ᠯᠢ ᠺᠧ ᠴᠢᠶᠠᠩ ᠠᠪᠤᠷᠠᠨ ᠲᠤᠰᠠᠯᠠᠬᠤ ᠠᠵᠢᠯ᠎ᠳᠤ ᠴᠣᠬᠤᠯᠠᠪᠤᠷᠢ ᠦᠭᠴᠠᠢ
6 ᠰᠠᠷ᠎ᠠ ᠵᠢᠨ 13᠎ᠤ ᠡᠳᠦᠷ᠎ᠤᠨ 6 ᠴᠠᠭ 40 ᠮᠢᠨᠦ᠋ᠲ᠎ᠤᠨ ᠦᠶ᠎ᠡ᠎ᠪᠠᠷ᠂ ᠬᠤᠪᠸᠢ ᠵᠢᠨ ᠱ᠌ᠢ ᠶᠠᠨ ᠬᠤᠳᠠ ᠵᠢᠨ ᠵᠠᠩ ᠸᠠᠨ ᠲᠣᠭᠤᠷᠢᠭ᠎ᠤᠨ ᠶᠠᠨ ᠬᠤ᠌ ᠨᠡᠶ᠋ᠢᠭᠡᠮ ᠲᠣᠭᠤᠷᠢᠭ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠲᠤ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠡᠭᠦᠰᠪᠡ᠃ ᠣᠳᠣᠬᠠᠨ ᠪᠣᠯᠲᠠᠯ᠎ᠠ 12 ᠬᠥᠮᠦᠨ ᠠᠳᠡᠵᠦ᠂ 37 ᠬᠥᠮᠦᠨ ᠬᠦᠨᠳᠦ ᠰᠢᠷᠬᠠᠲᠤᠵᠤ᠂ ᠬᠡᠰᠡᠭ ᠬᠦᠮᠦᠰ ᠠᠳᠠᠯᠢ ᠪᠤᠰᠤ ᠬᠡᠮᠵᠢᠶ᠎ᠡ᠎ᠪᠠᠷ ᠰᠢᠷᠬᠠᠲᠤᠪᠠ᠃
ᠠᠳᠡᠯ ᠭᠠᠷᠤᠭᠰᠠᠨ᠎ᠤ ᠳᠠᠷᠠᠭ᠎ᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠲᠡᠷᠡ ᠳᠠᠷᠤᠶᠳᠤᠨᠢ ᠴᠢᠬᠤᠯᠠ ᠵᠢᠭ᠋ᠠᠪᠤᠷᠢ ᠥᠭᠴᠦ᠂ ᠬᠤᠪᠧᠶ ᠵᠢᠨ ᠱ᠌ᠢ ᠶᠠᠨ ᠬᠤᠲᠠ ᠵᠢᠨ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠳᠡᠯᠪᠡᠷᠡᠯᠲᠡ ᠵᠢᠨ ᠠᠳᠡᠯ᠎ᠳᠤ ᠬᠦᠨᠳᠦ ᠶᠡᠭᠡ ᠬᠥᠮᠦᠨ ᠬᠠᠷ᠎ᠠ ᠠᠳᠡᠵᠦ ᠰᠢᠷᠬᠠᠲᠤᠪᠠ᠂ ᠬᠦᠨᠵᠡᠭᠡᠢ ᠰᠤᠷᠭ᠋ᠠᠮᠵᠢ ᠠᠪᠬᠤ ᠭᠡᠷᠡᠭᠲᠡᠢ! ᠰᠢᠷᠬᠠᠲᠤᠭᠰᠠᠳ᠎ᠢ ᠪᠦᠬᠦ ᠬᠦᠴᠦᠨ ᠵᠶ᠋ᠠᠷ ᠵᠶ᠋ᠠᠨ ᠠᠪᠤᠷᠠᠵᠤ᠂ ᠠᠳᠡᠵᠤ ᠰᠢᠷᠬᠠᠲᠤᠭᠰᠠᠨ ᠬᠥᠮᠦᠰ᠎ᠤᠨ ᠲᠦᠷᠦᠯ ᠰᠠᠳᠤᠨ᠎ᠢ ᠲᠣᠬᠤᠨᠢᠭᠤᠯᠬᠤ ᠵᠡᠷᠭᠡ ᠬᠤᠶ᠋ᠢᠲᠤᠬᠢ ᠶᠠᠪᠤᠳᠠᠯ᠎ᠢ ᠰᠠᠶ᠋ᠢᠲᠤᠷ ᠬᠢᠵᠦ᠂ ᠰᠢᠯᠲᠠᠭ᠋ᠠᠨ᠎ᠢ ᠠᠯᠢ ᠲᠦᠷᠭᠡᠨ ᠵᠶ᠋ᠠᠷ ᠪᠠᠶ᠋ᠢᠴᠠᠭ᠋ᠠᠨ ᠲᠤᠳᠤᠯᠠᠵᠤ᠂ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠢ ᠬᠡᠪᠡ᠃ ᠰᠢ ᠵᠢᠨ ᠫᠢᠩ᠂ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠤᠯᠠᠨ ᠭᠠᠵᠠᠷ᠎ᠲᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠡᠷᠡᠭ ᠡᠬᠦᠰᠪᠠ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠢᠭᠡ᠎ᠠᠴᠠ ᠨᠦᠬᠦᠭᠡ ᠵᠢ ᠵᠦᠢ᠍ᠴᠢᠯᠡᠨ ᠮᠡᠳᠡᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠤᠯᠤᠰ ᠲᠦᠷᠦ ᠵᠢᠨ ᠰᠡᠷᠭᠡᠭ ᠴᠢᠨᠠᠷ ᠵᠶ᠋ᠠᠨ ᠴᠢᠩᠭ᠋ᠠᠳᠬᠠᠵᠤ᠂ ᠡᠯ᠎ᠡ ᠲᠦᠷᠦᠯ᠎ᠤᠨ ᠠᠮᠤᠷ ᠲᠦᠪᠰᠢᠨ᠎ᠤ ᠬᠡᠮ ᠰᠤᠭᠤᠬ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠬᠦᠨᠳᠦ ᠶᠡᠭᠡ ᠭᠡᠨᠡᠳᠲᠡ ᠵᠢᠨ ᠬᠡᠷᠡᠭ ᠡᠭᠦᠰᠬᠦ ᠵᠢ ᠰᠡᠷᠭᠡᠶ᠋ᠢᠯᠡᠵᠦ᠂ ᠠᠷᠠᠳ ᠤᠯᠠᠨ᠎ᠤ ᠠᠮᠢ ᠨᠠᠰᠤ ᠪᠣᠯᠤᠨ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠨ᠂ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ ᠴᠣᠬᠤᠯᠠᠪᠤᠷᠢ ᠥᠭᠴᠦ᠂ ᠠᠶᠤᠯ᠎ᠠᠴᠠ ᠠᠪᠤᠷᠠᠵᠤ ᠠᠪᠤᠷᠠᠨ ᠲᠤᠰᠠᠯᠠᠬᠤ ᠪᠠ ᠰᠢᠷᠬᠠᠲᠤᠭᠰᠠᠳ᠎ᠢ ᠠᠪᠤᠷᠠᠨ ᠡᠮᠨᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠵᠣᠬᠢᠶᠠᠨ ᠪᠠᠶ᠋ᠢᠭᠤᠯᠵᠤ᠂ ᠬᠠᠮᠤᠭ᠎ᠤᠨ ᠶᠡᠭᠡ ᠴᠢᠷᠮᠠᠶ᠋ᠢᠯᠭ᠎ᠠ᠎ᠪᠠᠷ ᠠᠳᠡᠯ ᠰᠢᠷᠬᠠᠲᠤᠯ᠎ᠢ ᠪᠠᠭ᠋ᠠᠰᠬᠠᠵᠤ᠂ ᠠᠳᠡᠯ᠎ᠤᠨ ᠰᠢᠯᠲᠠᠭ᠋ᠠᠨ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠨ ᠲᠤᠳᠤᠯᠠᠵᠤ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶ᠋ᠢᠷ᠎ᠠ ᠵᠢᠨ ᠬᠤᠭᠤᠴᠠᠭ᠋ᠠᠨ᠎ᠳᠤ ᠠᠮᠤᠷ ᠲᠦᠪᠰᠢᠨ᠎ᠤ ᠠᠳᠡᠯ ᠮᠥᠨ ᠬᠦ᠌ ᠣᠯᠠᠨ ᠡᠭᠦᠰᠬᠦ ᠬᠠᠨᠳᠤᠰᠢ᠎ᠲᠠᠢ ᠪᠠᠶ᠋ᠢᠨ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠶᠤᠯᠬᠦᠢ ᠦᠢ᠍ᠯᠡᠳᠪᠦᠷᠢᠯᠡᠯ᠎ᠤᠨ ᠵᠥᠪᠯᠡᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠠᠴᠠ ᠡᠯ᠎ᠡ ᠭᠠᠵᠠᠷ᠎ᠤᠨ᠎ᠬᠢᠨ᠎ᠢ ᠱᠠᠯᠠᠪᠳᠠᠭᠤᠯᠤᠨ ᠭᠤᠤᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠬᠡᠮ ᠰᠤᠭᠤᠬ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠦᠨᠡᠨ ᠬᠦ᠌ ᠴᠢᠩᠭ᠋ᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠵᠢ ᠡᠷᠡᠰ ᠬᠤᠷᠢᠬᠯᠠᠬᠤ ᠬᠡᠷᠡᠭᠲᠡᠶ ᠭᠡᠵᠤ ᠱᠠᠭ᠋ᠠᠷᠳᠠᠪᠠ᠃
ᠰᠢ ᠵᠢᠨ ᠫᠢᠩ᠎ᠤᠨ ᠵᠢᠭ᠋ᠠᠪᠤᠷᠢ ᠪᠣᠯᠤᠨ ᠯᠢ ᠺᠧ ᠴᠢᠶᠠᠩ᠎ᠤᠨ ᠱᠠᠭ᠋ᠠᠷᠳᠠᠯᠭ᠎ᠠ ᠶᠤᠰᠤᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠨᠢᠭᠡᠨᠲᠡ ᠠᠵᠢᠯᠯᠠᠬᠤ ᠳᠤᠭᠤᠶ᠋ᠢᠯᠠᠩ ᠲᠣᠮᠢᠯᠠᠨ ᠲᠤᠬᠠᠢ ᠵᠢᠨ ᠲᠠᠯᠠᠪᠠᠢ᠎ᠳᠤ ᠣᠴᠢᠭᠤᠯᠵᠤ ᠠᠳᠡᠯ᠎ᠢ ᠰᠢᠢ᠍ᠳᠪᠦᠷᠢᠯᠡᠬᠦ ᠠᠵᠢᠯ᠎ᠢ ᠵᠢᠯᠣᠭᠤᠳᠴᠤ ᠪᠠᠶ᠋ᠢᠨ᠎ᠠ᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠦᠨᠳᠦ ᠡᠪᠡᠳᠴᠢᠨ᠎ᠤ ᠠᠨᠠᠭ᠋ᠠᠬᠤ ᠤᠬᠠᠭ᠋ᠠᠨ᠂ ᠲᠦᠯᠡᠭᠳᠡᠭᠰᠡᠨ ᠰᠢᠷᠬ᠎ᠠ᠂ ᠰᠡᠳᠬᠢᠴᠡ ᠵᠢᠨ ᠵᠢᠯᠤᠭᠤᠳᠤᠯᠭ᠎ᠠ ᠵᠢᠨ ᠲᠤᠰᠬᠠᠶ ᠮᠡᠷᠭᠡᠵᠢᠯᠲᠡᠨ ᠵᠡᠷᠭᠡ ᠵᠢ ᠰᠢᠯᠵᠢᠬᠦᠯᠤᠨ ᠲᠤᠮᠢᠯᠠᠵᠤ ᠤᠯᠤᠰ᠎ᠤᠨ ᠲᠠᠰ᠎ᠤᠨ ᠡᠮᠴᠢᠯᠡᠭᠡᠨ᠎ᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠤᠨ ᠲᠤᠬᠠᠶ ᠵᠢᠨ ᠭᠠᠵᠠᠷ᠎ᠲᠤ ᠬᠦᠷᠴᠦ ᠠᠳᠡᠯ᠎ᠤᠨ ᠪᠠᠴᠢᠮ ᠠᠨᠠᠭ᠋ᠠᠬᠤ ᠤᠬᠠᠭ᠋ᠠᠨ᠎ᠤ ᠠᠪᠤᠷᠠᠨ ᠲᠤᠰᠠᠯᠠᠯᠲᠠ ᠵᠢ ᠰᠠᠶ᠋ᠢᠲᠤᠷ ᠬᠢᠬᠦ ᠵᠢ ᠵᠢᠯᠣᠭᠤᠳᠤᠭᠤᠯᠪᠠ᠃ ᠬᠤᠪᠸᠢ ᠮᠤᠵᠢ᠂ ᠱ᠌ᠢ ᠶᠠᠨ ᠬᠤᠲᠠ ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠦᠳ ᠨᠢᠭᠡᠨᠲᠡ ᠲᠤᠬᠠᠶ ᠵᠢᠨ ᠲᠠᠯᠠᠪᠠᠶ᠎ᠳᠤ ᠵᠢᠯᠣᠭᠤᠳᠤᠨ ᠰᠢᠢ᠍ᠳᠪᠦᠷᠢᠯᠡᠵᠦ ᠪᠤᠢ᠃ ᠣᠳᠣᠬᠠᠨ᠎ᠳᠤ᠂ ᠲᠤᠬᠠᠶ ᠵᠢᠨ ᠲᠠᠯᠠᠪᠠᠶ ᠵᠢᠨ ᠠᠪᠤᠷᠠᠨ ᠲᠤᠰᠠᠯᠠᠬᠤ᠂ ᠰᠢᠷᠬᠠᠲᠤᠭᠰᠠᠳ᠎ᠢ ᠠᠪᠤᠷᠠᠨ ᠡᠮᠨᠡᠬᠦ ᠵᠡᠷᠭᠡ ᠠᠵᠢᠯ ᠶᠠᠭ ᠪᠠᠴᠢᠮ ᠶᠠᠭ᠋ᠠᠷᠠᠯᠳᠠᠢ ᠪᠥᠭᠡᠳ ᠡᠮᠬᠢ ᠵᠢᠷᠤᠮ᠎ᠲᠠᠢ ᠶᠠᠪᠤᠭᠳᠠᠵᠤ ᠪᠠᠶ᠋ᠢᠨ᠎ᠠ᠃