ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠡᠯᠡᠭᠡᠢ ᠵᠢᠨ ᠤᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠦᠪᠯᠡᠯ᠎ᠤᠨ ᠲᠡᠷᠢᠭᠦᠯᠡᠭᠴᠢ ᠪᠠᡁᠸ᠎ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-05-11

    ᠤᠯᠤᠰ᠎ᠤᠨ ᠲᠡᠷᠢᠭᠦᠯᠡᠭᠴᠢ ᠰᠢ ᠵᠢᠨ ᠫᠢᠩ 5 ᠰᠠᠷ᠎ᠠ ᠵᠢᠨ 7᠎ᠤ ᠡᠳᠦᠷ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ᠎ᠤᠨ ᠲᠡᠷᠢᠭᠦᠯᠡᠭᠴᠢ ᠪᠠᠾᠸ᠎ᠲᠠᠢ ᠤᠲᠠᠰᠤ᠎ᠪᠠᠷ ᠶᠠᠷᠢᠯᠴᠠᠪᠠ᠃
    ᠰᠢ ᠵᠢᠨ ᠫᠢᠩ᠂ ᠪᠠᡁᠸ ᠵᠢᠨ ᠳᠡᠯᠡᠭᠡᠢ ᠵᠢᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠵᠥᠪᠯᠡᠯ᠎ᠤᠨ ᠲᠡᠷᠢᠭᠦᠯᠡᠭᠴᠢ ᠵᠢᠨ ᠲᠤᠰᠢᠶᠠᠯ᠎ᠢ ᠵᠠᠯᠭ᠋ᠠᠨ ᠡᠭᠦᠷᠭᠡᠯᠡᠭᠰᠡᠨ᠎ᠳᠤ ᠪᠠᠶᠠᠷ ᠬᠦᠷᠭᠡᠵᠦ᠂ ᠪᠠᡁᠸ ᠵᠢᠨ ᠤᠳᠤᠷᠢᠳᠤᠯᠭ᠎ᠠ ᠳᠣᠣᠷ᠎ᠠ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ ᠡᠯ᠎ᠡ ᠲᠠᠯ᠎ᠠ ᠵᠢᠨ ᠬᠦᠴᠦᠨ᠎ᠲᠠᠢ ᠪᠦᠯᠬᠦᠮᠳᠡᠨ᠂ ᠣᠯᠢᠮᠫᠢᠺ᠎ᠤᠨ ᠬᠥᠳᠡᠯᠭᠡᠭᠡᠨ᠎ᠤ ᠥᠷᠨᠢᠩᠭᠦᠢ ᠬᠥᠭᠵᠢᠯᠲᠡ ᠵᠢ ᠠᠬᠢᠭᠤᠯᠬᠤ ᠪᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠡᠬᠦᠰᠦᠭᠰᠡᠨ᠎ᠠᠴᠠ ᠨᠠᠭ᠋ᠠᠰᠢ᠂ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ ᠴᠥᠭᠡᠨ ᠪᠤᠰᠤ ᠠᠵᠢᠯ ᠬᠢᠵᠦ᠂ ᠪᠦᠬᠦ ᠲᠡᠯᠡᠭᠡᠢ᠎ᠪᠠᠷ ᠵᠶ᠋ᠠᠨ ᠪᠦᠯᠬᠦᠮᠳᠡᠨ ᠬᠢᠵᠢᠭ᠎ᠲᠠᠢ ᠲᠡᠮᠡᠴᠡᠬᠦ᠎ᠳᠤ ᠢᠳᠡᠪᠬᠢ ᠬᠦᠴᠦᠨ ᠬᠠᠩᠭ᠋ᠠᠪᠠ᠃ ᠬᠢᠵᠢᠭ᠎ᠤᠨ ᠪᠠᠶ᠋ᠢᠳᠠᠯ᠎ᠨᠢ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠵᠡᠷᠭᠡ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ᠎ᠢ ᠶᠡᠭᠡ᠎ᠪᠠᠷ ᠨᠦᠯᠦᠭᠡᠯᠡᠵᠡᠢ᠃ ᠳᠤᠮᠳᠠᠳᠤ ᠤᠯᠤᠰ ᠳᠤᠷᠠᠲᠠᠶ᠎ᠠ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ᠎ᠲᠠᠢ ᠦᠷᠭᠦᠯᠵᠢᠯᠡᠨ ᠬᠠᠮᠵᠢᠯᠴᠠᠵᠤ᠂ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠡᠷᠭᠢᠯᠡᠬᠦ ᠵᠢ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ᠎ᠯᠦᠭᠡ ᠸᠠᠺᠼᠢᠨ᠎ᠤ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠲᠠᠮᠢᠷᠴᠢᠳ᠎ᠤᠨ ᠠᠮᠤᠷ ᠲᠦᠪᠰᠢᠨ ᠵᠶ᠋ᠠᠷ ᠤᠷᠤᠯᠳᠤᠭ᠋ᠠᠨ᠎ᠳᠤ ᠣᠷᠣᠯᠴᠠᠬᠤ ᠵᠢ ᠬᠠᠮᠠᠭ᠋ᠠᠯᠠᠬᠤ ᠪᠦᠲᠦᠮᠵᠢᠲᠡᠢ ᠬᠠᠯᠬᠠᠪᠴᠢ ᠵᠢ ᠬᠠᠮᠲᠤ᠎ᠪᠠᠷ ᠴᠤᠭᠴᠠᠯᠠᠨ᠎ᠠ ᠭᠡᠵᠦ ᠢᠯᠡᠳᠭᠡᠪᠡ᠃
    ᠰᠢ ᠵᠢᠨ ᠫᠢᠩ᠂ ᠳᠤᠮᠳᠠᠳᠤ ᠤᠯᠤᠰ ᠲᠣᠭᠲᠠᠭᠰᠠᠨ ᠬᠤᠭᠤᠴᠠᠭ᠋ᠠᠨ᠎ᠳᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠡᠷᠬᠢᠯᠡᠬᠦ ᠬᠠᠷᠠᠯᠲᠠ ᠵᠢᠨ ᠲᠣᠭᠣᠷᠢᠨ᠎ᠳᠤ ᠡᠯ᠎ᠡ ᠵᠦᠢ᠍ᠯ᠎ᠤᠨ ᠪᠡᠯᠡᠳᠬᠡᠯ ᠠᠵᠢᠯ ᠵᠶ᠋ᠠᠨ ᠯᠠᠪᠳᠠᠭᠤᠨ ᠵᠶ᠋ᠠᠷ ᠠᠬᠢᠭᠤᠯᠵᠤ ᠪᠠᠶ᠋ᠢᠨ᠎ᠠ᠃ ᠣᠳᠣᠬᠠᠨ᠎ᠳᠤ ᠪᠤᠢ ᠪᠦᠬᠦᠢ ᠤᠷᠤᠯᠳᠤᠭ᠋ᠠᠨ᠎ᠤ ᠲᠠᠯᠠᠪᠤᠷ ᠣᠷᠳᠣᠨ᠎ᠢ ᠪᠦᠬᠦᠨ᠎ᠢ ᠪᠠᠶ᠋ᠢᠭᠤᠯᠵᠤ ᠳᠠᠭᠤᠰᠬᠠᠨ᠂ ᠤᠷᠤᠯᠳᠤᠭ᠋ᠠᠨ᠎ᠢ ᠵᠤᠬᠢᠶᠠᠨ ᠪᠠᠢ᠍ᠢ᠍ᠭᠤᠯᠬᠤ ᠪᠠ ᠲᠠᠯᠠᠪᠤᠷ ᠣᠷᠳᠣᠨ᠎ᠤ ᠠᠵᠢᠯᠯᠠᠭ᠎ᠠ ᠵᠢ ᠡᠮᠬᠢ ᠵᠢᠷᠤᠮ᠎ᠲᠠᠢ ᠥᠷᠨᠢᠭᠦᠯᠵᠦ᠂ ᠤᠷᠤᠯᠳᠤᠭ᠋ᠠᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠲᠦᠷᠭᠡᠠ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠪᠠ ᠰᠣᠶᠣᠯ᠎ᠤᠨ ᠠᠵᠢᠯᠯᠠᠭ᠎ᠠ ᠵᠢ ᠡᠮᠬᠢ ᠵᠢᠷᠤᠮ᠎ᠲᠠᠢ ᠠᠬᠢᠭᠤᠯᠵᠦ ᠪᠠᠢ᠍ᠢ᠍ᠨ᠎ᠠ᠃ ᠳᠤᠮᠳᠠᠳᠤ ᠤᠯᠤᠰ ᠴᠠᠰᠤᠨ ᠳᠡᠭᠡᠷᠡᠬᠢ ᠲᠥᠷᠥᠯ ᠵᠦᠢ᠍ᠯ᠂ ᠮᠥᠰᠥᠨ ᠳᠡᠭᠡᠷᠡᠬᠢ ᠲᠥᠷᠥᠯ   ᠵᠦᠢ᠍ᠯ᠎ᠤᠨ ᠰᠤᠷᠢᠯᠳᠠ ᠵᠢᠨ ᠠᠵᠢᠯᠯᠠᠭ᠎ᠠ ᠥᠷᠨᠢᠭᠦᠯᠵᠦ᠂ ᠤᠷᠤᠯᠳᠤᠭ᠋ᠠᠨ ᠡᠷᠭᠢᠯᠡᠬᠦ᠎ᠳᠤ ᠬᠣᠯᠪᠣᠭᠳᠠᠬᠤ ᠵᠠᠩᠭᠢᠯᠠᠭ᠎ᠠ ᠵᠢᠨ ᠬᠦᠴᠦᠨ ᠵᠦᠢ᠍ᠯ᠎ᠳᠤ ᠪᠦᠲᠦᠮᠵᠢᠲᠡᠶ ᠰᠢᠯᠭ᠋ᠠᠨ ᠪᠠᠶ᠋ᠢᠴᠠᠭ᠋ᠠᠯᠲᠠ ᠬᠢᠪᠠ᠃ ᠳᠤᠮᠳᠠᠳᠤ ᠤᠯᠤᠰ ᠳᠣᠣᠷ᠎ᠠ ᠬᠠᠭ᠋ᠠᠰ ᠵᠢᠯ᠎ᠤᠨ ᠡᠯ᠎ᠡ ᠵᠦᠢ᠍ᠯ᠎ᠤᠨ ᠲᠤᠷᠰᠢᠯᠲᠠ ᠵᠢᠨ ᠤᠷᠤᠯᠳᠤᠭ᠋ᠠᠨ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠨᠡᠩ ᠪᠠᠲᠤ ᠪᠡᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃
    ᠰᠢ ᠵᠢᠨ ᠫᠢᠩ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠪᠣᠯ ᠪᠦᠬᠦ ᠳᠡᠯᠡᠬᠡᠢ ᠵᠢᠨ ᠡᠯ᠎ᠡ ᠤᠯᠤᠰ᠎ᠤᠨ ᠦᠪᠡᠳᠡᠭᠰᠢ ᠶᠡᠬᠡ ᠴᠤᠭᠯᠠᠭ᠋ᠠᠨ ᠮᠥᠨ᠂ ᠪᠦᠬᠦ ᠲᠡᠯᠡᠭᠡᠢ ᠵᠢᠨ ᠲᠠᠮᠢᠷᠴᠢᠳ᠎ᠤᠨ ᠡᠷᠬᠡ ᠲᠡᠭᠰᠢ᠎ᠪᠠᠷ ᠦᠷᠢᠰᠦᠯᠳᠦᠬᠦ ᠲᠠᠪᠴᠠᠩ ᠮᠥᠨ᠃ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ᠎ᠤᠨ᠎ᠬᠢᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠳᠤ ᠢᠳᠡᠪᠬᠢᠲᠡᠢ ᠳᠡᠮᠵᠢᠯᠭᠡ ᠪᠠ ᠵᠢᠯᠤᠭᠤᠳᠤᠯᠭ᠎ᠠ ᠬᠠᠩᠭ᠋ᠠᠭᠰᠠᠨ᠎ᠳᠤ ᠲᠠᠯᠠᠷᠬᠠᠵᠤ ᠪᠠᠶ᠋ᠢᠨ᠎ᠠ᠃ ᠳᠤᠮᠳᠠᠳᠤ ᠤᠯᠤᠰ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠣᠭᠲᠠᠭᠰᠠᠨ ᠬᠤᠭᠤᠴᠠᠭ᠋ᠠᠨ᠎ᠳᠤ ᠠᠮᠵᠢᠯᠲᠠ᠎ᠲᠠᠢ ᠶᠠᠪᠤᠭᠳᠠᠭᠤᠯᠬᠤ᠎ᠳᠤ ᠢᠲᠡᠭᠡᠯ ᠳᠦᠭᠦᠷᠡᠩ ᠪᠠᠶ᠋ᠢᠨ᠎ᠠ᠂ ᠳᠤᠷᠠᠲᠠᠶ᠎ᠠ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ ᠪᠣᠯᠤᠨ ᠳᠡᠯᠡᠬᠡᠢ ᠨᠡᠶ᠋ᠢᠭᠡᠮ᠎ᠤᠨ᠎ᠬᠢᠨ᠎ᠲᠠᠢ ᠬᠠᠮᠲᠤ᠎ᠪᠠᠷ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠳᠥᠭᠥᠮ ᠳᠥᠲᠡ᠂ ᠠᠮᠤᠷ ᠲᠦᠪᠰᠢᠨ᠂ ᠭᠣᠶ᠋ᠢᠳᠠ ᠰᠠᠶ᠋ᠢᠬᠠᠨ ᠣᠯᠢᠮᠫᠢᠺ᠎ᠤᠨ ᠦᠪᠡᠳᠡᠭᠰᠢ ᠴᠤᠭᠯᠠᠭ᠋ᠠᠨ ᠪᠣᠯᠭ᠋ᠠᠬᠤ ᠵᠢ ᠪᠠᠲᠤᠯᠠᠨ᠎ᠠ ᠭᠡᠵᠦ ᠴᠢᠬᠤᠯᠠᠴᠢᠯᠠᠪᠠ᠃
    ᠪᠠᡁᠸ᠂ ᠳᠤᠮᠳᠠᠳᠤ ᠤᠯᠤᠰ᠎ᠤᠨ ᠡᠯ᠎ᠡ ᠬᠦᠷᠢᠶᠡᠨ᠎ᠤ ᠬᠥᠭᠵᠢᠯᠲᠡ ᠪᠠᠬᠠᠳᠤᠭᠤᠰᠢᠳᠠᠢ ᠠᠮᠵᠢᠯᠲᠠ ᠣᠯᠤᠭᠰᠠᠨ᠎ᠳᠤ ᠪᠠᠶᠠᠷ ᠬᠦᠷᠭᠡᠵᠦ ᠪᠠᠶ᠋ᠢᠨ᠎ᠠ᠂ ᠢᠯᠠᠩᠭᠤᠶ᠎ᠠ ᠳᠤᠮᠳᠠᠳᠤ ᠤᠯᠤᠰ ᠡᠩ ᠲᠡᠷᠢᠭᠦᠨ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠦ᠂ ᠡᠩ ᠲᠡᠷᠢᠭᠦᠨ᠎ᠳᠤ ᠠᠵᠤ ᠠᠬᠤᠢ ᠵᠢᠨ ᠨᠡᠮᠡᠭᠳᠡᠯ ᠵᠶ᠋ᠠᠨ ᠰᠡᠷᠭᠦᠭᠡᠵᠦ᠂ ᠪᠦᠬᠦ ᠲᠡᠯᠡᠭᠡᠢ ᠵᠢᠨ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ ᠠᠬᠤᠢ ᠵᠢᠨ ᠰᠡᠷᠭᠦᠯᠲᠡ᠎ᠳᠤ ᠴᠢᠬᠤᠯᠠ ᠬᠦᠳᠦᠯᠦᠨ ᠳᠠᠭ᠋ᠠᠭᠤᠯᠬᠤ ᠦᠢ᠍ᠯᠡᠳᠦᠯ ᠦᠵᠡᠭᠦᠯᠵᠡᠢ᠃ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ᠎ᠤᠨ᠎ᠬᠢᠨ ᠳᠤᠮᠳᠠᠳᠤ ᠤᠯᠤᠰ᠎ᠯᠤᠭ᠎ᠠ ᠵᠢᠨ ᠰᠠᠢ᠍ᠢ᠍ᠨ ᠰᠠᠶ᠋ᠢᠬᠠᠨ ᠬᠠᠮᠲᠤᠷᠠᠯᠴᠠᠭ᠎ᠠ ᠵᠢ ᠳᠡᠭᠡᠳᠦ ᠬᠡᠮᠵᠢ᠊ ᠢ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠸᠠᠺᠼᠢᠨ᠎ᠤ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃ ᠣᠳᠣᠬᠠᠨ᠎ᠳᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ ᠴᠢᠬᠤᠯᠠ ᠱᠠᠲᠤᠨ᠎ᠳᠤ ᠤᠷᠤᠭ᠋ᠠᠳ ᠪᠠᠶ᠋ᠢᠨ᠎ᠠ᠃ ᠳᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠥᠪᠯᠡᠯ 《ᠣᠯᠢᠮᠫᠢᠺ᠎ᠤᠨ ᠦᠨᠳᠦᠰᠦᠨ ᠲᠦᠷᠢᠮ》᠎ᠢ ᠪᠠᠲᠤ ᠰᠠᠬᠢᠨ᠂ ᠣᠯᠢᠮᠫᠢᠺ᠎ᠤᠨ ᠬᠥᠳᠡᠯᠭᠡᠭᠡᠨ᠎ᠢ ᠤᠯᠤᠰ ᠲᠥᠷᠥᠴᠢᠯᠡᠬᠦ ᠵᠢ ᠡᠰᠡᠷᠭᠦᠴᠡᠵᠦ᠂ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠦᠷᠭᠦᠯᠵᠢᠯᠡᠨ ᠨᠢᠭᠲᠠ ᠬᠠᠮᠲᠤᠷᠠᠯᠴᠠᠵᠤ᠂ ᠳᠤᠮᠳᠠᠳᠤ ᠤᠯᠤᠰ᠎ᠤᠨ ᠲᠣᠭᠲᠠᠭᠰᠠᠨ ᠬᠤᠭᠤᠴᠠᠭ᠋ᠠᠨ᠎ᠳᠠᠭᠠᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠭᠢᠯᠡᠬᠦ ᠵᠢ ᠪᠥᠬᠥ ᠬᠦᠴᠦᠨ ᠵᠶ᠋ᠠᠷ ᠳᠡᠮᠵᠢᠨ᠎ᠡ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠨᠢ ᠳᠡᠯᠡᠬᠡᠶ ᠳ᠋ᠠᠬᠢᠨ᠎ᠳᠤ ᠬᠢᠵᠢᠭ᠎ᠲᠠᠢ ᠲᠡᠮᠡᠴᠡᠬᠦ ᠥᠯᠢᠭᠡᠷ ᠳᠠᠭᠤᠷᠢᠶᠠᠯ᠎ᠤᠨ ᠬᠦᠴᠦᠨ᠎ᠢ ᠢᠯᠡᠷᠡᠭᠦᠯᠵᠦ᠂ ᠳᠡᠯᠡᠬᠡᠶ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠠᠬᠢᠭᠤᠯᠵᠤ᠂ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠦᠨ᠎ᠠ ᠭᠡᠳᠡᠭ᠎ᠢ ᠢᠲᠡᠭᠡᠵᠦ ᠪᠠᠶ᠋ᠢᠨ᠎ᠠ ᠭᠡᠵᠦ ᠢᠯᠡᠳᠭᠡᠵᠠᠢ᠃

ᠢᠷᠡᠯᠲᠡ᠄ ᠦᠪᠦᠷ ᠮᠤᠩᠭᠤᠯ᠎ᠤᠨ ᠡᠳᠦᠷ ᠦ᠋᠊ᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠨᠠᠨᠶᠠᠩ ᠬᠤᠲᠠ ᠵᠢᠨ ᠰᠢᠴᠦᠸᠠᠨ ᠰᠢᠶᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠵᠡᠷᠭᠡ ᠠᠵᠢᠯ᠎ᠢ ᠪᠠᠶ᠋ᠢᠷᠢᠯᠠᠭᠤᠯᠪᠠ
ᠯᠢ ᠺᠧ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠯᠢ ᠺᠧ ᠴᠢᠶᠠᠩ ᠮᠠᠯᠠᠶ᠋ᠢᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
 
            