ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-05-07

    ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ
    ᠤᠳᠤᠬᠠᠨ᠎ᠤ ᠠᠵᠤ ᠠᠬᠤᠢ ᠵᠢᠨ ᠪᠠᠶ᠋ᠢᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠵᠦ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠤᠯᠤᠰ᠎ᠤᠨ ᠭᠠᠵᠠᠷ ᠰᠢᠷᠤᠢ ᠵᠢᠨ ᠪᠠᠶ᠋ᠢᠴᠠᠭ᠋ᠠᠯᠳᠠ ᠵᠢᠨ ᠭᠤᠤᠯ ᠪᠠᠶ᠋ᠢᠳᠠᠯ᠎ᠤᠨ ᠬᠠᠷᠢᠭᠤ ᠮᠡᠳᠡᠬᠦᠯᠦᠯᠳᠠ ᠵᠢ ᠰᠤᠨᠤᠰᠴᠦ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠠᠵᠢᠯ᠎ᠤᠨ ᠲᠦᠷᠢᠮ》᠎ᠢ ᠬᠢᠨᠡᠨ ᠵᠦᠪᠯᠡᠪᠡ
    ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ


    ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ 4 ᠰᠠᠷ᠎ᠠ ᠵᠢᠨ 30᠎ᠤ ᠡᠳᠦᠷ ᠬᠤᠷᠠᠯ ᠬᠤᠷᠠᠯᠳᠤᠭᠤᠯᠵᠦ᠂ ᠤᠳᠤᠬᠠᠨ᠎ᠤ ᠠᠵᠤ ᠠᠬᠤᠢ ᠵᠢᠨ ᠪᠠᠶ᠋ᠢᠳᠠᠯ ᠪᠠ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ; ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠤᠯᠤᠰ᠎ᠤᠨ ᠭᠠᠵᠠᠷ ᠰᠢᠷᠤᠢ ᠵᠢᠨ ᠪᠠᠶ᠋ᠢᠴᠠᠭ᠋ᠠᠯᠳᠠ ᠵᠢᠨ ᠭᠤᠤᠯ ᠪᠠᠶ᠋ᠢᠳᠠᠯ᠎ᠤᠨ ᠬᠠᠷᠢᠭᠤ ᠮᠡᠳᠡᠬᠦᠯᠦᠯᠳᠠ ᠵᠢ ᠰᠤᠨᠤᠰᠪᠠ; 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠠᠵᠢᠯ᠎ᠤᠨ ᠲᠦᠷᠢᠮ》᠎ᠢ ᠬᠢᠨᠡᠨ ᠵᠦᠪᠯᠡᠪᠡ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ᠃
    ᠬᠤᠷᠠᠯ᠎ᠠᠴᠠ᠂ ᠵᠢᠯ᠎ᠤᠨ ᠡᠬᠢᠨ᠎ᠠᠴᠠ ᠨᠠᠭ᠋ᠠᠰᠢ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠦᠭᠵᠢᠯᠳᠠ ᠵᠢᠨ ᠠᠵᠢᠯ᠎ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ᠬᠤᠷᠸ᠎ᠠ ᠲᠦᠷᠦ ᠵᠢᠨ ᠪᠤᠳᠤᠯᠭ᠎ᠠ ᠵᠢ ᠡᠷᠴᠢᠮᠳᠠᠢ ᠭᠡᠷᠡᠭᠵᠢᠬᠦᠯᠦᠨ᠂ ᠮᠠᠨ᠎ᠤ ᠤᠯᠤᠰ᠎ᠤᠨ ᠠᠵᠤ ᠠᠬᠤᠢ ᠵᠢᠨ ᠰᠡᠷᠬᠦᠯᠳᠠ ᠮᠡᠳᠡᠭᠳᠡᠮ᠎ᠠ ᠦᠷ᠎ᠠ ᠪᠦᠲᠦᠮᠵᠢ ᠤᠯᠬᠤ ᠵᠢ ᠠᠬᠢᠭᠤᠯᠵᠦ᠂ ᠠᠵᠤ ᠠᠬᠤᠢ ᠵᠢᠨ ᠡᠷᠬᠢᠯᠳᠡ ᠰᠠᠶ᠋ᠢᠨ ᠰᠠᠶ᠋ᠢᠬᠠᠨ ᠡᠬᠢᠯᠡᠯᠳᠠ᠎ᠲᠠᠢ ᠪᠤᠯᠵᠤ᠂ ᠴᠢᠨᠠᠷ ᠰᠠᠶ᠋ᠢᠳᠠᠢ ᠬᠦᠭᠵᠢᠯᠳᠠ ᠰᠢᠨ᠎ᠠ ᠦᠷ᠎ᠠ ᠪᠦᠳᠦᠮᠵᠢ ᠤᠯᠵᠠᠢ ᠭᠡᠵᠦ ᠦᠵᠡᠪᠡ᠃
    ᠬᠤᠷᠠᠯ᠎ᠠᠴᠠ᠂ ᠲᠦᠷᠦᠬᠦᠦ ᠤᠯᠠᠷᠢᠯ᠎ᠤᠨ ᠠᠵᠤ ᠠᠬᠤᠢ ᠵᠢᠨ ᠲᠤᠭ᠎ᠠ ᠪᠠᠷᠢᠮᠳᠠ ᠵᠢ ᠬᠤᠪᠢᠰᠤᠩᠭᠤᠢ᠎ᠪᠠᠷ ᠦᠵᠡᠬᠦ ᠭᠡᠷᠡᠭᠲᠡᠢ᠂ ᠤᠳᠤᠬᠠᠨ᠎ᠤ ᠠᠵᠤ ᠠᠬᠤᠢ ᠵᠢᠨ ᠰᠡᠷᠬᠦᠯᠳᠠ ᠲᠡᠩᠴᠡᠬᠦᠷᠢ ᠦᠭᠡᠢ᠂ ᠰᠠᠭᠤᠷᠢ ᠲᠤᠭᠳᠠᠭᠤᠨ ᠪᠤᠰᠤ ᠪᠠᠶ᠋ᠢᠨ᠎ᠠ᠃ ᠨᠡᠮᠡᠭᠳᠡᠯ᠎ᠢ ᠲᠤᠬᠳᠠᠪᠤᠷᠢᠵᠢᠭᠤᠯᠬᠤ ᠳᠠᠷᠤᠯᠳᠠ ᠨᠡᠯᠢᠶᠡᠳ ᠪᠠᠭ᠎ᠠ ᠪᠠᠶ᠋ᠢᠬᠤ ᠴᠤᠩᠬᠤᠪᠴᠢ ᠵᠢᠨ ᠬᠤᠭᠤᠴᠠᠭ᠎ᠠ ᠵᠢ ᠰᠠᠶ᠋ᠢᠳᠤᠷ ᠠᠰᠢᠬᠯᠠᠨ᠂ ᠠᠵᠤ ᠠᠬᠤᠢ ᠵᠢᠨ ᠲᠤᠭᠳᠠᠭᠤᠨ᠎ᠤ ᠳᠤᠮᠳᠠ ᠰᠠᠶ᠋ᠢᠵᠢᠷᠠᠬᠤ ᠵᠢ ᠠᠬᠢᠭᠤᠯᠵᠦ᠂ ᠰᠡᠳᠬᠢᠯ ᠵᠶ᠋ᠠᠨ ᠲᠦᠪᠯᠡᠷᠡᠬᠦᠯᠦᠨ ᠬᠦᠴᠦ᠎ᠪᠠᠨ ᠬᠠᠮᠳᠤᠳᠬᠠᠵᠦ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠠ ᠵᠢ ᠬᠦᠨᠵᠡᠭᠡᠶ᠋ᠢᠷᠡᠬᠦᠯᠦᠨ᠂ ᠤᠯᠤᠰ᠎ᠤᠨ ᠳᠤᠳᠤᠭ᠋ᠠᠳᠦ ᠵᠢᠨ ᠶᠡᠭᠡ ᠤᠷᠴᠢᠯ᠂ ᠤᠯᠤᠰ᠎ᠤᠨ ᠳᠤᠳᠤᠭ᠋ᠠᠳᠦ ᠭᠠᠳᠠᠭ᠋ᠠᠳᠦ ᠵᠢᠨ ᠬᠤᠤᠰ ᠤᠷᠴᠢᠯ᠎ᠤᠨ ᠲᠦᠭᠵᠢᠷᠡᠯ᠎ᠢ ᠨᠡᠪᠳᠡᠷᠡᠬᠦᠯᠵᠦ᠂ 《ᠠᠷᠪᠡᠨ ᠲᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠬᠦᠭᠵᠢᠯᠳᠠ᠎ᠳᠤ ᠳᠠᠭ᠋ᠠᠭ᠋ᠠᠮᠠᠭ᠋ᠠᠢ ᠬᠦᠳᠡᠯᠭᠡᠬᠦ ᠬᠦᠴᠦᠨ ᠬᠠᠩᠭ᠋ᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
    ᠬᠤᠷᠠᠯ᠎ᠠᠴᠠ᠂ ᠲᠤᠭᠳᠠᠭᠤᠨ᠎ᠤ ᠳᠤᠮᠳᠠ ᠤᠷᠤᠬᠰᠢᠯᠠᠨ ᠲᠠᠪᠰᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠵᠦ᠂ ᠰᠢᠨ᠎ᠠ ᠬᠦᠭᠵᠢᠯᠳᠠ ᠵᠢᠨ ᠱᠠᠳᠤ ᠵᠢ ᠤᠨᠤᠪᠴᠢᠳᠠᠢ ᠡᠵᠡᠮᠳᠡᠨ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ   ᠪᠦᠬᠦ   ᠲᠠᠯ᠎ᠠ ᠎ᠪᠠᠷ   ᠲᠤᠭᠤᠰᠢᠯᠠᠭᠤᠯᠵᠦ  ᠂   ᠰᠢᠨ᠎ᠠ   ᠬᠦᠭᠵᠢᠯᠳ᠋᠊ ᠊ᠠ ᠵᠢᠨ   ᠪᠠᠶ᠋ᠢᠷᠢᠰᠢᠯ ᠎ᠢ ᠱᠠᠯᠠᠪᠳᠠᠨ ᠪᠠᠶ᠋ᠢᠭᠤᠯᠵᠦ᠂ ᠴᠢᠨᠠᠷ ᠰᠠᠶ᠋ᠢᠳᠠᠢ ᠬᠦᠭᠵᠢᠯᠳᠠ ᠵᠢ ᠬᠦᠴᠦᠯᠡᠨ ᠠᠬᠢᠭᠤᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠢᠮᠠᠭᠳᠠ ᠬᠢᠨᠠᠭᠤᠷ ᠪᠤᠯᠭᠤᠮᠵᠢᠳᠠᠢ ᠲᠤᠭᠤᠰᠢᠳᠠᠢ ᠰᠠᠶ᠋ᠢᠳᠤᠷ ᠠᠳᠬᠤᠬᠤ ᠭᠡᠷᠡᠭᠲᠡᠢ᠃ ᠬᠤᠷᠸ᠎ᠠ ᠲᠦᠷᠦ ᠵᠢᠨ ᠪᠤᠳᠤᠯᠭ᠎ᠠ ᠵᠢ ᠤᠨᠢᠨ ᠳᠡᠭᠡᠷ᠎ᠠ᠎ᠨᠢ ᠭᠡᠷᠡᠭᠵᠢᠬᠦᠯᠵᠦ᠂ ᠬᠤᠷᠸ᠎ᠠ ᠲᠦᠷᠦ ᠵᠢᠨ ᠪᠤᠳᠤᠯᠭ᠎ᠠ ᠵᠢᠨ ᠵᠠᠯᠭ᠋ᠠᠯᠳᠤᠬᠤ ᠴᠢᠨᠠᠷ᠂ ᠲᠤᠭᠳᠠᠭᠤᠨ ᠴᠢᠨᠠᠷ᠂ ᠦᠷᠬᠦᠯᠵᠢᠯᠡᠬᠦ ᠴᠢᠨᠠᠷ᠎ᠢ ᠪᠠᠳᠤᠯᠠᠨ᠂ ᠪᠠᠴᠢᠮ ᠡᠷᠬᠢᠯᠳᠠ ᠭᠠᠷᠭ᠋ᠠᠬᠤ ᠦᠭᠡᠢ᠎ᠪᠠᠷ ᠴᠠᠭ ᠭᠡᠮᠵᠢᠶ᠎ᠠ ᠦᠷ᠎ᠠ ᠪᠦᠳᠦᠮᠵᠢ ᠵᠢ ᠰᠠᠶ᠋ᠢᠳᠤᠷ ᠡᠵᠡᠮᠳᠡᠵᠦ᠂ ᠦᠨᠳᠦᠰᠦ ᠵᠢ ᠪᠠᠬᠢᠵᠢᠬᠦᠯᠦᠨ ᠰᠠᠭᠤᠷᠢ ᠵᠢ ᠪᠠᠳᠤᠳᠬᠠᠵᠦ᠂ ᠵᠢᠱ᠌ᠢᠯᠳᠠ ᠵᠢ ᠲᠤᠭᠳᠠᠪᠤᠷᠢᠵᠢᠭᠤᠯᠤᠨ᠂ ᠠᠵᠤ ᠠᠬᠤᠢ ᠵᠢᠨ ᠡᠷᠬᠢᠯᠳᠡ ᠵᠢᠨ ᠵᠤᠬᠢᠰᠳᠠᠢ ᠤᠷᠤᠨ ᠵᠠᠢ᠎ᠳᠤ ᠪᠠᠶ᠋ᠢᠬᠤ ᠵᠢ ᠪᠠᠳᠤᠯᠠᠵᠦ᠂ ᠠᠵᠤ ᠠᠬᠤᠢ ᠵᠢ ᠰᠡᠷᠬᠦᠯᠳᠠ ᠵᠢᠨ ᠳᠤᠮᠳᠠ ᠨᠡᠩ ᠦᠨᠳᠦᠷ ᠲᠦᠪᠰᠢᠨ᠎ᠲᠠᠢ ᠲᠡᠩᠴᠡᠬᠦᠷᠢᠰᠢᠭᠦᠯᠬᠦ ᠭᠡᠷᠡᠭᠲᠡᠢ᠃ ᠢᠳᠡᠪᠬᠢᠳᠠᠢ ᠡᠳ᠋᠎ᠤᠨ ᠵᠠᠰᠠᠭ᠎ᠤᠨ ᠲᠦᠷᠦ ᠵᠢᠨ ᠪᠤᠳᠤᠯᠭ᠎ᠠ ᠵᠢ ᠨᠠᠷᠢᠯᠢᠭ ᠪᠣᠳᠠᠲᠠᠢ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠬᠤᠷᠢᠭ᠎ᠠ ᠱᠤᠭᠤᠮ᠎ᠢ ᠪᠠᠲᠤ ᠰᠠᠬᠢᠵᠤ᠂ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠬᠦ᠎ᠳᠤ ᠦᠵᠡᠭᠦᠯᠬᠦ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠯᠠᠪᠳᠠᠭᠤᠨ ᠵᠣᠭᠤᠰᠣᠨ᠎ᠤ ᠲᠦᠷᠦ ᠵᠢᠨ ᠪᠤᠳᠤᠯᠭ᠎ᠠ ᠵᠢᠨ ᠵᠦᠢ ᠵᠣᠬᠢᠰᠲᠠᠢ ᠭᠦᠢ᠍ᠴᠡᠳ ᠬᠦᠳᠡᠯᠦᠩᠭᠦᠢ ᠴᠢᠨᠠᠷ᠎ᠢ ᠪᠠᠲᠤᠯᠠᠵᠤ᠂ ᠪᠣᠳᠠᠲᠤ ᠴᠣᠭᠴᠠ ᠵᠢᠨ ᠠᠵᠤ ᠠᠬᠤᠢ᠂ ᠭᠤᠣᠯᠳᠠᠯᠭ᠎ᠠ᠎ᠲᠠᠢ ᠬᠦᠷᠢᠶ᠎ᠡ᠂ ᠪᠠᠭᠤᠷᠠᠢ ᠭᠤᠭᠴᠤᠭ᠎ᠠ᠎ᠳᠤ ᠦᠵᠡᠭᠦᠯᠬᠦ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠢ᠃ ᠠᠷᠠᠳ᠎ᠤᠨ ᠵᠣᠭᠤᠰᠣᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠦᠢ ᠵᠣᠬᠢᠰᠲᠠᠢ ᠲᠡᠩᠴᠡᠭᠦᠷᠢᠲᠡᠢ ᠲᠦᠪᠰᠢᠨ᠎ᠳᠤ ᠦᠨᠳᠦᠰᠦᠨ᠎ᠳᠡᠭᠡᠨ ᠲᠣᠭᠲᠠᠪᠤᠷᠢᠲᠠᠢ ᠪᠠᠶ᠋ᠢᠬᠤ ᠵᠢ ᠪᠠᠲᠤᠯᠠᠬᠤ ᠬᠡᠷᠡᠭᠳᠠᠢ ᠭᠡᠵᠤ ᠱᠠᠭ᠋ᠠᠷᠳᠠᠵᠠᠢ᠃
    ᠬᠤᠷᠠᠯ᠎ᠠᠴᠠ᠂ ᠠᠵᠤ ᠦᠢ᠍ᠯᠡᠰ᠎ᠤᠨ ᠰᠢᠯᠢᠳᠡᠭᠵᠢᠨ ᠲᠠᠰ ᠳᠡᠪᠰᠢᠭᠦ ᠵᠢ ᠬᠥᠲᠥᠯᠥᠨ ᠳᠠᠭ᠋ᠠᠭᠤᠯᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠢ ᠢᠳᠡᠪᠬᠢᠲᠡᠶ ᠬᠥᠭᠵᠢᠭᠦᠯᠤᠨ᠂ ᠠᠵᠤ ᠦᠢ᠍ᠯᠡᠰ᠎ᠤᠨ ᠲᠣᠭ᠋ᠠᠴᠢᠯᠠᠯᠲᠠ ᠵᠢ ᠲᠦᠷᠭᠡᠳᠬᠡᠬᠦ ᠬᠡᠷᠡᠭᠲᠡᠶ᠃ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠰᠢᠨ᠎ᠡ ᠡᠨᠧᠷᠭᠢ ᠵᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠲᠦᠷᠭᠡᠨ ᠰᠡᠷᠭᠦᠬᠦ ᠵᠢ ᠠᠬᠢᠭᠤᠯᠵᠤ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠪᠠ ᠠᠷᠠᠳ᠎ᠤᠨ ᠪᠡᠯᠡ ᠣᠷᠣᠭᠤᠯᠤᠯᠲᠠ ᠲᠦᠷᠭᠡᠨ ᠰᠡᠷᠭᠦᠬᠦ ᠵᠢ ᠠᠬᠢᠭᠤᠯᠤᠨ᠂ ᠤᠯᠤᠰ᠎ᠤᠨ ᠴᠢᠬᠤᠯᠠ ᠶᠡᠭᠡ ᠲᠦᠷᠦᠯ ᠵᠦᠢ᠍ᠯ᠎ᠳᠤ ᠬᠡᠷᠡᠭᠯᠡᠬᠦ ᠭᠠᠵᠠᠷ ᠵᠡᠷᠭᠡ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠰᠠᠶ᠋ᠢᠲᠤᠷ ᠬᠢᠵᠦ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠠᠵᠢᠯᠯᠠᠭ᠋ᠠᠨ᠎ᠤ ᠬᠥᠲᠥᠯᠪᠦᠷᠢ ᠵᠢ ᠲᠣᠭᠲᠠᠭ᠋ᠠᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠨᠡᠶ᠋ᠢᠳᠡᠮ ᠨᠡᠮᠡᠭᠳᠡᠬᠦ᠎ᠪᠠᠷ ᠳᠣᠲᠣᠭ᠋ᠠᠳᠤ ᠬᠡᠷᠡᠭᠴᠡᠭᠡ ᠵᠢ ᠦᠷᠭᠦᠯᠵᠢᠯᠡᠨ ᠥᠷᠭᠡᠳᠬᠡᠬᠦ ᠵᠢ ᠲᠤᠯᠭ᠋ᠠᠭᠤᠷᠢᠯᠠᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠵᠢ ᠠᠬᠢᠭᠤᠯᠵᠤ᠂ ᠤᠯᠤᠰ᠎ᠤᠨ ᠥᠮᠴᠢᠯᠡᠯ  ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ᠎ᠢ ᠭᠦᠨᠵᠡᠭᠡᠶ ᠬᠡᠷᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠯᠲᠡ ᠵᠢᠨ ᠣᠷᠴᠢᠨ᠎ᠢ ᠰᠢᠯᠢᠳᠡᠭᠵᠢᠭᠦᠯᠤᠨ᠂ ᠡᠯ᠎ᠡ ᠲᠥᠷᠥᠯ᠎ᠤᠨ ᠥᠨᠳᠥᠷ ᠲᠦᠪᠰᠢᠨ ᠪᠥᠬᠦᠶ ᠨᠡᠭᠡᠭᠡᠯᠲᠡ ᠵᠢᠨ ᠲᠠᠪᠴᠠᠩ᠎ᠢ ᠲᠦᠷᠭᠡᠳᠬᠡᠨ ᠪᠠᠶ᠋ᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃ ᠠᠵᠤ ᠠᠬᠤᠢ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠣᠷᠣᠨ ᠨᠤᠲᠤᠭ᠎ᠤᠨ ᠨᠠᠮ ᠵᠠᠰᠠᠭ᠎ᠤᠨ ᠭᠤᠣᠯ ᠤᠳᠤᠷᠢᠳᠤᠯᠭ᠎ᠠ ᠬᠠᠷᠢᠭᠤᠴᠠᠵᠦ ᠪᠠᠶ᠋ᠢᠭ᠎ᠠ ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠲᠠᠪᠴᠠᠩᠳᠦ ᠠᠵᠤ ᠠᠬᠤᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠡᠷᠬᠡ ᠲᠡᠭᠰᠢ᠎ᠪᠠᠷ ᠦᠷᠢᠰᠦᠯᠳᠦᠬᠦ ᠵᠢ ᠠᠬᠢᠭᠤᠯᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠨ᠂ ᠶᠡᠭᠡ ᠳᠡᠭᠡᠳᠦ ᠰᠤᠷᠭ᠋ᠠᠭᠤᠯᠢ ᠵᠢᠨ ᠲᠡᠭᠦᠰᠬᠦ ᠤᠶᠤᠳᠠᠳ ᠵᠡᠷᠭᠡ ᠭᠤᠤᠯᠳᠠᠯᠭ᠎ᠠ᠎ᠲᠠᠢ ᠬᠥᠮᠦᠰ᠎ᠲᠤ ᠠᠵᠢᠯ ᠣᠯᠭᠤᠬᠤ ᠠᠵᠢᠯ᠎ᠢ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠠᠮᠢᠳᠤᠷᠠᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠭᠡᠷ ᠪᠠᠶ᠋ᠢᠰᠢᠩ ᠪᠤᠯ ᠰᠠᠭᠤᠬᠤ᠎ᠳᠤ ᠵᠤᠷᠢᠭᠤᠯᠤᠭᠰᠠᠨ ᠶᠤᠮ᠂ ᠬᠠᠷᠢᠨ ᠰᠠᠷᠢᠭ᠋ᠠᠯᠠᠬᠤ᠎ᠳᠤ ᠵᠤᠷᠢᠭᠤᠯᠤᠭᠰᠠᠨ ᠪᠢᠰᠢ ᠭᠡᠬᠦ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠬᠠᠮᠲᠤ ᠵᠢᠨ ᠦᠮᠴᠢᠯᠡᠯ᠎ᠤᠨ ᠡᠷᠬᠡᠳᠦ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠵᠦ᠂ ᠰᠤᠷᠭ᠋ᠠᠭᠤᠯᠢ ᠵᠢᠨ ᠲᠣᠭᠤᠷᠢᠭ᠎ᠤᠨ ᠭᠡᠷ ᠵᠡᠷᠭᠡ ᠨᠡᠷ᠎ᠡ᠎ᠪᠠᠷ ᠤᠷᠤᠨ ᠰᠠᠭᠤᠴᠠ ᠵᠢᠨ ᠦᠨ᠎ᠡ ᠵᠢ ᠦᠰᠭᠡᠬᠦ ᠵᠢ ᠰᠡᠷᠭᠡᠶ᠋ᠢᠯᠡᠬᠦ ᠬᠡᠷᠡᠭᠲᠡᠢ᠃ ᠠᠶᠤᠯᠭᠦᠶ ᠦᠢ᠍ᠯᠡᠳᠪᠦᠷᠢᠯᠡᠯ᠎ᠢ ᠴᠥᠬᠦᠷᠡᠰᠢ ᠦᠭᠡᠢ ᠰᠠᠶ᠋ᠢᠲᠤᠷ ᠠᠳᠬᠤᠬᠤ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠷᠴᠢᠮ ᠵᠶ᠋ᠠᠨ ᠢᠮᠠᠭᠲᠠ ᠴᠢᠩᠭ᠋ᠠᠯᠠᠨ᠂ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ᠂ ᠲᠤᠳᠤᠭ᠋ᠠᠳᠤ᠎ᠳᠠᠭᠠᠨ ᠲᠠᠬᠢᠨ ᠳᠡᠯᠭᠡᠷᠡᠬᠦ ᠵᠢ ᠰᠡᠷᠭᠡᠶ᠋ᠢᠯᠡᠬᠦ ᠵᠢ ᠪᠠᠷᠢᠮᠲᠠᠯᠠᠵᠤ᠂ ᠸᠠᠺᠼᠢᠨ ᠲᠠᠷᠢᠬᠤ ᠠᠵᠢᠯ᠎ᠢ ᠰᠠᠶ᠋ᠢᠲᠤᠷ ᠠᠳᠬᠤᠨ᠂ ᠬᠢᠵᠢᠭ᠎ᠤᠨ ᠪᠠᠶ᠋ᠢᠳᠠᠯ᠎ᠢ ᠤᠯᠠᠨ ᠤᠯᠤᠰ ᠵᠶ᠋ᠠᠷ ᠵᠶ᠋ᠠᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠵᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
    ᠬᠤᠷᠠᠯ᠎ᠠᠴᠠ᠂ ᠭᠤᠷᠪᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠪᠣᠯ ᠣᠶ᠋ᠢᠷ᠎ᠠ ᠵᠢᠨ ᠵᠢᠯ᠎ᠠᠴᠠ ᠨᠠᠭ᠋ᠠᠰᠢ ᠥᠷᠨᠢᠭᠦᠯᠦᠭᠰᠡᠨ ᠨᠢᠭᠡ ᠤᠳᠠᠭ᠋ᠠᠨ᠎ᠤ ᠴᠢᠬᠤᠯᠠ ᠶᠡᠭᠡ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠪᠠᠶ᠋ᠢᠴᠠᠭ᠋ᠠᠯᠲᠠ ᠪᠣᠯᠤᠨ᠎ᠠ᠂ ᠪᠠᠰᠠ ᠴᠤ᠌ ᠨᠠᠮ ᠪᠤᠯᠤᠨ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠎ᠠ ᠨᠢᠭᠡᠳᠦᠯᠲᠡᠶ ᠥᠷᠨᠢᠭᠦᠯᠦᠭᠰᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠭᠤᠷᠢ ᠪᠠᠶ᠋ᠢᠴᠠᠭ᠋ᠠᠯᠲᠠ ᠪᠣᠯᠤᠨ᠎ᠠ᠂ ᠪᠠᠶ᠋ᠢᠴᠠᠭ᠋ᠠᠯᠲᠠ᠎ᠳᠤ ᠲᠤᠰᠬᠠᠭᠰᠠᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠭᠦᠨᠵᠡᠭᠡᠶ ᠵᠠᠳᠠᠯᠵᠤ᠂ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ ᠦᠨᠡᠨ ᠬᠦ᠌ ᠰᠢᠢ᠍ᠳᠪᠦᠷᠢᠯᠡᠬᠦ ᠬᠡᠷᠡᠭᠲᠡᠶ ᠬᠡᠵᠤ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠪᠠᠷᠢᠮᠲᠠᠯᠠᠵᠤ᠂ ᠬᠥᠳᠡᠭᠡ ᠲᠣᠰᠬᠤᠨ᠎ᠤ ᠬᠡᠷᠡᠭᠯᠡᠬᠦ ᠭᠠᠵᠠᠷ᠎ᠤᠨ ᠪᠠᠶ᠋ᠢᠷᠢᠰᠢᠯ᠎ᠢ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠭᠠᠵᠠᠷ᠎ᠤᠨ ᠲᠠᠷᠢᠶᠠᠨ ᠭᠠᠵᠠᠷ᠎ᠤᠨ ᠬᠡᠮᠵᠢᠶ᠎ᠡ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠲᠣᠭᠲᠠᠭ᠋ᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠵᠢᠷᠤᠮᠵᠢᠭᠤᠯᠤᠨ᠂ ᠣᠷᠳᠣ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠰᠢᠬᠯᠠᠵᠤ ᠪᠣᠯᠬᠤ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢ ᠳᠠᠭᠢᠵᠤ ᠪᠠᠭ᠋ᠠᠰᠬᠠᠬᠤ ᠥᠬᠡᠶ ᠪᠠᠶ᠋ᠢᠬᠤ ᠵᠢ ᠪᠠᠲᠤᠯᠠᠬᠤ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠬᠡᠷᠡᠭᠵᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠪᠤᠶᠤ ᠲᠠᠷᠢᠶᠠᠨ ᠭᠠᠵᠠᠷ᠎ᠤᠨ ᠬᠡᠷᠡᠭᠴᠡᠭᠡ ᠵᠢ ᠬᠤᠪᠢᠷᠠᠭᠤᠯᠤᠭᠰᠠᠨ ᠡᠯ᠎ᠡ ᠵᠦᠢ᠍ᠯ᠎ᠤᠨ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ᠎ᠠᠴᠠ ᠭᠠᠷᠳᠠᠨ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠤᠷᠢᠬᠯᠠᠵᠤ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠲᠠᠯ᠎ᠠ᠎ᠪᠠᠷ ᠵᠠᠷᠯᠢᠭ ᠪᠠᠶ᠋ᠢᠭ᠋ᠠᠳ ᠬᠡᠷᠡᠭᠵᠢᠭᠦᠯᠬᠦ ᠥᠬᠡᠶ᠂ ᠴᠠᠭ᠋ᠠᠵᠠ ᠪᠠᠶ᠋ᠢᠭ᠋ᠠᠳ ᠵᠤᠬᠰᠤᠬᠤ ᠦᠬᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ ᠪᠠᠶ᠋ᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠢᠰᠲ᠋ᠧᠮᠳᠦ ᠦᠵᠡᠯᠲᠡ ᠵᠢ ᠪᠠᠷᠢᠮᠲᠠᠯᠠᠵᠤ᠂ ᠦᠵᠦ ᠲᠥᠯᠥᠪᠵᠢᠭᠦᠯᠭᠡ ᠵᠢ ᠴᠢᠩᠭ᠋ᠠᠳᠬᠠᠨ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠤᠨᠢ ᠲᠤᠬᠢᠷᠠᠭᠤᠯᠵᠤ᠂ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠷᠪᠢᠯᠠᠬᠤ ᠡᠷᠴᠢᠮᠵᠢᠭᠦᠯᠬᠦ ᠵᠢ ᠪᠠᠷᠢᠮᠲᠠᠯᠠᠵᠤ᠂ ᠰᠢᠨ᠎ᠡ᠎ᠪᠠᠷ ᠨᠡᠮᠡᠭᠳᠡᠬᠦ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠵᠣᠬᠢᠰᠲᠠᠢ ᠲᠣᠭᠲᠠᠭ᠋ᠠᠨ᠂ ᠭᠠᠵᠠᠷ ᠰᠢᠷᠣᠢ ᠵᠢ ᠨᠡᠭᠡᠭᠡᠨ ᠠᠰᠢᠬᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠢ ᠨᠡᠭᠡᠭᠡᠨ ᠠᠰᠢᠬᠯᠠᠬᠤ ᠵᠢ ᠦᠷᠭᠦᠯᠵᠢᠯᠡᠨ ᠠᠬᠢᠭᠤᠯᠵᠤ᠂ ᠵᠠᠰᠠᠭ᠎ᠤᠨ ᠣᠷᠳᠣᠨ ᠬᠦᠳᠤᠯᠤᠨ ᠵᠢᠯᠤᠭᠤᠳᠴᠤ ᠵᠠᠬ᠎ᠠ ᠳᠡᠯᠭᠡᠭᠦᠷ ᠤᠷᠤᠯᠴᠠᠬᠰᠠᠨ ᠬᠤᠲᠠ ᠪᠠᠯᠭ᠋ᠠᠰᠤᠨ᠎ᠤ ᠳᠤᠤᠷ᠎ᠠ ᠦᠷ᠎ᠡ ᠠᠰᠢᠭ ᠵᠶ᠋ᠠᠷ ᠬᠡᠷᠡᠭᠯᠡᠬᠦ ᠭᠠᠵᠠᠷ᠎ᠢ ᠳᠠᠬᠢᠨ ᠨᠡᠭᠡᠭᠡᠨ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠶ᠃ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠭᠠᠵᠠᠷ ᠰᠢᠷᠤᠢ ᠵᠢ ᠠᠷᠪᠢᠴᠢ ᠭᠠᠮᠳᠠᠢ ᠡᠷᠴᠢᠮᠵᠢᠬᠦᠯᠤᠨ ᠬᠡᠷᠡᠭᠯᠡᠬᠦ ᠦᠨᠡᠯᠡᠯᠲᠡ ᠵᠢ ᠴᠢᠩᠭ᠋ᠠᠳᠬᠠᠵᠤ᠂ ᠭᠠᠵᠠᠷ ᠰᠢᠷᠤᠢ ᠵᠢ ᠠᠷᠪᠢᠯᠠᠬᠤ ᠵᠠᠭᠪᠤᠷ᠎ᠢ ᠶᠡᠭᠡ᠎ᠪᠠᠷ ᠳᠡᠯᠭᠡᠷᠡᠭᠦᠯᠬᠦ ᠬᠡᠷᠡᠭᠲᠡᠶ᠃ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ ᠬᠡᠷᠡᠭᠯᠡᠬᠦ ᠵᠢ ᠴᠢᠩᠭ᠋ᠠᠳᠬᠠᠵᠤ᠂ ᠡᠨᠡ ᠬᠦ᠌ ᠰᠠᠭᠤᠷᠢᠨ ᠳᠡᠭᠡᠷ᠎ᠡ ᠭᠠᠵᠠᠷ ᠰᠢᠷᠤᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠣᠷᠴᠢᠨ ᠠᠬᠤᠢ ᠵᠢᠨ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠢ ᠠᠰᠢᠬᠯᠠᠬᠤ ᠬᠢᠵᠠᠭ᠋ᠠᠷ ᠱᠤᠭᠤᠮ᠎ᠢ ᠲᠤᠬᠢᠷᠠᠭᠤᠯᠬᠤ ᠵᠢᠨ ᠬᠠᠮᠳᠦ ᠤᠯᠠᠮ ᠨᠢᠭᠡ ᠠᠯᠬᠤᠮ ᠲᠣᠳᠣᠷᠬᠠᠢ ᠪᠣᠯᠭ᠋ᠠᠬᠤ ᠬᠡᠷᠡᠭᠲᠡᠢ᠃ ᠤᠯᠤᠰ᠎ᠤᠨ ᠡᠬᠢ ᠪᠠᠶᠠᠯᠢᠭ᠎ᠤᠨ ᠪᠠᠶ᠋ᠢᠳᠠᠯ᠎ᠤᠨ ᠲᠤᠬᠠᠢ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠡᠶ᠋ᠢᠭᠡᠮ ᠳᠠᠶᠠᠭ᠋ᠠᠷ᠎ᠲᠤ ᠡᠬᠢ ᠪᠠᠶᠠᠯᠢᠭ᠎ᠢ ᠠᠷᠪᠢᠯᠠᠨ ᠠᠰᠢᠠᠠᠯᠠᠬᠤ ᠤᠬᠠᠮᠰᠠᠷ᠎ᠢ ᠪᠠᠲᠤ ᠴᠤᠭᠴᠠᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠬᠢᠶᠠᠨ ᠪᠠᠶ᠋ᠢᠭᠤᠯᠤᠯᠳᠠ ᠵᠢᠨ ᠠᠵᠢᠯ᠎ᠤᠨ ᠲᠦᠷᠢᠮ》᠎ᠢ ᠲᠣᠭᠲᠠᠭ᠋ᠠᠨ ᠨᠡᠶ᠋ᠢᠲᠡᠯᠡᠭᠰᠡᠨ᠎ᠨᠢ ᠵᠣᠬᠢᠶᠠᠨ ᠪᠠᠶ᠋ᠢᠭᠤᠯᠤᠯᠲᠠ ᠵᠢᠨ ᠠᠵᠢᠯ᠎ᠳᠠᠬᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ᠂ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠭᠦᠨᠵᠡᠭᠡᠶ ᠲᠤᠭᠤᠰᠢᠯᠠᠭᠤᠯᠬᠤ᠂ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠳᠦᠷᠢᠮᠵᠢᠯᠲᠡ ᠵᠢᠷᠤᠮᠵᠢᠯᠲᠠ ᠰᠢᠨᠵᠢᠯᠡᠬᠦ ᠤᠬᠠᠭ᠋ᠠᠨᠴᠢᠯᠠᠯᠲᠠ ᠵᠢ ᠠᠬᠢᠭᠤᠯᠬᠤ᠂ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠦ ᠭᠠᠷᠭ᠋ᠠᠪᠠ᠃
    ᠬᠤᠷᠠᠯ᠎ᠠᠴᠠ᠂ ᠰᠢᠨ᠎ᠡ ᠴᠠᠭ ᠦᠶ᠎ᠡ ᠵᠢᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠨᠢ ᠤᠯᠤᠰ ᠲᠦᠷᠦ ᠵᠢᠨ ᠱᠤᠭᠤᠮ᠎ᠳᠤ ᠦᠢ᠍ᠯᠡᠴᠢᠯᠡᠭᠦ ᠵᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠵᠢ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠶ᠋ᠢᠭᠤᠯᠤᠯᠲᠠ ᠵᠢᠨ ᠲᠦᠷᠢᠮ᠎ᠢ ᠪᠦᠷᠢᠨᠰᠢᠬᠦᠯᠤᠨ ᠬᠠᠮᠠᠭ᠋ᠠᠯᠠᠵᠤ᠂ ᠳᠡᠭᠡᠳᠦ ᠲᠤᠤᠷᠠᠳᠤ ᠱᠠᠳᠤ ᠵᠢ ᠬᠤᠯᠪᠤᠭᠰᠠᠨ᠂ ᠬᠡᠷᠡᠭᠵᠢᠭᠦᠯᠦᠯᠲᠡ ᠡᠷᠴᠢᠮᠳᠠᠢ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠤᠨ᠂ ᠨᠠᠮ᠎ᠤᠨ ᠤᠯᠤᠰ ᠲᠦᠷᠦ ᠵᠢᠨ ᠤᠳᠤᠷᠢᠳᠬᠤ ᠬᠦᠴᠦᠨ᠂ ᠦᠵᠡᠯ ᠰᠠᠨᠠᠭ᠋ᠠᠨ᠎ᠤ ᠬᠦᠳᠦᠯᠦᠨ ᠳᠠᠭ᠋ᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠤᠨ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ᠃ ᠨᠠᠮ᠎ᠠᠴᠠ ᠺᠠᠳ᠋ᠷ᠎ᠢ ᠬᠠᠮᠢᠶᠠᠷᠬᠤ ᠵᠠᠷᠴᠢᠮ᠎ᠢ ᠲᠤᠭᠤᠰᠢᠯᠠᠭᠤᠯᠵᠤ᠂ ᠰᠠᠶ᠋ᠢᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠨ᠂ ᠮᠣᠷᠠᠯ ᠴᠢᠳᠠᠪᠤᠷᠢ ᠵᠢ ᠬᠤᠣᠰᠯᠠᠭᠤᠯᠬᠤ᠂ ᠮᠣᠷᠠᠯ᠎ᠢ ᠲᠡᠷᠢᠭᠦᠨ᠎ᠳᠤ ᠲᠠᠯᠪᠢᠬᠤ᠂ ᠲᠠᠪᠤᠨ ᠲᠢᠪ ᠲᠦᠷᠪᠡᠨ ᠲᠠᠯᠠᠢ ᠵᠢᠨ ᠡᠷᠳᠡᠮᠲᠡᠨ ᠮᠡᠷᠭᠡᠳ᠎ᠢ ᠬᠡᠷᠡᠭᠯᠡᠬᠦ ᠵᠢ ᠪᠠᠷᠢᠮᠲᠠᠯᠠᠵᠤ᠂ ᠬᠥᠮᠦᠨ᠎ᠢ ᠵᠦᠪ ᠰᠤᠩᠭᠤᠵᠤ ᠬᠡᠷᠡᠭᠯᠡᠬᠦ ᠤᠳᠤᠷᠢᠳᠤᠮᠵᠢ ᠵᠢ ᠪᠠᠷᠢᠮᠲᠠᠯᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ᠎ᠲᠠᠢ ᠥᠨᠳᠥᠷ ᠬᠡᠪ ᠪᠤᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠬᠦᠴᠦᠯᠡᠨ ᠪᠠᠶ᠋ᠢᠭᠤᠯᠬᠤ ᠬᠡᠷᠡᠭᠲᠡᠢ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨᠴᠢ ᠵᠢᠷᠤᠮᠵᠢᠯ᠎ᠲᠠᠢ᠂ ᠨᠡᠭᠡᠭᠡᠯᠲᠡᠲᠤ ᠪᠠᠭᠲᠠᠭ᠋ᠠᠮᠵᠢᠲᠠᠢ᠂ ᠠᠵᠢᠯᠯᠠᠭ᠎ᠠ᠎ᠨᠢ ᠥᠨᠳᠥᠷ ᠪᠦᠲᠦᠮᠵᠢᠲᠡᠢ ᠴᠢᠳᠠᠪᠤᠷᠢᠲᠠᠨ᠎ᠤ ᠬᠥᠭᠵᠢᠯᠲᠡ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠤᠯᠤᠰ ᠵᠶ᠋ᠠᠨ ᠬᠠᠶ᠋ᠢᠷᠠᠯᠠᠵᠤ ᠡᠷᠡᠮᠡᠬᠡᠶ᠋ᠢᠯᠡᠨ ᠲᠡᠮᠡᠴᠡᠬᠦ᠎ᠪᠠᠷ ᠵᠣᠷᠢᠭ ᠰᠢᠭᠤᠳᠤᠭᠰᠠᠨ᠂ ᠵᠣᠷᠢᠭᠲᠠᠢ᠎ᠪᠠᠷ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠰᠢᠯᠢᠳᠡᠭ ᠴᠢᠳᠠᠪᠤᠷᠢᠲᠠᠨ᠎ᠤ ᠡᠩᠨᠡᠭᠡ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠬᠤ ᠤᠳᠤᠷᠢᠳᠬᠤ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠰᠢᠰᠲ᠋ᠧᠮ᠎ᠲᠠᠢ ᠲᠥᠯᠥᠪᠵᠢᠭᠦᠯᠬᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠤᠭᠤᠮᠳᠠ ᠵᠢ ᠰᠠᠬᠢᠨ ᠴᠢᠭᠯᠡᠯ᠎ᠢ ᠲᠤᠭᠳᠠᠭ᠋ᠠᠬᠤ ᠵᠢ ᠴᠢᠩᠭ᠋ᠠᠳᠬᠠᠨ᠂ ᠵᠣᠬᠢᠶᠠᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠤᠳᠤᠷᠢᠳᠬᠤ ᠪᠠᠭ᠎ᠢ ᠠᠳᠬᠤᠬᠤ᠂ ᠡᠩᠨᠡᠭᠡ ᠵᠢ ᠳᠠᠭ᠋ᠠᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠠᠵᠢᠯ᠎ᠳᠤ ᠰᠠᠶ᠋ᠢᠨ ᠰᠠᠶ᠋ᠢᠬᠠᠨ ᠨᠥᠬᠦᠴᠡᠯ ᠡᠭᠦᠳᠴᠦ᠂ ᠰᠠᠶ᠋ᠢᠨ ᠰᠠᠶ᠋ᠢᠬᠠᠨ ᠣᠷᠴᠢᠨ ᠡᠭᠦᠳᠴᠤ ᠦᠭᠬᠦ ᠬᠡᠷᠡᠭᠲᠡᠶ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠶ᠋ᠢᠷᠢᠯᠠᠭᠤᠯᠪᠠ
ᠰᠢ ᠵᠢᠨ ᠫᠢᠩ ᠳᠡᠯᠡᠭᠡᠢ ᠵᠢᠨ ᠤᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠦᠪᠯᠡᠯ᠎ᠤᠨ ᠲᠡᠷᠢᠭᠦᠯᠡᠭᠴᠢ ᠪᠠᡁᠸ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠨᠠᠨᠶᠠᠩ ᠬᠤᠲᠠ ᠵᠢᠨ ᠰᠢᠴᠦᠸᠠᠨ ᠰᠢᠶᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠵᠡᠷᠭᠡ ᠠᠵᠢᠯ᠎ᠢ ᠪᠠᠶ᠋ᠢᠷᠢᠯᠠᠭᠤᠯᠪᠠ
 
            