ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ ᠬᠥᠭᠵᠢᠯᠲᠡ ᠵᠢ ᠠᠬᠢᠭᠤᠯᠵᠤ ᠠᠵᠢᠯ ᠣᠯᠭᠣᠯᠲᠠ ᠵᠢ ᠥᠷᠭᠡᠳᠬᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-06-28

    ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ ᠬᠥᠭᠵᠢᠯᠲᠡ ᠵᠢ ᠠᠬᠢᠭᠤᠯᠵᠤ ᠠᠵᠢᠯ ᠣᠯᠭᠣᠯᠲᠠ ᠵᠢ ᠥᠷᠭᠡᠳᠬᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
    ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠢ ᠲᠦᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ ᠠᠷᠠᠯᠵᠢᠶᠠᠨ᠎ᠤ ᠲᠠᠰ ᠳᠡᠪᠰᠢᠬᠦ ᠵᠢ ᠠᠬᠢᠭᠤᠯᠵᠤ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠢ᠌ᠵᠢᠭᠤᠯᠤᠨ᠎ᠠ

     

    ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 6 ᠳ᠋ᠤᠭ᠋ᠠᠷ ᠰᠠᠷ᠎ᠠ ᠵᠢᠨ 22᠎ᠤᠨ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠲᠦᠮᠡᠨ ᠵᠶ᠋ᠡᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠨ᠂ ᠬᠥᠭᠵᠢᠯᠲᠡ ᠵᠢ ᠠᠬᠢᠭᠤᠯᠬᠤ᠂ ᠠᠵᠢᠯ ᠣᠯᠭᠣᠯᠲᠠ ᠵᠢ ᠥᠷᠭᠡᠳᠬᠡᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ; ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠢ ᠲᠥᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠭᠠᠳᠠᠭ᠋ᠠᠳᠤ ᠠᠷᠠᠯᠵᠢᠶᠠᠨ᠎ᠤ ᠲᠡᠰ ᠳᠡᠪᠰᠢᠬᠦ ᠵᠢ ᠠᠬᠢᠭᠤᠯᠤᠨ᠂ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠶ᠋ᠢᠵᠢᠭᠤᠯᠤᠨ᠎ᠠ᠃
    ᠬᠤᠷᠠᠯ᠎ᠠᠴᠠ ᠵᠢᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠤᠢ᠍ᠢ᠍ᠷ᠎ᠠ ᠵᠢᠨ ᠵᠢᠯ᠎ᠤᠨ ᠲᠤᠷᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠶᠡᠬᠡ᠎ᠪᠠᠷ ᠠᠬᠢᠭᠤᠯᠤᠨ᠂ ᠶᠡᠬᠡ ᠬᠡᠮᠵᠢᠶᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠤᠢ ᠪᠣᠯᠭ᠋ᠠᠵᠤ᠂ ᠠᠵᠢᠯ ᠣᠯᠭᠣᠯᠲᠠ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠳᠤ ᠬᠦᠴᠦᠲᠡᠢ ᠲᠤᠯᠭ᠋ᠠᠭᠤᠷᠢᠯᠠᠵᠤ᠂ ᠰᠢᠨ᠎ᠡ ᠬᠦᠳᠡᠯᠭᠡᠭᠴᠢ ᠴᠢᠳᠠᠪᠤᠷᠢ ᠵᠢᠨ ᠲᠦᠷᠭᠡᠨ ᠪᠣᠶ᠋ᠢᠵᠢᠯᠲᠠ ᠵᠢ ᠠᠬᠢᠭᠤᠯᠤᠨ᠂ ᠠᠵᠤ ᠠᠬᠤᠢ ᠵᠢᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠳᠬᠠᠵᠠᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠦᠨ ᠠᠬᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠣᠨ᠎ᠤ ᠱᠠᠭ᠋ᠠᠷᠳᠠᠯᠭ᠎ᠠ ᠵᠢ ᠨᠡᠩ ᠰᠠᠶ᠋ᠢᠲᠤᠷ ᠲᠤᠭᠤᠰᠢᠯᠠᠭᠤᠯᠬᠤ ᠬᠡᠷᠡᠭᠲᠡᠶ᠃ ᠨᠢᠭᠡ᠎ᠳᠤ᠂ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢ ᠪᠠᠷᠢᠮᠲᠠᠯᠠᠬᠤ ᠬᠡᠷᠡᠭᠲᠡᠢ᠃ ᠬᠥᠳᠡᠯᠮᠦᠷᠢ ᠬᠦᠴᠦᠨ᠎ᠤ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠵᠢ ᠭᠦᠨᠵᠡᠭᠡᠶ ᠲᠣᠬᠢᠷᠠᠭᠤᠯᠬᠤ᠂ ᠠᠵᠢᠯ ᠣᠯᠭᠣᠬᠤ ᠠᠷᠭ᠎ᠠ ᠮᠠᠶᠢᠭ᠎ᠢ ᠨᠡᠩ ᠤᠯᠠᠨ ᠡᠰᠢᠵᠢᠭᠦᠯᠬᠦ᠂ ᠵᠠᠬ᠎ᠠ ᠳᠡᠯᠭᠡᠭᠦᠷ᠎ᠤᠨ ᠠᠮᠢᠳᠤᠯᠢᠭ ᠴᠢᠨᠠᠷ᠎ᠢ ᠨᠡᠮᠡᠭᠳᠡᠭᠦᠯᠬᠦ ᠵᠡᠷᠭᠡ ᠰᠢᠨ᠎ᠡ ᠪᠠᠶ᠋ᠢᠳᠠᠯ᠎ᠳᠤ ᠵᠣᠬᠢᠴᠠᠭᠤᠯᠤᠨ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠤᠯᠠᠮ ᠨᠢᠭᠡ ᠠᠯᠬᠤᠮ ᠠᠬᠢᠭᠤᠯᠵᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠦᠷᠭᠦᠯᠵᠢᠯᠡᠨ ᠲᠣᠭᠲᠠᠭᠤᠨ ᠵᠶ᠋ᠠᠷ ᠡᠵᠡᠩᠨᠡᠬᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠨᠡᠩ ᠤᠯᠠᠨ ᠪᠣᠶ᠋ᠢᠵᠢᠭᠤᠯᠵᠤ᠂ ᠢᠯᠠᠩᠭᠤᠶ᠎ᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠴᠢᠳ ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠤᠯᠠᠨ ᠠᠷᠭ᠎ᠠ ᠵᠠᠮ ᠵᠶ᠋ᠠᠷ ᠦᠢ᠍ᠯᠡᠰ ᠴᠣᠭᠴᠠᠯᠠᠨ ᠠᠵᠢᠯ ᠤᠯᠬᠤ ᠵᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯ ᠣᠯᠭᠣᠯᠲᠠ ᠵᠢ ᠰᠢᠩᠭᠡᠭᠡᠨ ᠠᠪᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠢ᠃ ᠬᠣᠶᠠᠷ᠎ᠲᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠨᠡᠩ ᠰᠢᠯᠢᠳᠡᠭ ᠬᠥᠭᠵᠢᠯᠲᠡ ᠵᠢᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠦᠶ ᠵᠣᠬᠢᠰ ᠦᠭᠡᠶ ᠬᠠᠷᠰᠢ ᠰᠠᠭ᠋ᠠᠳ᠎ᠢ ᠠᠷᠢᠯᠭ᠋ᠠᠨ᠂ ᠲᠣᠮᠣ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠎ᠳᠠᠬᠢ ᠭᠣᠤᠯᠯᠠᠬᠤ ᠪᠠᠶ᠋ᠢᠷᠢ ᠵᠢ ᠡᠵᠡᠯᠡᠵᠦ ᠪᠠᠢ᠌ᠭ᠎ᠠ 《ᠬᠡᠯᠬᠢᠶᠡᠵᠢᠯ᠎ᠤᠨ ᠡᠵᠡᠨ》 ᠪᠣᠯᠬᠤ ᠠᠵᠤ ᠠᠬᠤᠶ᠋ᠢᠯᠠᠯ᠎ᠤᠨ ᠬᠥᠲᠥᠯᠦᠨ ᠳᠠᠭ᠋ᠠᠭᠤᠯᠵᠦ ᠲᠤᠯᠭ᠋ᠠᠭᠤᠷᠢᠯᠠᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠤᠨ᠂ ᠵᠠᠬ᠎ᠠ ᠳᠡᠯᠭᠡᠭᠦᠷ᠂ ᠰᠢᠨ᠎ᠡ ᠵᠢ ᠡᠭᠦᠳᠬᠦ᠂ ᠪᠠᠯᠠ ᠮᠥᠩᠭᠥ ᠵᠡᠷᠭᠡ ᠬᠦᠴᠦᠨ ᠵᠦᠢ᠍ᠯ᠎ᠤᠨ ᠡᠬᠢ ᠪᠠᠶᠠᠯᠢᠭ᠎ᠢ ᠨᠡᠭᠡᠭᠡᠵᠦ᠂ ᠰᠤᠳᠤᠯᠤᠨ ᠬᠥᠭᠵᠢᠭᠦᠯᠬᠦ᠂ ᠨᠡᠪᠴᠢᠭᠦᠯᠬᠦ᠂ ᠪᠠᠯᠠ ᠣᠷᠣᠭᠤᠯᠬᠤ ᠵᠢ ᠨᠢᠭᠡ ᠴᠤᠭᠴᠠᠵᠢᠭᠤᠯᠤᠭᠰᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠦᠨ ᠪᠣᠶ᠋ᠢᠵᠢᠭᠤᠯᠬᠤ ᠲᠥᠪ᠎ᠢ ᠪᠥᠲᠥᠭᠡᠨ ᠪᠠᠶ᠋ᠢᠭᠤᠯᠵᠤ᠂ ᠨᠠᠩ ᠣᠯᠠᠨ 《ᠲᠤᠰᠬᠠᠶ ᠰᠣᠳᠣᠨ ᠥᠪᠡᠷᠮᠢᠴᠡ ᠰᠢᠨ᠎ᠡ》᠂ 《ᠵᠢᠭ᠋ᠠᠬᠠᠨ ᠠᠪᠤᠷᠭᠤ》᠂ ᠦᠢ᠍ᠯᠡᠳᠬᠡᠯ᠎ᠤᠨ ᠦᠢ᠍ᠯᠡᠰ᠎ᠤᠨ ᠭᠠᠭᠴᠠ ᠵᠦᠢ᠍ᠯ᠎ᠤᠨ ᠮᠠᠩᠯᠠᠶ ᠵᠡᠷᠭᠡ ᠳᠤᠮᠳᠠ ᠵᠢᠵᠢᠭ ᠠᠵᠤ ᠠᠬᠤᠶ᠋ᠢᠯᠠᠯ᠎ᠤᠨ ᠦᠰᠦᠨ ᠪᠤᠵᠠᠭ᠋ᠠᠶ᠋ᠢᠷᠠᠬᠤ ᠵᠢ ᠠᠬᠢᠭᠤᠯᠤᠨ᠎ᠠ᠃ ᠲᠥᠪ ᠭᠣᠣᠯᠴᠢ᠎ᠪᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠭᠤᠷᠪᠠ᠎ᠳᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠯ᠎ᠢ ᠴᠢᠩᠭ᠋ᠠᠳᠬᠠᠬᠤ ᠬᠡᠷᠡᠭᠲᠡᠢ᠃ ᠭᠠᠶ᠋ᠢᠯᠢ ᠲᠠᠲᠠᠪᠤᠷᠢ ᠵᠢ ᠬᠥᠩᠭᠡᠯᠡᠵᠦ ᠬᠡᠯᠲᠦᠷᠢᠭᠦᠯᠬᠦ᠂ ᠰᠤᠳᠤᠯᠤᠨ ᠬᠥᠭᠵᠢᠭᠦᠯᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠬᠠᠰᠤᠬᠤ᠂ ᠦᠷᠳᠡᠭ ᠨᠡᠮᠡᠭᠳᠡᠯ᠎ᠤᠨ ᠭᠠᠶ᠋ᠢᠯᠢ ᠵᠢᠨ ᠨᠡᠮᠡᠭᠳᠡᠯ᠎ᠤᠨ ᠬᠡᠮᠵᠢᠶ᠎ᠡ ᠵᠢ ᠦᠯᠡᠳᠡᠭᠡᠵᠦ ᠭᠠᠶ᠋ᠢᠯᠢ ᠵᠢ ᠲᠤᠯᠭ᠋ᠠᠨ ᠪᠤᠴᠠᠭ᠋ᠠᠬᠤ ᠵᠡᠷᠭᠡ ᠲᠦᠷᠦ ᠵᠢᠨ ᠪᠤᠳᠤᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠦᠢ᠍ᠯᠡᠰ ᠴᠣᠭᠴᠠᠯᠠᠬᠤ ᠪᠠᠯᠠ ᠣᠷᠣᠭᠤᠯᠤᠯᠲᠠ ᠵᠢ ᠬᠥᠲᠥᠯᠦᠨ ᠵᠢᠯᠣᠭᠣᠳᠬᠤ ᠰᠠᠭᠤᠷᠢ ᠮᠥᠩᠭᠥ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠳᠥᠷᠢᠮ᠎ᠤᠨ ᠲᠤᠷᠰᠢᠯᠲᠠ᠎ᠳᠤ ᠣᠷᠤᠯᠴᠠᠬᠤ ᠵᠢ ᠠᠬᠢᠭᠤᠯᠤᠨ᠎ᠠ᠃ ᠭᠠᠳᠠᠭ᠋ᠠᠳᠤ ᠵᠢᠨ ᠨᠡᠩ ᠤᠯᠠᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠤ ᠦᠢ᠍ᠯᠡᠰ ᠴᠣᠭᠴᠠᠯᠠᠬᠤ ᠵᠢ ᠲᠠᠲᠠᠵᠤ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠨᠥᠬᠥᠴᠡᠯ᠎ᠲᠠᠢ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠳᠡᠯᠡᠬᠡᠢ᠌ᠴᠢᠯᠡᠭᠰᠡᠨ ᠬᠥᠭᠵᠢᠯᠲᠡ ᠵᠢ ᠳᠡᠮᠵᠢᠬᠦ ᠬᠡᠷᠡᠭᠲᠡᠢ ᠭᠡᠵᠡᠢ᠃
    ᠬᠤᠷᠠᠯ᠎ᠠᠴᠠ ᠱᠠᠭ᠋ᠠᠷᠳᠠᠭᠰᠠᠨ᠎ᠨᠢ᠂ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ ᠪᠣᠯ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠭᠣᠣᠯ ᠬᠦᠴᠦᠨ ᠮᠥᠨ᠂ ᠪᠠᠰᠠ ᠴᠦ᠍ ᠤᠯᠠᠨ ᠤᠯᠤᠰ᠎ᠤᠨ ᠠᠷᠠᠯᠵᠢᠶᠠᠨ᠎ᠤ ᠬᠥᠭᠵᠢᠯᠲᠡ ᠵᠢᠨ ᠴᠢᠬᠤᠯᠠ ᠬᠠᠨᠳᠤᠰᠢ ᠮᠥᠨ᠃ ᠣᠶ᠋ᠢᠷ᠎ᠠ ᠵᠢᠨ ᠵᠢᠯ᠎ᠤᠨ ᠲᠤᠷᠰᠢ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ ᠲᠦᠷᠭᠡᠨ ᠵᠶ᠋ᠠᠷ ᠬᠥᠭᠵᠢᠵᠦ᠂ ᠡᠭᠦᠨ᠎ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠡᠪᠴᠢᠶ᠎ᠡ 5 ᠵᠢᠯ᠎ᠳᠤ 10 ᠳᠠᠬᠢᠨ ᠰᠢᠬᠠᠮ ᠨᠡᠮᠡᠭᠳᠡᠵᠦ᠂ ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ ᠢᠯᠠᠩᠭᠤᠶ᠎ᠠ ᠬᠢᠵᠢᠭ᠎ᠤᠨ ᠪᠠᠶ᠋ᠢᠳᠠᠯ᠎ᠤᠨ ᠲᠠᠭ᠋ᠠᠷᠢᠯᠲᠠ ᠵᠢᠨ ᠳᠣᠤᠷ᠎ᠠ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠵᠡᠷᠭᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠨᠢᠭᠡ᠎ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠪᠦᠷᠢᠨᠰᠢᠭᠦᠯᠬᠦ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ᠎ᠠᠴᠠ ᠣᠷᠤᠭᠤᠯᠤᠭᠰᠠᠨ ᠲᠠᠸᠠᠷ᠎ᠤᠨ   ᠵᠢᠵᠢᠭᠯᠡᠨ ᠬᠤᠳᠠᠯᠳᠤᠬᠤ ᠨᠠᠷᠢᠨ ᠬᠠᠭᠤᠳᠠᠰᠤ ᠵᠢ ᠰᠢᠯᠢᠳᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ᠎ᠠᠴᠠ ᠣᠷᠤᠭᠤᠯᠵᠤ ᠭᠠᠷᠭ᠋ᠠᠭᠰᠠᠨ ᠪᠠᠷᠠᠭ᠎ᠠ ᠵᠢ ᠪᠤᠴᠠᠭ᠋ᠠᠵᠦ ᠰᠣᠯᠢᠬᠤ ᠬᠠᠮᠢᠶᠠᠷᠤᠯᠲᠠ᠎ᠳᠤ ᠳᠥᠭᠥᠮ ᠦᠵᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠦᠭᠯᠡᠭᠦᠷ᠎ᠢ ᠲᠣᠭᠲᠠᠭ᠋ᠠᠵᠤ᠂ ᠬᠠᠭᠤᠷᠮᠠᠭ ᠮᠠᠭᠤ ᠲᠠᠸᠠᠷ᠎ᠢ ᠰᠡᠷᠭᠡᠶ᠋ᠢᠯᠡᠨ᠎ᠡ᠃ ᠬᠣᠶᠠᠷ᠎ᠲᠤ᠂ ᠭᠠᠳᠠᠭ᠋ᠠᠳᠤ᠎ᠳᠠᠬᠢ ᠬᠥᠮᠥᠷᠭᠡ ᠵᠢᠨ ᠬᠥᠭᠵᠢᠯᠲᠡ ᠵᠢ ᠢᠳᠡᠪᠬᠢᠲᠡᠶ᠎ᠪᠠᠷ ᠠᠬᠢᠭᠤᠯᠬᠤ ᠬᠡᠷᠡᠭᠲᠡᠶ᠃ ᠤᠯᠠᠮᠵᠢᠯᠠᠯᠲᠤ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ ᠵᠡᠷᠭᠡ ᠵᠢᠨ ᠭᠠᠳᠠᠭ᠋ᠠᠳᠤ᠎ᠳᠠᠬᠢ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠭᠠᠳᠠᠭ᠋ᠠᠳᠤ᠎ᠳᠠᠬᠢ ᠬᠥᠮᠥᠷᠭᠡ ᠵᠢᠨ ᠲᠣᠭ᠋ᠠᠵᠢᠭᠤᠯᠤᠯᠲᠠ᠂ ᠤᠶᠤᠨᠴᠢᠯᠠᠯᠲᠠ ᠵᠢᠨ ᠬᠢᠷᠢ ᠲᠥᠪᠰᠢᠨ᠎ᠢ ᠳᠡᠭᠡᠭᠰᠢᠯᠡᠭᠦᠯᠦᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠣᠩᠭᠣᠴᠠ ᠵᠢᠭᠡᠯᠡᠨ ᠲᠡᠯᠡᠶ᠎ᠳᠤ ᠭᠠᠷᠬᠤ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠲᠥᠷᠥᠯ ᠲᠡᠮᠳᠡᠭᠲᠦ᠂ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠦᠢ᠍ᠯᠡᠳᠬᠦᠨ᠎ᠤ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠣᠷᠣᠨ ᠵᠠᠶ ᠵᠢ ᠥᠷᠭᠡᠳᠬᠡᠬᠦ ᠵᠢ ᠳᠠᠶ᠋ᠢᠴᠢᠯᠠᠨ᠎ᠠ᠃ ᠭᠤᠷᠪᠠ᠎ᠳᠤ᠂ ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠠᠷᠠᠯᠵᠢᠶᠠᠨ᠎ᠤ ᠠᠷᠭ᠎ᠠ ᠬᠡᠯᠪᠡᠷᠢ ᠵᠢ ᠢᠳᠡᠪᠬᠢᠲᠡᠢ ᠬᠥᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠭᠠᠶ᠋ᠢᠯᠢ ᠵᠢ ᠪᠤᠴᠠᠭ᠋ᠠᠬᠤ ᠠᠵᠢᠯ᠎ᠢ ᠲᠥᠪᠯᠡᠷᠡᠭᠦᠯᠵᠦ ᠣᠷᠣᠯᠠᠨ ᠭᠦᠢ᠍ᠴᠡᠳᠬᠡᠬᠦ ᠠᠵᠢᠯ᠎ᠤᠨ ᠦᠷ᠎ᠡ ᠪᠦᠲᠦᠮᠵᠢ ᠪᠠ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠬᠦᠳᠦᠯᠦᠨ ᠵᠢᠯᠣᠭᠣᠳᠴᠤ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠳᠣᠲᠣᠷᠠᠬᠢ ᠠᠵᠤ ᠠᠬᠤᠶ᠋ᠢᠯᠠᠯ᠎ᠤᠨ ᠭᠠᠶ᠋ᠢᠯᠢ ᠵᠢ ᠪᠠᠲᠤᠯᠠᠬᠤ ᠵᠠᠰᠠᠯᠲᠠ ᠥᠷᠨᠢᠭᠦᠯᠬᠦ ᠵᠢ ᠳᠡᠮᠵᠢᠵᠦ᠂ ᠨᠥᠬᠥᠴᠡᠯ᠎ᠲᠠᠢ ᠭᠠᠵᠠᠷ ᠣᠷᠣᠨ᠎ᠤ ᠬᠢᠯᠢ ᠵᠢᠨ ᠭᠠᠳᠠᠨᠠᠬᠢ ᠠᠷᠠᠯᠵᠢᠶ᠎ᠠ ᠵᠢ ᠬᠥᠭᠵᠢᠭᠦᠯᠬᠦ ᠵᠢ ᠳᠡᠮᠵᠢᠬᠦ ᠬᠡᠷᠡᠭᠲᠡᠢ᠃ ᠲᠦᠷᠪᠡ᠎ᠳᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠤᠨ ᠤᠯᠠᠨ ᠤᠯᠤᠰ᠎ᠤᠨ ᠲᠦᠷᠢᠮ ᠪᠠ ᠪᠠᠷᠢᠮᠵᠢᠶ᠎ᠠ ᠵᠢ ᠲᠣᠭᠲᠠᠭ᠋ᠠᠬᠤ᠎ᠳᠤ ᠢᠳᠡᠪᠬᠢᠲᠡᠶ ᠣᠷᠣᠯᠴᠠᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠂ ᠤᠯᠤᠰ ᠠᠯᠤᠰᠯᠠᠭᠰᠠᠨ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶᠡᠨ᠎ᠳᠠᠬᠢ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠤᠪᠢᠯᠭ᠋ᠠᠨ ᠣᠩᠭᠤᠴᠠ ᠠᠷᠪᠠᠨ ᠬᠤᠶᠠᠳᠤᠭ᠋ᠠᠷ᠎ᠤᠨ ᠰᠠᠨᠰᠠᠷᠴᠢᠳ᠎ᠲᠠᠢ ᠳᠣᠲᠣᠨᠣ᠎ᠪᠠᠷ ᠶᠠᠷᠢᠯᠴᠠᠪᠠ
ᠰᠢ ᠵᠢᠨ ᠫᠢᠩ ᠹᠢᠵᠢ ᠵᠢᠨ ᠶᠡᠷᠦᠩᠬᠡᠢ ᠰᠠᠶ᠋ᠢᠳ ᠮᠦᠪᠠᠢ᠍ᠢ᠍ᠨᠢᠮᠠᠯᠠᠮᠠ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠤᠲᠠᠰᠤ᠎ᠪᠠᠷ ᠶᠠᠷᠢᠯᠴᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠤᠷᠠᠨ ᠰᠠᠶ᠋ᠢᠬᠠᠨ᠎ᠤ ᠲᠣᠭᠯᠠᠯᠲᠠ 《ᠠᠭᠤᠤ ᠶᠡᠬᠡ ᠠᠶᠠᠨ》 ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠸ ᠵᠢᠢ ᠬᠠᠨ ᠵᠧᠩ ᠸᠠᠩ ᠴᠢ ᠱᠠᠨ ᠲᠣᠭᠯᠠᠯᠲᠠ ᠵᠢ ᠰᠣᠨᠢᠷᠬᠠᠵᠠᠢ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠸᠢᠳᠢᠣ᠋ ᠠᠭᠤᠯᠵᠠᠯᠲᠠ ᠬᠢᠵᠤ ᠬᠣᠶᠠᠷ ᠤᠯᠤᠰ᠎ᠤᠨ ᠲᠡᠷᠢᠭᠦᠨ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠵᠢ ᠤᠷᠳᠤᠳᠬᠠᠬᠤ᠎ᠪᠠᠷ ᠨᠡᠶ᠋ᠢᠲᠡᠯᠡᠪᠡ
 
            