ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-06-24

    ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ ᠨᠡᠭᠡᠭᠡᠯᠲᠡ ᠪᠠ ᠰᠢᠨ᠎ᠡ ᠵᠢ ᠡᠭᠦᠳᠬᠦ ᠬᠥᠭᠵᠢᠯᠲᠡ᠎ᠳᠤ ᠲᠦᠰᠢᠭᠯᠡᠨ ᠪᠠᠷᠠᠭᠤᠨ ᠣᠷᠣᠨ᠎ᠤ ᠶᠡᠭᠡ ᠨᠡᠭᠡᠭᠡᠨ ᠬᠥᠭᠵᠢᠭᠦᠯᠦᠯᠲᠡ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠬᠠᠨ ᠵᠧᠩ ᠬᠤᠷᠠᠯ᠎ᠳᠤ ᠣᠷᠣᠯᠴᠠᠪᠠ


    6 ᠳ᠋ᠤᠭ᠋ᠠᠷ ᠰᠠᠷ᠎ᠠ ᠵᠢᠨ 21᠎ᠤ ᠡᠳᠦᠷ᠂ ᠨᠠᠮ᠎ᠤᠨ ᠲᠥᠪ ᠬᠤᠷᠢᠶᠠᠨ᠎ᠤ ᠤᠯᠣᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠳᠣᠬᠢ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠪᠠᠷᠠᠭᠤᠨ ᠣᠷᠣᠨ᠎ᠤ ᠨᠡᠭᠡᠭᠡᠨ ᠬᠥᠭᠵᠢᠭᠦᠯᠦᠯᠲᠡ ᠵᠢᠨ ᠠᠵᠢᠯ ᠵᠡᠷᠭᠡ ᠵᠢ ᠪᠠᠶ᠋ᠢᠷᠢᠯᠠᠭᠤᠯᠪᠠ᠃
    ᠨᠠᠮ᠎ᠤᠨ ᠲᠥᠪ ᠬᠤᠷᠢᠶᠠᠨ᠎ᠤ ᠤᠯᠣᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠶ ᠰᠠᠶ᠋ᠢᠳ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠬᠠᠨ ᠵᠧᠩ ᠬᠤᠷᠠᠯ᠎ᠳᠤ ᠣᠷᠣᠯᠴᠠᠪᠠ᠃


    ᠬᠤᠷᠠᠯ᠎ᠠᠴᠠ ᠡᠨᠡ ᠵᠢᠯ᠎ᠤᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠭᠤᠣᠯᠳᠠᠯᠭ᠎ᠠ᠎ᠲᠠᠢ ᠠᠵᠢᠯ᠎ᠢ ᠰᠤᠳᠤᠯᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠡᠷᠡᠭᠵᠢᠭᠦᠯᠬᠦ ᠲᠥᠰᠦᠯ᠎ᠢ ᠶᠠᠷᠢᠯᠴᠠᠨ ᠪᠠᠲᠤᠯᠠᠪᠠ᠃ ᠯᠢ ᠺᠧ ᠴᠢᠶᠠᠩ ᠬᠡᠯᠡᠬᠦ᠎ᠳᠤ᠎ᠪᠠᠨ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠎ᠨᠢ ᠮᠠᠨ᠎ᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠪᠣᠯᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠤ ᠬᠤᠯᠪᠣᠭᠳᠠᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ ᠢᠯᠠᠩᠭᠤᠶ᠎ᠠ ᠪᠠᠷᠠᠭᠤᠨ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠤ ᠡᠷᠡᠯᠬᠡᠭᠯᠡᠨ ᠲᠡᠮᠡᠴᠡᠬᠦ᠎ᠪᠠᠷ ᠳᠠᠮᠵᠢᠭ᠋ᠠᠳ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠠᠵᠢᠯ ᠴᠢᠬᠤᠯᠠ ᠶᠡᠭᠡ ᠲᠡᠦᠬᠡᠲᠦ ᠴᠢᠨᠠᠷᠲᠠᠶ ᠠᠮᠵᠢᠯᠲᠠ ᠣᠯᠤᠭᠰᠠᠨ ᠪᠣᠯᠪᠠᠴᠤ ᠪᠠᠷᠠᠭᠤᠨ ᠣᠷᠣᠨ᠎ᠤ ᠬᠥᠭᠵᠢᠯᠲᠡ ᠵᠢᠨ ᠲᠡᠩᠴᠡᠭᠦᠷᠢ ᠦᠭᠡᠢ ᠪᠠ ᠭᠦᠢ᠍ᠴᠡᠳ ᠦᠭᠡᠢ ᠪᠠᠶ᠋ᠢᠬᠤ ᠠᠰᠠᠭᠤᠳᠠᠯ ᠪᠠᠰᠠ ᠴᠦ᠍ ᠨᠡᠯᠢᠶᠡᠳ ᠲᠤᠪᠤᠶ᠋ᠢᠮ᠎ᠠ ᠪᠠᠶ᠋ᠢᠨ᠎ᠠ᠃ ᠪᠠᠷᠠᠭᠤᠨ ᠣᠷᠣᠨ᠎ᠤ ᠬᠥᠭᠵᠢᠯᠲᠡ ᠵᠢᠨ ᠵᠥᠷᠢᠶ᠎ᠡ ᠵᠢ ᠲᠠᠨᠢᠬᠤ ᠮᠥᠷᠲᠡᠭᠡᠨ ᠲᠡᠭᠦᠨ᠎ᠳᠤ ᠠᠭᠤᠯᠤᠭᠳᠠᠵᠤ ᠪᠠᠶ᠋ᠢᠭ᠎ᠠ ᠯᠤᠲᠤ ᠶᠡᠭᠡ ᠲᠠᠯᠳᠠ ᠬᠦᠴᠦᠨ᠎ᠢ ᠣᠯᠵᠤ ᠮᠡᠳᠡᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠨᠡᠩ ᠶᠡᠭᠡ ᠡᠷᠴᠢᠮ ᠵᠶ᠋ᠠᠷ ᠥᠭᠡᠷᠡᠴᠢᠯᠡᠯᠲᠡ ᠨᠡᠭᠡᠭᠡᠯᠳᠡ ᠵᠢ ᠠᠬᠢᠭᠤᠯᠵᠤ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠤᠷᠢᠨ᠎ᠢ ᠪᠦᠲᠦᠮᠵᠢᠲᠡᠢ ᠬᠠᠮᠠᠭ᠋ᠠᠯᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠲᠠᠰᠤᠷᠠᠯᠳᠠ ᠦᠭᠡᠢ ᠨᠡᠮᠡᠭᠳᠡᠭᠦᠯᠵᠦ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠪᠠᠶ᠋ᠢᠳᠠᠯ᠎ᠢ ᠡᠭᠦᠳᠴᠦ᠂ ᠤᠯᠤᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠰᠢᠨ᠎ᠡ ᠣᠷᠣᠨ ᠵᠠᠢ ᠵᠢ ᠥᠷᠭᠡᠳᠬᠡᠬᠦ ᠬᠡᠷᠡᠭᠲᠡᠢ ᠭᠡᠵᠡᠢ᠃


    ᠯᠢ ᠺᠧ ᠴᠢᠶᠠᠩ ᠵᠢᠭ᠋ᠠᠬᠤ᠎ᠳᠤ᠎ᠪᠠᠨ᠂ ᠪᠠᠷᠠᠭᠤᠨ ᠣᠷᠣᠨ᠎ᠤ ᠶᠡᠭᠡ ᠨᠡᠭᠡᠭᠡᠨ ᠬᠥᠭᠵᠢᠭᠦᠯᠦᠯᠲᠡ ᠵᠢ ᠭᠦᠨᠵᠡᠭᠡᠢ ᠠᠬᠢᠭᠤᠯᠬᠤ᠎ᠳᠤ ᠥᠭᠡᠷᠡᠴᠢᠯᠡᠯᠲᠡ ᠨᠡᠬᠡᠬᠡᠯᠳᠡ ᠵᠢᠨ ᠶᠡᠭᠡ ᠶᠠᠪᠤᠳᠠᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠭᠤᠣᠯ ᠴᠣᠭᠴᠠ ᠪᠣᠯ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠢᠴᠢᠯ ᠰᠠᠭᠤᠷᠢ ᠮᠥᠨ᠂ ᠤᠯᠤᠰ᠎ᠤᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠲᠦᠷᠦ ᠵᠢᠨ ᠪᠤᠳᠤᠯᠭ᠎ᠠ᠎ᠨᠢ ᠴᠦ᠍ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠡᠷᠡᠭᠴᠡᠭᠡ᠎ᠳᠤ ᠰᠢᠭᠤᠳ ᠬᠠᠨᠳᠤᠭᠤᠯᠵᠤ᠂ ᠪᠠᠷᠠᠭᠤᠨ ᠣᠷᠣᠨ᠎ᠤ᠎ᠬᠢᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ᠂ ᠠᠵᠤ ᠠᠬᠤᠶ ᠵᠢᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠳᠤ ᠲᠤᠯᠭ᠋ᠠᠮᠳᠠᠭᠤ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠨᠠᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠣᠶ ᠪᠣᠯᠭ᠋ᠠᠵᠤ᠂ ᠠᠳᠠᠯ ᠦᠢ᠍ᠯᠡᠰ ᠴᠣᠭᠴᠠᠯᠠᠬᠤ᠎ᠳᠤ ᠲᠥᠬᠦᠮ ᠦᠵᠡᠭᠦᠯᠬᠦ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠠᠮᠠᠭ᠋ᠠᠯᠠᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠨᠠᠩ ᠶᠡᠭᠡ ᠬᠦᠴᠦ ᠵᠠᠷᠤᠴᠠᠭᠤᠯᠵᠤ᠂ ᠠᠷᠠᠯᠵᠢᠶ᠎ᠠ᠂ ᠠᠵᠢᠯᠯᠠᠭ᠋ᠠᠨ ᠪᠠ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠭᠦᠨᠵᠡᠭᠡᠶ ᠠᠬᠢᠭᠤᠯᠵᠤ᠂ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠬᠥᠭᠵᠢᠭᠡᠨ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠣᠷᠣᠬᠤ ᠡᠷᠴᠢ ᠵᠣᠷᠢᠭ᠎ᠢ ᠴᠢᠩᠭ᠋ᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠭᠠᠵᠠᠷ ᠪᠣᠯᠭ᠋ᠠᠨ᠎ᠳᠤ ᠬᠠᠷᠠᠭᠳᠠᠵᠤ᠂ ᠲᠣᠮᠣ ᠠᠵᠤ ᠠᠬᠤᠶ᠋ᠢᠯᠠᠯ ᠲᠦᠰᠢᠭ ᠲᠤᠯᠭ᠋ᠠᠭᠤᠷᠢᠯᠠᠯ ᠪᠣᠯᠣᠭᠰᠠᠨ ᠬᠥᠭᠵᠢᠯᠲᠡ ᠵᠢᠨ ᠪᠠᠶ᠋ᠢᠳᠠᠯ᠎ᠢ ᠪᠣᠶ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠤᠯᠤᠰ᠎ᠤᠨ ᠨᠡᠭᠡᠭᠡᠯᠳᠡ ᠬᠢᠬᠦ ᠪᠠᠶ᠋ᠢᠯᠳᠤᠬᠤ ᠪᠤᠳᠤᠯᠭ᠎ᠠ᠎ᠲᠠᠢ ᠵᠣᠯᠭ᠋ᠠᠭᠤᠯᠵᠤ᠂ ᠳᠣᠲᠣᠭ᠋ᠠᠳᠤ ᠪᠠ ᠭᠠᠳᠠᠭ᠋ᠠᠳᠤ ᠵᠢᠨ ᠨᠡᠭᠡᠭᠡᠯᠳᠡ ᠵᠢ ᠥᠷᠭᠡᠳᠬᠡᠵᠦ᠂ ᠨᠡᠩ ᠪᠦᠲᠦᠮᠵᠢᠲᠡᠶ᠎ᠪᠠᠷ ᠪᠡᠯᠡ ᠮᠥᠩᠭᠦ᠂ ᠤᠶᠤᠨ ᠤᠬᠠᠭ᠋ᠠᠨ ᠪᠠ ᠲᠧᠭᠨᠢᠭ ᠮᠡᠷᠭᠡᠵᠢᠯ᠎ᠢ ᠣᠷᠣᠭᠤᠯᠤᠨ ᠠᠪᠴᠢᠷᠠᠵᠤ᠂ ᠬᠥᠭᠵᠢᠯᠲᠡ ᠵᠢᠨ ᠴᠢᠳᠠᠪᠤᠷᠢ ᠪᠠ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
    ᠯᠢ ᠺᠧ ᠴᠢᠶᠠᠩ ᠶᠠᠷᠢᠬᠤ᠎ᠳᠤ᠎ᠪᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠤᠨᠴᠠᠯᠢᠬᠳᠤ ᠠᠵᠤ ᠦᠢ᠍ᠯᠡᠰ ᠪᠣᠯᠤᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠶ᠋ᠢᠵᠢᠭᠤᠯᠤᠨ ᠬᠥᠭᠵᠢᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠳᠤᠮᠳᠠ ᠳᠡᠭᠡᠳᠦ ᠲᠡᠰ ᠲᠡᠶ᠋ᠢᠰᠢ ᠲᠡᠰ ᠳᠡᠪᠰᠢᠬᠦ ᠵᠢ ᠳᠡᠮᠵᠢᠬᠦ ᠬᠡᠷᠡᠭᠲᠡᠢ᠃ ᠪᠠᠷᠠᠭᠤᠨ ᠣᠷᠣᠨ᠎ᠤ ᠰᠠᠯᠬᠢ᠂ ᠭᠡᠷᠡᠯ᠂ ᠤᠰᠤᠨ ᠴᠠᠬᠢᠯᠭ᠋ᠠᠨ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠬᠠᠶ᠋ᠢᠨ ᠰᠢᠨᠵᠢᠯᠡᠵᠦ ᠨᠡᠭᠡᠭᠡᠨ ᠠᠰᠢᠭᠯᠠᠬᠤ ᠮᠡᠷᠭᠡᠵᠢᠯ᠎ᠤᠨ ᠬᠢᠷᠢ ᠲᠦᠪᠰᠢᠨ ᠪᠠ ᠤᠯᠠᠷᠢᠭᠤᠯᠤᠨ ᠬᠤᠪᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠲᠤᠮᠤ ᠬᠡᠯᠪᠡᠷᠢ ᠵᠢᠨ ᠴᠡᠪᠡᠷ ᠡᠨᠧᠷᠭᠢ ᠵᠢᠨ ᠰᠤᠷᠪᠤᠯᠵᠢ ᠵᠢᠨ ᠰᠠᠭᠤᠷᠢᠨ ᠭᠠᠵᠠᠷ᠎ᠢ ᠪᠠᠶ᠋ᠢᠭᠤᠯᠵᠤ᠂ ᠤᠯᠤᠰ᠎ᠤᠨ ᠡᠨᠧᠷᠭᠢ ᠵᠢᠨ ᠰᠤᠷᠪᠤᠯᠵᠢ ᠪᠠ ᠴᠢᠬᠤᠯᠠ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠶ᠋ᠢᠬᠤ ᠪᠠ ᠠᠶᠤᠯᠭᠦᠶ ᠪᠠᠶ᠋ᠢᠬᠤ ᠵᠢ ᠬᠠᠮᠠᠭ᠋ᠠᠯᠠᠬᠤ ᠬᠡᠷᠡᠭᠲᠡᠢ᠃ ᠪᠠᠷᠠᠭᠤᠨ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠵᠢᠭᠤᠯᠴᠢᠯᠠᠯ᠂ ᠰᠣᠶᠣᠯ᠎ᠤᠨ ᠠᠵᠤ ᠦᠢ᠍ᠯᠡᠰ᠎ᠢ ᠢᠳᠡᠪᠬᠢᠲᠡᠶ᠎ᠪᠠᠷ ᠬᠥᠭᠵᠢᠭᠦᠯᠬᠦ ᠬᠡᠷᠡᠭᠲᠡᠢ᠃ ᠭᠤᠣᠯ ᠨᠡᠪᠲᠡᠷᠡᠬᠦ ᠵᠠᠮ᠂ ᠴᠢᠬᠤᠯᠠ ᠬᠦᠢ᠍ᠰᠦ᠂ ᠭᠤᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠮᠡᠳᠡᠭᠡ ᠵᠠᠩᠭᠢ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠶ ᠵᠢᠨ ᠰᠡᠷᠭᠦᠭᠡᠨ ᠬᠠᠮᠠᠭ᠋ᠠᠯᠠᠯᠲᠠ ᠪᠠ ᠣᠷᠴᠢᠨ ᠠᠬᠤᠶ ᠵᠢᠨ ᠵᠠᠰᠠᠯᠲᠠ ᠵᠢᠨ ᠠᠵᠢᠯ᠎ᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃


    ᠯᠢ ᠺᠧ ᠴᠢᠶᠠᠩ ᠵᠢᠭ᠋ᠠᠬᠤ᠎ᠳᠤ᠎ᠪᠠᠨ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠠᠪᠰᠤᠷᠤᠨ ᠲᠡᠳᠬᠦᠬᠦ ᠭᠤᠤᠯ ᠪᠣᠯᠬᠤ ᠲᠥᠷᠥ ᠵᠢᠨ ᠪᠣᠳᠣᠯᠭ᠎ᠠ ᠵᠢᠨ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠬᠥᠳᠡᠭᠡ ᠲᠣᠰᠬᠤᠨ᠎ᠤ ᠬᠥᠭᠵᠢᠯᠲᠡ ᠮᠠᠨᠳᠤᠯᠲᠠ ᠵᠢ ᠠᠬᠢᠭᠤᠯᠬᠤ ᠬᠡᠷᠡᠭᠲᠡᠢ᠃ ᠭᠠᠳᠠᠭᠰᠢ ᠭᠠᠷᠴᠤ ᠬᠦᠴᠦᠨ᠎ᠤ ᠠᠵᠢᠯ ᠬᠢᠬᠦ ᠪᠠ ᠲᠤᠰ ᠭᠠᠵᠠᠷ᠎ᠲᠤ᠎ᠪᠠᠨ ᠠᠵᠢᠯ ᠣᠯᠬᠤ ᠵᠢ ᠤᠯᠠᠨ ᠠᠷᠭ᠎ᠠ ᠵᠠᠮ ᠵᠶ᠋ᠠᠷ ᠠᠬᠢᠭᠤᠯᠬᠤ ᠬᠡᠷᠡᠭᠲᠡᠢ᠃ ᠴᠢᠳᠠᠯ᠎ᠤᠨ ᠴᠢᠨᠡᠭᠡ᠎ᠪᠠᠷ ᠴᠢᠷᠮᠠᠶ᠋ᠢᠬᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠯᠬᠤᠮ ᠠᠯᠬᠤᠮ ᠵᠶ᠋ᠠᠷ ᠠᠳᠠᠯᠢ ᠲᠡᠭᠰᠢ ᠬᠦᠷᠲᠡᠭᠡᠬᠦ ᠵᠢ ᠠᠬᠢᠭᠤᠯᠵᠤ᠂ ᠢᠯᠠᠩᠭᠤᠶ᠎ᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠪᠠᠷᠠᠭᠤᠨ ᠣᠷᠣᠨ᠎ᠠᠴᠠ ᠰᠤᠷᠤᠭᠴᠢ ᠡᠯᠰᠡᠬᠦ ᠬᠡᠪᠴᠢᠶ᠎ᠡ ᠵᠢ ᠦᠷᠭᠦᠯᠵᠢᠯᠡᠨ ᠥᠷᠭᠡᠳᠬᠡᠬᠦ ᠬᠡᠷᠡᠭᠲᠡᠢ ᠭᠡᠵᠡᠢ᠃ ᠲᠡᠷᠡ ᠪᠠᠰᠠ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠎ᠳᠤ ᠦᠵᠡᠭᠦᠯᠬᠦ ᠡᠳ᠋᠎ᠤᠨ ᠵᠠᠰᠠᠭ ᠭᠠᠶ᠋ᠢᠯᠢ ᠲᠠᠲᠠᠪᠤᠷᠢ᠂ ᠮᠥᠩᠭᠦᠨ ᠭᠦᠢ᠍ᠯᠭᠡᠭᠡ ᠵᠡᠷᠭᠡ ᠵᠢᠨ ᠲᠦᠷᠦ ᠵᠢᠨ ᠪᠤᠳᠤᠯᠭ᠎ᠠ ᠵᠢᠨ ᠳᠡᠮᠵᠢᠯᠭᠡ᠎ᠪᠠᠨ ᠴᠢᠩᠭ᠋ᠠᠳᠬᠠᠵᠤ᠂ ᠠᠵᠢᠯ ᠲᠦᠷᠦᠯ᠎ᠤᠨ ᠰᠢᠰᠲ᠋ᠧᠮ ᠵᠶ᠋ᠠᠷ ᠳᠡᠮᠵᠢᠬᠦ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠨᠡᠶ᠋ᠢᠭᠡᠮ᠎ᠤᠨ ᠬᠦᠴᠦᠨ᠎ᠤ ᠢᠳᠡᠪᠬᠢᠵᠢᠯ᠎ᠢ ᠳᠠᠶ᠋ᠢᠴᠢᠯᠠᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠨᠡᠩ ᠶᠡᠭᠡ ᠬᠠᠮᠲᠤᠷᠠᠭᠰᠠᠨ ᠬᠦᠴᠦᠨ᠎ᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠦᠨ ᠴᠦᠨ ᠯᠠᠨ᠂ ᠬᠤ᠌ ᠴᠦᠨ ᠬᠤᠸᠠ᠂ ᠸᠠᠩ ᠶᠦᠩ᠂ ᠰᠢᠶᠤᠤ ᠵᠢᠶᠧ᠂ ᠡᡁᠧ ᠯᠢ ᠹᠧᠩ ᠨᠠᠷ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠢᠰᠷᠧᠯ᠎ᠤᠨ ᠶᠡᠷᠦᠩᠬᠡᠢ ᠰᠠᠶ᠋ᠢᠳ ᠪᠧᠨ᠋ᠸᠢᠢ᠍ᠲᠧ᠎ᠳᠤ ᠪᠠᠶᠠᠷ᠎ᠤᠨ ᠴᠠᠬᠢᠯᠭ᠋ᠠᠨ ᠶᠠᠪᠤᠭᠤᠯᠪᠠ
ᠰᠢ ᠵᠢᠨ ᠫᠢᠩ ᠺᠤᠩᠭᠣ᠋ (ᠪᠦ᠊) ᠵᠢᠨ ᠶᠡᠷᠦᠩᠭᠡᠢ᠍ᠢ᠍ᠯᠡᠭᠴᠢ ᠰᠠᠰᠦ᠋᠎ᠲᠠᠢ ᠤᠲᠠᠰᠤ᠎ᠪᠠᠷ ᠶᠠᠷᠢᠯᠴᠠᠵᠠᠢ
ᠰᠢ ᠵᠢᠨ ᠫᠢᠩ ᠲᠠᠨᠽᠠᠨᠢᠶ᠎ᠠ ᠵᠢᠨ ᠶᠡᠷᠦᠩᠬᠡᠶ᠋ᠢᠯᠡᠭᠴᠢ ᠬᠠᠰᠠᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ 《ᠨᠢᠭᠡ ᠪᠦᠰᠡ ᠨᠢᠭᠡ ᠵᠠᠮ》᠎ᠤᠨ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠳᠡᠭᠡᠳᠦ ᠲᠠᠰ᠎ᠤᠨ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠬᠡᠯᠡᠪᠡ
 
            