ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠵᠡᠷᠭᠡ ᠠᠵᠢᠯ᠎ᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2021-05-21

    ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
    ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠠᠵᠤ ᠠᠬᠤᠶ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠲᠤᠬᠠᠶ ᠪᠠᠶ᠋ᠢᠷᠢᠯᠠᠭᠤᠯᠪᠠ
    ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠤ ᠠᠬᠤᠶ᠋ᠢᠯᠠᠯ᠎ᠳᠤ ᠳᠥᠭᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯ᠎ᠢ ᠨᠠᠩ ᠰᠠᠶ᠋ᠢᠲᠤᠷ ᠬᠢᠬᠦ᠎ᠪᠠᠷ ᠪᠣᠢ
   《ᠭᠠᠭ᠍ᠠᠶ ᠨᠢᠲᠤᠯᠬᠤ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠪᠠ


      ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 5 ᠳ᠋ᠤᠭ᠋ᠠᠷ ᠰᠠᠷ᠎ᠠ ᠵᠢᠨ 19᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠲᠤᠬᠠᠢ ᠪᠠᠶ᠋ᠢᠷᠢᠯᠠᠭᠤᠯᠪᠠ; ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠤ ᠠᠬᠤᠶ᠋ᠢᠯᠠᠯ᠎ᠳᠤ ᠳᠥᠭᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯ᠎ᠢ ᠨᠡᠩ ᠰᠠᠶ᠋ᠢᠲᠤᠷ ᠬᠢᠬᠦ᠎ᠪᠠᠷ ᠪᠣᠢ; 《ᠭᠠᠭ᠍ᠠᠶ ᠨᠢᠲᠤᠯᠬᠤ ᠬᠠᠮᠢᠶᠠᠷᠤᠯᠲᠠ ᠵᠢᠨ ᠲᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠡᠨᠡ ᠵᠢᠯ᠎ᠠᠴᠠ ᠨᠠᠭ᠋ᠠᠰᠢ᠂ ᠭᠤᠣᠯᠳᠠᠭᠤ ᠣᠯᠠᠨ ᠤᠯᠤᠰ᠎ᠤᠨ ᠳᠠᠮᠵᠢᠭᠤᠯᠭ᠎ᠠ ᠵᠡᠷᠭᠡ ᠣᠯᠠᠨ ᠵᠦᠢ᠍ᠯ᠎ᠤᠨ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠥᠷᠭᠡᠨ ᠬᠡᠷᠡᠭᠴᠡᠭᠡᠨ᠎ᠤ ᠬᠡᠰᠡᠭ ᠲᠠᠸᠠᠷ᠎ᠤᠨ ᠦᠨ᠎ᠡ ᠦᠷᠭᠦᠯᠵᠢᠯᠡᠨ ᠥᠰᠴᠦ᠂ ᠵᠠᠷᠢᠮ ᠲᠥᠷᠥᠯ ᠵᠦᠢ᠍ᠯ᠎ᠤᠨ ᠦᠨ᠎ᠡ ᠬᠠᠩᠰᠢ ᠵᠠᠯᠭ᠋ᠠᠭ᠎ᠠ᠎ᠪᠠᠷ ᠰᠢᠨ᠎ᠡ ᠲᠡᠮᠳᠡᠭᠯᠡᠯ᠎ᠢ ᠡᠭᠦᠳᠪᠡ᠃ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠥᠰᠦᠭᠰᠡᠨ᠎ᠠᠴᠠ ᠪᠣᠯᠤᠭᠰᠠᠨ ᠨᠠᠵᠠᠭ᠋ᠠᠢ ᠨᠥᠯᠥᠭᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ᠂ ᠨᠠᠷᠢᠯᠢᠭ ᠣᠨᠣᠴᠠᠲᠠᠶ᠎ᠪᠠᠷ ᠲᠣᠬᠢᠷᠠᠭᠤᠯᠤᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠵᠠᠬ᠎ᠠ ᠳᠡᠯᠭᠡᠭᠦᠷ᠎ᠤᠨ ᠬᠤᠪᠢᠷᠠᠯᠲᠠ᠎ᠳᠤ ᠴᠢᠭᠯᠡᠭᠦᠯᠦᠨ᠂ ᠭᠤᠣᠯᠳᠠᠯᠭ᠎ᠠ ᠵᠢ ᠲᠤᠪᠤᠶ᠋ᠢᠯᠭ᠋ᠠᠨ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠨ᠂ ᠦᠨ᠎ᠡ ᠬᠠᠩᠰᠢ ᠵᠢᠨ ᠵᠤᠬᠢᠰ ᠦᠭᠡᠢ ᠥᠰᠥᠯᠲᠡ ᠵᠢ ᠬᠤᠷᠢᠭᠯᠠᠵᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠦᠭ ᠳᠠᠮᠵᠢᠭᠳᠠᠬᠤ ᠵᠢ ᠴᠢᠷᠮᠠᠶ᠋ᠢᠨ ᠰᠡᠷᠭᠡᠶ᠋ᠢᠯᠡᠬᠦ ᠬᠡᠷᠡᠭᠲᠡᠶ᠃ ᠨᠢᠭᠡ᠎ᠳᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠠᠩᠭ᠋ᠠᠯᠭ᠎ᠠ ᠬᠡᠷᠡᠭᠴᠡᠭᠡ ᠵᠢᠨ ᠬᠤᠣᠰ ᠴᠢᠭᠯᠡᠯ᠎ᠤᠨ ᠲᠣᠬᠢᠷᠠᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠬᠡᠰᠡᠭ ᠪᠤᠯᠤᠳ ᠲᠡᠮᠤᠷ᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠬᠤ ᠪᠣᠭᠤᠮᠲᠠ ᠵᠢᠨ ᠭᠠᠶ᠋ᠢᠯᠢ ᠵᠢ ᠳᠡᠭᠡᠭᠰᠢᠯᠡᠭᠦᠯᠬᠦ᠂ ᠰᠢᠷᠡᠮᠦ ᠵᠢᠴᠢ ᠬᠠᠶᠠᠭᠳᠠᠮᠠᠯ ᠪᠤᠯᠤᠳ ᠵᠡᠷᠭᠡ ᠵᠢ ᠭᠠᠳᠠᠭ᠋ᠠᠳᠤ᠎ᠠᠴᠠ ᠣᠷᠣᠭᠤᠯᠬᠤ᠎ᠳᠤ ᠲᠦᠷ ᠲᠣᠭᠲᠠᠭ᠋ᠠᠭᠰᠠᠨ ᠲᠡᠭ ᠭᠠᠶ᠋ᠢᠯᠢ ᠵᠢᠨ ᠨᠤᠷᠮ᠎ᠠ ᠵᠢ ᠬᠡᠷᠡᠭᠵᠢᠭᠦᠯᠬᠦ᠂ ᠬᠡᠰᠡᠭ ᠪᠤᠯᠤᠳ ᠲᠡᠮᠤᠷ᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠬᠤ ᠭᠠᠶ᠋ᠢᠯᠢ ᠵᠢᠨ ᠪᠤᠴᠠᠭ᠋ᠠᠯᠲᠠ ᠵᠢ ᠬᠦᠴᠦᠨ ᠦᠭᠡᠢ ᠪᠣᠯᠭ᠋ᠠᠬᠤ ᠵᠡᠷᠭᠡ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ   ᠳᠣᠲᠣᠭ᠋ᠠᠳᠤ ᠵᠢᠨ   ᠵᠠᠬ᠎ᠠ   ᠳᠡᠯᠭᠡᠭᠦᠷ ᠎ᠤᠨ   ᠬᠠᠩᠭ᠋ᠠᠯᠭ᠎ᠠ ᠵᠢ   ᠠᠬᠢᠭᠤᠯᠬᠤ ᠬᠡᠷᠡᠭᠲᠡᠢ᠃ ᠪᠦᠲᠦᠴᠡ ᠵᠢ   ᠬᠦᠴᠦᠯᠡᠨ ᠲᠣᠬᠢᠷᠠᠭᠤᠯᠵᠤ᠂ ᠡᠨᠧᠷᠭᠢ ᠵᠢᠨ ᠬᠤᠷᠣᠭᠳᠠᠭᠤᠯᠤᠯ ᠶᠡᠬᠡᠲᠡᠶ ᠲᠥᠷᠥᠯ ᠵᠦᠢ᠍ᠯ᠎ᠢ ᠬᠤᠷᠢᠭᠯᠠᠬᠤ ᠬᠡᠷᠡᠭᠲᠡᠢ᠃ ᠮᠠᠨ᠎ᠤ ᠤᠯᠤᠰ᠎ᠤᠨ ᠨᠡᠭᠦᠷᠡᠰᠦᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠤᠨ᠂ ᠭᠤᠣᠯᠳᠠᠯᠭ᠎ᠠ᠎ᠲᠠᠢ ᠨᠡᠭᠦᠷᠡᠰᠦᠨ᠎ᠤ ᠠᠵᠤ ᠠᠬᠤᠶ᠋ᠢᠯᠠᠯ᠎ᠤᠨ ᠠᠶᠤᠯ ᠦᠭᠡᠢ ᠪᠠᠶ᠋ᠢᠬᠤ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠭᠠᠷᠤᠯᠲᠠ ᠪᠠ ᠬᠠᠩᠭ᠋ᠠᠯᠭ᠎ᠠ᠎ᠪᠠᠨ ᠨᠡᠮᠡᠭᠳᠡᠭᠦᠯᠬᠦ ᠵᠢ ᠰᠢᠮᠳᠠᠭᠤᠯᠤᠨ ᠱᠠᠭ᠋ᠠᠷᠳᠠᠵᠤ᠂ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ᠂ ᠤᠰᠤᠨ ᠴᠠᠬᠢᠯᠭ᠋ᠠᠨ᠂ ᠴᠥᠮ᠎ᠡ ᠵᠢᠨ ᠴᠠᠬᠢᠯᠭ᠋ᠠᠨ ᠵᠡᠷᠭᠡ ᠵᠢᠨ ᠭᠠᠷᠭ᠋ᠠᠬᠤ ᠬᠦᠴᠦᠨ᠎ᠢ ᠨᠡᠮᠡᠭᠳᠡᠭᠦᠯᠵᠦ᠂ ᠵᠤᠨ᠎ᠤ ᠤᠷᠬᠢᠯ᠎ᠢ ᠤᠭᠲᠤᠨ ᠥᠩᠭᠡᠷᠡᠭᠡᠬᠦ ᠡᠨᠧᠷᠭᠢ ᠵᠢᠨ ᠰᠤᠷᠪᠤᠯᠵᠢ ᠵᠢᠨ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠢ᠃ ᠭᠠᠳᠠᠭ᠋ᠠᠳᠤ ᠨᠡᠭᠡᠭᠡᠯᠳᠡ ᠵᠢ ᠥᠷᠭᠡᠳᠬᠡᠬᠦ ᠵᠢ ᠪᠠᠷᠢᠮᠲᠠᠯᠠᠨ᠂ ᠥᠷᠭᠡᠨ ᠬᠡᠷᠡᠭᠴᠡᠭᠡᠨ᠎ᠤ ᠲᠠᠸᠠᠷ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠠ ᠨᠥᠭᠡᠴᠡᠯᠡᠨ ᠲᠣᠬᠢᠷᠠᠭᠤᠯᠬᠤ ᠠᠵᠢᠯ᠎ᠢ ᠴᠢᠩᠭ᠋ᠠᠳᠬᠠᠵᠤ᠂ ᠪᠣᠭᠤᠮᠲᠠ᠎ᠪᠠᠷ ᠥᠩᠭᠡᠷᠡᠬᠦ᠎ᠳᠤ ᠳᠥᠭᠦᠮ ᠦᠵᠡᠭᠦᠯᠬᠦ ᠵᠢ ᠠᠬᠢᠭᠤᠯᠵᠤ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠰᠠᠶ᠋ᠢᠲᠤᠷ ᠠᠰᠢᠭᠯᠠᠵᠤ᠂ ᠬᠠᠩᠭ᠋ᠠᠯᠭ᠎ᠠ ᠵᠢ   ᠪᠠᠲᠤᠯᠠᠵᠤ   ᠦᠨ᠎ᠡ   ᠬᠠᠩᠰᠢ ᠵᠢ   ᠲᠣᠭᠲᠠᠪᠤᠷᠢᠵᠢᠭᠤᠯᠬᠤ   ᠴᠢᠳᠠᠪᠤᠷᠢ ᠵᠢ   ᠨᠡᠮᠡᠭᠳᠡᠭᠦᠯᠬᠦ ᠬᠡᠷᠡᠭᠲᠡᠢ᠃ ᠬᠤᠶᠠᠷ᠎ᠲᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠪᠠᠳᠠᠷᠠᠭᠤᠯᠵᠤ᠂ ᠠᠵᠢᠯ ᠲᠥᠷᠥᠯ᠎ᠤᠨ᠎ᠬᠢᠨ᠎ᠤ ᠥᠪᠡᠷ᠎ᠢ᠎ᠪᠠᠨ ᠱᠠᠭ᠋ᠠᠷᠳᠠᠬᠤ᠎ᠢ ᠴᠢᠩᠭ᠋ᠠᠳᠬᠠᠬᠤ ᠬᠡᠷᠡᠭᠲᠡᠢ᠃ ᠬᠤᠭᠤᠴᠠᠭ᠋ᠠᠲᠤ ᠪᠠᠷᠠᠭ᠎ᠠ ᠪᠣᠯᠣᠨ ᠪᠡᠯᠡᠨ ᠪᠠᠷᠠᠭ᠋ᠠᠨ᠎ᠤ ᠵᠠᠬ᠎ᠠ ᠳᠡᠯᠭᠡᠭᠦᠷ᠎ᠤᠨ ᠬᠤᠯᠪᠣᠭ᠋ᠠᠯᠠᠨ ᠬᠥᠳᠡᠯᠦᠯᠴᠡᠵᠦ ᠬᠢᠨᠠᠯᠲᠠ ᠬᠠᠮᠢᠶᠠᠷᠤᠯᠲᠠ ᠬᠢᠬᠦ ᠵᠢ ᠴᠢᠩᠭ᠋ᠠᠳᠬᠠᠵᠤ᠂ ᠴᠠᠭ ᠲᠤᠬᠠᠢ᠎ᠳᠤ᠎ᠨᠢ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠵᠢ ᠲᠣᠬᠢᠷᠠᠭᠤᠯᠤᠨ ᠬᠡᠷᠡᠭᠯᠡᠵᠦ᠂ ᠬᠡᠪ᠎ᠤᠨ ᠪᠤᠰᠤ ᠠᠷᠠᠯᠵᠢᠶ᠎ᠠ ᠪᠠ ᠮᠠᠭᠤ ᠰᠠᠨᠠᠭ᠎ᠠ᠎ᠲᠠᠢ᠎ᠪᠠᠷ ᠬᠥᠭᠡᠷᠭᠡᠳᠡᠬᠦ ᠦᠢ᠍ᠯᠡ ᠠᠵᠢᠯᠯᠠᠭ᠎ᠠ ᠵᠢ ᠢᠯᠭ᠋ᠠᠨ ᠪᠠᠶ᠋ᠢᠴᠠᠭ᠋ᠠᠬᠤ ᠬᠡᠷᠡᠭᠲᠡᠢ᠃ ᠭᠠᠭᠴᠠᠭ᠋ᠠᠷ ᠡᠵᠡᠮᠰᠢᠯ᠎ᠤᠨ ᠬᠡᠯᠡᠯᠴᠡᠭᠡᠷ᠎ᠢ ᠬᠡᠷᠡᠭᠵᠢᠭᠦᠯᠬᠦ᠎ᠪᠠᠷ ᠲᠣᠭᠲᠠᠭᠰᠠᠨ᠂ ᠬᠤᠳᠠᠯ ᠬᠠᠭᠤᠷᠮᠠᠭ ᠮᠡᠳᠡᠭᠡ ᠵᠠᠩᠭᠢ ᠵᠢ ᠲᠠᠷᠬᠠᠭ᠋ᠠᠭᠰᠠᠨ᠂ ᠦᠨ᠎ᠡ ᠬᠠᠩᠰᠢ ᠵᠢ ᠲᠦᠷᠭᠢᠯᠳᠦᠨ ᠥᠰᠬᠡᠭᠰᠡᠨ ᠢᠯᠠᠩᠭᠤᠶ᠎ᠠ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠭᠰᠠᠨ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠢᠯᠡ᠎ᠪᠠᠷ ᠢᠯᠡᠴᠢᠯᠡᠬᠦ ᠬᠡᠷᠡᠭᠲᠡᠢ᠃ ᠭᠤᠷᠪᠠ᠎ᠳᠤ᠂ ᠵᠣᠭᠤᠰᠣᠨ᠎ᠤ ᠲᠦᠷᠦ ᠵᠢᠨ ᠪᠤᠳᠤᠯᠭ᠎ᠠ ᠵᠢᠨ ᠲᠣᠭᠲᠠᠭᠤᠨ ᠴᠢᠨᠠᠷ ᠪᠠ ᠠᠷᠠᠳ᠎ᠤᠨ ᠵᠣᠭᠤᠰᠣᠨ᠎ᠤ ᠭᠤᠪᠢᠭᠤᠯᠭ᠎ᠠ ᠵᠢᠨ ᠨᠤᠷᠮ᠎ᠠ ᠵᠢ ᠦᠨᠳᠦᠰᠦᠨ᠎ᠳᠤ᠎ᠪᠠᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ᠎ᠳᠤ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠵᠦᠢ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢ ᠬᠠᠪᠰᠤᠷᠴᠤ ᠪᠠᠶ᠋ᠢᠭ᠋ᠠᠳ ᠥᠪᠡᠷ᠎ᠤᠨ ᠦᠷᠳᠡᠭ ᠳᠡᠭᠡᠭᠰᠢᠯᠡᠭᠰᠡᠨ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠢ᠎ᠨᠢ ᠠᠷᠭ᠋ᠠᠴᠠᠭ᠋ᠠᠬᠤ ᠬᠡᠷᠡᠭᠲᠡᠢ᠃ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠠᠶ᠋ᠢᠯᠢ ᠵᠢ ᠬᠠᠰᠤᠵᠤ ᠬᠥᠩᠭᠡᠯᠡᠬᠦ᠂ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠳᠤ ᠰᠠᠷ᠎ᠠ᠎ᠪᠠᠷ ᠨᠢᠭᠡᠴᠢ ᠪᠣᠯᠭ᠋ᠠᠨ ᠥᠷᠲᠡᠭ ᠨᠡᠮᠡᠭᠳᠡᠯ᠎ᠤᠨ ᠭᠠᠶ᠋ᠢᠯᠢ ᠵᠢ ᠪᠦᠬᠦ ᠲᠤᠭ᠎ᠠ᠎ᠪᠠᠷ ᠪᠤᠴᠠᠭ᠋ᠠᠵᠤ ᠪᠠᠶ᠋ᠢᠭ᠋ᠠᠳ ᠦᠯᠡᠳᠡᠭᠡᠨ ᠲᠤᠯᠭ᠋ᠠᠬᠤ ᠭᠠᠶ᠋ᠢᠯᠢ ᠵᠢᠨ ᠬᠡᠮᠵᠢᠶ᠎ᠡ ᠵᠢ ᠨᠡᠮᠡᠭᠳᠡᠭᠦᠯᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠭᠦᠢ᠍ᠴᠡᠳᠬᠡᠬᠦ ᠭᠠᠷᠳᠠᠮ᠎ᠢ ᠴᠤᠮᠬᠠᠳᠬᠠᠬᠤ ᠬᠡᠷᠡᠭᠲᠡᠢ᠃ ᠰᠢᠭᠤᠳ ᠬᠦᠷᠬᠦ ᠵᠣᠭᠤᠰᠣᠨ᠎ᠤ ᠲᠦᠷᠦ ᠵᠢᠨ ᠪᠤᠳᠤᠯᠭ᠎ᠠ ᠵᠢᠨ ᠪᠠᠭ᠋ᠠᠵᠢ ᠵᠢ ᠰᠠᠶ᠋ᠢᠲᠤᠷ ᠬᠡᠷᠡᠭᠵᠢᠭᠦᠯᠵᠦ᠂ ᠲᠠᠬᠢᠨ ᠵᠢᠭᠡᠯᠡᠭᠦᠯᠬᠦ ᠲᠠᠬᠢᠨ ᠪᠡᠯᠡᠨ ᠵᠣᠭᠤᠰ ᠥᠭᠬᠦ ᠵᠢ ᠳᠡᠮᠵᠢᠬᠦ ᠲᠦᠭᠡᠮᠡᠯ ᠬᠠᠷᠠᠭ᠋ᠠᠯᠵᠠᠯᠳᠤ ᠮᠥᠩᠭᠦᠨ ᠭᠦᠢ᠍ᠯᠭᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠂ ᠳᠠᠭ᠋ᠠᠭ᠋ᠠᠯᠲᠠ ᠬᠢᠬᠦ᠂ ᠰᠦᠢ᠍ᠳᠬᠡᠯ᠎ᠢ ᠪᠠᠭᠤᠷᠠᠭᠤᠯᠬᠤ᠂ ᠱᠠᠩᠨᠠᠯ ᠨᠥᠬᠦᠪᠥᠷᠢ ᠥᠭᠬᠦ ᠵᠡᠷᠭᠡ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠠᠩᠬᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠢᠲᠡᠭᠡᠮᠵᠢᠲᠦ ᠵᠢᠭᠡᠯᠡᠯᠭᠡ ᠵᠢ ᠥᠷᠭᠡᠳᠬᠡᠬᠦ ᠬᠡᠷᠡᠭᠲᠡᠢ ᠭᠡᠵᠡᠢ᠃
    ᠬᠤᠷᠠᠯ᠎ᠠᠴᠠ ᠵᠢᠭ᠋ᠠᠬᠤ᠎ᠳᠤ᠎ᠪᠠᠨ᠂ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠪᠣᠯ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠤᠢ ᠪᠣᠯᠭ᠋ᠠᠬᠤ ᠴᠢᠬᠤᠯᠠ ᠠᠷᠭ᠎ᠠ ᠬᠡᠮᠵᠢᠶ᠎ᠡ ᠪᠠᠶ᠋ᠢᠵᠤ᠂ ᠡᠨᠡ᠎ᠨᠢ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠶ᠋ᠢᠯᠠᠯ ᠪᠠ ᠠᠷᠠᠳ᠎ᠲᠤ ᠨᠡᠩ ᠲᠦᠬᠦᠮ ᠦᠵᠡᠭᠦᠯᠵᠦ ᠠᠰᠢᠭ ᠬᠦᠷᠲᠡᠭᠡᠬᠦ᠎ᠳᠤ ᠠᠰᠢᠭᠲᠠᠢ ᠶᠤᠮ᠃ ᠨᠢᠭᠡ᠎ᠳᠤ᠂ ᠠᠯᠪᠠᠨ ᠭᠡᠷᠡᠴᠢᠯᠡᠭᠡ ᠵᠢᠨ ᠭᠡᠷᠡᠴᠢᠯᠡᠬᠦ ᠮᠠᠲ᠋ᠧᠷᠢᠶᠠᠯ᠎ᠢ ᠴᠣᠮᠬᠠᠳᠬᠠᠵᠤ᠂ ᠵᠢᠯ᠎ᠤᠨ ᠡᠴᠦᠰ᠎ᠠᠴᠠ ᠡᠮᠦᠨ᠎ᠡ ᠭᠡᠷᠡᠴᠢᠯᠡᠬᠦ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠨ ᠲᠦᠷᠢᠮ᠂ ᠨᠢᠭᠡ ᠯᠡ ᠤᠳᠠᠭ᠎ᠠ᠎ᠳᠤ ᠮᠡᠳᠡᠭᠳᠡᠬᠦ ᠲᠦᠷᠢᠮ᠎ᠢ ᠨᠡᠶ᠋ᠢᠳᠡᠮ ᠬᠡᠷᠡᠭᠵᠢᠭᠦᠯᠬᠦ ᠬᠡᠷᠡᠭᠲᠡᠶ᠃ ᠬᠤᠪᠢ ᠬᠥᠮᠦᠨ᠎ᠤ ᠬᠦᠴᠦᠨ ᠪᠥᠬᠦᠶ ᠭᠡᠷᠡᠴᠢ ᠦᠨᠡᠮᠯᠡᠯ ᠵᠶ᠋ᠠᠷ ᠭᠡᠷᠡᠴᠢᠯᠡᠬᠦ ᠪᠤᠶᠤ ᠰᠠᠯᠠᠭ᠎ᠠ ᠮᠥᠴᠢᠷ᠎ᠤᠳ ᠬᠤᠭᠤᠷᠤᠨᠳᠤ᠎ᠪᠠᠨ ᠮᠡᠳᠡᠭᠡ ᠵᠠᠩᠭᠢ᠎ᠪᠠᠨ ᠬᠠᠮᠲᠤ᠎ᠪᠠᠷ ᠬᠤᠪᠢᠶᠠᠯᠴᠠᠬᠤ᠎ᠪᠠᠷ ᠳᠡᠮᠵᠢᠨ ᠬᠠᠷᠭᠤᠭᠤᠯᠤᠨ ᠪᠠᠶ᠋ᠢᠴᠠᠭ᠋ᠠᠵᠤ ᠪᠣᠯᠬᠤ ᠭᠡᠷᠡᠴᠢ ᠮᠠᠲ᠋ᠧᠷᠢᠶᠠᠯ ᠪᠦᠬᠦᠨ᠎ᠢ ᠲᠤᠬᠠᠶ ᠵᠢᠨ ᠬᠥᠮᠦᠨ ᠵᠶ᠋ᠠᠷ ᠳᠠᠪᠬᠤᠷᠳᠠᠭᠤᠯᠤᠨ ᠬᠠᠩᠭ᠋ᠠᠯᠭ᠋ᠠᠵᠤ ᠪᠣᠯᠬᠤ ᠥᠬᠡᠶ᠃ ᠠᠵᠤ ᠠᠬᠤᠶ᠋ᠢᠯᠠᠯ ᠪᠠ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠨᠢᠭᠲᠠ ᠬᠤᠯᠪᠣᠭ᠎ᠠ᠎ᠲᠠᠢ᠂ ᠬᠡᠷᠡᠭᠯᠡᠬᠦ ᠳᠠᠪᠲᠠᠮᠵᠢ ᠨᠡᠯᠢᠶᠡᠳ ᠥᠨᠳᠥᠷ ᠠᠯᠪᠠᠨ ᠭᠡᠷᠡᠴᠢᠯᠡᠭᠡ᠎ᠪᠠᠷ ᠭᠡᠷᠡᠴᠢᠯᠡᠬᠦ ᠵᠦᠢ᠍ᠯᠡᠰ᠎ᠲᠤ ᠮᠡᠳᠡᠭᠳᠡᠨ ᠠᠮᠠᠯᠠᠯᠲᠠ ᠬᠢᠬᠦ ᠲᠦᠷᠢᠮ᠎ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠬᠤᠶᠠᠷ᠎ᠲᠤ᠂ ᠠᠯᠪᠠᠨ ᠭᠡᠷᠡᠴᠢᠯᠡᠭᠡ᠎ᠪᠠᠷ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡ ᠵᠢ ᠲᠡᠭᠦᠯᠳᠡᠷᠵᠢᠭᠦᠯᠬᠦ ᠬᠡᠷᠡᠭᠲᠡᠶ᠃ ᠨᠡᠩ ᠤᠯᠠᠨ ᠠᠯᠪᠠᠨ ᠭᠡᠷᠡᠴᠢᠯᠡᠭᠡ ᠵᠢᠨ ᠵᠦᠢ᠍ᠯᠡᠰ᠎ᠢ 《ᠪᠦᠬᠦ ᠮᠤᠵᠢ᠎ᠳᠤ ᠨᠡᠶ᠋ᠢᠳᠡᠮ ᠭᠦᠢ᠍ᠴᠡᠳᠬᠡᠬᠦ》 ᠵᠢ ᠠᠬᠢᠭᠤᠯᠬᠤ ᠬᠡᠷᠡᠭᠲᠡᠢ᠃ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ ᠪᠠ ᠵᠢᠯᠣᠭᠤᠴᠢ ᠵᠢᠨ ᠦᠨᠡᠮᠯᠡᠯ ᠵᠡᠷᠭᠡ ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠵᠦᠢ᠍ᠯᠡᠰ᠎ᠲᠤ ᠪᠥᠬᠦ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ᠂ 《ᠨᠢᠭᠡ ᠯᠠ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠠᠯᠪᠠᠨ ᠭᠡᠷᠡᠴᠢᠯᠡᠭᠡ ᠵᠢᠨ 《ᠰᠠᠭ᠋ᠠᠳ ᠥᠬᠡᠶ ᠨᠡᠪᠲᠡᠷᠡᠬᠦ ᠵᠠᠮ》 ᠭᠠᠷᠭ᠋ᠠᠵᠤ᠂ ᠪᠠᠯᠠ ᠲᠣᠬᠢᠷᠠᠭᠤᠯᠭ᠎ᠠ ᠵᠢ ᠥᠷᠭᠡᠳᠬᠡᠬᠦ᠂ ᠪᠠᠯᠠ ᠮᠥᠩᠭᠦ ᠵᠢᠨ ᠡᠷᠭᠢᠯᠲᠡ ᠵᠢ ᠥᠷᠭᠡᠳᠬᠡᠬᠦ ᠵᠡᠷᠭᠡ ᠵᠦᠢ᠍ᠯᠡᠰ᠎ᠲᠤ 《ᠨᠢᠭᠡᠳ ᠨᠢᠭᠡ᠎ᠪᠠᠷ ᠳᠠᠭ᠋ᠠᠭ᠋ᠠᠨ ᠠᠪᠬᠤ》 ᠦᠢ᠍ᠯᠡᠴᠢᠯᠡᠭᠡ ᠵᠢ ᠬᠡᠷᠡᠭᠵᠢᠭᠦᠯᠬᠦ ᠬᠡᠷᠡᠭᠲᠡᠢ᠃ ᠭᠤᠷᠪᠠ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠠᠯᠪᠠᠨ ᠭᠡᠷᠡᠴᠢᠯᠡᠭᠡ ᠵᠢᠨ   ᠰᠦᠢ᠍ᠳᠬᠡᠯ   ᠬᠤᠷᠢᠶᠠᠭᠰᠠᠨ   ᠪᠠ   《ᠡᠭᠦᠳᠡ ᠣᠷᠣᠬᠤ᠎ᠳᠤ ᠬᠦᠴᠢᠷᠲᠡᠢ᠂ ᠤᠴᠢᠷ ᠰᠢᠢ᠍ᠳᠪᠦᠷᠢᠯᠡᠬᠦ᠎ᠳᠤ ᠪᠡᠷᠬᠡᠲᠡᠢ᠂ ᠣᠪᠣᠷ ᠰᠤᠷᠲᠠᠯ ᠪᠠᠷᠤᠭᠲᠠᠶ》 ᠵᠡᠷᠭᠡ ᠠᠰᠠᠭᠤᠳᠠᠯ᠎ᠢ ᠴᠡᠭᠴᠡᠯᠡᠨ ᠵᠠᠰᠠᠵᠤ᠂ ᠠᠯᠪᠠᠨ ᠭᠡᠷᠡᠴᠢᠯᠡᠭᠡ ᠵᠢ ᠬᠠᠭᠤᠷᠮᠠᠭ ᠵᠶ᠋ᠠᠷ ᠵᠣᠬᠢᠶᠠᠭᠰᠠᠨ ᠶᠠᠪᠤᠳᠠᠯ᠎ᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠠᠵᠢᠯ ᠡᠷᠬᠢᠯᠡᠭᠰᠡᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠬᠡᠷᠡᠭᠲᠡᠢ ᠭᠡᠵᠡᠢ᠃
      ᠬᠤᠷᠠᠯ᠎ᠠᠴᠠ 《ᠭᠠᠭ᠍ᠠᠢ ᠨᠢᠲᠤᠯᠬᠤ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠵᠤ᠂ ᠭᠠᠭ᠍ᠠᠢ ᠵᠢᠨ ᠲᠥᠭᠦᠬᠡᠢ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠵᠤ᠂ ᠤᠯᠠᠨ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠬᠤ ᠵᠢ ᠠᠬᠢᠭᠤᠯᠪᠠ᠃  

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠯᠢ ᠺᠧ ᠴᠢᠶᠠᠩ ᠮᠠᠯᠠᠶ᠋ᠢᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠧ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
 
            