ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-05-24

    ᠲᠥᠷᠥ ᠵᠢᠨ ᠶᠠᠪᠤᠳᠠᠯ᠎ᠤᠨ ᠬᠤᠷᠢᠶᠠᠨ᠎ᠤ   ᠶᠡᠷᠦᠩᠬᠡᠶ   ᠰᠠᠶ᠋ᠢᠳ   ᠯᠢ ᠺᠧ ᠴᠢᠶᠠᠩ  5   ᠳ᠋ᠤᠭ᠋ᠠᠷ   ᠰᠠᠷ᠎ᠠ ᠵᠢᠨ 20᠎ᠤ ᠡᠳᠦᠷ᠎ᠤᠨ ᠦᠳᠡ ᠵᠢᠨ   ᠡᠮᠦᠨ᠎ᠡ   ᠵᠥᠩ ᠨᠠᠨ ᠬᠠᠶ ᠵᠢᠨ   ᠽᠢ ᠭᠤᠸᠠᠩ ᠭᠧ᠎ᠳᠤ   ᠫᠠᠺᠢᠰᠲ᠋ᠠᠨ᠎ᠤ   ᠶᠡᠷᠦᠩᠬᠡᠶ   ᠰᠠᠶ᠋ᠢᠳ ᠢᠮᠦᠯᠠᠨ · ᠬᠠᠨ᠎ᠲᠠᠢ ᠪᠣᠯᠵᠤᠭ᠎ᠠ ᠶᠣᠰᠣᠭ᠋ᠠᠷ ᠤᠲᠠᠰᠤ᠎ᠪᠠᠷ ᠶᠠᠷᠢᠯᠴᠠᠪᠠ᠃


    ᠯᠢ ᠺᠧ ᠴᠢᠶᠠᠩ ᠢᠯᠡᠷᠬᠡᠶ᠋ᠢᠯᠡᠬᠦ᠎ᠳᠤ᠎ᠪᠠᠨ᠂ ᠳᠤᠮᠳᠠᠳᠤ ᠫᠠᠺᠢᠰᠲ᠋ᠠᠨ᠎ᠤ ᠨᠥᠬᠦᠷᠯᠡᠯ ᠥᠨᠢ ᠤᠳᠠᠭ᠋ᠠᠨ ᠲᠡᠦᠬᠡ᠎ᠲᠠᠢ ᠶᠤᠮ᠃ ᠮᠠᠷᠭ᠋ᠠᠰᠢ ᠪᠣᠯ ᠬᠤᠶᠠᠷ ᠤᠯᠤᠰ᠎ᠤᠨ ᠭᠠᠳᠠᠭ᠋ᠠᠳᠤ ᠬᠠᠷᠢᠴᠠᠭ᠎ᠠ ᠪᠠᠶ᠋ᠢᠭᠤᠯᠤᠭᠰᠠᠨ 70 ᠵᠢᠯ᠎ᠤᠨ ᠤᠢ ᠵᠢᠨ ᠳᠤᠷᠠᠰᠬᠠᠯ᠎ᠤᠨ ᠡᠳᠦᠷ ᠪᠠᠶ᠋ᠢᠵᠤ᠂ ᠰᠢ ᠵᠢᠨ ᠫᠢᠩ ᠲᠡᠷᠢᠭᠦᠯᠡᠭᠴᠢ ᠪᠣᠯᠤᠨ ᠠᠷᠸᠢ ᠶᠡᠷᠦᠩᠬᠡᠶ᠋ᠢᠯᠡᠭᠴᠢ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠬᠤ ᠪᠣᠯᠣᠨ᠎ᠠ᠃ ᠬᠤᠶᠠᠷ ᠲᠠᠯ᠎ᠠ᠎ᠪᠠᠷ ᠵᠶ᠋ᠠᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠪᠠᠲᠤᠯᠠᠵᠤ᠂ ᠪᠠᠶ᠋ᠢᠯᠳᠤᠬᠤ ᠪᠤᠳᠤᠯᠭ᠎ᠠ ᠵᠢᠨ ᠤᠯᠤᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠫᠠᠺᠢᠰᠲ᠋ᠠᠨ᠎ᠤ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠴᠠᠭ᠎ᠠ ᠪᠣᠯᠬᠤ ᠡᠨᠡ ᠬᠦ᠌ ᠡᠷᠬᠢᠮ ᠨᠠᠨᠳᠢᠨ ᠡᠳ᠋ ᠬᠦᠷᠦᠩᠭᠡ ᠵᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ ᠵᠢ ᠬᠦᠰᠡᠵᠦ ᠪᠠᠶ᠋ᠢᠨ᠎ᠠ ᠭᠡᠵᠡᠢ᠃
    ᠬᠤᠶᠠᠷ ᠤᠯᠤᠰ᠎ᠤᠨ ᠶᠡᠷᠦᠩᠬᠡᠶ ᠰᠠᠶ᠋ᠢᠳ ᠭᠤᠣᠯᠳᠠᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠤᠬᠠᠶ ᠰᠠᠨᠠᠯ ᠰᠣᠯᠢᠯᠴᠠᠪᠠ᠃ ᠯᠢ ᠺᠧ ᠴᠢᠶᠠᠩ ᠵᠢᠭ᠋ᠠᠬᠤ᠎ᠳᠤ᠎ᠪᠠᠨ᠂ ᠣᠳᠣᠬᠠᠨ᠎ᠳᠤ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠳᠡᠯᠡᠬᠡᠶ ᠵᠢᠨ ᠬᠡᠪᠴᠢᠶᠡᠨ᠎ᠳᠤ ᠥᠷᠪᠢᠰᠴᠦ ᠪᠠᠶ᠋ᠢᠨ᠎ᠠ᠂ ᠬᠥᠮᠦᠨ ᠲᠥᠷᠥᠯᠬᠢᠲᠡᠨ᠎ᠤ ᠬᠠᠮᠲᠤ ᠵᠢᠨ ᠳᠠᠶ᠋ᠢᠰᠤᠨ ᠪᠣᠯᠬᠤ ᠸᠢᠷᠦ᠋ᠰ᠎ᠤᠨ ᠡᠮᠦᠨ᠎ᠡ᠂ ᠳᠡᠯᠡᠬᠡᠶ ᠨᠡᠶ᠋ᠢᠲᠡ᠎ᠪᠠᠷ ᠵᠶ᠋ᠠᠨ   ᠬᠠᠮᠲᠤᠷᠠᠯᠴᠠᠨ ᠪᠦᠯᠬᠦᠮᠳᠡᠬᠦ᠎ᠪᠠᠷ ᠳᠠᠮᠵᠢᠭᠤᠯᠤᠨ ᠥᠷᠢᠰᠥᠯᠳᠦᠭᠡᠨ᠎ᠢ ᠠᠷᠭ᠋ᠠᠴᠠᠭ᠋ᠠᠬᠤ ᠬᠡᠷᠡᠭᠲᠡᠶ᠃ ᠫᠠᠺᠢᠰᠲ᠋ᠠᠨ᠎ᠤ ᠲᠠᠯ᠎ᠠ ᠵᠢᠨ᠎ᠬᠢᠨ᠎ᠤ ᠬᠢᠵᠢᠭ᠎ᠢ ᠡᠰᠡᠷᠭᠦᠴᠡᠬᠦ ᠠᠵᠢᠯᠯᠠᠭ᠎ᠠ᠎ᠳᠤ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠴᠢᠳᠠᠯ᠎ᠤᠨ ᠬᠢᠷᠢ᠎ᠪᠠᠷ ᠵᠶ᠋ᠠᠨ ᠳᠡᠮᠵᠢᠯᠭᠡ ᠦᠵᠡᠭᠦᠯᠦᠨ᠎ᠡ ᠭᠡᠵᠡᠢ᠃


    ᠢᠮᠦᠯᠠᠨ · ᠬᠠᠨ ᠢᠯᠡᠷᠬᠡᠶ᠋ᠢᠯᠡᠬᠦ᠎ᠳᠤ᠎ᠪᠠᠨ᠂ ᠫᠠᠺᠢᠰᠲ᠋ᠠᠨ᠎ᠤ ᠲᠠᠯ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠵᠢᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠴᠢᠩᠭ᠋ᠠᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ᠎ᠪᠠᠨ ᠠᠬᠢᠭᠤᠯᠬᠤ ᠵᠢ ᠬᠦᠰᠡᠵᠦ ᠪᠠᠶ᠋ᠢᠨ᠎ᠠ᠃ ᠣᠳᠣᠬᠠᠨ᠎ᠤ ᠪᠠᠶ᠋ᠢᠳᠠᠯ ᠳᠣᠣᠷ᠎ᠠ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠣᠨᠴᠠᠭ᠋ᠠᠶ᠋ᠢᠯᠠᠨ ᠬᠦᠰᠡᠵᠦ ᠪᠠᠶ᠋ᠢᠨ᠎ᠠ᠃ ᠫᠠᠺᠢᠰᠲ᠋ᠠᠨ᠎ᠤ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠬᠤᠶᠠᠷ ᠤᠯᠤᠰ᠎ᠤᠨ ᠬᠠᠷᠢᠴᠠᠭ᠎ᠠ ᠵᠢ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠭᠡᠯ ᠭᠠᠷᠭ᠋ᠠᠨ᠎ᠠ ᠭᠡᠵᠡᠢ᠃
    ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠮᠠᠯᠠᠶ᠋ᠢᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠧ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
 
            