ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-05-28

    5 ᠰᠠᠷ᠎ᠠ ᠵᠢᠨ 26᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
    ᠰᠢ ᠵᠢᠨ ᠫᠢᠩ᠂ ᠳᠡᠯᠡᠬᠡᠢ ᠵᠢᠨ ᠪᠥᠮᠪᠥᠷᠴᠡᠭ ᠪᠣᠯ ᠮᠠᠨ᠎ᠤ ᠬᠠᠮᠲᠤ ᠵᠢᠨ ᠭᠡᠷ ᠣᠷᠣᠨ ᠮᠥᠨ᠃ ᠳᠡᠯᠡᠬᠡᠢ ᠵᠢᠨ ᠡᠯ᠎ᠡ ᠤᠯᠤᠰ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠲᠦᠷᠭᠡᠨ ᠬᠥᠳᠡᠯᠦᠯᠴᠡᠵᠦ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠬᠠᠮᠲᠤ᠎ᠪᠠᠷ ᠪᠦᠲᠦᠭᠡᠨ ᠪᠠᠶ᠋ᠢᠭᠤᠯᠤᠶ᠎ᠠ᠃ ᠳᠤᠮᠳᠠᠳᠤ ᠤᠯᠤᠰ ᠰᠢᠨ᠎ᠡ ᠵᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠂ ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠨ᠎ᠠ᠃ ᠳᠤᠮᠳᠠᠳᠤ ᠤᠯᠤᠰ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠥᠭᠡᠷᠡᠴᠢᠯᠡᠯᠲᠡ ᠰᠢᠨᠡᠴᠢᠯᠡᠯᠲᠡ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠬᠠᠤᠯᠢ ᠴᠠᠭ᠋ᠠᠵᠠ᠎ᠪᠠᠷ ᠬᠠᠮᠠᠭ᠋ᠠᠯᠠᠬᠤ ᠠᠰᠢᠭᠳᠠᠢ ᠲᠤᠷᠰᠢᠯᠭ᠎ᠠ ᠵᠢ ᠬᠤᠷᠠᠮᠳᠤᠭᠤᠯᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠲᠠᠢ ᠭᠠᠷ ᠬᠣᠯᠪᠣᠨ ᠬᠠᠮᠲᠤᠷᠠᠯᠴᠠᠵᠤ᠂ ᠪᠦᠬᠦ ᠪᠥᠮᠪᠥᠷᠴᠡᠭ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢ ᠬᠠᠮᠲᠤ᠎ᠪᠠᠷ ᠠᠬᠢᠭᠤᠯᠤᠨ᠎ᠠ ᠭᠡᠵᠤ ᠵᠢᠭ᠋ᠠᠵᠤ ᠭᠠᠷᠭ᠋ᠠᠵᠠᠢ᠃     ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ ᠲᠤᠰ ᠡᠳᠦᠷ ᠶᠦᠨᠨᠠᠨ ᠮᠤᠵᠢ ᠵᠢᠨ ᠺᠦᠨᠮᠢᠩ ᠬᠤᠳᠠ᠎ᠳᠤ ᠡᠬᠢᠯᠡᠵᠤ᠂ 《ᠬᠠᠤᠯᠢ ᠴᠠᠭ᠋ᠠᠵᠠ ᠵᠢᠨ ᠦᠢ᠍ᠯᠡᠳᠦᠯ᠎ᠢ ᠪᠠᠳᠠᠷᠠᠭᠤᠯᠵᠤ ᠠᠮᠢ ᠠᠬᠤᠢ ᠵᠢᠨ ᠪᠣᠯᠪᠠᠰᠤᠨ᠎ᠢ ᠠᠬᠢᠭᠤᠯᠤᠶ᠎ᠠ᠄ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠴᠣᠭᠴᠠ ᠵᠢ ᠬᠠᠮᠲᠤ᠎ᠪᠠᠷ ᠪᠠᠶ᠋ᠢᠭᠤᠯᠰᠤᠭ᠋ᠠᠢ》᠎ᠪᠠᠷ ᠭᠤᠤᠯ ᠰᠡᠳᠦᠪ ᠪᠤᠯᠭ᠋ᠠᠵᠠᠢ᠃ ᠶᠡᠬᠡ ᠬᠤᠷᠠᠯ᠎ᠢ ᠠᠷᠠᠳ᠎ᠤᠨ ᠳᠡᠭᠡᠳᠦ ᠰᠢᠭᠦᠬᠦ ᠬᠣᠷᠢᠶ᠎ᠠ ᠪᠤᠯᠤᠨ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠲᠤᠭᠤᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠬᠠᠮᠲᠤᠷᠠᠨ ᠡᠷᠬᠢᠯᠡᠪᠡ᠃

ᠢᠷᠡᠯᠲᠡ᠄ ᠲᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ᠎ᠳᠤ ᠵᠠᠬᠢᠳᠠᠯ ᠢᠯᠡᠭᠡᠵᠦ ᠪᠠᠶᠠᠷ ᠬᠦᠷᠭᠡᠬᠦ᠎ᠳᠡᠭᠡᠨ ᠴᠢᠬᠤᠯᠠᠴᠢᠯᠠᠭᠰᠠᠨ᠎ᠨᠢ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠵᠦ ᠳᠤᠮᠳᠠᠳᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠬᠢᠯᠡᠵᠡᠢ
 
            