ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠢᠶᠠᠩᠰᠦ ᠮᠤᠵᠢ ᠵᠢᠨ ᠬᠤᠸᠠᠢ ᠠᠨ ᠬᠣᠲᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠵᠢᠨ ᠦᠰᠦᠨ ᠪᠣᠶ᠋ᠢᠵᠢᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ ᠬᠠᠷᠠᠬᠠᠨ ᠪᠠᠭ᠎ᠠ᠎ᠠᠴᠠ᠎ᠪᠠᠨ ᠨᠠᠮ᠎ᠤᠨ ᠦᠭᠡ ᠵᠢ ᠰᠣᠨᠣᠰᠴᠤ ᠨᠠᠮ ᠵᠶ᠋ᠡᠨ ᠳᠠᠭ᠋ᠠᠬᠤ ᠡᠷᠴᠢ ᠵᠣᠷᠢᠭ ᠵᠶ᠋ᠡᠨ ᠪᠠᠲᠤᠳᠬᠠᠭ᠋ᠠᠷᠠᠢ ᠭᠡᠵᠦ ᠵᠤᠷᠢᠡᠡᠵᠢᠭᠤᠯᠪᠠ
ᠨᠡᠶ᠋ᠢᠲᠡᠯᠡᠭᠰᠡᠨ ᠴᠠᠭ᠄ 2021-06-02

        ᠪᠥᠬᠥ   ᠤᠯᠤᠰ᠎ᠤᠨ ᠪᠠᠭ᠋ᠠᠴᠤᠳ ᠬᠡᠦᠬᠡᠳ᠎ᠲᠤ 《6 · 1》᠎ᠤ                                               ᠳᠡᠯᠡᠬᠡᠶ ᠵᠢᠨ ᠬᠡᠦᠬᠡᠳ᠎ᠤᠨ ᠪᠠᠶᠠᠷ᠎ᠤᠨ ᠡᠳᠦᠷ᠎ᠤᠨ ᠵᠦᠩᠨᠡᠯ ᠳᠡᠪᠰᠢᠭᠦᠯᠪᠡ
     

    ᠰᠢᠨᠬᠤᠸᠠ ᠬᠤᠷᠢᠶᠠᠠ᠎ᠤ ᠪᠡᠭᠡᠵᠢᠩ᠎ᠤᠨ 5 ᠰᠠᠷ᠎ᠠ ᠵᠢᠨ 31᠎ᠤ ᠴᠠᠬᠢᠯᠭ᠋ᠠᠠ ᠮᠡᠲᠡᠭᠡ 《6 · 1》᠎ᠤ ᠲᠡᠯᠡᠭᠡᠢ ᠵᠢᠨ ᠬᠡᠤᠬᠡᠳ᠎ᠤᠨ ᠪᠠᠶᠠᠷ ᠬᠦᠷᠴᠤ ᠢᠷᠡᠬᠦ ᠲᠠᠰᠢᠷᠠᠮ ᠵᠶ᠋ᠡᠷ᠂ ᠨᠠᠮ᠎ᠤᠨ ᠲᠦᠪ ᠬᠤᠷᠢᠶᠠᠠ᠎ᠤ ᠶᠡᠷᠦᠩᠭᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠷᠢᠭᠦᠯᠡᠭᠴᠢ ᠰᠢ ᠵᠢᠨ ᠫᠢᠩ 5 ᠰᠠᠷ᠎ᠠ ᠵᠢᠨ 30᠎ᠤ ᠡᠲᠦᠷ ᠵᠢᠶᠠᠩᠰᠦ ᠮᠤᠵᠢ ᠵᠢᠨ ᠬᠤᠸᠠᠢ ᠠᠨ ᠬᠣᠲᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠲᠤ ᠬᠠᠷᠢᠭᠤ ᠵᠠᠬᠢᠲᠠᠯ ᠢᠯᠡᠭᠡᠵᠦ᠂ ᠲᠡᠲᠡᠡ᠎ᠢ ᠲᠤᠲᠤᠨᠤ᠎ᠪᠠᠷ ᠵᠤᠷᠢᠠᠠᠵᠢᠭᠤᠯᠤᠭᠰᠠᠠ ᠪᠦᠭᠡᠳ ᠲᠡᠲᠡ ᠪᠤᠯᠤᠨ ᠪᠦᠬᠦ ᠤᠯᠤᠰ᠎ᠤᠨ ᠪᠠᠭ᠋ᠠᠴᠤᠳ ᠬᠡᠦᠬᠡᠳ᠎ᠲᠤ ᠪᠠᠶᠠᠷ᠎ᠤᠨ ᠡᠲᠦᠷ᠎ᠤᠨ ᠵᠦᠩᠨᠡᠯ ᠳᠡᠪᠰᠢᠭᠦᠯᠪᠡ᠃
    ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠲᠠᠨ᠎ᠤ ᠰᠤᠷᠭ᠋ᠠᠭᠤᠯᠢ ᠪᠣᠯ 《ᠰᠢᠨ ᠠᠨ᠎ᠤ ᠠᠶᠠᠯᠠᠯ᠎ᠤᠨ ᠪᠦᠯᠬᠦᠮ》᠎ᠤᠨ ᠡᠬᠡ ᠰᠤᠷᠭ᠋ᠠᠭᠤᠯᠢ ᠮᠥᠨ᠂ ᠲᠠ ᠨᠠᠷ ᠵᠠᠬᠢᠳᠠᠯ᠎ᠳᠠᠭᠠᠨ ᠰᠤᠷᠭ᠋ᠠᠭᠤᠯᠢ ᠵᠢᠨ ᠬᠤᠪᠢᠰᠬᠠᠯᠳᠤ ᠲᠡᠦᠬᠡ ᠵᠢᠨ ᠲᠦᠯᠤᠭᠡ ᠣᠮᠣᠭᠰᠢᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠨᠠᠮ᠎ᠤᠨ ᠲᠡᠦᠬᠡ ᠵᠢ ᠰᠤᠷᠤᠯᠴᠠᠭᠰᠠᠨ ᠣᠯᠤᠯᠲᠠ᠎ᠪᠠᠨ ᠴᠤ᠌ ᠶᠠᠷᠢᠭᠰᠠᠨ ᠪᠠᠶ᠋ᠢᠨ᠎ᠠ ᠭᠡᠵᠦ ᠬᠡᠯᠡᠪᠡ᠃
    ᠰᠢ ᠵᠢᠨ ᠫᠢᠩ᠂ ᠲᠤᠬᠠᠢ ᠵᠢᠨ ᠵᠢᠯ᠎ᠳᠤ᠂ ᠨᠠᠮ᠎ᠤᠨ ᠬᠠᠯᠠᠮᠵᠢᠯᠠᠯ ᠪᠠ ᠤᠳᠤᠷᠢᠳᠤᠯᠭ᠎ᠠ ᠳᠣᠣᠷ᠎ᠠ᠂ 《ᠰᠢᠨ ᠠᠨ᠎ᠤ ᠠᠶᠠᠯᠠᠯ᠎ᠤᠨ ᠪᠦᠯᠬᠦᠮ》᠎ᠤᠨ ᠎ᠬᠢᠨ ᠬᠦᠴᠢᠷ ᠪᠡᠷᠬᠡᠰᠢᠶᠡᠯ᠎ᠠᠴᠠ ᠡᠮᠢᠶᠡᠯ ᠦᠭᠡᠢ᠎ᠪᠠᠷ ᠳᠤᠮᠳᠠᠳᠤ ᠤᠯᠤᠰ᠎ᠤᠨ ᠶᠡᠭᠡᠩᠭᠢ ᠭᠡᠰᠡᠭ ᠭᠠᠵᠠᠷ ᠤᠷᠤᠨ ᠵᠶ᠋ᠡᠷ ᠬᠦᠷᠴᠤ᠂ ᠤᠳᠬ᠎ᠠ ᠤᠷᠠᠯᠢᠭ ᠵᠶ᠋ᠠᠷ ᠵᠡᠪᠰᠡᠭ ᠪᠣᠯᠭ᠋ᠠᠨ᠂ ᠠᠷᠠᠳ ᠤᠯᠠᠨ᠎ᠤ ᠶᠠᠫᠣᠨ᠎ᠢ ᠡᠰᠡᠷᠭᠦᠴᠡᠵᠦ ᠮᠥᠬᠥᠯ᠎ᠠᠴᠠ ᠠᠪᠤᠷᠠᠬᠤ ᠵᠢ ᠤᠷᠢᠶᠠᠯᠠᠵᠤ᠂ ᠨᠠᠮ᠎ᠤᠨ ᠵᠣᠷᠢᠯᠲᠠ ᠵᠢ ᠤᠬᠠᠭᠤᠯᠤᠨ᠂ ᠤᠯᠤᠰ ᠵᠶ᠋ᠡᠨ ᠬᠠᠶ᠋ᠢᠷᠠᠯᠠᠵᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠲᠠ ᠨᠠᠷ ᠥᠪᠡᠷ᠎ᠤᠨ ᠦᠰᠦᠨ ᠪᠣᠶ᠋ᠢᠵᠢᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ᠂ ᠪᠠᠭ᠋ᠠᠲᠤᠷ ᠵᠢᠱ᠌ᠢᠶᠡᠴᠢ ᠬᠥᠮᠦᠰ ᠵᠶ᠋ᠡᠷ ᠦᠯᠢᠭᠡᠷ ᠳᠠᠭᠤᠷᠢᠶᠠᠯ ᠪᠣᠯᠭ᠋ᠠᠨ᠂ ᠬᠠᠷᠠᠬᠠᠨ ᠪᠠᠭ᠎ᠠ᠎ᠠᠴᠠ᠎ᠪᠠᠨ ᠨᠠᠮ᠎ᠤᠨ ᠦᠭᠡ ᠵᠢ ᠰᠣᠨᠣᠰᠴᠤ᠂ ᠨᠠᠮ ᠵᠶ᠋ᠡᠨ ᠳᠠᠭ᠋ᠠᠬᠤ ᠡᠷᠴᠢ ᠵᠣᠷᠢᠭ ᠵᠶ᠋ᠡᠨ ᠪᠠᠲᠤᠳᠬᠠᠵᠤ᠂ ᠰᠢᠷᠭ᠋ᠠᠭᠤ ᠬᠠᠳᠠᠭᠤᠵᠢᠯᠳᠠᠢ ᠰᠤᠷᠤᠯᠴᠠᠨ᠂ ᠬᠦᠰᠡᠯᠡᠩ ᠵᠶ᠋ᠠᠨ ᠪᠤᠢ ᠪᠣᠯᠭ᠋ᠠᠵᠤ᠂ ᠵᠠᠩ ᠴᠢᠨᠠᠷ ᠵᠶ᠋ᠡᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ᠎ᠪᠠᠨ ᠨᠡᠮᠡᠭᠳᠡᠭᠦᠯᠤᠨ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠣᠸ᠎ᠠ ᠰᠠᠶ᠋ᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠬᠦ ᠵᠢ ᠴᠢᠷᠮᠠᠶ᠋ᠢᠨ ᠪᠡᠶᠡᠯᠡᠭᠦᠯᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠦ ᠭᠠᠷᠭ᠋ᠠᠪᠠ᠃
    ᠰᠢᠨ ᠠᠨ ᠪᠠᠭ᠎ᠠ ᠰᠤᠷᠭ᠋ᠠᠭᠤᠯᠢ ᠵᠢ ᠠᠷᠠᠳ᠎ᠤᠨ ᠰᠤᠷᠭ᠋ᠠᠨ ᠬᠦᠮᠦᠵᠢᠯᠳᠡᠨ ᠲᠤᠤ ᠰᠢᠩ ᡁᠢ 1929 ᠣᠨ᠎ᠳᠤ ᠡᠭᠦᠰᠭᠡᠨ ᠪᠠᠶ᠋ᠢᠭᠤᠯᠵᠠᠢ᠃ 1935 ᠣᠨ᠎ᠤ 10 ᠰᠠᠷ᠎ᠠ᠎ᠳᠤ᠂ ᠲᠤᠰ ᠰᠤᠷᠭ᠋ᠠᠭᠤᠯᠢ ᠵᠢᠨ 14 ᠰᠤᠷᠤᠭᠴᠢ 《ᠰᠢᠨ ᠠᠨ᠎ᠤ ᠠᠶᠠᠯᠠᠯ᠎ᠤᠨ ᠪᠦᠯᠬᠦᠮ》᠎ᠢ ᠪᠠᠶ᠋ᠢᠭᠤᠯᠵᠤ᠂ ᠤᠳᠬ᠎ᠠ ᠤᠷᠠᠯᠢᠭ ᠵᠶ᠋ᠠᠷ ᠵᠡᠪᠰᠡᠭ ᠪᠣᠯᠭ᠋ᠠᠵᠤ᠂ ᠶᠠᠫᠣᠨ᠎ᠢ ᠡᠰᠡᠷᠭᠦᠴᠡᠵᠦ ᠮᠥᠬᠥᠯ᠎ᠠᠴᠠ ᠠᠪᠤᠷᠠᠬᠤ ᠵᠢ ᠤᠬᠠᠭᠤᠯᠪᠠ᠃ ᠮᠠᠤ ᠽᠸ ᠳ᠋ᠦᠩ᠂ ᠵᠧᠦ ᠡᠸᠠ ᠯᠠᠶ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠬᠠᠯᠠᠮᠵᠢᠯᠠᠯ ᠵᠢᠯᠤᠭᠤᠳᠤᠯᠭ᠎ᠠ ᠳᠣᠣᠷ᠎ᠠ᠂ 《ᠰᠢᠨ ᠠᠨ᠎ᠤ ᠠᠶᠠᠯᠠᠯ᠎ᠤᠨ ᠪᠦᠯᠬᠦᠮ》 ᠨᠠᠮ᠎ᠤᠨ ᠵᠣᠷᠢᠯᠲᠠ ᠵᠢ ᠢᠳᠡᠪᠬᠢᠲᠡᠶ ᠤᠬᠠᠭᠤᠯᠵᠤ᠂ 17 ᠵᠢᠯ᠎ᠤᠨ ᠲᠤᠳᠤᠷ᠎ᠠ 5 ᠲᠦᠮᠡ ᠭᠠᠷᠤᠶ ᠭᠠᠵᠠᠷ ᠠᠶᠠᠯᠠᠵᠤ᠂ ᠪᠦᠬᠦ ᠤᠯᠤᠰ᠎ᠤᠨ 22 ᠮᠤᠵᠢ᠎ᠳᠤ ᠤᠯᠠ ᠮᠥᠷ ᠵᠶ᠋ᠠᠨ ᠦᠯᠡᠳᠡᠭᠡᠨ᠂ ᠶᠠᠫᠣᠨ᠎ᠢ ᠡᠰᠡᠷᠭᠦᠴᠡᠬᠦ ᠳᠠᠢ᠍ᠢ᠍ᠨ᠎ᠤ ᠢᠯᠠᠯᠲᠠ ᠵᠢ ᠲᠡᠮᠡᠴᠡᠨ ᠤᠯᠬᠤ᠂ ᠪᠦᠬᠦ ᠤᠯᠤᠰ᠎ᠤᠨ ᠴᠢᠯᠥᠭᠡᠯᠡᠯᠲᠡ ᠵᠢ ᠲᠡᠮᠡᠴᠡᠨ ᠤᠯᠬᠤ᠎ᠳᠤ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠪᠠ᠃ ᠣᠶ᠋ᠢᠷ᠎ᠠ᠎ᠳᠤ᠂ ᠰᠢᠨ ᠠᠨ ᠪᠠᠭ᠎ᠠ ᠰᠤᠷᠭ᠋ᠠᠭᠤᠯᠢ ᠵᠢᠨ ᠲᠠᠪᠤᠳᠤᠭ᠋ᠠᠷ (8) ᠳᠤᠮᠳᠠ ᠠᠩᠭᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ ᠶᠡᠷᠦᠩᠬᠡᠶ ᠱᠦᠵᠢ ᠰᠢ ᠵᠢᠨ ᠫᠢᠩ᠎ᠳᠤ ᠵᠠᠬᠢᠳᠠᠯ ᠢᠯᠡᠭᠡᠵᠦ᠂ ᠰᠤᠷᠭ᠋ᠠᠭᠤᠯᠢ ᠵᠢᠨ ᠲᠡᠦᠬᠡ ᠪᠣᠯᠤᠨ ᠨᠠᠮ᠎ᠤᠨ ᠲᠡᠦᠬᠡ ᠵᠢ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠬᠠᠷᠢᠭᠤ ᠮᠡᠳᠡᠭᠦᠯᠤᠨ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ ᠰᠢᠨ᠎ᠡ ᠴᠠᠭ ᠦᠶ᠎ᠡ ᠵᠢᠨ ᠰᠠᠶ᠋ᠢᠨ ᠪᠠᠭ᠋ᠠᠴᠤᠳ ᠪᠣᠯᠬᠤ᠎ᠪᠠᠷ ᠴᠢᠷᠮᠠᠶ᠋ᠢᠬᠤ ᠵᠣᠷᠢᠭ ᠵᠶ᠋ᠡᠨ ᠢᠯᠡᠳᠬᠡᠭᠰᠡᠡ ᠪᠠᠢ᠍ᠢ᠍ᠨ᠎ᠠ᠃

ᠢᠷᠡᠯᠲᠡ᠄ ᠦᠪᠦᠷ ᠮᠣᠩᠭᠤᠯ᠎ᠤᠨ ᠡᠳᠣᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠤᠴᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠤᠯᠠᠨ ᠤᠯᠤᠰ ᠎ᠤᠨ ᠳᠠᠮᠵᠢᠭᠤᠯᠭ᠎ᠠ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠦ ᠳᠤᠮᠳᠠᠳᠤ ᠤᠯᠤᠰ᠎ᠢ ᠦᠨᠡᠨ ᠪᠣᠳᠠᠲᠠᠶ ᠪᠤᠰᠤᠭ᠎ᠠ ᠴᠤᠭᠴᠠ᠎ᠪᠠᠷ ᠪᠦᠬᠦ ᠲᠠᠯ᠎ᠠ᠎ᠪᠠᠷ ᠳᠡᠯᠭᠡᠨ ᠦᠵᠡᠭᠦᠯᠬᠦ ᠭᠡᠷᠡᠭᠲᠡᠢ
ᠯᠢ ᠺᠧ ᠴᠢᠶᠠᠩ ᠬᠤᠶᠠᠳᠤᠭ᠋ᠠᠷ ᠬᠤᠭᠤᠴᠠᠭ᠋ᠠᠨ᠎ᠤ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ᠎ᠤ 2030 ᠲᠦᠷᠦᠭᠦᠴᠦᠳ᠎ᠤᠨ ᠬᠤᠷᠠᠯ᠎ᠳᠤ ᠣᠷᠣᠯᠴᠠᠪᠠ
ᠰᠢ ᠵᠢᠨ ᠫᠢᠩ ᠺᠠᠽᠠᠭᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠶ᠋ᠢᠯᠡᠭᠴᠢ ᠠᠯᠢᠶᠸᠹ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠳ᠋ᠣᠮᠢᠨᠢᠺᠠ ᠵᠢᠨ ᠶᠡᠷᠦᠩᠬᠡᠢ᠌ᠯᠡᠭᠴᠢ ᠠᠪᠢᠨᠠᠳᠧᠷ᠎ᠲᠠᠢ ᠤᠲᠠᠰᠤ᠎ᠪᠠᠷ ᠶᠠᠷᠢᠯᠴᠠᠵᠠᠢ
 
            