《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠶ ᠠᠷᠭ᠋ᠠᠴᠠᠭ᠋ᠠᠬᠤ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ 《ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠤᠨ ᠬᠥᠮᠦᠨ ᠠᠮᠠ ᠵᠢᠨ ᠣᠷᠳᠣ ᠬᠤᠭᠤᠴᠠᠭ᠎ᠠ᠎ᠪᠠᠷ ᠲᠡᠩᠴᠡᠭᠦᠷᠢᠲᠡᠶ ᠬᠦᠭᠵᠢᠬᠦ ᠵᠢ ᠠᠬᠢᠭᠤᠯᠬᠤ ᠲᠤᠬᠠᠶ ᠲᠣᠭᠲᠠᠭ᠋ᠠᠯ》᠎ᠢ ᠬᠢᠨᠠᠨ ᠵᠥᠪᠯᠡᠪᠡ
ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ
ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ ᠵᠢᠨ 31᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ 5 ᠰᠠᠷ᠎ᠠ ᠵᠢᠨ 31᠎ᠤ ᠡᠳᠦᠷ ᠬᠤᠷᠠᠯ ᠬᠤᠷᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠶ ᠠᠷᠭ᠋ᠠᠴᠠᠭ᠋ᠠᠬᠤ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠤᠨ ᠬᠥᠮᠦᠨ ᠠᠮᠠ ᠵᠢᠨ ᠤᠷᠳᠤ ᠬᠤᠭᠤᠴᠠᠭ᠎ᠠ᠎ᠪᠠᠷ ᠲᠡᠩᠴᠡᠭᠦᠷᠢᠲᠡᠶ ᠬᠦᠭᠵᠢᠬᠦ ᠵᠢ ᠠᠬᠢᠭᠤᠯᠬᠤ ᠲᠤᠬᠠᠶ ᠲᠣᠭᠲᠠᠭ᠋ᠠᠯ》᠎ᠢ ᠬᠢᠨᠠᠨ ᠵᠥᠪᠯᠡᠪᠡ᠃ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ᠃
ᠬᠤᠷᠠᠯ᠎ᠠᠴᠠ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ᠎ᠨᠢ ᠤᠯᠤᠰ᠎ᠤᠨ ᠬᠥᠭᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠲᠠᠢ ᠬᠣᠯᠪᠣᠭᠳᠠᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠂ ᠤᠯᠤᠰ᠎ᠤᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠪᠣᠯᠤᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ ᠢ ᠱᠠᠯᠠᠪᠳᠠᠨ ᠪᠦᠷᠢᠨᠰᠢᠬᠦᠯᠵᠤ᠂ ᠡᠯ᠎ᠡ ᠵᠦᠢ᠍ᠯ᠎ᠤᠨ ᠠᠵᠢᠯ ᠢᠯᠡᠳᠲᠡ ᠦᠷ᠎ᠡ ᠪᠦᠲᠦᠮᠵᠢ ᠤᠯᠵᠠᠢ ᠬᠡᠵᠥ ᠵᠢᠭ᠋ᠠᠵᠥ ᠭᠠᠷᠭ᠋ᠠᠪᠠ᠃
ᠬᠤᠷᠠᠯ᠎ᠠᠴᠠ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠰᠢᠰᠲ᠋ᠧᠮ ᠪᠣᠯᠤᠨ ᠲᠦᠷᠢᠮ᠎ᠤᠨ ᠪᠣᠷᠣ ᠲᠥᠯᠥᠪ᠎ᠢ ᠱᠠᠯᠠᠪᠳᠠᠨ ᠪᠠᠢ᠍ᠢ᠍ᠭᠤᠯᠵᠤ ᠪᠦᠷᠢᠨᠰᠢᠬᠦᠯᠬᠦ ᠬᠡᠷᠡᠭᠲᠡᠢ᠃ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠭ᠋ᠠᠵᠢᠮ ᠵᠶ᠋ᠠᠷ ᠤᠷᠲᠤᠳᠬᠠᠬᠤ ᠵᠢ ᠯᠠᠪᠳᠠᠭᠤᠨ ᠵᠶ᠋ᠠᠷ ᠬᠡᠷᠡᠭᠵᠢᠭᠦᠯᠤᠨ᠂ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠪᠥᠬᠥ ᠤᠯᠤᠰ᠎ᠲᠤ ᠨᠢᠭᠡᠳᠦᠯᠲᠡᠶ ᠲᠥᠯᠥᠪᠵᠢᠭᠦᠯᠬᠦ ᠵᠢ ᠢᠳᠡᠪᠬᠢᠲᠡᠶ ᠠᠬᠢᠭᠤᠯᠵᠤ᠂ ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠤᠨ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠪᠣᠷᠣ ᠲᠥᠯᠥᠪ᠎ᠢ ᠰᠦᠪᠡᠭᠴᠢᠯᠡᠨ ᠪᠠᠶ᠋ᠢᠭᠤᠯᠵᠤ᠂ ᠬᠡᠷ ᠪᠦᠯᠢ ᠨᠡᠶ᠋ᠢᠭᠡᠮ ᠲᠣᠭᠣᠷᠢᠭ᠎ᠤᠨ ᠪᠠᠶ᠋ᠢᠭᠤᠯᠤᠮᠵᠢ ᠵᠢ ᠬᠠᠷᠢᠯᠴᠠᠨ ᠵᠤᠬᠢᠴᠠᠭᠤᠯᠤᠭᠰᠠᠨ᠂ ᠡᠮᠴᠢᠯᠡᠭᠡᠨ᠎ᠤ ᠰᠤᠪᠢᠯᠠᠯᠲᠠ ᠡᠷᠡᠭᠦᠯᠵᠢᠯ᠎ᠤᠨ ᠰᠤᠪᠢᠯᠠᠯᠲᠠ ᠵᠢ ᠤᠶᠠᠯᠳᠤᠭᠤᠯᠤᠭᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ ᠪᠠ ᠡᠷᠡᠭᠦᠯ ᠮᠡᠨᠳᠦ ᠵᠢᠨ ᠲᠤᠯᠭ᠋ᠠᠭᠤᠷᠢᠯᠠᠯ᠎ᠤᠨ ᠰᠢᠰᠲ᠋ᠧᠮ᠎ᠢ ᠱᠠᠯᠠᠪᠳᠠᠨ ᠪᠠᠶ᠋ᠢᠭᠤᠯᠵᠤ᠂ ᠨᠠᠰᠤᠵᠢᠯ᠎ᠤᠨ ᠠᠵᠤ ᠦᠢ᠍ᠯᠡᠰ᠎ᠢ ᠬᠥᠭᠵᠢᠭᠦᠯᠤᠨ᠂ ᠡᠯ᠎ᠡ ᠬᠦᠷᠢᠶ᠎ᠡ ᠡᠯ᠎ᠡ ᠠᠵᠢᠯ ᠲᠥᠷᠥᠯ᠎ᠤᠨ᠎ᠬᠢᠨ᠎ᠤ ᠨᠠᠰᠤᠵᠢᠯ᠎ᠳᠤ ᠵᠤᠬᠢᠴᠠᠭᠤᠯᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠨᠠᠰᠤᠲᠠᠨ ᠵᠶ᠋ᠠᠨ ᠠᠴᠢᠯᠠᠨ ᠬᠠᠢ᠍ᠢ᠍ᠷᠠᠯᠠᠵᠥ ᠬᠦᠨᠳᠦᠯᠡᠬᠦ ᠤᠯᠠᠮᠵᠢᠯᠠᠯᠲᠤ ᠰᠠᠶ᠋ᠢᠬᠠᠨ ᠰᠤᠷᠲᠠᠯ᠎ᠢ ᠶᠡᠬᠡ᠎ᠪᠠᠷ ᠪᠠᠳᠠᠷᠠᠭᠤᠯᠤᠨ᠂ ᠨᠠᠰᠤᠲᠠᠶ᠋ᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠨᠠᠰᠤᠵᠢᠯ᠎ᠤᠨ ᠠᠵᠢᠯ᠎ᠤᠨ ᠰᠢᠰᠲ᠋ᠧᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠨᠠᠰᠤᠵᠢᠯ᠎ᠤᠨ ᠦᠢ᠍ᠯᠡᠰ᠎ᠤᠨ ᠬᠥᠭᠵᠢᠯᠲᠡ ᠵᠢᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠲᠦᠷᠦ ᠵᠢᠨ ᠪᠤᠳᠤᠯᠭ᠎ᠠ ᠪᠠ ᠤᠯᠠᠨ ᠠᠷᠭ᠎ᠠ ᠵᠠᠮ ᠵᠶ᠋ᠠᠷ ᠪᠡᠯᠡ ᠴᠤᠭᠯᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ᠎ᠳᠤ ᠴᠢᠬᠤᠯᠠ ᠪᠦᠬᠦᠢ ᠪᠠᠲᠤᠯᠠᠭ᠎ᠠ ᠬᠠᠩᠭ᠋ᠠᠬᠤ ᠬᠡᠷᠡᠭᠲᠡᠢ ᠬᠡᠵᠥ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠮᠠᠨ᠎ᠤ ᠤᠯᠤᠰ᠎ᠤᠨ ᠬᠥᠮᠦᠨ ᠠᠮᠠ ᠵᠢᠨ ᠬᠥᠭᠵᠢᠯᠲᠡ ᠬᠤᠪᠢᠷᠠᠯᠲᠠ ᠵᠢᠨ ᠪᠠᠶ᠋ᠢᠳᠠᠯ᠎ᠢ ᠦᠨᠳᠦᠰᠦᠯᠡᠨ᠂ ᠤᠷᠢᠳ ᠬᠣᠵᠢᠳ 《ᠨᠢᠬᠡ ᠭᠠᠭᠴᠠ ᠬᠤᠶᠠᠷ ᠬᠡᠦᠬᠡᠳ ᠠᠪᠴᠤ ᠪᠤᠯᠬᠤ》᠂ 《ᠬᠣᠶᠠᠷ ᠬᠡᠦᠬᠡᠳ ᠠᠪᠴᠤ ᠪᠣᠯᠬᠤ》 ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠡᠷᠭᠡ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠤᠭᠳᠠᠭ᠋ᠠᠨ᠂ ᠢᠳᠡᠪᠬᠢᠲᠡᠢ ᠦᠷ᠎ᠡ ᠪᠦᠲᠦᠮᠵᠢ ᠤᠯᠪᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠬᠥᠮᠦᠨ ᠠᠮᠠ ᠵᠢᠨ ᠨᠡᠢ᠍ᠢ᠍ᠳᠡ ᠲᠤᠭ᠎ᠠ ᠯᠤᠲᠤ ᠶᠡᠬᠡ ᠪᠠᠶ᠋ᠢᠵᠤ᠂ ᠣᠶ᠋ᠢᠷ᠎ᠠ ᠵᠢᠨ ᠵᠢᠯ᠎ᠤᠳ᠎ᠠᠴᠠ ᠬᠥᠮᠦᠨ ᠠᠮᠠ ᠵᠢᠨ ᠨᠠᠰᠤᠵᠢᠯ᠎ᠤᠨ ᠪᠠᠢ᠍ᠢ᠍ᠳᠠᠯ ᠬᠡᠴᠡᠭᠦᠳᠡᠵᠠᠢ᠃ ᠦᠷᠡᠵᠢᠯ᠎ᠤᠨ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠨᠢᠬᠡ ᠡᠷ᠎ᠡ ᠡᠮ᠎ᠡ ᠬᠣᠶᠠᠭᠤᠯᠠ ᠭᠤᠷᠪᠠᠨ ᠬᠡᠦᠬᠡᠳ ᠠᠪᠴᠤ ᠪᠣᠯᠬᠤ ᠲᠦᠷᠦ ᠵᠢᠨ ᠪᠤᠳᠤᠯᠭ᠎ᠠ ᠵᠢᠴᠢ ᠢᠵᠢ ᠪᠦᠷᠢᠳᠦᠭᠰᠡᠨ ᠳᠡᠮᠵᠢᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠨᠢ ᠮᠠᠨ᠎ᠤ ᠤᠯᠤᠰ᠎ᠤᠨ ᠬᠥᠮᠦᠨ ᠠᠮᠠ ᠵᠢᠨ ᠪᠦᠲᠦᠴᠡ ᠵᠢ ᠰᠠᠶ᠋ᠢᠵᠢᠷᠠᠭᠤᠯᠬᠤ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠂ ᠮᠠᠨ᠎ᠤ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠨᠳᠦᠰᠦᠨ ᠳᠠᠪᠠᠭᠤᠯᠢᠭ᠎ᠢ ᠪᠠᠲᠤᠯᠠᠬᠤ᠎ᠳᠤ ᠠᠰᠢᠭᠲᠠᠢ ᠶᠤᠮ ᠬᠡᠵᠥ ᠵᠢᠭ᠋ᠠᠵᠥ ᠭᠠᠷᠭ᠋ᠠᠪᠠ᠃
ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠨᠢᠭᠡᠳᠦᠯᠲᠡᠶ ᠲᠥᠯᠥᠪᠵᠢᠭᠦᠯᠬᠦ᠂ ᠲᠥᠷᠥ ᠵᠢᠨ ᠪᠣᠳᠣᠯᠭ᠎ᠠ᠎ᠪᠠᠷ ᠵᠣᠬᠢᠴᠠᠭᠤᠯᠬᠤ ᠪᠠ ᠠᠵᠢᠯ᠎ᠢ ᠨᠠᠢ᠍ᠢ᠍ᠳᠠᠪᠤᠷᠢᠵᠢᠭᠤᠯᠬᠤ ᠵᠢ ᠴᠢᠩᠭ᠋ᠠᠳᠬᠠᠨ᠂ ᠭᠤᠷᠪᠠᠨ ᠬᠡᠦᠬᠡᠳ ᠠᠪᠴᠤ ᠪᠤᠯᠬᠤ ᠲᠥᠷᠥ ᠵᠢᠨ ᠪᠣᠳᠣᠯᠭ᠎ᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠦᠷᠡᠵᠢᠯ᠎ᠤᠨ ᠲᠥᠷᠥ ᠵᠢᠨ ᠪᠣᠳᠣᠯᠭ᠎ᠠ ᠪᠣᠯᠤᠨ ᠬᠠᠮᠢᠶ᠎ᠠ ᠪᠥᠬᠥᠶ ᠠᠵᠤ ᠠᠬᠤᠶ ᠨᠡᠶ᠋ᠢᠭᠡᠮ᠎ᠤᠨ ᠲᠥᠷᠥ ᠵᠢᠨ ᠪᠣᠳᠣᠯᠭ᠎ᠠ ᠵᠢ ᠢᠵᠢ ᠲᠥᠬᠥᠷᠵᠢᠭᠦᠯᠦᠨ ᠵᠣᠯᠭ᠋ᠠᠭᠤᠯᠬᠤ ᠵᠢ ᠠᠬᠢᠭᠤᠯᠤᠨ᠂ ᠴᠢᠬᠤᠯᠠ ᠶᠡᠬᠡ ᠠᠵᠤ ᠠᠬᠤᠶ ᠨᠡᠶ᠋ᠢᠭᠡᠮ᠎ᠤᠨ ᠲᠥᠷᠥ ᠵᠢᠨ ᠪᠣᠳᠣᠯᠭ᠎ᠠ ᠵᠢᠨ ᠬᠥᠮᠦᠨ ᠠᠮᠠ᠎ᠳᠠᠬᠢ ᠨᠥᠯᠥᠭᠡ ᠵᠢ ᠦᠨᠡᠯᠡᠨ ᠵᠢᠱ᠌ᠢᠬᠦ ᠲᠣᠭᠲᠠᠴᠠ ᠵᠢ ᠪᠦᠷᠢᠨᠰᠢᠭᠦᠯᠬᠦ ᠬᠡᠷᠡᠭᠲᠡᠶ᠃ ᠤᠷᠤᠭᠯᠠᠬᠤ᠂ ᠬᠥᠩᠭᠡᠵᠢᠬᠦ᠂ ᠥᠰᠬᠡᠬᠦ᠂ ᠰᠤᠷᠭ᠋ᠠᠨ ᠬᠦᠮᠦᠵᠢᠯ ᠬᠦᠷᠳᠡᠭᠡᠬᠦ ᠵᠢ ᠨᠢᠭᠡ ᠴᠤᠭᠴᠠᠵᠢᠭᠤᠯᠤᠨ ᠪᠣᠳᠣᠯᠬᠢᠯᠠᠵᠤ᠂ ᠤᠷᠤᠭᠯᠠᠬᠤ ᠨᠠᠰᠤᠨ᠎ᠤ ᠵᠠᠯᠠᠭᠤᠴᠤᠳ᠎ᠲᠤ ᠢᠨᠠᠭ ᠤᠷᠤᠭ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢᠨ ᠬᠥᠮᠦᠵᠢᠯ ᠵᠢᠯᠤᠭᠤᠳᠤᠯᠭ᠎ᠠ ᠬᠢᠬᠦ ᠵᠢ ᠴᠢᠩᠭ᠋ᠠᠳᠬᠠᠨ᠂ ᠤᠷᠤᠭ ᠬᠤᠷᠢᠮ᠎ᠤᠨ ᠮᠠᠭᠤ ᠮᠠᠭᠤᠬᠠᠢ ᠵᠠᠩ ᠵᠠᠩᠰᠢᠯ᠂ ᠬᠡᠳᠦ ᠦᠨᠳᠦᠷ ᠪᠤᠬᠳᠤᠯᠠᠬᠤ ᠪᠡᠯᠡᠭ ᠵᠡᠷᠭᠡ ᠨᠡᠶ᠋ᠢᠭᠡᠮ᠎ᠤᠨ ᠮᠠᠭᠤ ᠮᠠᠭᠤᠬᠠᠢ ᠬᠡᠪ ᠰᠤᠷᠲᠠᠯ᠎ᠢ ᠵᠠᠰᠠᠵᠤ᠂ ᠴᠢᠨᠠᠷᠯᠢᠭ ᠲᠦᠷᠦᠵᠤ ᠲᠤᠷᠨᠢᠭᠤᠨ ᠦᠰᠭᠡᠬᠦ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠤᠨ᠂ ᠲᠦᠭᠡᠮᠡᠯ ᠬᠠᠷᠠᠭ᠋ᠠᠯᠵᠠᠯᠳᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠬᠥᠭᠵᠢᠭᠦᠯᠵᠦ᠂ ᠰᠤᠷᠭ᠋ᠠᠨ ᠬᠥᠮᠦᠵᠢᠯ᠎ᠤᠨ ᠲᠥᠪ ᠭᠣᠣᠯᠴᠢ ᠬᠢᠭᠡᠳ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠠᠬᠢᠭᠤᠯᠤᠨ᠂ ᠭᠡᠷ ᠪᠦᠯᠢ ᠵᠢᠨ ᠰᠤᠷᠭ᠋ᠠᠨ ᠬᠥᠮᠥᠵᠢᠯ᠎ᠳᠠᠬᠢ ᠵᠠᠷᠤᠯᠭ᠎ᠠ ᠵᠢ ᠪᠠᠭᠤᠷᠠᠭᠤᠯᠬᠤ ᠬᠡᠷᠡᠭᠲᠡᠢ᠃ ᠬᠦᠩᠭᠡᠵᠢᠯᠳᠡ ᠵᠢᠨ ᠠᠮᠠᠷᠠᠯᠲᠠ ᠬᠢᠭᠡᠳ ᠬᠦᠩᠭᠡᠵᠢᠯᠳᠡ ᠵᠢᠨ ᠳᠠᠭ᠋ᠠᠳᠬᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠭᠠᠶ᠋ᠢᠯᠢ ᠲᠠᠲᠠᠪᠤᠷᠢ᠂ ᠣᠷᠣᠨ ᠰᠠᠭᠤᠴᠠ ᠵᠡᠷᠭᠡ ᠲᠠᠯ᠎ᠠ ᠵᠢᠨ ᠳᠡᠮᠵᠢᠬᠦ ᠲᠦᠷᠦ ᠵᠢᠨ ᠪᠤᠳᠤᠯᠭ᠎ᠠ ᠵᠢ ᠴᠢᠩᠭ᠋ᠠᠳᠬᠠᠨ᠂ ᠡᠮᠡᠭᠲᠡᠶ᠋ᠢᠴᠦᠳ᠎ᠤᠨ ᠠᠵᠢᠯ ᠤᠯᠬᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ᠃ ᠪᠦᠬᠦ ᠳᠠᠯ᠎ᠠ᠎ᠪᠠᠷ ᠬᠣᠶᠠᠷ ᠬᠡᠦᠬᠡᠳ ᠠᠪᠴᠤ ᠪᠣᠯᠬᠤ ᠲᠥᠷᠥ ᠵᠢᠨ ᠪᠣᠳᠣᠯᠭ᠎ᠠ ᠵᠢᠨ ᠳᠤᠬᠢᠷᠠᠭᠤᠯᠤᠯᠳᠠ ᠬᠢᠬᠦ᠎ᠠᠴᠠ ᠡᠮᠦᠨᠡᠬᠢ ᠭᠠᠭᠴᠠ ᠬᠡᠦᠬᠡᠳ᠎ᠲᠠᠢ ᠭᠡᠷ ᠪᠦᠯᠢ ᠪᠣᠯᠤᠨ ᠬᠥᠳᠡᠭᠡ ᠲᠣᠰᠬᠣᠨ᠎ᠤ ᠲᠥᠯᠥᠪᠯᠡᠭᠡᠲᠦ ᠦᠷᠡᠵᠢᠯ᠎ᠤᠨ ᠬᠤᠶᠠᠷ ᠬᠡᠦᠬᠡᠨ᠎ᠲᠠᠢ ᠭᠡᠷ ᠪᠦᠯᠢ᠎ᠳᠤ ᠣᠳᠣ ᠵᠢᠨ ᠬᠡᠷᠡᠭᠵᠢᠭᠦᠯᠵᠦ ᠪᠠᠶ᠋ᠢᠭ᠎ᠠ ᠡᠯ᠎ᠡ ᠵᠦᠢ᠍ᠯ᠎ᠤᠨ ᠱᠠᠩᠨᠠᠨ ᠲᠡᠳᠬᠦᠬᠦ ᠳᠦᠷᠢᠮ ᠪᠣᠯᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠭᠡᠷ ᠪᠦᠯᠢ ᠵᠢ ᠪᠦᠬᠦ ᠲᠠᠯ᠎ᠠ᠎ᠪᠠᠷ ᠬᠠᠪᠰᠤᠷᠤᠨ ᠲᠡᠳᠬᠦᠬᠦ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ᠎ᠤᠨ ᠣᠷᠳᠣᠨ ᠭᠤᠤᠯᠯᠠᠨ ᠤᠳᠤᠷᠢᠳᠤᠭᠰᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠣᠷᠣᠯᠴᠠᠭᠰᠠᠨ ᠲᠡᠳᠬᠦᠨ ᠬᠠᠯᠠᠮᠵᠢᠯᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠤᠨ᠂ ᠲᠥᠯᠥᠪᠯᠡᠭᠡᠲᠦ ᠦᠷᠡᠵᠢᠯ᠎ᠤᠨ ᠭᠡᠷ ᠪᠦᠯᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠤᠯᠤᠰ᠎ᠤᠨ ᠬᠥᠮᠦᠨ ᠠᠮᠠ ᠵᠢᠨ ᠳᠤᠮᠳᠠ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠪᠠ ᠣᠷᠣᠨ ᠪᠦᠰᠡ ᠵᠢᠨ ᠬᠥᠮᠦᠨ ᠠᠮᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠤᠳᠤᠯᠭ᠋ᠠᠨ᠎ᠢ ᠭᠦᠨᠵᠡᠭᠡᠶ᠋ᠢᠷᠡᠭᠦᠯᠵᠦ᠂ ᠬᠥᠮᠦᠨ ᠠᠮᠠ ᠵᠢᠨ ᠤᠷᠳᠤ ᠬᠤᠭᠤᠴᠠᠭ᠎ᠠ᠎ᠪᠠᠷ ᠲᠡᠩᠴᠡᠭᠦᠷᠢᠲᠡᠢ ᠬᠥᠭᠵᠢᠬᠦ ᠵᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃