ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠠᠵᠢᠯ᠎ᠢ ᠪᠠᠶ᠋ᠢᠷᠢᠯᠠᠭᠤᠯᠪᠠ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠣᠳᠣᠬᠤ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ
ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 5 ᠳ᠋ᠤᠭ᠋ᠠᠷ ᠰᠠᠷ᠎ᠠ ᠵᠢᠨ 6᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠠᠵᠢᠯ᠎ᠢ ᠪᠠᠶ᠋ᠢᠷᠢᠯᠠᠭᠤᠯᠪᠠ; 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠤᠳᠤᠬᠤ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ᠃
ᠬᠤᠷᠠᠯ᠎ᠠᠴᠠ ᠵᠢᠭ᠋ᠠᠬᠤ᠎ᠳᠤ᠎ᠪᠠᠨ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠨᠢ ᠤᠯᠤᠰ᠎ᠤᠨ ᠠᠮᠤᠷ ᠲᠦᠪᠰᠢᠨ ᠪᠣᠯᠤᠨ ᠬᠥᠭᠵᠢᠯᠲᠡ ᠵᠢᠨ ᠶᠡᠭᠡ ᠲᠠᠯ᠎ᠠ᠎ᠲᠠᠢ ᠬᠤᠯᠪᠣᠭᠳᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠵᠢᠯ᠎ᠤᠳ᠎ᠲᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠲᠠᠷᠢᠶᠠᠯᠠᠩ᠎ᠤᠨ ᠦᠢ᠍ᠯᠡᠳᠪᠦᠷᠢᠯᠡᠯ᠎ᠢ ᠪᠥᠬᠦ ᠬᠦᠴᠦᠨ ᠵᠶ᠋ᠠᠷ ᠰᠠᠶ᠋ᠢᠲᠤᠷ ᠠᠳᠬᠤᠭᠰᠠᠨ᠎ᠠᠴᠠ ᠠᠮᠤ ᠪᠤᠳᠠᠭ᠎ᠠ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠤ ᠭᠦᠢ᠍ᠴᠡᠳ ᠬᠠᠩᠭ᠋ᠠᠯᠲᠠ ᠲᠠᠢ ᠪᠣᠯᠵᠤ ᠂ ᠠᠮᠤ ᠪᠤᠳᠠᠭ᠎ᠠ ᠵᠢ ᠦᠨᠳᠦᠰᠦᠨ ᠳᠤ᠎ᠪᠠᠨ ᠥᠪᠡᠷ ᠵᠶ᠋ᠠᠨ ᠬᠠᠩᠭ᠋ᠠᠵᠤ᠂ ᠠᠮᠤ ᠬᠦᠨᠡᠰᠦ ᠬᠠᠷᠢᠴᠠᠯᠠᠰᠢᠭᠦᠢ ᠠᠮᠤᠷ ᠲᠦᠪᠰᠢᠨ ᠪᠠᠶ᠋ᠢᠬᠤ ᠵᠢ ᠭᠦᠢ᠍ᠴᠡᠳᠬᠡᠵᠦ᠂ ᠠᠵᠤ ᠠᠬᠤᠶ ᠨᠡᠶ᠋ᠢᠭᠡᠮ᠎ᠤᠨ ᠲᠣᠭᠲᠠᠭᠤᠨ ᠬᠥᠭᠵᠢᠯᠲᠡ ᠵᠢ ᠠᠬᠢᠭᠤᠯᠬᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠲᠠᠭ᠋ᠠᠷᠢᠯᠲᠠ ᠵᠢ ᠪᠦᠲᠦᠮᠵᠢᠲᠡᠶ ᠠᠷᠭ᠋ᠠᠴᠠᠭ᠋ᠠᠬᠤ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠡᠨᠡ ᠵᠢᠯ᠎ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠰᠠᠭᠤᠷᠢ ᠨᠡᠯᠢᠶᠡᠳ ᠰᠠᠶ᠋ᠢᠨ ᠪᠠᠶ᠋ᠢᠵᠤ᠂ ᠡᠪᠦᠯ᠎ᠤᠨ ᠪᠣᠭᠤᠳᠠᠶ ᠵᠢᠨ ᠡᠵᠡᠯᠡᠬᠦ ᠲᠠᠯᠠᠪᠠᠶ᠎ᠨᠢ ᠣᠶ᠋ᠢᠷ᠎ᠠ ᠵᠢᠨ 4 ᠵᠢᠯ᠎ᠤᠨ ᠲᠤᠷᠰᠢ ᠠᠩᠬ᠎ᠠ ᠤᠳᠠᠭ᠎ᠠ ᠨᠡᠮᠡᠭᠳᠡᠯ᠎ᠲᠠᠢ ᠪᠠᠶ᠋ᠢᠬᠤ ᠵᠢ ᠪᠡᠶᠡᠯᠡᠭᠦᠯᠵᠦ᠂ ᠤᠷᠭᠤᠴᠠ ᠵᠢᠨ ᠪᠠᠶ᠋ᠢᠳᠠᠯ᠎ᠨᠢ ᠨᠢᠳᠤᠨᠤᠨ ᠵᠢᠯ ᠪᠠ ᠡᠩ᠎ᠤᠨ ᠵᠢᠯ᠎ᠤᠨ᠎ᠬᠢ᠎ᠠᠴᠠ ᠰᠠᠶ᠋ᠢᠨ ᠪᠠᠶ᠋ᠢᠵᠤ᠂ ᠵᠣᠨ᠎ᠤ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠤᠯᠬᠤ ᠪᠣᠯᠤᠮᠵᠢ᠎ᠲᠠᠢ ᠪᠠᠶ᠋ᠢᠨ᠎ᠠ᠃ ᠬᠠᠪᠤᠷ᠎ᠤᠨ ᠲᠠᠷᠢᠶᠠᠯᠠᠭ᠎ᠠ ᠤᠷᠤᠭᠰᠢᠲᠠᠶ ᠶᠠᠪᠤᠭᠳᠠᠵᠤ᠂ ᠡᠷᠲᠡ ᠲᠠᠷᠢᠭᠰᠠᠨ ᠲᠤᠲᠤᠷᠭ᠎ᠠ ᠵᠢᠨ ᠡᠵᠡᠯᠡᠬᠦ ᠲᠠᠯᠠᠪᠠᠢ᠎ᠨᠢ ᠲᠣᠭᠲᠠᠭᠤᠨ ᠪᠠᠶ᠋ᠢᠳᠠᠯ᠎ᠢ ᠪᠠᠲᠤᠯᠠᠪᠠ᠃ ᠪᠦᠬᠦ ᠵᠢᠯ᠎ᠤᠨ ᠠᠮᠤ ᠪᠤᠳᠠᠭ᠋ᠠᠨ᠎ᠤ ᠬᠠᠨᠳᠤᠯᠭ᠎ᠠ᠎ᠲᠠᠢ᠎ᠪᠠᠷ ᠲᠠᠷᠢᠬᠤ ᠲᠠᠯᠠᠪᠠᠢ ᠤᠯᠠᠮ ᠨᠢᠭᠡ ᠠᠯᠬᠤᠮ ᠥᠷᠭᠡᠳᠪᠡ᠂ ᠡᠭᠦᠨ᠎ᠤ ᠳᠣᠲᠣᠷ᠎ᠠ ᠡᠷᠳᠡᠨᠢ ᠰᠢᠰᠢ ᠵᠢᠨ ᠡᠵᠡᠯᠡᠬᠦ ᠲᠠᠯᠠᠪᠠᠢ ᠨᠢᠳᠤᠨᠤᠨ᠎ᠤ᠎ᠬᠢ᠎ᠠᠴᠠ ᠨᠡᠮᠡᠭᠳᠡᠪᠡ ᠭᠡᠵᠡᠢ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠨᠢᠭᠡ᠎ᠳᠤ᠂ ᠠᠮᠤ ᠪᠤᠳᠠᠭ᠋ᠠᠨ᠎ᠤ ᠬᠤᠷᠢᠶᠠᠯᠲᠠ ᠵᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠵᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠬᠤ ᠬᠡᠷᠡᠭᠲᠡᠢ᠃ ᠲᠤᠲᠤᠷᠭ᠎ᠠ ᠪᠤᠭᠤᠳᠠᠢ ᠬᠤᠳᠠᠯᠳᠤᠨ ᠠᠪᠬᠤ ᠨᠠᠭ᠋ᠠᠳᠤ ᠵᠠᠬ᠎ᠠ ᠵᠢᠨ ᠦᠨ᠎ᠡ ᠵᠢ ᠪᠠᠲᠤᠯᠠᠬᠤ᠂ ᠡᠷᠳᠡᠨᠢ ᠰᠢᠰᠢ ᠰᠢᠷ᠎ᠠ ᠪᠤᠷᠴᠠᠭ ᠦᠢ᠍ᠯᠡᠳᠪᠦᠷᠢᠯᠡᠭᠴᠢ᠎ᠳᠤ ᠨᠥᠬᠦᠪᠥᠷᠢ ᠥᠭᠬᠦ ᠵᠡᠷᠭᠡ ᠲᠦᠷᠦ ᠵᠢᠨ ᠪᠤᠳᠤᠯᠭ᠎ᠠ ᠵᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠭᠤᠷᠪᠠᠨ ᠶᠡᠭᠡ ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠮᠦᠰᠦᠨ ᠥᠪᠡᠷ᠎ᠤᠨ ᠦᠷᠳᠡᠭ᠎ᠤᠨ ᠳᠠᠭ᠋ᠠᠳᠬᠠᠯ ᠪᠠ ᠣᠷᠣᠯᠭ᠎ᠠ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠵᠦ᠂ ᠲᠠᠷᠢᠶᠠᠴᠢᠳ᠎ᠢ ᠲᠠᠷᠢᠶ᠎ᠠ ᠲᠠᠷᠢᠪᠠᠯ ᠣᠯᠵᠠᠪᠤᠷᠢ᠎ᠲᠠᠢ ᠪᠣᠯᠭ᠋ᠠᠬᠤ ᠬᠡᠷᠡᠭᠲᠡᠢ᠃ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠪᠠ ᠮᠤᠵᠢ ᠵᠢᠨ ᠱᠠᠲᠤᠨ᠎ᠤ ᠨᠢᠭᠡᠳᠦᠯᠲᠡᠶ ᠲᠥᠯᠥᠪᠯᠡᠭᠰᠡᠨ ᠭᠠᠵᠠᠷ ᠰᠢᠷᠣᠶ ᠵᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠵᠢᠨ ᠬᠡᠷᠡᠭᠯᠡᠯᠲᠡ ᠵᠡᠷᠭᠡ ᠲᠠᠯ᠎ᠠ᠎ᠪᠠᠷ ᠠᠮᠤ ᠪᠤᠳᠠᠭ᠋ᠠᠨ᠎ᠤ ᠭᠠᠷᠤᠯᠲᠠ ᠶᠡᠬᠡᠲᠡᠶ ᠰᠢᠶᠠᠨ᠎ᠳᠤ ᠬᠡᠯᠪᠡᠶ᠋ᠢᠯᠭᠡᠬᠦ ᠬᠡᠷᠡᠭᠲᠡᠢ᠃ ᠣᠷᠣᠨ ᠨᠤᠲᠤᠭ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠬᠠᠮᠢᠶᠠᠷᠤᠯᠲᠠ ᠪᠠ ᠵᠤᠨ᠎ᠤ ᠬᠤᠷᠢᠶᠠᠯᠲᠠ ᠵᠤᠨ᠎ᠤ ᠲᠠᠷᠢᠶᠠᠯᠠᠭ᠎ᠠ ᠵᠢ ᠰᠢᠮᠳᠠᠭᠤᠯᠤᠨ ᠴᠢᠩᠭ᠋ᠠᠳᠬᠠᠵᠤ᠂ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠵᠤ᠂ ᠲᠠᠷᠢᠶᠠᠯᠠᠩ᠎ᠤᠨ ᠬᠦᠨᠳᠦ ᠶᠡᠭᠡ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠳᠣᠪᠣᠶ᠋ᠢᠯᠭ᠋ᠠᠨ ᠰᠠᠶ᠋ᠢᠲᠤᠷ ᠠᠳᠬᠤᠬᠤ ᠬᠡᠷᠡᠭᠲᠡᠢ᠃ ᠦᠶᠡᠷ ᠤᠰᠤᠲᠤᠯ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠢ ᠡᠰᠡᠷᠭᠦᠴᠡᠬᠦ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠬᠡᠷᠡᠭᠲᠡᠢ᠃ ᠬᠤᠶᠠᠷ᠎ᠲᠤ᠂ ᠠᠮᠤ ᠪᠤᠳᠠᠭ᠎ᠠ ᠬᠤᠳᠠᠯᠳᠤᠨ ᠠᠪᠬᠤ᠂ ᠨᠥᠭᠡᠴᠡᠯᠡᠬᠦ ᠪᠠ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠬᠢᠬᠦ ᠠᠵᠢᠯ᠎ᠢ ᠰᠠᠢ᠍ᠲᠤᠷ ᠬᠢᠵᠦ᠂ ᠬᠠᠩᠭ᠋ᠠᠯᠭ᠎ᠠ ᠪᠠ ᠦᠨ᠎ᠡ ᠬᠠᠩᠰᠢ ᠵᠢᠨ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠥᠮᠥᠷᠭᠡᠯᠡᠨ ᠬᠠᠳᠠᠭ᠋ᠠᠯᠠᠬᠤ ᠪᠠ ᠭᠦᠢ᠍ᠯᠭᠡᠭᠡᠬᠦ ᠲᠥᠬᠦᠭᠡᠷᠦᠮᠵᠢ ᠵᠢ ᠰᠠᠶ᠋ᠢᠵᠢᠷᠠᠭᠤᠯᠵᠤ᠂ ᠠᠮᠤ ᠪᠤᠳᠠᠭ᠎ᠠ ᠨᠥᠭᠡᠴᠡᠯᠡᠬᠦ ᠬᠡᠪᠴᠢᠶ᠎ᠡ ᠪᠦᠲᠦᠴᠡ ᠵᠢ ᠰᠢᠯᠢᠳᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠤᠨ᠂ ᠬᠠᠩᠭ᠋ᠠᠯᠭ᠎ᠠ ᠵᠢᠨ ᠠᠷᠭ᠎ᠠ ᠵᠠᠮ᠎ᠢ ᠪᠠᠶᠠᠯᠢᠭᠵᠢᠭᠤᠯᠵᠤ᠂ ᠬᠠᠩᠭ᠋ᠠᠯᠭ᠎ᠠ ᠭᠦᠢ᠍ᠴᠡᠳ᠂ ᠲᠦᠷᠦᠯ ᠵᠦᠢ᠍ᠯ ᠤᠯᠠᠨ ᠶᠠᠩᠵᠤ ᠵᠢᠨ ᠪᠠᠶ᠋ᠢᠬᠤ ᠵᠢ ᠪᠡᠶᠡᠯᠡᠭᠦᠯᠵᠦ᠂ ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠶᠠᠰᠤ ᠴᠢᠨᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠰᠢᠨ᠎ᠡ ᠨᠢᠭᠡᠨ ᠡᠭᠡᠯᠵᠢ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠵᠦ᠂ ᠡᠨᠡ ᠵᠢᠯ ᠭᠠᠩᠳᠠᠯ ᠤᠰᠤᠲᠤᠯ᠎ᠳᠤ ᠬᠤᠷᠢᠶᠠᠯᠲᠠ ᠪᠠᠲᠤᠯᠠᠭ᠎ᠠ᠎ᠲᠠᠢ᠂ ᠥᠨᠳᠥᠷ ᠮᠥᠷᠲᠡᠭᠡᠨ ᠲᠣᠭᠲᠠᠮᠠᠯ ᠬᠤᠷᠢᠶᠠᠯᠲᠠ᠎ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 1 ᠳ᠋ᠦᠩᠰᠢᠭᠤᠷ ᠮᠦ᠍ ᠪᠦᠳᠦᠭᠡᠨ ᠪᠠᠶ᠋ᠢᠭᠤᠯᠬᠤ᠎ᠪᠠᠷ ᠪᠣᠢ᠃ ᠲᠠᠷᠢᠶᠠᠨ ᠭᠠᠵᠠᠷ᠎ᠤᠨ ᠬᠡᠷᠡᠭᠯᠡᠯᠲᠡ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠵᠤ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠴᠢᠩᠭ᠎ᠠ ᠬᠠᠮᠢᠶᠠᠷᠤᠨ ᠡᠵᠡᠮᠳᠡᠵᠦ᠂ 18 ᠳ᠋ᠦᠩᠰᠢᠭᠤᠷ ᠮᠥ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠬᠡᠷᠡᠭᠲᠡᠢ ᠭᠡᠵᠡᠢ᠃ ᠬᠤᠷᠠᠯ᠎ᠠᠴᠠ ᠪᠠᠰᠠ᠂ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠤᠯᠤᠰ᠎ᠤᠨ ᠪᠠᠶ᠋ᠢᠳᠠᠯ᠎ᠳᠤ᠎ᠪᠠᠨ ᠰᠠᠭᠤᠷᠢᠯᠠᠵᠤ᠂ ᠠᠷᠠᠳ ᠤᠯᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ ᠰᠢᠨᠵᠢᠯᠡᠬᠦ ᠤᠬᠠᠭ᠋ᠠᠨᠴᠢ ᠪᠥᠭᠡᠳ ᠪᠣᠳᠠᠲᠠᠢ ᠵᠢ ᠡᠷᠬᠢᠮᠯᠡᠬᠦ ᠵᠣᠷᠢᠭ ᠰᠠᠨᠠᠭ᠎ᠠ᠎ᠪᠠᠷ ᠪᠣᠭᠤᠮᠲᠠ ᠰᠢᠪᠲᠤᠯᠵᠤ ᠳᠤᠲᠠᠭᠤᠳᠠᠯ ᠵᠶ᠋ᠠᠨ ᠨᠥᠬᠦᠪᠥᠷᠢᠯᠡᠬᠦ ᠬᠡᠷᠡᠭᠲᠡᠢ᠃ ᠲᠤᠲᠤᠷᠭ᠎ᠠ᠂ ᠪᠤᠭᠤᠳᠠᠢ ᠵᠢᠨ ᠶᠠᠰᠤ ᠴᠢᠨᠠᠷ ᠪᠠ ᠰᠢᠷ᠎ᠠ ᠪᠤᠷᠴᠠᠭ᠎ᠤᠨ ᠥᠭᠡᠬᠦᠨᠤ ᠠᠭᠤᠯᠤᠭᠳᠠᠴᠠ ᠵᠢ ᠨᠡᠮᠡᠭᠳᠡᠭᠦᠯᠵᠦ᠂ ᠴᠢᠨᠠᠷ ᠰᠢᠯᠢᠳᠡᠭ ᠢᠳᠡᠰᠢᠨ ᠨᠣᠭᠤᠭ᠎ᠠ ᠵᠢᠨ ᠲᠦᠷᠦᠯ ᠵᠦᠢ᠍ᠯ᠎ᠢ ᠪᠤᠶ᠋ᠢᠵᠢᠭᠤᠯᠤᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠯᠠᠪᠠᠢ ᠨᠢᠭᠡᠴᠢ ᠵᠢᠨ ᠤᠨᠠᠯᠲᠠ ᠪᠠ ᠵᠠᠬ᠎ᠠ ᠳᠡᠯᠭᠡᠭᠦᠷ᠎ᠲᠤ ᠵᠣᠬᠢᠴᠠᠬᠤ ᠬᠡᠮᠵᠢᠶ᠎ᠡ ᠵᠢ ᠰᠠᠶ᠋ᠢᠵᠢᠷᠠᠭᠤᠯᠵᠤ᠂ ᠰᠠᠭ᠋ᠠᠯᠢ ᠵᠢᠨ ᠦᠨᠢᠶ᠎ᠡ ᠵᠢᠨ ᠰᠦ ᠵᠢᠨ ᠬᠡᠮᠵᠢᠶ᠎ᠡ ᠪᠠ ᠠᠯᠠᠰᠢᠨ᠎ᠤ ᠦᠬᠡᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠵᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠬᠦᠴᠦᠨ᠎ᠢ ᠭᠦᠢ᠍ᠴᠡᠳ ᠲᠠᠶ᠋ᠢᠴᠢᠯᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠶᠡᠭᠡ ᠳᠡᠭᠡᠳᠦ ᠰᠤᠷᠭ᠋ᠠᠭᠤᠯᠢ ᠪᠣᠯᠤᠨ ᠠᠵᠤ ᠠᠬᠤᠶ᠋ᠢᠯᠠᠯ᠂ ᠲᠠᠷᠢᠶᠠᠴᠢᠨ ᠡᠷᠦᠭᠡ ᠵᠡᠷᠭᠡ ᠵᠢᠨ ᠬᠠᠷᠢᠯᠴᠠᠨ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠬᠤᠳᠠᠯᠳᠤᠭ᠋ᠠᠴᠢᠯᠠᠭᠰᠠᠨ ᠦᠷ᠎ᠡ ᠪᠤᠶ᠋ᠢᠵᠢᠭᠤᠯᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠦᠷ᠎ᠡ ᠵᠢᠨ ᠦᠢ᠍ᠯᠡᠰ᠎ᠤᠨ ᠠᠵᠤ ᠠᠬᠤᠶ᠋ᠢᠯᠠᠯ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠬᠡᠷᠡᠭᠯᠡᠭᠦᠰᠢᠲᠡᠢ ᠪᠥᠭᠡᠳ ᠥᠨᠳᠥᠷ ᠪᠦᠲᠦᠮᠵᠢᠲᠡᠶ ᠲᠠᠷᠢᠶᠠᠯᠠᠩ᠎ᠤᠨ ᠮᠠᠰᠢᠨ ᠲᠣᠨᠣᠭᠯᠠᠯ᠎ᠢ ᠰᠤᠳᠤᠯᠤᠨ ᠦᠢ᠍ᠯᠡᠳᠴᠦ ᠳᠡᠯᠭᠡᠷᠡᠭᠦᠯᠬᠦ ᠵᠢ ᠳᠡᠮᠵᠢᠬᠦ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠤᠳᠤᠬᠤ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ᠃ ᠲᠥᠰᠦᠯ᠎ᠳᠤ ᠬᠢᠨᠠᠨ ᠪᠣᠳᠣᠬᠤ ᠦᠨᠳᠦᠰᠦᠨ ᠳᠦᠷᠢᠮ᠎ᠢ ᠬᠤᠪᠢᠷᠠᠭᠤᠯᠬᠤ ᠦᠭᠡᠶ ᠪᠠᠶ᠋ᠢᠬᠤ ᠵᠢ ᠪᠠᠲᠤᠯᠠᠵᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢᠨ ᠪᠦᠳᠦᠭᠦᠪᠴᠢ ᠲᠥᠰᠥᠪ᠎ᠤᠨ ᠳᠣᠣᠷ᠎ᠠ ᠬᠢᠨᠠᠨ ᠪᠣᠳᠣᠬᠤ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠨ ᠪᠦᠲᠦᠭᠡᠨ ᠪᠠᠶ᠋ᠢᠭᠤᠯᠤᠭᠰᠠᠨ ᠲᠥᠷᠥᠯ ᠵᠦᠢ᠍ᠯ᠎ᠠᠴᠠ ᠪᠤᠰᠤᠳ ᠣᠯᠠᠨ ᠨᠡᠶ᠋ᠢᠲᠡ ᠵᠢᠨ ᠴᠢᠬᠤᠯᠠ ᠶᠡᠭᠡ ᠢᠨᠵᠧᠨᠧᠷᠢᠩ᠎ᠤᠨ ᠲᠥᠷᠥᠯ ᠵᠦᠢ᠍ᠯ᠂ ᠤᠯᠤᠰ᠎ᠤᠨ ᠥᠮᠴᠢᠯᠡᠯᠲᠦ ᠡᠬᠢ ᠪᠠᠶᠠᠯᠢᠭ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠂ ᠣᠯᠠᠨ ᠨᠡᠶ᠋ᠢᠲᠡ ᠵᠢᠨ ᠪᠡᠯᠡ ᠮᠥᠩᠭᠦ ᠪᠠ ᠣᠷᠣᠨ ᠨᠤᠲᠤᠭ᠎ᠤᠨ ᠪᠠᠩᠬᠢ ᠵᠡᠷᠭᠡ᠎ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠲᠣᠭᠲᠠᠭ᠋ᠠᠯ᠎ᠢ ᠣᠯᠠᠰᠢᠷᠠᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠠᠷᠭ᠎ᠠ ᠪᠠᠷᠢᠯ᠎ᠢ ᠴᠢᠩᠭ᠋ᠠᠷᠠᠭᠤᠯᠤᠨ᠂ ᠬᠢᠨᠠᠨ ᠪᠤᠳᠤᠵᠤ ᠬᠢᠨᠠᠯᠲᠠ ᠲᠠᠯᠪᠢᠬᠤ ᠵᠢᠨ ᠲᠤᠰᠠᠭ᠋ᠠᠷ ᠴᠢᠨᠠᠷ ᠪᠠ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠴᠢᠩᠭ᠋ᠠᠷᠠᠭᠤᠯᠵᠤ᠂ ᠬᠢᠨᠠᠨ ᠪᠤᠳᠤᠯᠲᠠ ᠵᠢ ᠬᠦᠯᠢᠶᠡᠭᠰᠡᠨ ᠨᠢᠭᠡᠴᠢ᠎ᠠᠴᠠ ᠲᠣᠭᠲᠠᠭᠰᠠᠨ ᠴᠠᠭ᠎ᠤᠨ ᠳᠣᠲᠣᠷ᠎ᠠ ᠬᠢᠨᠠᠨ ᠪᠣᠳᠣᠯᠲᠠ᠎ᠪᠠᠷ ᠪᠠᠶ᠋ᠢᠴᠠᠭ᠋ᠠᠨ ᠭᠠᠷᠭ᠋ᠠᠭᠰᠠᠨ ᠠᠰᠠᠭᠤᠳᠠᠯ ᠵᠶ᠋ᠠᠨ ᠴᠡᠭᠴᠡᠯᠡᠨ ᠰᠠᠶ᠋ᠢᠵᠢᠷᠠᠭᠤᠯᠵᠤ᠂ ᠬᠢᠨᠠᠨ ᠪᠤᠳᠤᠬᠤ ᠪᠠᠶ᠋ᠢᠭᠤᠯᠭ᠎ᠠ᠎ᠠᠴᠠ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠮᠥᠷᠳᠡᠨ ᠪᠠᠶ᠋ᠢᠴᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠭᠰᠡᠨ ᠪᠤᠶᠤ ᠴᠡᠭᠴᠡᠯᠡᠨ ᠰᠠᠶ᠋ᠢᠵᠢᠷᠠᠭᠤᠯᠬᠤ᠎ᠳᠤ᠎ᠪᠠᠨ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠶ᠋ᠢᠪᠠᠯ ᠬᠠᠤᠯᠢ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠬᠤᠷᠠᠯ᠎ᠠᠴᠠ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠬᠦ᠎ᠪᠠᠷ ᠲᠣᠭᠲᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃