ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠬᠤᠶᠠᠳᠤᠭ᠋ᠠᠷ ᠬᠤᠭᠤᠴᠠᠭ᠋ᠠᠨ᠎ᠤ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ᠎ᠤ 2030 ᠲᠦᠷᠦᠭᠦᠴᠦᠳ᠎ᠤᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2021-06-03

    ᠯᠢ ᠺᠧ ᠴᠢᠶᠠᠩ ᠢᠯᠡᠷᠬᠡᠶ᠋ᠢᠯᠡᠬᠦ᠎ᠳᠤ᠎ᠪᠠᠨ᠂ ᠣᠳᠣᠬᠠᠨ᠎ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠪᠥᠮᠪᠥᠷᠴᠡᠭ᠎ᠤᠨ ᠬᠡᠪᠴᠢᠶᠡᠨ᠎ᠳᠤ ᠥᠷᠪᠢᠰᠦᠨ ᠳᠡᠯᠭᠡᠷᠡᠵᠦ᠂ ᠳᠡᠯᠡᠬᠡᠢ ᠵᠢᠨ ᠠᠵᠤ ᠠᠬᠤᠢ ᠵᠢᠨ ᠲᠣᠭᠲᠠᠭᠤᠨ ᠪᠤᠰᠤ ᠴᠢᠨᠠᠷ᠂ ᠲᠣᠭᠲᠠᠪᠤᠷᠢ ᠦᠭᠡᠢ ᠴᠢᠨᠠᠷ ᠨᠡᠮᠡᠭᠳᠡᠵᠦ᠂ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠪᠠ ᠦᠷᠭᠦᠯᠵᠢᠯᠡᠬᠦᠶ᠋ᠢᠴᠡ ᠬᠥᠭᠵᠢᠯᠲᠡ ᠬᠦᠨᠳᠦ ᠨᠣᠴᠢᠲᠠᠢ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠬᠦᠴᠢᠷ ᠪᠡᠷᠬᠡᠰᠢᠶᠡᠯ ᠪᠠ ᠲᠠᠭ᠋ᠠᠷᠢᠯᠳᠠ ᠵᠢᠨ ᠡᠮᠦᠨ᠎ᠡ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠥ᠂ ᠬᠥᠭᠵᠢᠯᠲᠡ ᠵᠢ ᠡᠷᠬᠢᠮᠯᠡᠬᠦ ᠪᠠ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠵᠡᠷᠭᠡ᠎ᠪᠠᠷ ᠶᠠᠪᠤᠭᠳᠠᠭᠤᠯᠬᠤ ᠪᠠ ᠬᠠᠷᠢᠯᠴᠠᠨ ᠠᠬᠢᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ ᠭᠡᠵᠡᠢ᠃
    ᠯᠢ ᠺᠧ ᠴᠢᠶᠠᠩ ᠵᠢᠭ᠋ᠠᠬᠤ᠎ᠳᠤ᠎ᠪᠠᠨ᠂ ᠳᠡᠯᠡᠬᠡᠢ ᠳᠡᠭᠡᠷᠡᠬᠢ ᠬᠠᠮᠤᠭ᠎ᠤᠨ ᠲᠤᠮᠤ ᠬᠥᠭᠵᠢᠵᠦ ᠪᠠᠶ᠋ᠢᠭ᠎ᠠ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠲᠤᠰ ᠵᠠᠭᠤᠨ᠎ᠤ ᠳᠤᠮᠳᠠᠴᠢ᠎ᠪᠠᠷ ᠣᠳᠣᠬᠢᠴᠢᠯᠠᠯᠲᠠ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯᠲᠤ ᠠᠮᠢᠳᠤᠷᠠᠯ᠎ᠢ ᠡᠳ᠋ᠯᠡᠭᠦᠯᠬᠦ ᠶᠠᠪᠤᠴᠠ᠎ᠳᠤ ᠳᠣᠣᠷ᠎ᠠ ᠨᠡᠭᠦᠷᠡᠰᠦᠳᠦ᠋ᠷᠦᠭᠴᠢᠲᠦ ᠪᠣᠬᠢᠷᠲᠤᠯ ᠦᠭᠡᠢ ᠬᠥᠭᠵᠢᠯᠲᠡ ᠵᠢ ᠪᠡᠶᠡᠯᠡᠭᠦᠯᠬᠦ᠎ᠪᠠᠷ ᠪᠣᠢ᠃ ᠡᠨᠡ᠎ᠨᠢ ᠬᠥᠮᠦᠨ ᠲᠥᠷᠥᠯᠬᠢᠲᠡᠨ᠎ᠤ ᠲᠡᠦᠬᠡᠨ᠎ᠳᠤ ᠤᠷᠢᠳᠤ ᠡᠮᠦᠨ᠎ᠡ ᠪᠠᠶ᠋ᠢᠭ᠎ᠠ ᠦᠭᠡᠢ ᠠᠤᠭ᠎ᠠ ᠦᠢ᠍ᠯᠡᠰ ᠪᠠᠶ᠋ᠢᠵᠤ᠂ ᠡᠷᠬᠡᠪᠰᠢ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠪᠠᠯ ᠰᠠᠶᠢ ᠪᠡᠶᠡᠯᠡᠭᠳᠡᠵᠦ ᠴᠢᠳᠠᠨ᠎ᠠ᠃ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠵᠢ ᠪᠡᠶᠡᠯᠡᠭᠦᠯᠵᠦ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠰᠠᠭ᠋ᠠᠷᠮᠠᠭᠵᠢᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ ᠭᠡᠵᠦ ᠨᠡᠶ᠋ᠢᠲᠡᠯᠡᠪᠡ᠃ ᠳᠤᠮᠳᠠᠳᠤ ᠤᠯᠤᠰ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠡᠷᠬᠢᠯᠳᠡᠳᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ; ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠎ᠪᠠᠷ ᠭᠤᠣᠯᠳᠠᠯᠭ᠎ᠠ᠎ᠲᠠᠢ ᠪᠠᠶ᠋ᠢᠯᠳᠤᠬᠤ ᠪᠤᠳᠤᠯᠭ᠎ᠠ ᠵᠢᠨ ᠴᠢᠭᠯᠡᠯ ᠪᠣᠯᠭ᠋ᠠᠵᠤ᠂ ᠪᠣᠬᠢᠷᠲᠤᠯ᠎ᠢ ᠪᠠᠭ᠋ᠠᠰᠬᠠᠬᠤ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠳᠤᠮᠳᠠᠳᠤ ᠤᠯᠤᠰ ᠡᠨᠡ ᠵᠢᠯ᠎ᠤᠨ 10 ᠳ᠋ᠤᠭ᠋ᠠᠷ ᠰᠠᠷ᠎ᠠ᠎ᠳᠤ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠭᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠳᠤᠷᠠᠲᠠᠶ᠎ᠠ ᠳᠡᠯᠡᠬᠡᠢ ᠨᠡᠶ᠋ᠢᠭᠡᠮ᠎ᠲᠠᠢ ᠬᠠᠮᠲᠤ᠎ᠪᠠᠷ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃
    ᠯᠢ ᠺᠧ ᠴᠢᠶᠠᠩ ᠭᠤᠷᠪᠠᠨ ᠲᠠᠯ᠎ᠠ ᠵᠢᠨ ᠰᠠᠨᠠᠭᠤᠯᠭ᠎ᠠ ᠳᠤᠷᠠᠳᠪᠠ᠄
    ᠨᠢᠭᠡ᠎ᠳᠤ᠂ ᠪᠦᠯᠬᠦᠮᠳᠡᠨ ᠬᠠᠮᠵᠢᠯᠴᠠᠵᠤ᠂ ᠪᠦᠬᠦ ᠪᠥᠮᠪᠥᠷᠴᠡᠭ᠎ᠤᠨ ᠬᠢᠵᠢᠭ᠎ᠢ ᠡᠰᠡᠷᠭᠦᠴᠡᠵᠦ ᠬᠤᠷᠢᠭᠯᠠᠨ ᠡᠵᠡᠮᠳᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠬᠠᠮᠲᠤ᠎ᠪᠠᠷ ᠣᠯᠤᠨ᠎ᠠ᠃ ᠬᠢᠵᠢᠭ᠎ᠤᠨ ᠪᠠᠶ᠋ᠢᠳᠠᠯ ᠲᠤᠶ᠋ᠢᠯᠪᠤᠷᠢᠲᠠᠢ ᠳᠠᠭᠤᠰᠬᠤ ᠦᠭᠡᠢ ᠪᠣᠯ ᠡᠯ᠎ᠡ ᠤᠯᠤᠰ ᠰᠠᠨᠠᠭ᠎ᠠ ᠠᠮᠤᠷ ᠬᠥᠭᠵᠢᠵᠦ ᠴᠢᠳᠠᠬᠤ ᠦᠭᠡᠢ ᠶᠤᠮ᠃ ᠸᠢᠷᠦ᠋ᠰ ᠭᠡᠬᠦ ᠡᠨᠡ ᠬᠦ᠌ ᠬᠠᠮᠲᠤ ᠵᠢᠨ ᠳᠠᠶ᠋ᠢᠰᠤᠨ᠎ᠤ ᠡᠮᠦᠨ᠎ᠡ᠂ ᠠᠯᠢ ᠴᠤ᠌ ᠤᠯᠤᠰ ᠭᠡᠳ ᠵᠥᠪᠬᠡᠨ ᠥᠪᠡᠷ᠎ᠤᠨ ᠪᠡᠶ᠎ᠡ᠎ᠪᠠᠨ ᠯᠠ ᠪᠣᠳᠣᠯᠬᠢᠯᠠᠵᠤ ᠴᠢᠳᠠᠬᠤ ᠦᠭᠡᠢ ᠶᠤᠮ᠃ ᠪᠦᠯᠬᠦᠮᠳᠡᠨ ᠬᠠᠮᠵᠢᠯᠴᠠᠬᠤ ᠪᠣᠯ ᠬᠢᠵᠢᠭ᠎ᠤᠨ ᠪᠠᠶ᠋ᠢᠳᠠᠯ᠎ᠢ ᠢᠯᠠᠨ ᠳᠠᠪᠠᠭ᠍ᠤ 《ᠵᠥᠪ ᠵᠠᠮ》 ᠮᠥᠨ᠃ ᠪᠢᠳᠡ ᠬᠢᠵᠢᠭ᠎ᠢ ᠡᠰᠡᠷᠭᠦᠴᠡᠬᠦ ᠤᠯᠠᠨ ᠤᠯᠤᠰ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠡᠷᠡᠭᠦᠯ ᠬᠠᠮᠠᠭ᠋ᠠᠯᠠᠯ᠎ᠤᠨ ᠵᠠᠰᠠᠯᠲᠠ ᠵᠢᠨ ᠲᠣᠭᠲᠠᠯᠴᠠᠭ᠎ᠠ ᠵᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠡᠭᠦᠨ᠎ᠤ ᠬᠠᠮᠲᠤ᠂ ᠲᠦᠷᠦ ᠵᠢᠨ ᠪᠤᠳᠤᠯᠭ᠎ᠠ ᠵᠢᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ 《ᠲᠦᠷᠭᠡᠨ ᠨᠡᠪᠲᠡᠷᠡᠬᠦ ᠵᠠᠮ》᠂ 《ᠰᠠᠭ᠋ᠠᠳ ᠦᠭᠡᠢ ᠨᠡᠪᠲᠡᠷᠡᠬᠦ ᠵᠠᠮ》 ᠵᠡᠷᠭᠡ ᠠᠮᠢᠳᠤᠯᠢᠭ ᠠᠷᠭ᠎ᠠ ᠬᠡᠯᠪᠡᠷᠢ᠎ᠪᠠᠷ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠪᠥᠭᠡᠳ ᠲᠣᠭᠲᠠᠭᠤᠨ ᠪᠠᠶ᠋ᠢᠳᠠᠯ᠎ᠢ ᠪᠠᠲᠤᠯᠠᠬᠤ ᠬᠡᠷᠡᠭᠲᠡᠢ᠃
    ᠬᠤᠶᠠᠷ᠎ᠲᠤ᠂ ᠰᠡᠳᠬᠢᠴᠡ᠎ᠪᠠᠨ ᠬᠤᠪᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠤᠨ᠎ᠠ᠃ ᠡᠯ᠎ᠡ ᠤᠯᠤᠰ ᠬᠢᠵᠢᠭ᠎ᠤᠨ ᠳᠠᠷᠠᠭ᠎ᠠ ᠰᠡᠷᠭᠦᠯᠲᠡ ᠬᠢᠬᠦ᠎ᠳᠤ ᠶᠠᠭ᠋ᠠᠬᠢᠭᠰᠠᠨ ᠴᠦ᠍ ᠪᠣᠬᠢᠷᠲᠤᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠬᠥᠭᠵᠢᠯᠲᠡ ᠵᠢᠨ ᠬᠠᠭᠤᠴᠢᠨ ᠵᠠᠮ᠎ᠳᠤ᠎ᠪᠠᠨ ᠳᠠᠬᠢᠨ ᠣᠷᠣᠵᠤ ᠪᠣᠯᠬᠤ ᠦᠭᠡᠢ᠂ ᠠᠵᠤ ᠠᠬᠤᠶ ᠵᠢᠨ ᠬᠥᠭᠵᠢᠯᠲᠡ ᠪᠣᠯᠤᠨ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠮᠲᠤ᠎ᠪᠠᠷ ᠠᠰᠢᠭ ᠬᠦᠷᠳᠡᠬᠦ ᠵᠢ ᠯᠠᠪᠳᠠᠭᠤᠨ ᠪᠠᠲᠤᠲᠠᠢ ᠬᠥᠭᠡᠭᠡᠴᠡᠯᠳᠦᠵᠦ᠂ ᠪᠦᠳᠦᠭᠦᠯᠢᠭ ᠬᠡᠯᠪᠡᠷᠢ ᠵᠢᠨ ᠨᠡᠮᠡᠭᠳᠡᠯ᠎ᠤᠨ ᠬᠥᠭᠡᠷᠦᠯ᠎ᠢ ᠡᠷᠡᠰ ᠬᠤᠷᠢᠭᠯᠠᠬᠤ ᠬᠡᠷᠡᠭᠲᠡᠶ᠃ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠴᠢᠩᠭ᠎ᠠ ᠡᠵᠡᠮᠳᠡᠵᠦ᠂ ᠲᠣᠭ᠋ᠠᠴᠢᠯᠠᠭᠰᠠᠨ ᠬᠡᠯᠪᠡᠷᠢ ᠬᠤᠪᠢᠷᠠᠭᠤᠯᠤᠯᠲᠠ ᠵᠢ ᠲᠦᠷᠭᠡᠳᠬᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠵᠡᠷᠭᠡ ᠰᠢᠨ᠎ᠡ ᠠᠵᠠ ᠲᠣᠬᠢᠶᠠᠯ᠎ᠢ ᠬᠥᠭᠵᠢᠭᠡᠵᠦ᠂ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠤᠨ᠎ᠠ᠃
    ᠭᠤᠷᠪᠠ᠎ᠳᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠣᠨᠴᠠᠭ᠋ᠠᠶ ᠬᠦᠴᠢᠷᠳᠡᠯ᠎ᠢ ᠬᠠᠷᠠᠭ᠋ᠠᠯᠵᠠᠨ᠎ᠠ᠃ ᠳᠡᠯᠡᠬᠡᠢ ᠨᠡᠶ᠋ᠢᠭᠡᠮ ᠵᠶ᠋ᠠᠷ ᠵᠶ᠋ᠠᠨ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠵᠢᠨ ᠵᠠᠷᠴᠢᠮ᠎ᠢ ᠪᠠᠷᠢᠮᠲᠠᠯᠠᠵᠤ᠂ ᠬᠥᠭᠵᠢᠵᠦ   ᠪᠠᠶ᠋ᠢᠭ᠎ᠠ   ᠤᠯᠤᠰ ᠎ᠤᠳ ᠎ᠤᠨ   ᠠᠩᠬᠠᠷᠤᠯ   ᠪᠣᠯᠤᠨ   ᠬᠦᠰᠡᠯ   ᠱᠠᠭ᠋ᠠᠷᠳᠠᠯᠭ᠎ᠠ ᠵᠢ   ᠳᠡᠭᠡᠳᠦ   ᠬᠡᠮᠵᠢᠶ᠎ᠡ᠎ᠪᠠᠷ ᠴᠢᠬᠤᠯᠠᠴᠢᠯᠠᠵᠤ᠂ ᠮᠡᠷᠭᠡᠵᠢᠯ᠂ ᠪᠡᠯᠡ ᠮᠥᠩᠭᠦ᠂ ᠴᠢᠳᠠᠪᠤᠷᠢ ᠵᠢᠨ ᠳᠡᠮᠵᠢᠯᠭᠡ᠎ᠪᠠᠨ ᠨᠡᠮᠡᠭᠳᠡᠭᠦᠯᠵᠦ᠂ ᠲᠡᠳᠡᠨ᠎ᠢ ᠬᠠᠪᠰᠤᠷᠤᠨ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠬᠤᠪᠢᠷᠠᠭᠤᠯᠤᠯᠲᠠ ᠵᠢ ᠪᠡᠶᠡᠯᠡᠭᠦᠯᠬᠦ ᠬᠡᠷᠡᠭᠲᠡᠢ᠃ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠪᠠᠷ ᠭᠤᠣᠯ ᠪᠣᠯᠭ᠋ᠠᠭᠰᠠᠨ ᠤᠯᠠᠨ ᠲᠠᠯᠠᠲᠤ ᠠᠷᠠᠯᠵᠢᠶᠠᠨ᠎ᠤ ᠲᠦᠷᠢᠮ᠎ᠤᠨ ᠲᠣᠭᠲᠠᠯᠴᠠᠭ᠎ᠠ ᠵᠢ ᠬᠠᠮᠠᠭ᠋ᠠᠯᠠᠵᠤ᠂ ᠪᠣᠬᠢᠷᠲᠤᠯ ᠦᠭᠡᠢ ᠰᠢᠨ᠎ᠡ ᠠᠷᠠᠯᠵᠢᠶᠠᠨ᠎ᠤ ᠪᠠᠬᠢᠯᠡᠯᠲᠡ᠎ᠠᠴᠠ ᠰᠡᠷᠡᠮᠵᠢᠯᠡᠵᠦ᠂ ᠭᠠᠭᠴᠠ ᠲᠠᠯᠠᠲᠤ ᠦᠵᠡᠯ ᠪᠠ ᠠᠷᠠᠯᠵᠢᠶᠠᠨ᠎ᠤ ᠬᠠᠮᠠᠭ᠋ᠠᠯᠠᠬᠤ ᠦᠵᠡᠯ᠎ᠢ ᠡᠰᠡᠷᠭᠦᠴᠡᠬᠦ ᠬᠡᠷᠡᠭᠲᠡᠶ᠃
    ᠯᠢ ᠺᠧ ᠴᠢᠶᠠᠩ ᠴᠢᠬᠤᠯᠠᠴᠢᠯᠠᠬᠤ᠎ᠳᠤ᠎ᠪᠠᠨ᠂ ᠪᠣᠬᠢᠷᠲᠤᠯ ᠦᠭᠡᠢ ᠪᠠᠶ᠋ᠢᠭ᠎ᠠ᠎ᠨᠢ ᠢᠷᠡᠭᠡᠳᠦᠢ ᠵᠢᠨ ᠬᠥᠭᠵᠢᠯᠲᠡ ᠵᠢᠨ ᠴᠢᠨᠠᠷ ᠴᠢᠨᠰᠠᠭ᠎ᠠ ᠵᠢ ᠲᠣᠭᠲᠠᠭ᠋ᠠᠳᠠᠭ᠃ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠭᠠᠷ ᠭᠠᠷ ᠵᠶ᠋ᠠᠨ ᠬᠤᠯᠪᠣᠯᠴᠠᠨ ᠪᠣᠬᠢᠷᠲᠤᠯ ᠦᠭᠡᠢ ᠰᠡᠷᠭᠦᠯᠲᠡ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠨᠡᠩ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠨ᠎ᠠ ᠭᠡᠪᠡ᠃
    ᠬᠤᠶᠠᠳᠤᠭ᠋ᠠᠷ ᠬᠤᠭᠤᠴᠠᠭ᠋ᠠᠨ᠎ᠤ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ᠎ᠤ 2030 ᠲᠦᠷᠦᠭᠦᠴᠦᠳ᠎ᠤᠨ ᠬᠤᠷᠠᠯ᠎ᠢ ᠺᠣᠷᠢᠶᠠ ᠤᠯᠤᠰ ᠭᠤᠣᠯᠯᠠᠨ ᠡᠷᠬᠢᠯᠡᠵᠦ᠂ ᠸᠢᠳᠢᠣ᠋ ᠵᠢᠨ ᠬᠡᠯᠪᠡᠷᠢ᠎ᠪᠠᠷ ᠶᠠᠪᠤᠭᠳᠠᠭᠤᠯᠵᠠᠢ᠃ 60 ᠭᠠᠷᠤᠢ ᠤᠯᠤᠰ ᠪᠣᠯᠤᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠥᠮᠦᠰ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠺᠠᠽᠠᠭᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠠᠽᠧᠷᠪᠠᠶ᠋ᠢᠵᠠᠨ᠎ᠤ ᠶᠡᠷᠦᠩᠬᠡᠶ᠋ᠢᠯᠡᠭᠴᠢ ᠠᠯᠢᠶᠸᠹ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠳ᠋ᠣᠮᠢᠨᠢᠺᠠ ᠵᠢᠨ ᠶᠡᠷᠦᠩᠬᠡᠢ᠌ᠯᠡᠭᠴᠢ ᠠᠪᠢᠨᠠᠳᠧᠷ᠎ᠲᠠᠢ ᠤᠲᠠᠰᠤ᠎ᠪᠠᠷ ᠶᠠᠷᠢᠯᠴᠠᠵᠠᠢ
ᠯᠢ ᠺᠸ ᠴᠢᠶᠠᠩ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠷᠠᠳ᠎ᠤᠨ ᠬᠤᠭᠤᠷᠤᠨᠳᠤᠬᠢ ᠨᠥᠬᠥᠷᠯᠡᠯ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠵᠡᠢ
 
            