ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠨᠶᠠᠩ ᠬᠤᠲᠠ ᠵᠢᠨ ᠰᠢᠴᠦᠸᠠᠨ ᠰᠢᠶᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠰᠢᠨᠵᠢᠯᠡᠨ ᠪᠠᠶ᠋ᠢᠴᠠᠭ᠋ᠠᠪᠠ
ᠨᠡᠶ᠋ᠢᠲᠡᠯᠡᠭᠰᠡᠨ ᠴᠠᠭ᠄ 2021-05-17

    13᠎ᠤ ᠡᠳᠦᠷ᠎ᠤᠨ ᠦᠳᠡ ᠵᠢᠨ ᠬᠤᠶ᠋ᠢᠨ᠎ᠠ᠂ ᠶᠡᠷᠦᠩᠬᠡᠶ ᠱᠦᠵᠢ ᠰᠢ ᠵᠢᠨ ᠫᠢᠩ ᠰᠢᠴᠦᠸᠠᠨ ᠰᠢᠶᠠᠨ᠎ᠳᠤ ᠬᠦᠷᠴᠦ᠂ ᠤᠷᠢᠳ ᠬᠤᠵᠢᠳ ᠲᠤᠤ ᠴᠠ ᠴᠢᠦᠶ ᠰᠤᠪᠠᠭ᠎ᠤᠨ ᠲᠦᠷᠦᠭᠦᠤ ᠬᠦᠢ᠍ᠰᠦ ᠪᠠᠷᠢᠯᠭ᠎ᠠ᠂ ᠳ᠋ᠠᠨ ᠵᠢᠶᠠᠩ ᠺᠸᠤ ᠤᠰᠤᠨ ᠴᠥᠭᠦᠷᠥᠮ ᠪᠣᠯᠤᠨ ᠵᠢᠦ ᠴᠦᠩ ᠪᠠᠯᠭ᠋ᠠᠰᠤᠨ᠎ᠤ ᠽᠸᠦ ᠵᠤᠸᠠᠩ ᠲᠣᠰᠬᠤᠨ᠎ᠳᠤ ᠰᠢᠨᠵᠢᠯᠡᠨ ᠪᠠᠶ᠋ᠢᠴᠠᠭ᠋ᠠᠯᠲᠠ ᠬᠢᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢᠨ ᠠᠵᠢᠯᠯᠠᠭ᠎ᠠ ᠪᠣᠯᠤᠨ ᠤᠰᠤᠨ ᠰᠤᠷᠪᠤᠯᠵᠢ ᠵᠢᠨ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠎ᠳᠤ ᠨᠡᠭᠦᠳᠡᠯ ᠠᠷᠠᠳ᠎ᠢ ᠲᠥᠪᠬᠢᠨᠡᠭᠦᠯᠬᠦ᠂ ᠤᠨᠴᠠᠯᠢᠭᠳᠤ ᠠᠵᠤ ᠦᠢ᠍ᠯᠡᠰ᠎ᠢ ᠬᠥᠭᠵᠢᠭᠦᠯᠬᠦ᠂ ᠨᠡᠭᠦᠳᠡᠯ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠵᠠᠮ ᠲᠤᠷᠰᠢ᠂ ᠰᠢ ᠵᠢᠨ ᠫᠢᠩ ᠪᠠᠰᠠ ᠲᠡᠷᠭᠡᠨ᠎ᠠᠴᠠ᠎ᠪᠠᠨ ᠪᠠᠭᠤᠵᠤ᠂ ᠪᠤᠭᠤᠳᠠᠢ ᠵᠢᠨ ᠲᠠᠷᠢᠶᠠᠨ᠎ᠳᠤ ᠣᠷᠣᠵᠤ ᠪᠤᠭᠤᠳᠠᠢ ᠵᠢᠨ ᠤᠷᠭᠤᠯᠳᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠵᠤᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠪᠠᠶ᠋ᠢᠳᠠᠯ᠎ᠢ ᠣᠶ᠋ᠢᠯᠠᠭ᠋ᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠵᠡᠷᠭᠡ ᠠᠵᠢᠯ᠎ᠢ ᠪᠠᠶ᠋ᠢᠷᠢᠯᠠᠭᠤᠯᠪᠠ
ᠯᠢ ᠺᠧ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠯᠢ ᠺᠧ ᠴᠢᠶᠠᠩ ᠮᠠᠯᠠᠶ᠋ᠢᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ
 
            