ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
ᠨᠡᠶ᠋ᠢᠲᠡᠯᠡᠭᠰᠡᠨ ᠴᠠᠭ᠄ 2021-05-27

      ᠯᠢ ᠺᠧ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠴᠢᠬᠤᠯᠠᠴᠢᠯᠠᠭᠰᠠᠨ᠎ᠨᠢ
    ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠭᠡᠭᠡᠯᠲᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ

   


    ᠨᠠᠮ᠎ᠤᠨ ᠲᠥᠪ ᠬᠤᠷᠢᠶᠠᠨ᠎ᠤ ᠤᠯᠣᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 5 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 25᠎ᠤ ᠡᠳᠦᠷ ᠪᠣᠯᠲᠠᠯ᠎ᠠ ᠵᠧᠵᠢᠶᠠᠩ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠶᠤᠸᠠᠨ ᠵᠢᠶᠠ ᠵᠢᠶᠦ᠋ᠨ᠂ ᠮᠤᠵᠢ ᠵᠢᠨ ᠳᠠᠷᠤᠭ᠎ᠠ ᠵᠧᠩ ᠱᠠᠨ ᠵᠢᠶᠧ᠎ᠤᠨ ᠪᠠᠷ᠎ᠠ ᠪᠣᠯᠣᠯᠭ᠎ᠠ᠎ᠲᠠᠢ᠎ᠪᠠᠷ ᠨᠢᠩᠪᠦ᠋ᠸᠧ᠎ᠳᠤ ᠰᠢᠨᠵᠢᠯᠡᠨ ᠪᠠᠶ᠋ᠢᠴᠠᠭ᠋ᠠᠪᠠ᠃ ᠲᠡᠷᠡ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠳᠡ ᠵᠢ ᠴᠢᠨᠠᠭᠰᠢᠳᠠ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠦᠴᠡᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ᠃



   


    ᠨᠢᠩᠪᠦ᠋ᠸᠧ ᠵᠢᠨ ᠵᠧᠦᠱ᠌ᠠᠨ ᠭᠠᠷᠠᠮ ᠪᠣᠯ ᠤᠯᠤᠰ᠎ᠤᠨ ᠳᠣᠲᠣᠭ᠋ᠠᠳᠤ ᠵᠢᠨ ᠥᠷᠭᠡᠨ ᠬᠡᠷᠡᠭᠴᠡᠭᠡᠨ᠎ᠤ ᠲᠠᠸᠠᠷ᠎ᠢ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ ᠪᠣᠯᠤᠨ᠎ᠠ᠃ ᠯᠢ ᠺᠧ ᠴᠢᠶᠠᠩ ᠭᠠᠷᠠᠮ᠎ᠤᠨ ᠠᠵᠢᠯᠯᠠᠭ᠎ᠠ ᠡᠵᠡᠩᠨᠡᠯᠲᠡ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠵᠢᠨ ᠬᠠᠨᠳᠤᠰᠢ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ ᠬᠡᠯᠡᠬᠦ᠎ᠳᠤ᠎ᠪᠠᠨ᠂ ᠳᠡᠯᠡᠬᠡᠢ ᠵᠢᠨ ᠠᠵᠤ ᠠᠬᠤᠢ ᠵᠢᠨ ᠦᠶᠡᠯᠡᠯ᠎ᠤᠨ ᠴᠢᠨᠠᠷᠲᠠᠢ ᠬᠤᠪᠢᠷᠠᠯᠲᠠ ᠵᠢᠴᠢ ᠤᠯᠠᠨ ᠤᠯᠤᠰ᠎ᠤᠨ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠵᠢᠨ ᠬᠡᠯᠪᠡᠯᠵᠡᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠨᠡᠬᠡᠬᠡᠯᠳᠡ ᠬᠢᠬᠦ ᠵᠢ ᠪᠠᠷᠢᠮᠲᠠᠯᠠᠨ ᠥᠷᠭᠡᠳᠬᠡᠵᠦ᠂ ᠪᠣᠭᠤᠮᠲᠠ᠎ᠪᠠᠷ ᠥᠩᠭᠡᠷᠡᠬᠦ᠎ᠳᠤ ᠳᠥᠭᠦᠮ ᠦᠵᠡᠭᠦᠯᠬᠦ ᠵᠢ ᠤᠯᠠᠮ ᠴᠢᠨᠠᠭᠰᠢᠳᠠ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠠᠢ ᠨᠡᠩ ᠰᠠᠶ᠋ᠢᠲᠤᠷ ᠠᠭᠤᠰᠤᠯᠴᠠᠵᠤ᠂ ᠴᠢᠯᠥᠭᠡᠲᠡᠢ ᠡᠷᠬᠡ ᠲᠡᠭᠰᠢ ᠠᠷᠠᠯᠵᠢᠶ᠎ᠠ ᠵᠢ ᠥᠷᠨᠢᠭᠦᠯᠵᠦ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠪᠦᠲᠦᠮᠵᠢᠲᠡᠢ ᠠᠰᠢᠭᠯᠠᠬᠤ ᠬᠡᠷᠡᠭᠲᠡᠢ ᠭᠡᠵᠡᠢ᠃ ᠲᠡᠷᠡ ᠪᠠᠰᠠ᠂ ᠨᠢᠩᠪᠦ᠋ᠸᠧ ᠵᠢᠨ ᠵᠧᠦᠱ᠌ᠠᠨ ᠭᠠᠷᠠᠮ ᠣᠷᠣᠨ ᠪᠠᠶ᠋ᠢᠷᠢᠰᠢᠯ᠂ ᠠᠶᠠᠯᠠᠯ᠎ᠤᠨ ᠵᠠᠮ ᠪᠣᠯᠤᠨ ᠮᠥᠷᠡᠨ ᠲᠠᠩᠭᠢᠰ᠎ᠤᠨ ᠬᠠᠮᠲᠤᠷᠠᠭᠰᠠᠨ ᠲᠡᠭᠡᠭᠡᠪᠦᠷᠢ ᠵᠡᠷᠭᠡ ᠳᠠᠪᠠᠭᠤᠯᠢᠭ ᠵᠶ᠋ᠠᠨ ᠰᠠᠶ᠋ᠢᠲᠤᠷ ᠪᠠᠳᠠᠷᠠᠭᠤᠯᠵᠤ᠂ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠬᠦ ᠡᠨᠡ ᠬᠦ᠌ ᠠᠵᠢᠯ ᠵᠶ᠋ᠠᠨ ᠱᠠᠯᠠᠪᠳᠠᠨ ᠰᠠᠶ᠋ᠢᠲᠤᠷ ᠬᠢᠵᠦ᠂ ᠵᠠᠬ᠎ᠠ ᠳᠡᠯᠭᠡᠭᠦᠷᠴᠢᠯᠡᠬᠦ ᠠᠷᠭ᠎ᠠ᠎ᠪᠠᠷ ᠥᠷᠭᠡᠨ ᠬᠡᠷᠡᠭᠴᠡᠭᠡᠨ᠎ᠤ ᠲᠠᠸᠠᠷ᠎ᠢ ᠭᠠᠳᠠᠭ᠋ᠠᠳᠤ᠎ᠠᠴᠠ ᠣᠷᠣᠭᠤᠯᠬᠤ᠂ ᠬᠠᠳᠠᠭ᠋ᠠᠯᠠᠵᠤ ᠵᠥᠭᠡᠭᠡᠪᠦᠷᠢᠯᠡᠬᠦ᠂ ᠠᠷᠠᠯᠵᠢᠶᠠᠯᠠᠬᠤ ᠠᠵᠢᠯ᠎ᠢ ᠰᠠᠶ᠋ᠢᠲᠤᠷ ᠬᠢᠵᠦ᠂ ᠳᠡᠯᠡᠬᠡᠢ ᠵᠢᠨ ᠠᠵᠤ ᠠᠬᠤᠢ ᠵᠢᠨ ᠢᠷᠡᠭᠡᠳᠦᠢ ᠵᠢᠨ ᠦᠶᠡᠯᠡᠯ᠎ᠤᠨ ᠴᠢᠨᠠᠷᠲᠠᠢ ᠬᠡᠯᠪᠡᠯᠵᠡᠯ᠎ᠢ ᠠᠷᠭ᠋ᠠᠴᠠᠭ᠋ᠠᠬᠤ᠂ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃



   


    ᠯᠢ ᠺᠧ ᠴᠢᠶᠠᠩ ᠭᠠᠷᠠᠮ ᠲᠣᠭᠤᠷᠢᠭ᠎ᠤᠨ ᠪᠠᠷᠠᠭ᠋ᠠᠨ᠎ᠤ ᠲᠡᠷᠭᠡ ᠵᠢᠨ ᠵᠢᠯᠣᠭᠤᠴᠢ ᠨᠠᠷ᠎ᠲᠠᠢ ᠶᠠᠷᠢᠯᠴᠠᠵᠤ᠂ ᠶᠠᠮᠠᠷ ᠬᠦᠴᠢᠷᠳᠡᠯ᠎ᠲᠠᠢ ᠪᠠᠶ᠋ᠢᠬᠤ ᠵᠢ ᠠᠰᠠᠭᠤᠪᠠ᠃ ᠵᠠᠷᠢᠮ ᠵᠢᠯᠣᠭᠤᠴᠢ᠎ᠠᠴᠠ ᠪᠠᠷᠠᠭ᠋ᠠᠨ᠎ᠤ ᠲᠡᠭᠡᠭᠡᠪᠦᠷᠢ ᠵᠢᠨ ᠬᠢᠷᠢ ᠬᠡᠮ᠎ᠤᠨ ᠦᠨᠡᠮᠯᠡᠯ᠎ᠳᠤ ᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠎ᠳᠤ ᠡᠷᠦᠬᠡ ᠠᠮᠠ ᠵᠢᠨ ᠬᠠᠷᠢᠶ᠎ᠠ ᠭᠠᠵᠠᠷ᠎ᠲᠤ᠎ᠪᠠᠨ ᠪᠣᠴᠠᠬᠤ᠎ᠨᠢ ᠮᠠᠰᠢ ᠳᠥᠭᠦᠮ ᠦᠭᠡᠢ ᠭᠡᠵᠦ ᠲᠤᠰᠬᠠᠪᠠ᠃ ᠯᠢ ᠺᠧ ᠴᠢᠶᠠᠩ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠵᠦᠶ ᠵᠣᠬᠢᠰᠲᠠᠶ ᠬᠦᠰᠡᠯ ᠱᠠᠭ᠋ᠠᠷᠳᠠᠯᠭ᠎ᠠ᠎ᠳᠤ ᠬᠠᠷᠢᠭᠤᠯᠲᠠ ᠥᠭᠴᠦ᠂ ᠡᠨᠡ ᠵᠢᠯ᠎ᠤᠨ ᠳᠣᠲᠣᠷ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠲᠡᠷᠡ   ᠬᠠᠮᠲᠤ   ᠶᠠᠪᠤᠭ᠎ᠠ   ᠨᠥᠬᠦᠳ᠎ᠲᠤ᠎ᠪᠠᠨ ᠨᠢᠭᠡᠳᠦᠭᠡᠷ ᠹᠷᠣᠨᠲ᠎ᠤᠨ ᠠᠵᠢᠯᠴᠢᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠪᠣᠯᠤᠨ ᠵᠢᠵᠢᠭ ᠪᠢᠴᠢᠯ ᠠᠵᠤ ᠠᠬᠤᠶ᠋ᠢᠯᠠᠯ᠎ᠤᠨ ᠰᠠᠨᠠᠯ᠎ᠢ ᠢᠯᠡᠭᠦᠬᠡᠨ ᠰᠣᠨᠣᠰᠴᠤ᠂ ᠳᠡᠳᠡᠨ᠎ᠤ ᠬᠦᠴᠢᠷᠳᠡᠯ᠎ᠢ ᠴᠢᠳᠠᠬᠤ ᠵᠢᠨ ᠬᠢᠷᠢ᠎ᠪᠠᠷ ᠬᠠᠪᠰᠤᠷᠤᠨ ᠰᠢᠢ᠍ᠳᠪᠦᠷᠢᠯᠡᠵᠦ ᠥᠭᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠭᠤᠣᠯ ᠴᠣᠭᠴᠠ ᠰᠠᠶ᠋ᠢᠵᠢᠷᠠᠪᠠᠯ᠂ ᠤᠯᠤᠰ ᠣᠷᠣᠨ ᠳᠠᠷᠤᠶ ᠬᠥᠭᠵᠢᠨ ᠪᠠᠳᠠᠷᠠᠬᠤ ᠪᠣᠯᠤᠨ᠎ᠠ ᠭᠡᠵᠦ ᠵᠠᠬᠢᠭᠰᠠᠨ ᠪᠠᠶ᠋ᠢᠨ᠎ᠠ᠃



   


    ᠨᠢᠩᠪᠦ᠋ᠸᠧ ᠵᠢᠨ ᠴᠢᠳᠠᠪᠤᠷᠢᠲᠠᠨ᠎ᠤ ᠵᠠᠬ᠎ᠠ ᠳᠡᠯᠭᠡᠭᠦᠷ᠎ᠲᠤ᠂ ᠯᠢ ᠺᠧ ᠴᠢᠶᠠᠩ ᠲᠤᠬᠠᠢ ᠵᠢᠨ ᠭᠠᠵᠠᠷ᠎ᠤᠨ ᠠᠵᠢᠯ ᠣᠯᠭᠤᠯᠲᠠ ᠵᠢ ᠠᠬᠢᠭᠤᠯᠵᠤ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠷᠬᠡ ᠠᠰᠢᠭ᠎ᠢ ᠪᠠᠲᠤᠯᠠᠬᠤ ᠬᠠᠶ᠋ᠢᠨ ᠰᠦᠪᠡᠭᠴᠢᠯᠡᠯᠳᠡ᠎ᠳᠤ ᠨᠤᠲᠠᠯᠠᠯᠲᠠ ᠥᠭᠴᠦ ᠪᠠᠶ᠋ᠢᠬᠤ᠎ᠪᠠᠨ ᠢᠯᠡᠳᠬᠡᠪᠡ᠃ ᠯᠢ ᠺᠧ ᠴᠢᠶᠠᠩ ᠠᠵᠢᠯ ᠡᠷᠢᠭᠰᠡᠳ᠎ᠲᠠᠢ ᠶᠠᠷᠢᠯᠴᠠᠵᠤ᠂ ᠲᠡᠳᠡᠨ᠎ᠢ ᠤᠷ᠎ᠠ ᠮᠡᠷᠭᠡᠵᠢᠯ ᠰᠠᠶ᠋ᠢᠨ ᠰᠤᠷᠬᠤ ᠬᠡᠷᠡᠭᠲᠡᠶ ᠭᠡᠵᠦ ᠵᠣᠷᠢᠭᠵᠢᠭᠤᠯᠵᠠᠶ᠃ ᠲᠡᠷᠡ ᠠᠵᠢᠯ ᠡᠷᠢᠵᠦ ᠪᠠᠶ᠋ᠢᠭ᠎ᠠ ᠤᠶᠤᠲᠠᠳ᠎ᠲᠠᠢ ᠰᠣᠯᠢᠯᠴᠠᠨ ᠶᠠᠷᠢᠯᠴᠠᠬᠤ᠎ᠳᠤ᠎ᠪᠠᠨ᠂ ᠵᠠᠰᠠᠭ᠎ᠤᠨ ᠣᠷᠳᠣᠨ᠎ᠠᠴᠠ ᠠᠵᠢᠯ ᠣᠯᠭᠤᠯᠲᠠ ᠵᠢ ᠠᠬᠢᠭᠤᠯᠬᠤ ᠨᠠᠩ ᠣᠯᠠᠨ ᠲᠠᠪᠴᠠᠩ ᠬᠠᠩᠭ᠋ᠠᠵᠤ ᠥᠭᠬᠦ ᠪᠣᠯᠣᠨ᠎ᠠ᠃ ᠲᠠ ᠨᠠᠷ᠎ᠤᠨ ᠳᠣᠲᠣᠷ᠎ᠠ ᠴᠥᠭᠡᠨ ᠪᠤᠰᠤ ᠬᠥᠮᠥᠨ ᠢᠷᠡᠭᠡᠳᠦᠶ᠎ᠳᠤ ᠠᠳᠠᠯ ᠦᠢ᠍ᠯᠡᠰ ᠴᠣᠭᠴᠠᠯᠠᠬᠤ ᠪᠣᠳᠣᠯ᠎ᠲᠠᠢ ᠪᠠᠶ᠋ᠢᠨ᠎ᠠ᠂ ᠮᠥᠨ ᠴᠦ᠍ ᠠᠯᠤᠰ ᠬᠡᠳᠦ ᠵᠢᠨ ᠬᠦᠰᠡᠯ ᠵᠣᠷᠢᠯᠲᠠ᠎ᠲᠠᠢ ᠪᠠᠶ᠋ᠢᠨ᠎ᠠ᠂ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠶᠡᠭᠡ ᠦᠢ᠍ᠯᠡᠰ᠎ᠢ ᠡᠭᠦᠳᠦᠨ ᠪᠦᠲᠦᠭᠡᠬᠦ ᠵᠢ ᠬᠦᠰᠡᠵᠦ ᠪᠠᠶ᠋ᠢᠨ᠎ᠠ ᠭᠡᠵᠡᠢ᠃



    


    ᠯᠧ ᠭᠧ ᠺᠣᠮᠫᠠᠨᠢ᠎ᠳᠤ᠂ ᠯᠢ ᠺᠧ ᠴᠢᠶᠠᠩ ᠰᠢᠨ᠎ᠡ ᠡᠭᠦᠳᠦᠯᠲᠡ ᠵᠢᠨ ᠦᠢ᠍ᠯᠡᠳᠬᠦᠨ᠎ᠢ ᠪᠠᠶ᠋ᠢᠴᠠᠭ᠋ᠠᠨ ᠦᠵᠡᠵᠦ᠂ ᠺᠣᠮᠫᠠᠨᠢ ᠵᠢᠨ ᠧᠦ᠋ᠷᠣᠫᠠ᠎ᠳᠠᠬᠢ ᠬᠢᠯᠢ ᠵᠢᠨ ᠭᠠᠳᠠᠨᠠᠬᠢ ᠬᠥᠮᠥᠷᠭᠡ ᠵᠢᠨ ᠠᠵᠢᠯᠲᠠᠳ᠎ᠲᠠᠢ ᠸᠢᠳᠢᠣ᠋᠎ᠪᠠᠷ ᠰᠠᠨᠠᠯ ᠵᠶ᠋ᠠᠨ ᠰᠣᠯᠢᠯᠴᠠᠵᠤ᠂ ᠠᠵᠤ ᠠᠬᠤᠶ᠋ᠢᠯᠠᠯ᠎ᠤᠨ ᠬᠡᠷᠡᠭᠯᠡᠭᠴᠢᠳ᠎ᠤᠨ ᠬᠦᠷᠢᠶᠡᠯᠡᠯ᠎ᠢ ᠣᠯᠤᠭᠰᠠᠨ ᠰᠢᠨ᠎ᠡ ᠦᠢ᠍ᠯᠡᠳᠬᠦᠨ᠎ᠢ ᠢᠯᠡᠭᠦᠬᠡᠨ ᠨᠡᠭᠡᠭᠡᠨ ᠬᠥᠭᠵᠢᠭᠦᠯᠵᠦ᠂ ᠰᠢᠨ᠎ᠡ ᠬᠥᠳᠡᠯᠭᠡᠬᠦ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠬᠢᠯᠢ ᠵᠢᠨ ᠭᠠᠳᠠᠨᠠᠬᠢ ᠬᠥᠮᠥᠷᠭᠡ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠨᠡᠩ ᠤᠯᠠᠨ ᠤᠯᠤᠰ᠎ᠤᠨ ᠳᠣᠲᠣᠭ᠋ᠠᠳᠤ ᠵᠢᠨ ᠦᠢ᠍ᠯᠡᠳᠬᠦᠨ᠎ᠢ ᠲᠠᠶ᠋ᠢᠴᠢᠯᠠᠨ ᠳᠡᠯᠡᠬᠡᠢ ᠵᠢᠨ ᠵᠠᠬ᠎ᠠ ᠳᠡᠯᠭᠡᠭᠦᠷ᠎ᠢ ᠥᠷᠭᠡᠳᠬᠡᠬᠦ ᠬᠡᠷᠡᠭᠲᠡᠢ ᠭᠡᠵᠦ ᠰᠢᠮᠳᠠᠭᠤᠯᠤᠨ ᠵᠣᠷᠢᠭᠵᠢᠭᠤᠯᠪᠠ᠃



   


    ᠯᠢ ᠺᠧ ᠴᠢᠶᠠᠩ ᠠᠷᠪᠠ ᠭᠠᠷᠤᠢ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠰᠣᠯᠢᠯᠴᠠᠵᠤ᠂ ᠳᠡᠭᠡᠳᠦ ᠤᠷᠤᠰᠬᠠᠯ᠎ᠤᠨ ᠲᠦᠭᠦᠬᠡᠢ ᠮᠠᠲ᠋ᠧᠷᠢᠶᠠᠯ᠎ᠤᠨ ᠦᠨ᠎ᠡ ᠬᠠᠩᠰᠢ ᠵᠢᠨ ᠬᠤᠪᠢᠷᠠᠯᠲᠠ ᠵᠡᠷᠭᠡ ᠵᠢᠨ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠦᠵᠡᠭᠦᠯᠵᠦ ᠪᠠᠶ᠋ᠢᠭ᠎ᠠ ᠨᠥᠯᠥᠭᠡ ᠵᠢ ᠣᠶ᠋ᠢᠯᠠᠭ᠋ᠠᠪᠠ᠃ ᠲᠡᠷᠡ ᠬᠡᠯᠡᠬᠦ᠎ᠳᠤ᠎ᠪᠠᠨ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠵᠢᠨ ᠥᠰᠥᠯᠲᠡ᠎ᠨᠢ ᠲᠣᠮᠣ ᠳᠤᠮᠳᠠ ᠦᠢ᠍ᠯᠡᠳᠬᠡᠯ᠎ᠤᠨ ᠠᠵᠤ ᠠᠬᠤᠶ᠋ᠢᠯᠠᠯ᠎ᠳᠤ ᠬᠡᠲᠦ ᠶᠡᠭᠡ ᠳᠠᠷᠤᠯᠲᠠ ᠤᠴᠠᠷᠠᠭᠤᠯᠬᠤ᠎ᠪᠠᠷ ᠪᠠᠷᠠᠬᠤ ᠥᠬᠡᠶ᠂ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢ ᠴᠦ᠍ ᠨᠥᠯᠥᠭᠡᠯᠡᠵᠦ᠂ ᠳᠣᠤᠷᠠᠳᠤ ᠤᠷᠤᠰᠬᠠᠯ ᠵᠦᠭ ᠳᠠᠮᠵᠢᠭᠳᠠᠪᠠᠯ ᠬᠡᠷᠡᠭᠯᠡᠭᠡ ᠵᠢ ᠴᠦ᠍ ᠨᠥᠯᠥᠭᠡᠯᠡᠬᠦ ᠪᠣᠯᠤᠨ᠎ᠠ᠃ ᠡᠶ᠋ᠢᠮᠦ᠎ᠠᠴᠠ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠂ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡ ᠵᠡᠷᠭᠡ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠠᠰᠢᠭᠯᠠᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢ ᠴᠢᠩᠭ᠋ᠠᠳᠬᠠᠨ᠂ ᠦᠨ᠎ᠡ ᠬᠠᠩᠰᠢ ᠵᠢᠨ ᠥᠰᠥᠯᠲᠡ ᠵᠢᠨ ᠳᠣᠤᠷᠠᠳᠤ ᠤᠷᠤᠰᠬᠠᠯ ᠵᠦᠭ ᠳᠠᠮᠵᠢᠭᠳᠠᠬᠤ ᠵᠢ ᠴᠢᠷᠮᠠᠶ᠋ᠢᠨ ᠪᠠᠭ᠋ᠠᠰᠬᠠᠬᠤ ᠬᠡᠷᠡᠭᠲᠡᠶ᠃ ᠠᠵᠤ ᠠᠬᠤᠶ᠋ᠢᠯᠠᠯ ᠴᠤ᠌ ᠲᠠᠯᠳᠠ ᠬᠦᠴᠦᠨ ᠵᠶ᠋ᠠᠨ ᠠᠭᠤᠳᠠᠯᠬᠤ ᠪᠠ ᠰᠢᠨ᠎ᠡ ᠵᠢ ᠡᠭᠦᠳᠴᠦ ᠪᠠᠶ᠋ᠢᠭ᠋ᠠᠳ ᠥᠪᠡᠷ᠎ᠤᠨ ᠦᠷᠳᠡᠭ᠎ᠤᠨ ᠳᠠᠷᠤᠯᠲᠠ ᠵᠢ ᠬᠥᠩᠭᠡᠷᠡᠭᠦᠯᠵᠦ᠂ ᠥᠷᠢᠰᠥᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠵᠢ ᠴᠢᠬᠤᠯᠠᠴᠢᠯᠠᠬᠤ ᠬᠡᠷᠡᠭᠲᠡᠶ ᠭᠡᠵᠡᠢ᠃


 
   

    ᠶᠢᠨᠵᠸᠦ ᠲᠣᠭᠤᠷᠢᠭ᠎ᠤᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠲᠤ᠂ ᠯᠢ ᠺᠧ ᠴᠢᠶᠠᠩ ᠮᠤᠵᠢ ᠬᠤᠳᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠭᠰᠡᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠡᠳᠡᠨ᠎ᠤ ᠠᠵᠤ ᠠᠬᠤᠶ᠋ᠢᠯᠠᠯ ᠪᠠ ᠤᠯᠠᠨ ᠲᠦᠮᠡᠨ᠎ᠳᠤ ᠲᠦᠬᠦᠮ ᠦᠵᠡᠭᠦᠯᠵᠦ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠶᠡᠭᠡ ᠬᠡᠮᠵᠢᠶ᠎ᠡ᠎ᠪᠠᠷ ᠨᠡᠮᠡᠭᠳᠡᠬᠦ ᠵᠢ ᠠᠬᠢᠭᠤᠯᠤᠭᠰᠠᠨ ᠠᠷᠭ᠎ᠠ ᠬᠢᠳᠡᠯ᠎ᠳᠤ ᠨᠤᠲᠠᠯᠠᠯᠲᠠ ᠥᠭᠪᠡ᠃ ᠲᠡᠷᠡ ᠲᠤᠬᠠᠢ ᠵᠢᠨ ᠲᠠᠯᠠᠪᠠᠢ᠎ᠳᠤ ᠠᠵᠤ ᠠᠬᠤᠶ᠋ᠢᠯᠠᠯ᠎ᠤᠨ ᠳᠠᠩᠰᠠᠯᠠᠭᠤᠯᠤᠯᠲᠠ᠂ ᠭᠠᠶ᠋ᠢᠯᠢ ᠵᠢᠨ ᠶᠠᠪᠤᠳᠠᠯ᠎ᠢ ᠭᠦᠢ᠍ᠴᠡᠳᠬᠡᠵᠦ ᠪᠠᠶ᠋ᠢᠭ᠎ᠠ ᠤᠯᠠᠨ ᠲᠦᠮᠡᠨ᠎ᠲᠠᠢ ᠰᠠᠨᠠᠯ ᠵᠶ᠋ᠠᠨ ᠰᠣᠯᠢᠯᠴᠠᠪᠠ᠃ ᠲᠡᠷᠡ ᠬᠡᠯᠡᠬᠦ᠎ᠳᠤ᠎ᠪᠠᠨ᠂ ᠵᠠᠬ᠎ᠠ ᠳᠡᠯᠭᠡᠭᠦᠷ᠎ᠤᠨ ᠭᠤᠣᠯ ᠴᠣᠭᠴᠠ ᠪᠣᠯ ᠬᠥᠭᠵᠢᠯᠲᠡ ᠵᠢᠨ ᠰᠠᠭᠤᠷᠢ ᠮᠥᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠬᠢᠵᠦ ᠪᠠᠶ᠋ᠢᠭ᠎ᠠ᠎ᠨᠢ ᠳᠠᠷᠤᠶ ᠲᠠ ᠨᠠᠷ᠎ᠤᠨ ᠬᠦᠴᠢᠷ ᠲᠦᠪᠡᠭᠲᠡᠶ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠶᠤᠮ᠃ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ 《ᠬᠠᠮᠤᠭ᠎ᠤᠨ ᠣᠯᠠᠨ᠎ᠳᠤ᠎ᠪᠠᠨ ᠨᠢᠭᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠬᠦ᠎ᠪᠠᠷ ᠪᠠᠷᠠᠬᠤ ᠥᠬᠡᠶ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ᠎ᠪᠠᠷ ᠳᠠᠮᠵᠢᠭᠤᠯᠤᠨ ᠪᠠᠶ᠋ᠢᠩᠭᠤ ᠵᠢᠨ ᠮᠡᠳᠡᠭᠡ ᠵᠠᠩᠭᠢ ᠵᠢ 《ᠬᠠᠮᠤᠭ᠎ᠤᠨ ᠣᠯᠠᠨ᠎ᠳᠤ᠎ᠪᠠᠨ ᠨᠢᠭᠡ ᠤᠳᠠᠭ᠎ᠠ ᠮᠡᠳᠡᠭᠦᠯᠬᠦ》 ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠶ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶ᠋ᠢᠯᠠᠯ ᠪᠠ ᠤᠯᠠᠨ ᠲᠦᠮᠡᠨ᠎ᠤ ᠤᠴᠢᠷ ᠶᠠᠪᠤᠳᠠᠯ ᠰᠢᠢ᠍ᠳᠪᠦᠷᠢᠯᠡᠬᠦ᠎ᠳᠤ ᠨᠡᠩ ᠲᠦᠭᠦᠮ ᠪᠣᠯᠭ᠋ᠠᠵᠤ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠨᠡᠩ ᠡᠷᠬᠡ ᠲᠡᠭᠰᠢ ᠪᠠᠶ᠋ᠢᠯᠭ᠋ᠠᠬᠤ ᠬᠡᠷᠡᠭᠲᠡᠢ ᠭᠡᠵᠡᠢ᠃
    ᠯᠢ ᠺᠧ ᠴᠢᠶᠠᠩ ᠵᠧᠵᠢᠶᠠᠩ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠴᠢᠯᠠᠨ ᠠᠵᠢᠯᠯᠠᠨ ᠰᠢᠨ᠎ᠡ ᠵᠢ ᠡᠭᠦᠳᠴᠦ᠂ ᠵᠣᠷᠢᠭᠲᠠᠢ᠎ᠪᠠᠷ ᠭᠠᠪᠰᠢᠭ᠋ᠠᠶ᠋ᠢᠯᠠᠨ ᠤᠷᠤᠭᠰᠢᠯᠠᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠬᠦᠰᠡᠵᠦ ᠪᠠᠶ᠋ᠢᠨ᠎ᠠ ᠭᠡᠪᠡ᠃
    ᠰᠢᠶᠤᠤ ᠵᠢᠶᠧ᠂ ᠡᡁᠧ ᠯᠢ ᠹᠧᠩ ᠪᠠᠷ᠎ᠠ ᠪᠤᠯᠵᠤ ᠰᠢᠨᠵᠢᠯᠡᠨ ᠪᠠᠶ᠋ᠢᠴᠠᠭ᠋ᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ᠎ᠳᠤ ᠵᠠᠬᠢᠳᠠᠯ ᠢᠯᠡᠭᠡᠵᠦ ᠪᠠᠶᠠᠷ ᠬᠦᠷᠭᠡᠬᠦ᠎ᠳᠡᠭᠡᠨ ᠴᠢᠬᠤᠯᠠᠴᠢᠯᠠᠭᠰᠠᠨ᠎ᠨᠢ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠵᠦ ᠳᠤᠮᠳᠠᠳᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
 
            