ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠮᠠᠯᠠᠶ᠋ᠢᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2021-05-25

    ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 5 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨ᠎ᠡ ᠵᠥᠩ ᠨᠠᠨ ᠬᠠᠶ ᠵᠢᠨ ᠽᠢ ᠭᠤᠸᠠᠩ ᠭᠧ᠎ᠳᠤ ᠮᠠᠯᠠᠶ᠋ᠢᠰᠢᠶ᠎ᠠ ᠵᠢᠨ ᠶᠡᠷᠦᠩᠬᠡᠶ ᠰᠠᠶ᠋ᠢᠳ ᠮᠦᠰᠢᠳᠢᠨ᠎ᠲᠠᠢ ᠸᠢᠳᠢᠤ᠋ ᠠᠭᠤᠯᠵᠠᠯᠲᠠ ᠬᠢᠪᠡ᠃


    ᠬᠤᠶᠠᠷ ᠤᠯᠤᠰ᠎ᠤᠨ ᠶᠡᠷᠦᠩᠬᠡᠶ ᠰᠠᠶ᠋ᠢᠳ ᠳᠤᠮᠳᠠᠳᠤ ᠮᠠᠯᠠᠶ᠋ᠢᠰᠢᠶ᠎ᠠ ᠵᠢᠨ ᠬᠠᠷᠢᠴᠠᠭ᠎ᠠ ᠪᠣᠯᠤᠨ ᠬᠠᠮᠲᠤᠷᠠᠯᠴᠠᠭ᠎ᠠ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠡᠰᠡᠷᠭᠦᠴᠡᠬᠦ ᠲᠠᠯ᠎ᠠ᠎ᠪᠠᠷ᠎ᠬᠢ ᠣᠯᠠᠨ ᠤᠯᠤᠰ᠎ᠤᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠰᠠᠨᠠᠯ ᠵᠶ᠋ᠠᠨ ᠭᠦᠨᠵᠡᠭᠡᠶ ᠰᠣᠯᠢᠯᠴᠠᠪᠠ᠃ ᠯᠢ ᠺᠧ ᠴᠢᠶᠠᠩ ᠢᠯᠡᠷᠬᠡᠶ᠋ᠢᠯᠡᠬᠦ᠎ᠳᠤ᠎ᠪᠠᠨ᠂ ᠳᠤᠮᠳᠠᠳᠤ ᠮᠠᠯᠠᠶ᠋ᠢᠰᠢᠶ᠎ᠠ ᠳᠠᠯᠠᠢ ᠠᠯᠤᠰᠯᠠᠨ   ᠬᠠᠷᠢᠯᠴᠠᠨ   ᠪᠠᠷᠠᠯᠠᠯᠴᠠᠵᠤ᠂   ᠤᠯᠠᠮᠵᠢᠯᠠᠯᠲᠤ   ᠨᠥᠬᠦᠷᠰᠡᠭ   ᠬᠠᠷᠢᠴᠠᠭ᠎ᠠ ᠎ᠪᠠᠨ   ᠤᠷᠳᠤ   ᠬᠤᠭᠤᠴᠠᠭ᠎ᠠ᠎ᠪᠠᠷ ᠪᠠᠷᠢᠮᠲᠠᠯᠠᠵᠤ᠂ ᠭᠠᠵᠠᠷ ᠣᠷᠣᠨ᠎ᠤ ᠠᠮᠤᠷ ᠲᠣᠭᠲᠠᠭᠤᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠣᠳᠣᠬᠠᠨ᠎ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠳᠡᠯᠡᠬᠡᠢ ᠵᠢᠨ ᠬᠡᠪᠴᠢᠶᠡᠨ᠎ᠳᠤ ᠥᠷᠪᠢᠰᠦᠨ ᠳᠡᠯᠭᠡᠷᠡᠭᠰᠡᠭᠡᠷ ᠪᠠᠶ᠋ᠢᠨ᠎ᠠ᠂ ᠬᠡᠨ ᠴᠦ᠍ ᠭᠡᠳ ᠵᠥᠪᠬᠡᠨ ᠥᠪᠡᠷ᠎ᠤᠨ ᠪᠡᠶ᠎ᠡ᠎ᠪᠠᠨ ᠯᠡ ᠪᠣᠳᠣᠯᠬᠢᠯᠠᠵᠤ ᠴᠢᠳᠠᠬᠤ ᠦᠭᠡᠢ ᠶᠤᠮ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠪᠠᠯ ᠵᠣᠬᠢᠨ᠎ᠠ᠃ ᠮᠠᠯᠠᠶ᠋ᠢᠰᠢᠶ᠎ᠠ ᠪᠣᠯ ᠳᠤᠮᠳᠠᠳᠤ ᠤᠯᠤᠰ᠎ᠯᠤᠭ᠎ᠠ ᠵᠠᠰᠠᠭ᠎ᠤᠨ ᠣᠷᠳᠣᠨ᠎ᠤ ᠬᠤᠭᠤᠷᠣᠨᠳᠣᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ ᠪᠠ ᠸᠠᠺᠼᠢᠨ᠎ᠤ ᠲᠠᠷᠢᠯᠭ᠎ᠠ ᠵᠢᠨ ᠬᠠᠷᠢᠯᠴᠠᠨ ᠬᠠᠷᠠᠭ᠋ᠠᠯᠵᠠᠬᠤ ᠲᠤᠬᠢᠷᠠᠭᠤᠯᠤᠯᠲᠠ ᠲᠤᠬᠢᠷᠠᠯᠴᠠᠭᠰᠠᠠ ᠠᠩᠬᠠᠳᠠᠭᠴᠢ ᠤᠯᠤᠰ ᠪᠣᠯᠤᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ᠎ᠤ ᠸᠠᠺᠼᠢᠨ᠎ᠤ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠦ᠂ ᠬᠤᠶᠠᠷ ᠤᠯᠤᠰ᠎ᠤᠨ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ ᠪᠣᠯᠤᠨ ᠬᠢᠵᠢᠭ᠎ᠢ ᠰᠡᠷᠭᠡᠶ᠋ᠢᠯᠡᠬᠦ ᠲᠤᠰᠬᠠᠶ ᠮᠡᠷᠭᠡᠵᠢᠯᠲᠡᠳ᠎ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠲᠤᠷᠰᠢᠯᠭ᠎ᠠ᠎ᠪᠠᠨ ᠬᠤᠪᠢᠶᠠᠯᠴᠠᠬᠤ ᠵᠢ ᠳᠡᠮᠵᠢᠵᠦ᠂ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ ᠮᠠᠯᠠᠶ᠋ᠢᠰᠢᠶ᠎ᠠ᠎ᠳᠤ ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠳ᠎ᠲᠤ ᠡᠷᠲᠡ ᠨᠢᠭᠡᠨ ᠡᠳᠦᠷ ᠸᠠᠺᠼᠢᠨ ᠲᠠᠷᠢᠬᠤ ᠵᠢ ᠪᠠᠲᠤᠯᠠᠬᠤ ᠵᠢ ᠬᠦᠰᠡᠵᠦ ᠪᠠᠶ᠋ᠢᠨ᠎ᠠ ᠭᠡᠵᠡᠢ᠃


    ᠯᠢ ᠺᠧ ᠴᠢᠶᠠᠩ ᠵᠢᠭ᠋ᠠᠬᠤ᠎ᠳᠤ᠎ᠪᠠᠨ᠂ ᠬᠡᠳᠦ᠋ᠢ᠍ᠪᠡᠷ ᠬᠢᠵᠢᠭ᠎ᠤᠨ ᠲᠠᠭ᠋ᠠᠷᠢᠯᠳᠠ᠎ᠳᠤ ᠤᠴᠠᠷᠠᠭᠰᠠᠨ ᠪᠣᠯᠪᠠᠴᠤ᠂ ᠳᠤᠮᠳᠠᠳᠤ ᠮᠠᠯᠠᠶ᠋ᠢᠰᠢᠶ᠎ᠠ ᠵᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠤᠷᠤᠰᠬᠠᠯ ᠰᠥᠷᠥᠨ ᠨᠡᠮᠡᠭᠳᠡᠵᠦ᠂ ᠬᠤᠶᠠᠷ ᠲᠠᠯ᠎ᠠ ᠵᠢᠨ ᠠᠰᠢᠭ   ᠲᠤᠰᠠ ᠵᠢᠨ   ᠨᠢᠭᠲᠠ   ᠬᠤᠯᠪᠣᠭ᠋ᠠᠰᠤ   ᠪᠣᠯᠤᠨ   ᠬᠠᠮᠲᠤᠷᠠᠯᠴᠠᠭ᠎ᠠ ᠵᠢᠨ   ᠬᠠᠷᠢᠯᠴᠠᠨ ᠨᠥᠬᠦᠪᠥᠷᠢᠯᠡᠬᠦ ᠴᠢᠨᠠᠷ᠎ᠢ ᠢᠯᠡᠷᠡᠭᠦᠯᠪᠡ᠃ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ᠎ᠲᠠᠢ ᠠᠵᠤ ᠠᠬᠤᠢ ᠠᠷᠠᠯᠵᠢᠶᠠᠨ᠎ᠤ ᠪᠡᠯᠡ ᠲᠣᠬᠢᠷᠠᠭᠤᠯᠤᠯᠲᠠ᠂ ᠲᠣᠭ᠋ᠠᠴᠢᠯᠠᠭᠰᠠᠨ ᠠᠵᠤ ᠠᠬᠤᠢ᠂ ᠦᠢ᠍ᠯᠡᠳᠭᠡᠯ᠎ᠤᠨ ᠦᠢ᠍ᠯᠡᠰ᠂ ᠬᠥᠳᠡᠭᠡ ᠠᠵᠤ ᠠᠬᠤᠢ᠂ ᠳᠠᠯᠠᠢ ᠳᠡᠭᠡᠷᠡᠬᠢ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠲᠦᠷᠢᠮ ᠪᠣᠯᠤᠨ ᠬᠤᠳᠠᠯᠳᠤᠭ᠋ᠠᠨ᠎ᠤ ᠵᠠᠷᠴᠢᠮ ᠶᠣᠰᠣᠭ᠋ᠠᠷ ᠮᠠᠯᠠᠶ᠋ᠢᠰᠢᠶ᠎ᠠ᠎ᠳᠤ ᠬᠦᠷᠴᠦ ᠪᠡᠯᠡ ᠲᠣᠬᠢᠷᠠᠭᠤᠯᠬᠤ ᠵᠢ ᠵᠣᠷᠢᠭᠵᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠨᠡᠩ ᠰᠠᠶ᠋ᠢᠲᠤᠷ ᠪᠡᠶᠡᠯᠡᠭᠦᠯᠦᠨ᠎ᠡ ᠭᠡᠵᠡᠢ᠃


    ᠮᠦᠰᠢᠳᠢᠨ ᠢᠯᠡᠷᠬᠡᠶ᠋ᠢᠯᠡᠬᠦ᠎ᠳᠤ᠎ᠪᠠᠨ᠂ ᠮᠠᠯᠠᠶ᠋ᠢᠰᠢᠶ᠎ᠠ ᠳᠤᠮᠳᠠᠳᠤ ᠵᠢᠨ ᠤᠯᠠᠮᠵᠢᠯᠠᠯᠲᠤ ᠨᠥᠬᠦᠷᠯᠡᠯ᠎ᠨᠢ ᠬᠤᠶᠠᠷ ᠤᠯᠤᠰ ᠪᠣᠯᠤᠨ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠵᠢᠷᠭ᠋ᠠᠯ᠎ᠢ ᠠᠪᠴᠢᠷᠠᠪᠠ᠃ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠳᠤᠮᠳᠠᠳᠤ ᠵᠢᠨ ᠲᠠᠯ᠎ᠠ᠎ᠯᠤᠭ᠎ᠠ ᠵᠢᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ ᠵᠢ ᠡᠷᠡᠰ ᠳᠡᠮᠵᠢᠬᠦ ᠵᠢᠨ ᠬᠠᠮᠲᠤ ᠳᠤᠷᠠᠲᠠᠶ᠎ᠠ ᠤᠯᠠᠮ ᠴᠢᠨᠠᠭᠰᠢᠳᠠ ᠭᠦᠨᠵᠡᠭᠡᠶ᠋ᠢᠷᠡᠭᠦᠯᠦᠨ᠎ᠡ᠃ ᠪᠢᠳᠡ ᠳᠤᠷᠠᠲᠠᠶ᠎ᠠ ᠳᠤᠮᠳᠠᠳᠤ ᠵᠢᠨ ᠲᠠᠯ᠎ᠠ ᠵᠢᠨ᠎ᠬᠢᠨ᠎ᠲᠠᠢ ᠠᠵᠤ ᠠᠬᠤᠢ ᠠᠷᠠᠯᠵᠢᠶᠠᠨ᠎ᠤ ᠪᠡᠯᠡ ᠲᠣᠬᠢᠷᠠᠭᠤᠯᠤᠯᠲᠠ᠂ ᠲᠣᠭ᠋ᠠᠴᠢᠯᠠᠭᠰᠠᠨ ᠠᠵᠤ ᠠᠬᠤᠢ᠂ ᠳᠡᠭᠡᠳᠦ ᠰᠢᠨ᠎ᠡ ᠮᠡᠷᠭᠡᠵᠢᠯ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠂ ᠬᠥᠳᠡᠭᠡ ᠠᠵᠤ ᠠᠬᠤᠢ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠮᠠᠯᠠᠶ᠋ᠢᠰᠢᠶ᠎ᠠ᠎ᠳᠤ ᠢᠷᠡᠵᠦ ᠪᠡᠯᠡ ᠲᠣᠬᠢᠷᠠᠭᠤᠯᠤᠨ ᠦᠢ᠍ᠯᠡᠰ ᠪᠤᠰᠬᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ᠎ᠬᠢᠨ᠎ᠤ ᠬᠦᠴᠦᠲᠡᠶ ᠳᠡᠮᠵᠢᠯᠭᠡ᠎ᠨᠢ ᠮᠠᠯᠠᠶ᠋ᠢᠰᠢᠶ᠎ᠠ ᠵᠢᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ᠎ᠳᠤ ᠴᠢᠬᠤᠯᠠ ᠦᠢ᠍ᠯᠡᠳᠦᠯ ᠦᠵᠡᠭᠦᠯᠵᠡᠢ᠃ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠲᠠᠢ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠢᠯᠠᠩᠭᠤᠶ᠎ᠠ ᠬᠢᠵᠢᠭ᠎ᠢ ᠡᠰᠡᠷᠭᠦᠴᠡᠵᠦ ᠠᠮᠵᠢᠯᠲᠠ ᠣᠯᠣᠭᠰᠠᠨ ᠲᠤᠷᠰᠢᠯᠭ᠎ᠠ᠎ᠪᠠᠨ ᠨᠡᠩ ᠰᠠᠶ᠋ᠢᠲᠤᠷ ᠬᠤᠪᠢᠶᠠᠯᠴᠠᠬᠤ ᠵᠢ ᠬᠦᠰᠡᠵᠦ ᠪᠠᠶ᠋ᠢᠨ᠎ᠠ᠃ ᠮᠠᠯᠠᠶ᠋ᠢᠰᠢᠶ᠎ᠠ ᠵᠢᠨ ᠲᠠᠯ᠎ᠠ ᠵᠢᠨ᠎ᠬᠢᠨ ᠮᠠᠯᠠᠶ᠋ᠢᠰᠢᠶ᠎ᠠ᠎ᠳᠤ ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠳ᠎ᠲᠤ ᠸᠠᠺᠼᠢᠨ ᠳᠠᠷᠢᠬᠤ᠎ᠳᠤ ᠳᠥᠭᠦᠮ ᠦᠵᠡᠭᠦᠯᠦᠨ᠎ᠡ ᠭᠡᠵᠡᠢ᠃
    ᠬᠤᠶᠠᠷ ᠲᠠᠯ᠎ᠠ᠎ᠪᠠᠷ ᠵᠶ᠋ᠠᠨ ᠪᠠᠰᠠ ᠬᠠᠮᠲᠤ᠎ᠪᠠᠷ ᠠᠩᠬᠠᠷᠴᠤ ᠪᠠᠶ᠋ᠢᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠵᠠᠢ᠃
    ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃  

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠧ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠵᠡᠷᠭᠡ ᠵᠢ ᠪᠠᠢ᠌ᠷᠢᠯᠠᠭᠤᠯᠪᠠ
 
            