ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ 5 ᠰᠠᠷ᠎ᠠ ᠵᠢᠨ 31᠎ᠤ ᠦᠳᠡ ᠵᠢᠨ ᠬᠤᠶ᠋ᠢᠨ᠎ᠠ ᠮᠠᠨ᠎ᠤ ᠤᠯᠤᠰ᠎ᠤᠨ ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠤᠭᠤᠷᠢᠨ᠎ᠳᠤ ᠭᠤᠴᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠳᠤᠮᠳᠠᠳᠤ ᠤᠯᠤᠰ᠎ᠤᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠳᠠᠭᠤᠨ᠎ᠢ ᠰᠠᠶ᠋ᠢᠲᠤᠷ ᠳᠠᠮᠵᠢᠭᠤᠯᠵᠤ᠂ ᠳᠤᠮᠳᠠᠳᠤ ᠤᠯᠤᠰ᠎ᠢ ᠦᠨᠡᠨ ᠪᠣᠳᠠᠲᠠᠢ᠂ ᠪᠣᠰᠤᠭ᠎ᠠ ᠴᠣᠭᠴᠠ᠎ᠪᠠᠷ᠂ ᠪᠦᠬᠦ ᠲᠠᠯ᠎ᠠ᠎ᠪᠠᠷ ᠳᠡᠯᠭᠡᠨ ᠦᠵᠡᠬᠦᠯᠬᠦ ᠪᠣᠯ ᠮᠠᠨ᠎ᠤ ᠤᠯᠤᠰ᠎ᠤᠨ ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠴᠢᠬᠤᠯᠠ ᠡᠭᠦᠷᠭᠡ ᠪᠣᠯᠤᠨ᠎ᠠ᠃ ᠰᠢᠨ᠎ᠡ ᠪᠠᠶ᠋ᠢᠳᠠᠯ ᠳᠣᠣᠷ᠎ᠠ ᠤᠯᠠᠨ ᠤᠯᠤᠰ᠎ᠤᠨ ᠳᠠᠮᠵᠢᠭᠤᠯᠭ᠎ᠠ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠵᠢᠨ ᠴᠢᠬᠤᠯᠠ ᠴᠢᠨᠠᠷ ᠪᠣᠯᠤᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠵᠤ᠂ ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠶᠡᠭᠡ ᠬᠦᠴᠦ ᠣᠷᠣᠭᠤᠯᠤᠨ ᠴᠢᠩᠭ᠋ᠠᠳᠬᠠᠵᠤ᠂ ᠮᠠᠨ᠎ᠤ ᠤᠯᠤᠰ᠎ᠤᠨ ᠤᠯᠤᠰ᠎ᠤᠨ ᠶᠡᠷᠦᠩᠬᠡᠢ ᠬᠦᠴᠦᠨ ᠪᠣᠯᠤᠨ ᠳᠡᠯᠡᠬᠡᠢ ᠵᠢᠨ ᠪᠠᠶ᠋ᠢᠷᠢ ᠰᠠᠭᠤᠷᠢ᠎ᠲᠠᠢ ᠵᠣᠬᠢᠴᠠᠭᠰᠠᠨ ᠤᠯᠠᠨ ᠤᠯᠤᠰ᠎ᠲᠠᠬᠢ ᠦᠭᠡ ᠬᠡᠯᠡᠬᠦ ᠡᠷᠬᠡ ᠵᠢ ᠪᠦᠷᠢᠯᠳᠦᠭᠦᠯᠵᠦ᠂ ᠮᠠᠨ᠎ᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠳᠤ ᠠᠰᠢᠭᠲᠠᠢ ᠭᠠᠳᠠᠭ᠋ᠠᠳᠤ ᠶᠠᠷᠢᠶ᠎ᠠ ᠬᠡᠯᠡᠯᠴᠡᠭᠡᠨ᠎ᠤ ᠣᠷᠴᠢᠨ ᠲᠣᠭᠤᠷᠢᠨ᠎ᠢ ᠪᠤᠢ ᠪᠣᠯᠭ᠋ᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠹᠦᠳᠠᠨ ᠶᠡᠭᠡ ᠰᠤᠷᠭ᠋ᠠᠭᠤᠯᠢ ᠵᠢᠨ ᠵᠠᠩ ᠸᠧᠶ ᠸᠧᠶ ᠫᠷᠤᠹᠧᠰᠰᠤᠷ ᠡᠨᠡ ᠠᠰᠠᠭᠤᠳᠠᠯ᠎ᠤᠨ ᠲᠤᠬᠠᠶ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠦᠳ ᠲᠡᠭᠦᠨ᠎ᠤ ᠲᠠᠶ᠋ᠢᠯᠪᠤᠷᠢᠯᠠᠯᠲᠠ ᠵᠢ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠶᠠᠷᠢᠶ᠎ᠠ ᠲᠠᠯᠪᠢᠪᠠ᠃ ᠲᠡᠷᠡ᠂ ᠮᠠᠨ᠎ᠤ ᠨᠠᠮ ᠭᠠᠳᠠᠭ᠋ᠠᠳᠤ᠎ᠳᠤ ᠳᠠᠮᠵᠢᠭᠤᠯᠬᠤ ᠠᠵᠢᠯ᠎ᠢ ᠶᠡᠷᠦ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠵᠠᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠤᠯᠠᠨ ᠤᠯᠤᠰ᠎ᠤᠨ ᠳᠠᠮᠵᠢᠭᠤᠯᠭ᠎ᠠ ᠵᠢᠨ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠵᠤ᠂ ᠳᠣᠲᠣᠭ᠋ᠠᠳᠤ ᠤᠬᠠᠭᠤᠯᠭ᠎ᠠ ᠭᠠᠳᠠᠭ᠋ᠠᠳᠤ ᠤᠬᠠᠭᠤᠯᠭ᠎ᠠ ᠵᠢᠨ ᠪᠠᠶ᠋ᠢᠭᠤᠯᠤᠮᠵᠢ ᠵᠢ ᠰᠢᠯᠤᠭᠤᠳᠬᠠᠵᠤ᠂ ᠤᠯᠠᠨ ᠤᠯᠤᠰ᠎ᠤᠨ ᠨᠥᠯᠥᠭᠡᠯᠡᠬᠦ ᠬᠦᠴᠦᠨ ᠪᠦᠬᠦᠢ ᠵᠠᠭᠤᠴᠢᠯᠠᠭᠤᠷ᠎ᠤᠨ ᠪᠦᠯᠦᠭᠵᠢᠯ᠎ᠢ ᠴᠣᠭᠴᠠᠯᠠᠨ᠂ ᠳᠤᠮᠳᠠᠳᠤ ᠵᠢᠨ ᠰᠣᠶᠣᠯ᠎ᠤᠨ ᠭᠠᠳᠠᠭᠰᠢ ᠭᠠᠷᠬᠤ ᠵᠢ ᠢᠳᠡᠪᠬᠢᠲᠡᠢ ᠠᠬᠢᠭᠤᠯᠵᠤ᠂ ᠤᠯᠠᠨ ᠤᠯᠤᠰ᠎ᠤᠨ ᠶᠠᠷᠢᠶ᠎ᠠ ᠬᠡᠯᠡᠯᠴᠡᠭᠡ ᠵᠢ ᠬᠦᠲᠦᠯᠦᠨ ᠵᠢᠯᠤᠭᠤᠳᠬᠤ ᠪᠠ ᠶᠠᠷᠢᠶ᠎ᠠ ᠬᠡᠯᠡᠯᠴᠡᠭᠡᠨ᠎ᠤ ᠲᠡᠮᠡᠴᠡᠯ᠎ᠢ ᠪᠦᠲᠦᠮᠵᠢᠲᠡᠢ ᠥᠷᠨᠢᠭᠦᠯᠦᠨ᠂ ᠤᠯᠠᠨ ᠭᠤᠣᠯ ᠴᠣᠭᠴᠠ᠎ᠳᠦ᠂ ᠪᠣᠰᠤᠭ᠎ᠠ ᠴᠣᠭᠴᠠᠲᠤ ᠮᠠᠶᠢᠭ᠎ᠤᠨ ᠭᠠᠳᠠᠭ᠋ᠠᠳᠤ ᠤᠬᠠᠭᠤᠯᠭ᠎ᠠ ᠵᠢᠨ ᠪᠠᠶ᠋ᠢᠷᠢᠰᠢᠯ᠎ᠢ ᠠᠩᠬ᠎ᠠ ᠠᠯᠬᠤᠮ ᠪᠠᠶ᠋ᠢᠭᠤᠯᠵᠤ᠂ ᠮᠠᠨ᠎ᠤ ᠤᠯᠤᠰ᠎ᠤᠨ ᠤᠯᠠᠨ ᠤᠯᠤᠰ᠎ᠲᠠᠬᠢ ᠦᠭᠡ ᠬᠡᠯᠡᠬᠦ ᠡᠷᠬᠡ ᠪᠣᠯᠤᠨ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠭᠰᠡᠨᠤ ᠬᠠᠮᠲᠤ ᠪᠠᠰᠠ ᠰᠢᠨ᠎ᠡ ᠪᠠᠶ᠋ᠢᠳᠠᠯ ᠪᠣᠯᠤᠨ ᠡᠭᠦᠷᠭᠡ ᠲᠤᠯᠭ᠋ᠠᠷᠠᠵᠤ ᠪᠠᠶ᠋ᠢᠨ᠎ᠠ᠃ ᠡᠷᠬᠡᠪᠰᠢ ᠦᠵᠦ ᠲᠥᠯᠥᠪᠯᠡᠭᠡ ᠪᠣᠯᠤᠨ ᠰᠤᠳᠤᠯᠭ᠋ᠠᠨ᠎ᠤ ᠪᠠᠶ᠋ᠢᠷᠢᠰᠢᠭᠤᠯᠤᠯᠲᠠ ᠵᠢ ᠴᠢᠩᠭ᠋ᠠᠳᠬᠠᠵᠤ᠂ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ᠎ᠲᠠᠢ ᠪᠠᠶ᠋ᠢᠯᠳᠤᠬᠤ ᠪᠤᠳᠤᠯᠭ᠎ᠠ ᠵᠢᠨ ᠳᠠᠮᠵᠢᠭᠤᠯᠭ᠎ᠠ ᠵᠢᠨ ᠰᠢᠰᠲ᠋ᠧᠮ᠎ᠢ ᠪᠠᠶ᠋ᠢᠭᠤᠯᠤᠨ᠂ ᠤᠯᠠᠨ ᠤᠯᠤᠰ᠎ᠲᠠᠬᠢ ᠳᠠᠮᠵᠢᠭᠤᠯᠭ᠎ᠠ ᠵᠢᠨ ᠨᠥᠯᠥᠭᠡᠯᠡᠬᠦ ᠬᠦᠴᠦᠨ᠂ ᠳᠤᠮᠳᠠᠳᠤ ᠵᠢᠨ ᠰᠣᠶᠣᠯ᠎ᠤᠨ ᠤᠷᠢᠶᠠᠯᠠᠬᠤ ᠬᠦᠴᠦᠨ᠂ ᠳᠤᠮᠳᠠᠳᠤ ᠤᠯᠤᠰ᠎ᠤᠨ ᠲᠦᠷᠢ ᠲᠥᠷᠬᠦ ᠵᠢᠨ ᠳᠣᠲᠣᠨᠣᠰᠤᠭ ᠬᠦᠴᠦᠨ᠂ ᠳᠤᠮᠳᠠᠳᠤ ᠤᠯᠤᠰ᠎ᠤᠨ ᠦᠭᠡ ᠭᠡᠯᠡᠨ᠎ᠤ ᠢᠲᠡᠭᠡᠭᠦᠯᠬᠦ ᠬᠦᠴᠦᠨ᠂ ᠤᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠤ ᠬᠦᠳᠦᠯᠦᠨ ᠵᠢᠯᠣᠭᠤᠳᠬᠤ ᠬᠦᠴᠦᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠦᠭᠡ ᠭᠡᠯᠡᠨ᠎ᠤ ᠪᠠ ᠳᠤᠮᠳᠠᠳᠤ ᠤᠯᠤᠰ᠎ᠤᠨ ᠦᠬᠦᠯᠡᠨ ᠬᠦᠦᠷᠨᠢᠬᠦ ᠰᠢᠰᠲ᠋ᠧᠮ᠎ᠢ ᠲᠦᠷᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠤᠨᠤᠯ ᠵᠶ᠋ᠠᠷ ᠳᠤᠮᠳᠠᠳᠤ ᠤᠯᠤᠰ᠎ᠤᠨ ᠦᠢ᠍ᠯᠡᠳᠦᠯᠭᠡ ᠵᠢ ᠲᠠᠶ᠋ᠢᠯᠪᠤᠷᠢᠯᠠᠵᠤ᠂ ᠳᠤᠮᠳᠠᠳᠤ ᠤᠯᠤᠰ᠎ᠤᠨ ᠦᠢ᠍ᠯᠡᠳᠦᠯᠭᠡ᠎ᠪᠠᠷ ᠳᠤᠮᠳᠠᠳᠤ ᠤᠯᠤᠰ᠎ᠤᠨ ᠤᠨᠤᠯ᠎ᠢ ᠳᠡᠭᠡᠭᠰᠢᠯᠡᠭᠦᠯᠵᠦ᠂ ᠳᠤᠮᠳᠠᠳᠤ ᠭᠠᠳᠠᠭ᠋ᠠᠳᠤ ᠵᠢ ᠠᠭᠤᠰᠤᠯᠴᠠᠨ ᠨᠡᠪᠲᠡᠷᠡᠭᠦᠯᠦᠭᠰᠡᠡ ᠰᠢᠨ᠎ᠡ ᠤᠬᠠᠭᠳᠠᠬᠤᠨ᠂ ᠰᠢᠨ᠎ᠡ ᠠᠢ᠂ ᠰᠢᠨ᠎ᠡ ᠢᠯᠡᠳᠭᠡᠮᠵᠢ ᠵᠢ ᠴᠤᠭᠴᠠᠯᠠᠨ᠂ ᠳᠤᠮᠳᠠᠳᠤ ᠤᠯᠤᠰ᠎ᠤᠨ ᠦᠯᠢᠬᠡᠷ ᠵᠢᠴᠢ ᠲᠡᠭᠦᠨ᠎ᠤ ᠠᠷᠤ᠎ᠳᠠᠬᠢ ᠦᠵᠡᠯ ᠰᠠᠨᠠᠭ᠋ᠠᠨ᠎ᠤ ᠬᠦᠴᠦᠨ ᠪᠣᠯᠤᠨ ᠤᠶᠤᠨ ᠰᠠᠨᠠᠭ᠋ᠠᠨ᠎ᠤ ᠬᠦᠴᠦᠨ᠎ᠢ ᠨᠡᠩ ᠭᠦᠢ᠍ᠴᠡᠳ᠂ ᠨᠡᠩ ᠢᠯᠡ ᠲᠣᠳᠣ᠎ᠪᠠᠷ ᠢᠯᠡᠷᠡᠭᠦᠯᠬᠦ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠤᠬᠠᠭᠤᠯᠤᠨ ᠲᠠᠶ᠋ᠢᠯᠪᠤᠷᠢᠯᠠᠬᠤ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠤᠯ ᠦᠨᠡᠨ ᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ ᠵᠢᠨ ᠲᠥᠯᠥᠭᠡ ᠲᠡᠮᠡᠴᠡᠵᠦ ᠪᠠᠶ᠋ᠢᠭ᠎ᠠ ᠭᠡᠳᠡᠭ᠎ᠢ ᠭᠠᠳᠠᠭ᠋ᠠᠳᠦ ᠵᠢᠨ ᠠᠷᠠᠳ ᠤᠯᠠᠨ᠎ᠳᠤ ᠲᠠᠨᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠬᠢᠵᠤ ᠲᠡᠶ᠋ᠢᠯᠬᠦ᠂ ᠮᠠᠷᠺᠰ᠎ᠤᠨ ᠦᠵᠡᠯ ᠶᠠᠭ᠋ᠠᠬᠢᠭ᠋ᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ ᠰᠠᠶ᠋ᠢᠨ ᠪᠠᠶ᠋ᠢᠬᠤ ᠵᠢ ᠤᠢ᠍ᠢ᠍ᠯᠠᠭ᠋ᠠᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠂ ᠳᠤᠮᠳᠠᠳᠤ ᠤᠯᠤᠰ᠎ᠤᠨ ᠬᠦᠴᠦᠨ᠎ᠤ ᠲᠣᠭᠤᠷᠢᠨ᠎ᠳᠤ᠂ ᠤᠯᠤᠰ ᠲᠦᠷᠦ᠂ ᠠᠵᠤ ᠠᠬᠤᠢ᠂ ᠰᠣᠶᠣᠯ᠂ ᠨᠡᠶ᠋ᠢᠭᠡᠮ᠂ ᠠᠮᠢ ᠠᠬᠤᠢ ᠵᠢᠨ ᠪᠣᠯᠪᠠᠰᠤᠨ ᠵᠡᠷᠭᠡ ᠤᠯᠠᠨ ᠬᠠᠷᠠᠭ᠋ᠠᠰᠤ᠎ᠠᠴᠠ ᠭᠦᠨᠵᠡᠭᠡᠢ ᠰᠤᠳᠤᠯᠵᠤ᠂ ᠤᠯᠠᠨ ᠤᠯᠤᠰ᠎ᠤᠨ ᠳᠠᠮᠵᠢᠭᠤᠯᠭ᠎ᠠ ᠵᠢᠨ ᠠᠵᠢᠯ᠎ᠢ ᠥᠷᠨᠢᠭᠦᠯᠬᠦ᠎ᠳᠤ ᠶᠣᠰᠣ ᠵᠦᠢ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠳᠤᠮᠳᠠᠳᠤ ᠵᠢᠨ ᠰᠣᠶᠣᠯ᠎ᠤᠨ ᠭᠠᠳᠠᠭᠰᠢ ᠭᠠᠷᠬᠤ ᠵᠢ ᠨᠡᠩ ᠰᠠᠶ᠋ᠢᠲᠤᠷ ᠠᠬᠢᠭᠤᠯᠵᠤ᠂ ᠰᠣᠶᠣᠯ ᠵᠶ᠋ᠠᠷ ᠶᠣᠰᠣ ᠵᠢ ᠠᠴᠢᠶᠠᠯᠠᠵᠤ᠂ ᠰᠣᠶᠣᠯ ᠵᠶ᠋ᠠᠷ ᠳᠠᠭᠤᠨ᠎ᠢ ᠳᠠᠮᠵᠢᠭᠤᠯᠵᠤ᠂ ᠰᠣᠶᠣᠯ ᠵᠶ᠋ᠠᠷ ᠬᠥᠮᠦᠨ᠎ᠢ ᠤᠬᠠᠭ᠋ᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠢᠯᠡᠷᠡᠭᠦᠯᠦᠭᠰᠡᠨ᠂ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠠᠭᠤᠯᠤᠭᠰᠠᠨ ᠨᠡᠩ ᠤᠯᠠᠨ ᠰᠢᠯᠢᠳᠡᠭ ᠰᠣᠶᠣᠯ᠎ᠢ ᠳᠡᠯᠡᠬᠡᠢ ᠳ᠋ᠠᠬᠢᠨ᠎ᠳᠤ ᠲᠠᠶ᠋ᠢᠯᠪᠤᠷᠢᠯᠠᠨ ᠲᠠᠨᠢᠯᠴᠠᠭᠤᠯᠬᠤ ᠬᠡᠷᠡᠭᠲᠡᠢ᠃ ᠦᠨᠳᠦᠰᠦᠨ ᠬᠦᠭ ᠠᠶᠠᠰ᠎ᠢ ᠰᠠᠶ᠋ᠢᠲᠤᠷ ᠡᠵᠡᠮᠳᠡᠬᠦ ᠵᠢ ᠴᠢᠬᠤᠯᠠᠴᠢᠯᠠᠵᠤ᠂ ᠨᠡᠬᠡᠬᠡᠯᠳᠡ᠎ᠲᠠᠢ ᠢᠲᠡᠭᠡᠯ᠎ᠲᠠᠢ ᠪᠠᠶ᠋ᠢᠬᠤ ᠪᠥᠭᠡᠳ ᠪᠠᠰᠠ ᠳᠠᠷᠤᠤ ᠬᠢᠴᠢᠶᠡᠩᠭᠦᠢ ᠪᠠᠶ᠋ᠢᠵᠤ᠂ ᠢᠲᠡᠭᠡᠮᠵᠢᠲᠡᠢ᠂ ᠬᠠᠶ᠋ᠢᠷᠠᠯᠠᠯ᠎ᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠲᠦᠷᠢ ᠲᠥᠷᠬᠦ ᠵᠢ ᠴᠢᠷᠮᠠᠶ᠋ᠢᠨ ᠱᠤᠭᠤᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠵᠣᠷᠢᠯᠲᠠ᠂ ᠳᠤᠮᠳᠠᠳᠤ ᠤᠯᠤᠰ᠎ᠤᠨ ᠤᠶᠤᠨ ᠤᠬᠠᠭ᠋ᠠᠨ᠂ ᠳᠤᠮᠳᠠᠳᠤ ᠤᠯᠤᠰ᠎ᠤᠨ ᠲᠥᠰᠦᠯ᠎ᠢ ᠥᠷᠭᠡᠨ ᠵᠶ᠋ᠠᠷ ᠤᠬᠠᠭᠤᠯᠤᠨ ᠲᠠᠨᠢᠯᠴᠠᠭᠤᠯᠬᠤ ᠭᠡᠷᠡᠭᠲᠡᠢ᠂ ᠮᠠᠨ᠎ᠤ ᠤᠯᠤᠰ ᠡᠳᠦᠷ ᠢᠷᠡᠬᠦᠶ᠎ᠡ ᠳᠡᠯᠡᠬᠡᠢ ᠵᠢᠨ ᠲᠠᠪᠴᠠᠩ᠎ᠤᠨ ᠲᠥᠪ᠎ᠲᠤ ᠣᠶ᠋ᠢᠷᠠᠳᠴᠤ ᠪᠠᠶ᠋ᠢᠨ᠎ᠠ᠂ ᠪᠦᠬᠦ ᠪᠥᠮᠪᠥᠷᠴᠡᠭ᠎ᠤᠨ ᠬᠡᠷᠡᠭ ᠶᠠᠪᠤᠳᠠᠯ᠎ᠳᠤ ᠨᠡᠩ ᠶᠡᠭᠡ ᠦᠢ᠍ᠯᠡᠳᠦᠯ ᠦᠵᠡᠭᠦᠯᠦᠨ᠂ ᠡᠯ᠎ᠡ ᠤᠯᠤᠰ᠎ᠲᠠᠢ ᠬᠠᠮᠲᠤ᠎ᠪᠠᠷ ᠪᠦᠬᠦ ᠬᠥᠮᠦᠨ ᠲᠥᠷᠥᠯᠬᠢᠲᠡᠨ᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠴᠢᠳᠠᠪᠤᠷᠢ᠎ᠲᠠᠢ ᠪᠥᠭᠡᠳ ᠬᠠᠷᠢᠭᠤᠴᠠᠯᠭ᠎ᠠ᠎ᠲᠠᠢ᠃ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠶᠡᠭᠡ ᠲᠤᠭ᠎ᠢ ᠥᠨᠳᠥᠷ ᠮᠠᠨᠳᠤᠭᠤᠯᠵᠤ᠂ ᠮᠠᠨ᠎ᠤ ᠤᠯᠤᠰ᠎ᠤᠨ ᠬᠥᠭᠵᠢᠯᠲᠡ ᠵᠢᠨ ᠠᠮᠢᠳᠤᠯᠢᠭ ᠦᠢ᠍ᠯᠡᠳᠦᠯᠭᠡ᠎ᠳᠤ ᠲᠦᠰᠢᠭᠯᠡᠨ᠂ ᠲᠠᠪᠤᠨ ᠮᠢᠩᠭ᠎ᠠ ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠳᠤ ᠰᠠᠭᠤᠷᠢᠯᠠᠵᠤ᠂ ᠮᠠᠨ᠎ᠤ ᠤᠯᠤᠰ᠎ᠤᠨ ᠬᠥᠭᠵᠢᠯᠲᠡ ᠵᠢᠨ ᠦᠵᠡᠯᠲᠡ᠂ ᠪᠣᠯᠪᠠᠰᠤᠨ᠎ᠤ ᠦᠵᠡᠯᠲᠡ᠂ ᠠᠮᠤᠷ ᠲᠦᠪᠰᠢᠨ᠎ᠤ ᠦᠵᠡᠯᠲᠡ᠂ ᠬᠥᠮᠦᠨ᠎ᠤ ᠡᠷᠬᠡ ᠵᠢᠨ ᠦᠵᠡᠯᠲᠡ᠂ ᠠᠮᠢ ᠠᠬᠤᠢ ᠵᠢᠨ ᠦᠵᠡᠯᠲᠡ᠂ ᠤᠯᠠᠨ ᠤᠯᠤᠰ᠎ᠤᠨ ᠡᠮᠬᠢ ᠳᠢᠭᠯᠢᠮ᠎ᠤᠨ ᠦᠵᠡᠯᠲᠡ ᠪᠠ ᠪᠦᠬᠦ ᠪᠥᠮᠪᠥᠷᠴᠡᠭ᠎ᠤᠨ ᠵᠠᠰᠠᠯᠲᠠ ᠵᠢᠨ ᠦᠵᠡᠯᠲᠡ ᠵᠢ ᠪᠦᠬᠦ ᠲᠠᠯ᠎ᠠ᠎ᠪᠠᠷ ᠲᠣᠳᠣᠷᠬᠠᠶ᠋ᠢᠯᠠᠨ ᠥᠭᠦᠯᠡᠬᠦ ᠬᠡᠷᠡᠭᠲᠡᠢ᠃ ᠤᠯᠠᠨ ᠲᠠᠯᠠᠲᠤ ᠦᠵᠡᠯ᠎ᠢ ᠰᠠᠨᠠᠭ᠋ᠠᠴᠢᠯᠠᠵᠤ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠎ᠢ ᠡᠰᠡᠷᠭᠦᠴᠡᠨ᠂ ᠳᠡᠯᠡᠬᠡᠢ ᠨᠡᠶ᠋ᠢᠭᠡᠮ᠎ᠤᠨ᠎ᠬᠢᠨ᠎ᠢ ᠬᠦᠲᠦᠯᠦᠨ ᠵᠢᠯᠣᠭᠤᠳᠴᠤ ᠪᠠᠶ᠋ᠢᠭ᠋ᠠᠳ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ᠎ᠤᠨ ᠰᠢᠨ᠎ᠡ ᠡᠮᠬᠢ ᠵᠢᠷᠤᠮ᠎ᠢ ᠬᠠᠮᠲᠤ᠎ᠪᠠᠷ ᠪᠤᠢ ᠪᠣᠯᠭ᠋ᠠᠵᠤ᠂ ᠰᠢᠨ᠎ᠡ ᠬᠡᠯᠪᠡᠷᠢ ᠵᠢᠨ ᠤᠯᠠᠨ ᠤᠯᠤᠰ᠎ᠤᠨ ᠬᠠᠷᠢᠴᠠᠭ᠎ᠠ ᠵᠢ ᠪᠠᠶ᠋ᠢᠭᠤᠯᠬᠤ ᠬᠡᠷᠡᠭᠲᠡᠢ᠃ ᠡᠯ᠎ᠠ ᠵᠦᠢ᠍ᠯ᠎ᠤᠨ ᠠᠮᠢᠳᠤᠯᠢᠭ ᠪᠤᠲᠠᠲᠠᠢ ᠰᠡᠳᠬᠢᠯ ᠬᠦᠳᠡᠯᠭᠡᠮ᠎ᠡ ᠭᠡᠷᠡᠭ ᠶᠠᠪᠤᠳᠠᠯ᠎ᠢ ᠴᠢᠳᠠᠮᠠᠭ᠋ᠠᠢ ᠠᠰᠢᠬᠯᠠᠨ᠂ ᠳᠤᠮᠳᠠᠳᠤ ᠤᠯᠤᠰ᠎ᠤᠨ ᠬᠥᠭᠵᠢᠯᠲᠡ ᠵᠢᠨ ᠲᠤᠰ ᠪᠡᠶ᠎ᠡ᠎ᠨᠢ ᠳᠠᠷᠤᠢ ᠳᠡᠯᠡᠬᠡᠢ᠎ᠳᠤ ᠦᠵᠡᠭᠦᠯᠦᠭᠰᠡᠨ ᠬᠠᠮᠤᠭ᠎ᠤᠨ ᠶᠡᠭᠡ ᠬᠤᠪᠢ ᠨᠡᠮᠡᠷᠢ ᠮᠥᠨ᠂ ᠬᠥᠮᠦᠨ ᠲᠥᠷᠥᠯᠬᠢᠲᠡᠨ᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ ᠤᠶᠤᠨ ᠤᠬᠠᠭ᠋ᠠᠨ ᠵᠶ᠋ᠠᠨ ᠡᠷᠭᠦᠭᠰᠡᠨ ᠭᠡᠳᠡᠭ᠎ᠢ ᠲᠣᠳᠣᠷᠬᠠᠶ᠋ᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠡᠯ᠎ᠡ ᠵᠦᠢ᠍ᠯ᠎ᠤᠨ ᠬᠡᠯᠪᠡᠷᠢ᠎ᠪᠠᠷ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠤᠯᠠᠨ ᠵᠦᠢ᠍ᠯ᠎ᠤᠨ ᠠᠷᠭ᠎ᠠ ᠵᠠᠮ ᠵᠶ᠋ᠠᠷ ᠮᠠᠨ᠎ᠤ ᠤᠯᠤᠰ ᠪᠣᠯᠤᠨ ᠡᠯ᠎ᠡ ᠤᠯᠤᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠎ᠠ ᠪᠣᠯᠤᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ ᠬᠡᠷᠡᠭᠲᠡᠢ᠃ ᠪᠠᠶ᠋ᠢᠭᠤᠯᠤᠮᠵᠢ ᠲᠣᠭᠲᠡᠴᠡ ᠵᠢᠨ ᠰᠢᠨ᠎ᠡ ᠵᠢ ᠡᠭᠦᠳᠴᠦ᠂ ᠮᠠᠨ᠎ᠤ ᠪᠠᠶ᠋ᠢᠭᠤᠯᠤᠯ᠎ᠤᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ᠂ ᠬᠥᠮᠦᠨ᠎ᠤ ᠬᠦᠴᠦᠨ᠎ᠤ ᠳᠠᠪᠠᠭᠤᠯᠢᠭ᠎ᠢ ᠳᠠᠮᠵᠢᠭᠤᠯᠭ᠎ᠠ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ ᠳᠡᠭᠡᠳᠦ ᠲᠡᠰ ᠳᠠᠪᠬᠤᠷᠭ᠎ᠠ ᠵᠢᠨ ᠲᠤᠰᠬᠠᠢ ᠮᠡᠷᠭᠡᠵᠢᠯᠲᠡᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠴᠢᠬᠤᠯᠠ ᠤᠯᠠᠨ ᠤᠯᠤᠰ᠎ᠤᠨ ᠬᠤᠷᠠᠯ᠎ᠤᠨ ᠶᠠᠷᠢᠶᠠᠨ᠎ᠤ ᠲᠠᠪᠴᠠᠩ᠂ ᠭᠠᠳᠠᠭ᠋ᠠᠳᠤ ᠵᠢᠨ ᠭᠤᠣᠯ ᠵᠠᠭᠤᠴᠢᠯᠠᠭᠤᠷ ᠵᠡᠷᠭᠡ ᠲᠠᠪᠴᠠᠩ ᠪᠣᠯᠤᠨ ᠠᠷᠭ᠎ᠠ ᠵᠠᠮ᠎ᠢ ᠠᠰᠢᠬᠯᠠᠨ ᠦᠭᠡ ᠭᠡᠯᠡᠵᠤ ᠲᠠᠭᠤᠨ ᠭᠠᠷᠭ᠋ᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠣᠨᠴᠠᠯᠢᠭ ᠪᠣᠯᠤᠨ ᠳᠠᠪᠠᠭᠤᠯᠢᠭ ᠵᠶ᠋ᠠᠨ ᠪᠠᠳᠠᠷᠠᠭᠤᠯᠵᠤ ᠪᠠᠶ᠋ᠢᠭ᠋ᠠᠳ ᠠᠵᠢᠯ ᠵᠶ᠋ᠠᠨ ᠥᠷᠨᠢᠭᠦᠯᠵᠦ᠂ ᠪᠠᠶᠠᠯᠢᠭ ᠰᠠᠶ᠋ᠢᠬᠠᠨ᠂ ᠠᠮᠢᠳᠤᠯᠢᠭ ᠪᠣᠰᠤᠭ᠎ᠠ ᠴᠣᠭᠴᠠᠲᠤ ᠳᠤᠮᠳᠠᠳᠤ ᠤᠯᠤᠰ᠎ᠤᠨ ᠲᠦᠷᠢ ᠲᠥᠷᠬᠦ ᠵᠢ ᠳᠡᠯᠭᠡᠨ ᠦᠵᠡᠬᠦᠯᠬᠦ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠯᠠᠨ ᠤᠯᠤᠰ᠎ᠤᠨ ᠳᠠᠮᠵᠢᠭᠤᠯᠭ᠎ᠠ ᠵᠢᠨ ᠦᠢ᠍ᠯᠡᠳᠦᠯ ᠴᠢᠳᠠᠪᠬᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠤᠯᠠᠨ ᠤᠯᠤᠰ᠎ᠤᠨ ᠳᠠᠮᠵᠢᠭᠤᠯᠭ᠎ᠠ ᠵᠢᠨ ᠬᠡᠷᠡᠭᠴᠡᠭᠡ᠎ᠳᠤ ᠵᠣᠬᠢᠴᠠᠭᠰᠠᠨ ᠲᠤᠰᠬᠠᠢ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠤᠯᠠᠨ ᠤᠯᠤᠰ᠎ᠤᠨ ᠳᠠᠮᠵᠢᠭᠤᠯᠭ᠎ᠠ ᠵᠢᠨ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠤᠯᠠᠨ ᠤᠯᠤᠰ᠎ᠤᠨ ᠳᠠᠮᠵᠢᠭᠤᠯᠭ᠎ᠠ ᠵᠢᠨ ᠵᠢᠮ᠎ᠡ ᠶᠣᠰᠣ ᠵᠢ ᠡᠵᠡᠮᠰᠢᠵᠦ᠂ ᠭᠠᠳᠠᠭ᠋ᠠᠳᠤ᠎ᠳᠤ ᠦᠭᠡ ᠬᠡᠯᠡᠬᠦ ᠦᠭᠡ ᠬᠡᠯᠡᠨ᠎ᠤ ᠰᠢᠰᠲ᠋ᠧᠮ᠎ᠢ ᠪᠠᠶ᠋ᠢᠭᠤᠯᠵᠤ᠂ ᠳᠠᠮᠵᠢᠭᠤᠯᠭ᠎ᠠ ᠵᠢᠨ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠤᠯᠤᠰ᠂ ᠠᠳᠠᠯᠢ ᠪᠤᠰᠤ ᠬᠦᠯᠢᠶᠡᠨ ᠠᠪᠤᠭᠴᠢᠳ᠎ᠲᠤ ᠣᠶ᠋ᠢᠷᠠᠳᠤᠬᠰᠠᠨ ᠨᠠᠷᠢᠯᠢᠭ ᠣᠨᠣᠴᠠᠲᠠᠢ᠎ᠪᠠᠷ ᠳᠠᠮᠵᠢᠭᠤᠯᠬᠤ ᠠᠷᠭ᠎ᠠ ᠮᠠᠶᠢᠭ᠎ᠢ ᠬᠡᠷᠡᠭᠯᠡᠨ᠂ ᠳᠤᠮᠳᠠᠳᠤ ᠤᠯᠤᠰ᠎ᠤᠨ ᠦᠯᠢᠭᠡᠷ ᠪᠠ ᠳᠤᠮᠳᠠᠳᠤ ᠤᠯᠤᠰ᠎ᠤᠨ ᠲᠠᠭᠤᠨ᠎ᠢ ᠳᠡᠯᠡᠬᠡᠶ᠋ᠢᠵᠢᠬᠦᠯᠦᠨ ᠢᠯᠡᠳᠬᠡᠬᠦ᠂ ᠣᠷᠣᠨ ᠪᠦᠰᠡᠴᠢᠯᠡᠨ ᠢᠯᠡᠳᠬᠡᠬᠦ᠂ ᠬᠦᠯᠢᠶᠡᠨ ᠠᠪᠤᠭᠴᠢᠳ᠎ᠤᠨ ᠬᠡᠷᠡᠭᠴᠡᠭᠡ᠎ᠳᠤ ᠵᠤᠬᠢᠴᠠᠭᠤᠯᠤᠨ ᠵᠦᠷᠢᠶᠡᠴᠢᠯᠡᠨ ᠢᠯᠡᠳᠭᠡᠬᠦ ᠵᠢ ᠠᠬᠢᠭᠤᠯᠵᠤ᠂ ᠤᠯᠠᠨ ᠤᠯᠤᠰ᠎ᠤᠨ ᠲᠠᠮᠵᠢᠭᠤᠯᠭ᠎ᠠ ᠵᠢᠨ ᠳᠣᠲᠣᠨᠣᠰᠤᠭ ᠬᠦᠴᠦᠨ ᠪᠠ ᠪᠣᠳᠠᠲᠤ ᠪᠦᠳᠤᠮᠵᠢᠳᠤ ᠴᠢᠨᠠᠷ᠎ᠢ ᠨᠡᠮᠡᠭᠳᠡᠭᠦᠯᠬᠦ ᠬᠡᠷᠡᠭᠲᠡᠢ᠃ ᠥᠷᠭᠡᠨ ᠵᠶ᠋ᠠᠷ ᠨᠠᠶ᠋ᠢᠵᠢᠯᠠᠵᠤ᠂ ᠣᠯᠠᠩᠬᠢ ᠲᠣᠭ᠋ᠠᠲᠠᠨ᠎ᠲᠠᠢ ᠪᠦᠯᠬᠦᠮᠳᠡᠵᠦ ᠲᠡᠳᠡᠨ᠎ᠢ ᠲᠠᠳᠠᠨ ᠠᠪᠴᠤ᠂ ᠳᠤᠮᠳᠠᠳᠤ ᠵᠢ ᠤᠢ᠍ᠢ᠍ᠯᠠᠭ᠋ᠠᠵᠤ ᠮᠡᠳᠡᠬᠦ᠂ ᠲᠤᠮᠲᠠᠲᠦ᠎ᠳᠤ ᠨᠥᠬᠦᠷᠰᠡᠭ ᠪᠠᠶ᠋ᠢᠬᠤ ᠤᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠤ ᠨᠠᠶ᠋ᠢᠵᠢ ᠵᠢᠨ ᠲᠤᠭᠤᠷᠢᠭ᠎ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠶᠠᠷᠢᠶ᠎ᠠ ᠬᠡᠯᠡᠯᠴᠡᠭᠡᠨ᠎ᠤ ᠲᠡᠮᠡᠴᠡᠯ᠎ᠤᠨ ᠠᠷᠭ᠎ᠠ ᠪᠤᠳᠤᠯᠭ᠎ᠠ ᠪᠠ ᠤᠷ᠎ᠠ ᠮᠡᠷᠭᠡᠵᠢᠯ᠎ᠢ ᠡᠷᠬᠢᠮᠯᠡᠵᠦ᠂ ᠴᠢᠬᠤᠯᠠ ᠶᠡᠭᠡ ᠠᠰᠠᠭᠤᠳᠠᠯ᠎ᠤᠨ ᠲᠤᠬᠠᠢ ᠭᠠᠳᠠᠭ᠋ᠠᠳᠦ᠎ᠳᠠᠬᠢ ᠦᠭᠡ ᠭᠡᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠳᠤ ᠣᠷᠣᠭᠤᠯᠵᠤ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠡᠳ᠋᠎ᠤᠨ ᠵᠠᠰᠠᠭ᠎ᠤᠨ ᠣᠷᠣᠭᠤᠯᠤᠯᠲᠠ᠎ᠪᠠᠨ ᠨᠡᠮᠡᠭᠳᠡᠭᠦᠯᠵᠦ᠂ ᠪᠣᠳᠠᠲᠠᠢ ᠠᠵᠢᠯ᠎ᠢ ᠬᠠᠪᠰᠤᠷᠤᠨ ᠠᠬᠢᠭᠤᠯᠵᠤ᠂ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠤᠯᠠᠨ ᠤᠯᠤᠰ᠎ᠤᠨ ᠳᠠᠮᠵᠢᠭᠤᠯᠭ᠎ᠠ ᠵᠢᠨ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠬᠢᠵᠦ᠂ ᠭᠤᠣᠯ ᠬᠠᠷᠢᠭᠤᠴᠠᠯᠭ᠋ᠠᠲᠠᠨ ᠨᠥᠬᠦᠳ ᠪᠡᠶ᠎ᠡ᠎ᠪᠠᠷ ᠵᠶ᠋ᠠᠨ ᠠᠳᠬᠤᠬᠤ ᠮᠥᠷᠲᠡᠭᠡᠨ ᠪᠠᠰᠠ ᠪᠡᠶ᠎ᠡ᠎ᠪᠠᠷ ᠵᠶ᠋ᠠᠨ ᠬᠢᠬᠦ ᠬᠡᠷᠡᠭᠲᠡᠢ᠃ ᠤᠳᠤᠷᠢᠳᠬᠤ ᠺᠠᠳ᠋ᠷᠴᠤᠳ᠎ᠲᠤ ᠤᠯᠠᠨ ᠤᠯᠤᠰ᠎ᠤᠨ ᠲᠠᠮᠵᠢᠭᠤᠯᠭ᠎ᠠ ᠵᠢᠨ ᠮᠡᠳᠡᠯᠭᠡ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠤᠨ᠂ ᠨᠠᠮ ᠪᠠ ᠤᠯᠤᠰ᠎ᠤᠨ ᠨᠡᠷ᠎ᠡ ᠬᠦᠨᠳᠦ ᠲᠦᠷᠢ ᠲᠥᠷᠬᠦ ᠵᠢ ᠤᠬᠠᠮᠰᠠᠷ᠎ᠠᠴᠠ᠎ᠪᠠᠨ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢ ᠬᠥᠮᠦᠵᠢᠭᠦᠯᠬᠦ ᠵᠢ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃ ᠶᠡᠭᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠪᠠ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠤᠯᠠᠨ ᠤᠯᠤᠰ᠎ᠤᠨ ᠳᠠᠮᠵᠢᠭᠤᠯᠭ᠎ᠠ ᠵᠢᠨ ᠤᠨᠤᠯ᠎ᠤᠨ ᠰᠤᠳᠤᠯᠭ᠋ᠠᠨ᠎ᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃