᠳᠴᠢᠲᠡᠨ᠎ᠳᠤ ᠬᠤᠯᠪᠣᠭᠳᠠᠭᠰᠠᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ᠎ᠢ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠬᠤ᠎ᠪᠠᠷ ᠪᠣᠢ᠃ ᠲᠠᠷᠠᠭ᠋ᠠᠴᠢ ᠵᠢᠨ ᠠᠯᠬᠤᠮ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠵᠤ᠂ ᠨᠠᠩ ᠣᠯᠠᠨ ᠡᠭᠦᠳᠡᠨ ᠡᠮᠨᠡᠯᠭᠡ ᠵᠢᠨ ᠵᠠᠷᠤᠳᠠᠯ᠎ᠢ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠵᠤ᠂ ᠡᠪᠡᠳᠴᠢᠲᠡᠨ᠎ᠤ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠡᠢ᠃ ᠬᠤᠷᠠᠯ᠎ᠠᠴᠠ ᠲᠣᠭᠲᠠᠭ᠋ᠠᠭᠰᠠᠨ᠎ᠨᠢ᠂ ᠨᠢᠭᠡ᠎ᠳᠤ᠂ ᠡᠷᠡᠭᠦᠯ ᠮᠡᠨᠳᠦ᠎ᠳᠤ ᠬᠥᠨᠥᠭᠡᠯ ᠶᠡᠭᠡ᠂ ᠵᠠᠷᠤᠳᠠᠯ ᠰᠦᠢ᠍ᠳᠬᠡᠯ᠎ᠤᠨ ᠳᠠᠷᠤᠭ᠋ᠠᠰᠤ ᠬᠦᠨᠳᠦ ᠬᠡᠰᠡᠭ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ ᠪᠠ ᠣᠯᠠᠨ ᠡᠭᠦᠰᠳᠡᠭ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠤ ᠡᠩ᠎ᠤᠨ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦᠨ᠎ᠳᠤ ᠣᠷᠣᠭᠤᠯᠵᠤ ᠲᠥᠯᠥᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠳᠥᠯᠥᠬᠦ ᠬᠠᠷᠢᠴᠠᠯ᠎ᠢ 50%᠎ᠠᠴᠠ ᠡᠬᠢᠯᠡᠭᠦᠯᠵᠦ᠂ ᠠᠵᠢᠯ᠎ᠠᠴᠠ᠎ᠪᠠᠨ ᠠᠮᠠᠷᠠᠭᠰᠠᠳ ᠲᠡᠶ᠋ᠢᠰᠢ ᠵᠣᠬᠢᠬᠤ ᠬᠡᠮᠵᠢᠶ᠎ᠡ᠎ᠪᠠᠷ ᠬᠡᠯᠪᠠᠶ᠋ᠢᠯᠭᠡᠵᠦ᠂ ᠬᠤᠶ᠋ᠢᠰᠢᠳᠠ ᠰᠠᠭᠤᠷᠢ ᠮᠥᠩᠭᠦᠨ᠎ᠤ ᠳᠠᠭ᠋ᠠᠭ᠋ᠠᠬᠤ ᠴᠢᠳᠠᠪᠤᠷᠢ ᠵᠢᠨ ᠨᠡᠮᠡᠭᠳᠡᠬᠦ ᠵᠢ ᠳᠠᠭ᠋ᠠᠯᠳᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ᠎ᠲᠤ᠂ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠠᠷᠭ᠎ᠠ ᠵᠢ ᠰᠠᠶ᠋ᠢᠵᠢᠷᠠᠭᠤᠯᠬᠤ ᠬᠡᠷᠡᠭᠲᠡᠢ᠃ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠤᠰᠢᠶᠠᠬᠤ ᠰᠦᠢ᠍ᠳᠬᠡᠯ᠎ᠢ ᠮᠥᠨ ᠬᠤᠪᠢ ᠬᠥᠮᠦᠨ᠎ᠤ ᠲᠠᠩᠰᠠᠨ ᠡᠷᠦᠬᠡ᠎ᠳᠤ ᠪᠣᠳᠣᠨ ᠣᠷᠣᠭᠤᠯᠵᠤ᠂ ᠪᠠᠶ᠋ᠢᠭᠤᠯᠭ᠎ᠠ ᠨᠢᠭᠡᠴᠢ ᠵᠢᠨ ᠲᠤᠰᠢᠶᠠᠬᠤ ᠰᠦᠢ᠍ᠳᠬᠡᠯ᠎ᠢ ᠪᠦᠬᠦᠨ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ᠎ᠳᠤ ᠪᠤᠳᠤᠵᠤ ᠣᠷᠣᠭᠤᠯᠤᠨ᠎ᠠ; ᠠᠵᠢᠯ᠎ᠠᠴᠠ᠎ᠪᠠᠨ ᠠᠮᠠᠷᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ᠎ᠠᠴᠠ ᠲᠣᠭᠲᠠᠭᠰᠠᠨ ᠨᠣᠷᠮ᠎ᠠ᠎ᠪᠠᠷ ᠬᠤᠪᠢᠶᠠᠷᠢᠯᠠᠨ ᠣᠷᠣᠭᠤᠯᠵᠤ᠂ ᠬᠤᠪᠢᠶᠠᠷᠢᠯᠠᠨ ᠣᠷᠣᠭᠤᠯᠬᠤ ᠲᠤᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠣᠰ ᠵᠦᠢ᠍ᠯ᠎ᠤᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠲᠤᠬᠠᠶ ᠵᠢᠨ ᠵᠢᠯ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠳᠤᠮᠳᠠᠴᠢ ᠬᠢᠷᠢ ᠲᠦᠪᠰᠢᠨ᠎ᠤ 2% ᠣᠷᠴᠢᠮ ᠬᠦᠷᠲᠡᠯ᠎ᠡ ᠠᠯᠬᠤᠮ ᠠᠯᠬᠤᠮ ᠵᠶ᠋ᠠᠷ ᠲᠣᠬᠢᠷᠠᠭᠤᠯᠬᠤ ᠬᠡᠷᠡᠭᠲᠡᠢ᠃ ᠭᠤᠷᠪᠠ᠎ᠳᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠬᠡᠷ ᠪᠦᠯᠢ ᠵᠢᠨ ᠪᠦᠷᠢᠯᠳᠦᠬᠦᠨ᠎ᠤ ᠬᠠᠷᠢᠯᠴᠠᠨ ᠬᠠᠷᠠᠭ᠋ᠠᠯᠵᠠᠬᠤ ᠵᠢ ᠵᠥᠪᠰᠢᠶᠡᠷᠡᠵᠦ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠭᠦᠯᠬᠦ ᠵᠢᠴᠢ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠢ ᠳᠥᠯᠥᠬᠦ᠎ᠳᠤ ᠬᠡᠷᠡᠭᠯᠡᠵᠦ᠂ ᠬᠡᠷ ᠪᠦᠯᠢ ᠵᠢᠨ᠎ᠬᠢᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ ᠳᠤ ᠣᠷᠣᠯᠴᠠᠬᠤ ᠵᠡᠷᠭᠡ ᠬᠤᠪᠢ ᠬᠥᠮᠦᠨ ᠤ ᠰᠦᠢ᠍ᠳᠬᠡᠯ ᠲᠤᠰᠢᠶᠠᠬᠤ ᠳᠤ ᠬᠡᠷᠡᠭᠯᠡᠬᠦ ᠵᠢ ᠰᠦᠪᠡᠭᠴᠢᠯᠡᠬᠦ ᠬᠡᠷᠡᠭᠲᠡᠢ᠃ ᠳᠥᠷᠪᠡ᠎ᠳᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠷᠭᠤᠭᠤᠯᠤᠨ ᠪᠤᠳᠤᠬᠤ᠂ ᠳᠣᠲᠣᠭ᠋ᠠᠳᠤ᠎ᠳᠤ᠎ᠪᠠᠨ ᠡᠵᠡᠮᠳᠡᠬᠦ ᠵᠡᠷᠭᠡ ᠲᠦᠷᠢᠮ᠎ᠢ ᠲᠡᠭᠦᠯᠳᠡᠷᠵᠢᠭᠦᠯᠦᠨ᠂ ᠬᠤᠳᠠᠯ ᠬᠠᠭᠤᠷᠮᠠᠭ ᠵᠶ᠋ᠠᠷ ᠡᠮᠨᠡᠯᠭᠡ᠎ᠳᠤ ᠰᠠᠭᠤᠬᠤ᠂ ᠬᠠᠭᠤᠷᠮᠠᠭᠯᠠᠨ ᠬᠢᠬᠠᠵᠤ ᠳᠠᠭ᠋ᠠᠳᠬᠠᠯ ᠮᠡᠬᠡᠯᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ᠎ᠲᠠᠢ ᠵᠣᠬᠢᠴᠠᠯᠳᠤᠭᠰᠠᠨ ᠰᠦᠢ᠍ᠳᠬᠡᠯ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠠᠴᠠ ᠭᠤᠷᠪᠠᠨ ᠵᠢᠯ ᠣᠷᠴᠢᠮ᠎ᠤᠨ ᠰᠢᠯᠵᠢᠯᠲᠡ ᠵᠢᠨ ᠬᠤᠭᠤᠴᠠᠭ᠎ᠠ ᠵᠢ ᠲᠣᠭᠲᠠᠭ᠋ᠠᠵᠤ᠂ ᠥᠭᠡᠷᠡᠴᠢᠯᠡᠯᠲᠡ ᠵᠢᠨ ᠬᠠᠷᠠᠯᠲᠠ ᠵᠢ ᠠᠯᠬᠤᠮ ᠠᠯᠬᠤᠮ ᠵᠶ᠋ᠠᠷ ᠡᠮᠬᠢ ᠵᠢᠷᠤᠮ᠎ᠲᠠᠢ ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ᠎ᠠᠴᠠ ᠪᠠᠰᠠ ᠱᠠᠭ᠋ᠠᠷᠳᠠᠬᠤ᠎ᠳᠤ᠎ᠪᠠᠨ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢ ᠨᠢᠭᠡᠳᠦᠯᠲᠡᠶ ᠲᠥᠯᠥᠪᠯᠡᠭᠡ ᠵᠢ ᠲᠡᠭᠦᠯᠳᠡᠷᠵᠢᠭᠦᠯᠬᠦ ᠵᠢᠨ ᠬᠠᠮᠲᠤ ᠪᠠᠲᠤᠯᠠᠭ᠎ᠠ ᠵᠢᠨ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃