ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠭᠢᠷᠢᠨ᠎ᠳᠤ ᠬᠦᠷᠴᠦ᠄ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ᠎ᠨᠢ ᠳᠠᠷᠤᠢ ᠱᠠᠨᠠᠭ᠎ᠠ ᠪᠣᠭᠣᠮᠲᠠ ᠵᠢ ᠳᠠᠪᠠᠵᠤ ᠴᠢᠳᠠᠨ᠎ᠠ ᠭᠡᠵᠡᠢ
ᠨᠡᠶ᠋ᠢᠲᠡᠯᠡᠭᠰᠡᠨ ᠴᠠᠭ᠄ 2021-06-17

   

 

      ᠯᠢ ᠺᠧ ᠴᠢᠶᠠᠩ 6 ᠳ᠋ᠤᠭ᠋ᠠᠷ ᠰᠠᠷ᠎ᠠ ᠵᠢᠨ 15᠎ᠤ ᠡᠳᠦᠷ ᠭᠢᠷᠢᠨ ᠮᠤᠵᠢ ᠵᠢᠨ ᠰᠦᠩᠶᠤᠸᠠᠨ ᠬᠣᠲᠠ᠎ᠳᠤ ᠭᠢᠷᠢᠨ ᠮᠤᠵᠢ ᠵᠢᠨ ᠫᠠᠨ ᠫᠠᠨ ᠢᠳᠡᠭᠡᠨ᠎ᠤ ᠬᠢᠵᠠᠭ᠋ᠠᠷᠲᠤ ᠺᠣᠮᠫᠠᠨᠢ ᠵᠢ ᠰᠢᠨᠵᠢᠯᠡᠨ ᠪᠠᠢ᠌ᠴᠠᠭ᠋ᠠᠪᠠ᠃ ᠲᠣᠰ ᠺᠣᠮᠫᠠᠨᠢ ᠪᠣᠯ ᠹᠦᠵᠢᠶᠠᠨ᠎ᠤ ᠫᠠᠨ ᠫᠠᠨ ᠪᠦᠯᠦᠭᠯᠡᠯ᠎ᠤᠨ 2013 ᠣᠨ᠎ᠳᠤ ᠪᠠᠶ᠋ᠢᠭᠤᠯᠤᠭᠰᠠᠨ ᠪᠦᠬᠦ ᠬᠥᠷᠥᠩᠭᠡ ᠵᠢᠨ ᠣᠷᠣᠭᠤᠯᠤᠯᠲᠤ ᠳᠠᠭ᠋ᠠᠯᠲᠠ ᠺᠣᠮᠫᠠᠨᠢ ᠪᠠᠢ᠌ᠵᠤ᠂ 2019 ᠣᠨ᠎ᠳᠤ 3 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ ᠬᠣᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠢ ᠰᠢᠨ᠎ᠡ᠎ᠪᠠᠷ ᠣᠷᠣᠭᠤᠯᠵᠤ᠂ ᠣᠲᠣ ᠶᠠᠭ ᠭᠤᠷᠪᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠳᠤ ᠪᠠᠯᠠ ᠣᠷᠣᠭᠤᠯᠬᠤ᠎ᠪᠠᠷ ᠲᠥᠯᠥᠪᠯᠡᠵᠦ ᠪᠣᠶ᠃ ᠪᠦᠯᠦᠭᠯᠡᠯ᠎ᠤᠨ ᠬᠠᠷᠢᠭᠤᠴᠠᠯᠭ᠋ᠠᠲᠠᠨ ᠶᠡᠷᠦᠩᠬᠡᠶ ᠰᠠᠶ᠋ᠢᠳ᠎ᠲᠤ ᠬᠡᠯᠡᠬᠦ᠎ᠳᠤ᠎ᠪᠠᠨ᠂ ᠵᠠᠷᠢᠮ ᠬᠥᠮᠦᠨ 《ᠪᠠᠯᠠ ᠣᠷᠣᠭᠤᠯᠤᠯᠲᠠ᠎ᠨᠢ ᠱᠠᠨᠠᠭ᠎ᠠ ᠪᠣᠭᠣᠮᠲᠠ ᠵᠢ ᠳᠠᠪᠠᠵᠤ ᠴᠢᠳᠠᠬᠤ ᠦᠭᠡᠢ》 ᠭᠡᠵᠦ ᠬᠡᠯᠡᠳᠡᠭ᠃ ᠭᠡᠲᠡᠯ᠎ᠡ ᠫᠠᠨ ᠫᠠᠨ ᠢᠳᠡᠭᠡᠨ᠎ᠤ ᠪᠠᠯᠠ ᠣᠷᠣᠭᠤᠯᠤᠯᠲᠠ᠎ᠨᠢ ᠱᠠᠨᠠᠭ᠎ᠠ ᠪᠣᠭᠣᠮᠲᠠ ᠵᠢ ᠳᠠᠪᠠᠭᠰᠠᠨ ᠵᠶ᠋ᠠᠷ ᠪᠠᠷᠠᠬᠤ ᠥᠬᠡᠶ᠂ ᠶᠠᠪᠤᠬᠤ ᠲᠤᠲᠤᠮ ᠤᠯᠠᠮ ᠤᠷᠤᠭᠰᠢᠲᠠᠶ ᠪᠣᠯᠵᠣ᠂ ᠪᠠᠯᠠ ᠣᠷᠣᠭᠤᠯᠬᠤ ᠲᠤᠲᠤᠮ ᠤᠯᠠᠮ ᠢᠲᠡᠭᠡᠯ ᠲᠡᠭᠦᠯᠳᠡᠷ ᠪᠣᠯᠵᠤ ᠪᠠᠢ᠌ᠨ᠎ᠠ ᠭᠡᠵᠡᠢ᠃
      ᠶᠡᠷᠦᠩᠬᠡᠶ ᠰᠠᠶ᠋ᠢᠳ ᠬᠡᠯᠡᠬᠦ᠎ᠳᠤ᠎ᠪᠠᠨ᠂ ᠲᠠ ᠨᠠᠷ ᠵᠡᠭᠦᠨ ᠡᠮᠦᠨᠡᠲᠦ ᠵᠢᠨ ᠳᠠᠯᠠᠶ ᠳᠠᠭ᠋ᠠᠤ ᠣᠷᠣᠨ᠎ᠠᠴᠠ ᠭᠢᠷᠢᠨ ᠮᠤᠵᠢ ᠵᠢᠨ ᠰᠦᠩᠶᠤᠸᠠᠨ᠎ᠳᠤ ᠢᠷᠡᠵᠦ ᠪᠡᠯᠡ ᠣᠷᠣᠭᠤᠯᠤᠨ ᠦᠢ᠍ᠯᠡᠳᠪᠦᠷᠢ ᠪᠠᠢ᠌ᠭᠤᠯᠤᠭᠰᠠᠨ ᠮᠥᠷᠲᠡᠭᠡᠨ ᠪᠡᠯᠡ ᠣᠷᠣᠭᠤᠯᠤᠯᠲᠠ ᠵᠢᠨ ᠬᠡᠮᠵᠢᠶ᠎ᠡ᠎ᠪᠠᠨ ᠤᠯᠠᠮ ᠶᠡᠬᠡᠰᠬᠡᠵᠦ ᠪᠠᠶ᠋ᠢᠨ᠎ᠠ᠃ ᠡᠨᠡ᠎ᠨᠢ ᠡᠨᠳᠡᠬᠢ ᠡᠳ᠋ ᠭᠠᠷᠤᠯᠲᠠ ᠡᠯᠪᠡᠭ ᠳᠡᠯᠪᠡᠭ ᠵᠶ᠋ᠡᠷ ᠪᠠᠷᠠᠬᠤ ᠦᠭᠡᠶ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠴᠦ᠍ ᠬᠢᠷᠢ ᠲᠡᠩᠴᠡᠭᠰᠡᠨ᠎ᠢ ᠬᠠᠷᠠᠭᠤᠯᠵᠤ ᠪᠠᠶ᠋ᠢᠨ᠎ᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ᠎ᠨᠢ ᠳᠠᠷᠤᠢ ᠱᠠᠨᠠᠭ᠎ᠠ ᠪᠣᠭᠣᠮᠲᠠ ᠵᠢ ᠳᠠᠪᠠᠵᠤ ᠴᠢᠳᠠᠨ᠎ᠠ᠃ ᠲᠠ ᠨᠠᠷ᠎ᠤᠨ ᠢᠲᠡᠭᠡᠯ ᠵᠣᠷᠢᠭ ᠵᠶ᠋ᠠᠨ ᠪᠣᠭᠣᠮᠲᠠ ᠵᠢᠨ ᠳᠣᠲᠣᠷᠠᠬᠢ ᠨᠡᠩ ᠣᠯᠠᠨ ᠠᠵᠤ ᠠᠬᠤᠶ᠋ᠢᠯᠠᠯ᠎ᠳᠤ ᠳᠠᠮᠵᠢᠭᠤᠯᠵᠤ᠂ ᠪᠣᠭᠣᠮᠲᠠ ᠵᠢᠨ ᠭᠠᠳᠠᠨ᠎ᠠ ᠪᠡᠯᠡ ᠣᠷᠣᠭᠤᠯᠬᠤ ᠰᠠᠢ᠍ᠢ᠍ᠨ ᠰᠠᠢ᠌ᠬᠠᠨ ᠣᠷᠴᠢᠨ ᠨᠥᠬᠥᠴᠡᠯ᠎ᠲᠠᠢ᠂ ᠬᠥᠭᠵᠢᠯᠲᠡ ᠵᠢᠨ ᠠᠯᠤᠰ ᠢᠷᠡᠭᠡᠳᠦᠢ᠎ᠲᠠᠢ ᠪᠠᠢ᠌ᠬᠤ ᠵᠢ ᠣᠯᠠᠨ᠎ᠳᠤ ᠮᠡᠳᠡᠭᠦᠯᠵᠦ᠂ ᠨᠡᠩ ᠤᠯᠠᠨ ᠪᠡᠯᠡ ᠣᠷᠣᠭᠤᠯᠤᠯᠲᠠ ᠵᠢᠨ ᠱᠠᠨᠠᠭ᠎ᠠ ᠪᠣᠭᠣᠮᠲᠠ ᠵᠢ ᠳᠠᠪᠠᠨ ᠣᠷᠣᠵᠤ ᠢᠷᠡᠬᠦ ᠵᠢ ᠬᠦᠰᠡᠵᠦ ᠪᠠᠶ᠋ᠢᠨ᠎ᠠ ᠭᠡᠪᠡ᠃
      ᠰᠢᠨᠵᠢᠯᠡᠨ ᠪᠠᠶ᠋ᠢᠴᠠᠭ᠋ᠠᠬᠤ᠎ᠳᠤ᠎ᠪᠠᠨ᠂ ᠯᠢ ᠺᠸ ᠴᠢᠶᠠᠩ ᠲᠤᠰ ᠺᠣᠮᠫᠠᠨᠢ ᠵᠢᠨ ᠢᠳᠡᠭᠡᠨ ᠤᠮᠳᠠᠭ᠋ᠠᠨ᠎ᠤ ᠦᠢ᠍ᠯᠡᠳᠪᠦᠷᠢᠯᠡᠯ᠎ᠤᠨ ᠱᠤᠭᠤᠮ᠎ᠢ ᠪᠠᠶ᠋ᠢᠴᠠᠭ᠋ᠠᠨ ᠦᠵᠡᠵᠦ᠂ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠰᠤᠳᠤᠯᠤᠨ ᠨᠡᠭᠡᠭᠡᠯᠲᠡ ᠬᠢᠭᠰᠡᠨ ᠵᠡᠷᠭᠡ ᠪᠠᠶ᠋ᠢᠳᠠᠯ᠎ᠢ ᠣᠶ᠋ᠢᠯᠠᠭ᠋ᠠᠵᠤ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠭᠰᠠᠨ ᠲᠤᠬᠠᠢ ᠯᠠᠪᠯᠠᠨ ᠠᠰᠠᠭᠤᠪᠠ᠃ ᠶᠡᠷᠦᠩᠬᠡᠶ ᠰᠠᠶ᠋ᠢᠳ ᠠᠵᠢᠯᠲᠠᠳ᠎ᠲᠤ ᠬᠡᠯᠡᠬᠦ᠎ᠳᠤ᠎ᠪᠠᠨ᠂ ᠢᠳᠡᠭᠡᠨ᠎ᠤ ᠠᠵᠢᠯ ᠲᠥᠷᠥᠯ ᠪᠣᠯ ᠥᠨᠢ ᠡᠭᠦᠷᠢᠳᠡ ᠵᠢᠨ ᠥᠭᠡᠳᠡᠷᠬᠡᠭ ᠠᠵᠤ ᠦᠢ᠍ᠯᠡᠰ ᠮᠥᠨ᠃ ᠠᠷᠠᠳ ᠣᠯᠠᠨ᠎ᠤ ᠣᠯᠠᠨ ᠶᠠᠩᠵᠤ ᠵᠢᠨ ᠡᠷᠡᠭᠦᠯ ᠮᠡᠨᠳᠦ ᠵᠢᠨ ᠬᠡᠷᠡᠭᠴᠡᠭᠡ᠎ᠳᠤ ᠵᠣᠬᠢᠴᠠᠭᠤᠯᠤᠨ᠂ ᠲᠠᠰᠤᠷᠠᠯᠲᠠ ᠥᠬᠡᠶ ᠰᠢᠨ᠎ᠡ ᠦᠢ᠍ᠯᠡᠳᠬᠦᠨ᠎ᠢ ᠰᠤᠳᠤᠯᠤᠨ ᠭᠠᠷᠭ᠋ᠠᠬᠤ ᠬᠡᠷᠡᠭᠲᠡᠶ᠃ ᠫᠠᠨ ᠫᠠᠨ ᠺᠣᠮᠫᠠᠨᠢ ᠵᠢᠨ ᠢᠷᠡᠭᠡᠳᠦᠢ ᠵᠢᠨ ᠵᠠᠮ ᠮᠠᠰᠢ ᠥᠷᠭᠡᠨ ᠪᠠᠢ᠌ᠨ᠎ᠠ ᠭᠡᠵᠡᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠭᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠨᠡᠬᠡᠬᠡᠯᠳᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
ᠯᠢ ᠺᠧ ᠴᠢᠶᠠᠩ᠄ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠲᠦᠰᠢᠭᠯᠡᠬᠦ ᠬᠡᠷᠡᠭᠲᠡᠢ
ᠯᠢ ᠺᠸ ᠴᠢᠶᠠᠩ ᠭᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠨᠡᠬᠡᠬᠡᠯᠳᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
ᠯᠢ ᠺᠧ ᠴᠢᠶᠠᠩ᠄ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠲᠦᠰᠢᠭᠯᠡᠬᠦ ᠬᠡᠷᠡᠭᠲᠡᠢ
ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠶ ᠪᠣᠳᠠᠲᠤ ᠲᠡᠮᠳᠡᠭᠯᠡᠯ᠄ ᠥᠨᠳᠥᠷ ᠲᠩᠷᠢ ᠵᠤᠵᠠᠭ᠋ᠠᠨ ᠬᠥᠷᠥᠰᠥᠨ᠎ᠳᠤ ᠦᠵᠡᠰᠬᠦᠯᠡᠩᠲᠦ ᠰᠠᠶ᠋ᠢᠬᠠᠨ ᠵᠢᠷᠤᠭ᠎ᠢ ᠳᠡᠯᠭᠡᠪᠡ
 
            