ᠰᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ ᠵᠢᠨ 11᠎ᠤ ᠴᠠᠬᠢᠯᠭ᠋ᠠᠨ ᠮᠡᠳᠡᠭᠡ 7 ᠰᠠᠷ᠎ᠠ ᠵᠢᠨ 11᠎ᠤ ᠡᠳᠦᠷ᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠰᠣᠯᠣᠩᠭᠤᠰ᠎ᠤᠨ ᠬᠥᠳᠡᠯᠮᠦᠷᠢᠴᠢᠨ᠎ᠤ ᠨᠠᠮ᠎ᠤᠨ ᠶᠡᠷᠦᠩᠬᠡᠢ ᠱᠦᠵᠢ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠠᠷᠤᠭ᠎ᠠ᠂ ᠰᠣᠯᠣᠩᠭᠤᠰ᠎ᠤᠨ ᠵᠡᠪᠰᠡᠭᠲᠦ ᠬᠦᠴᠦᠨ᠎ᠤ ᠬᠠᠮᠤᠭ᠎ᠤᠨ ᠳᠡᠭᠡᠳᠦ ᠺᠣᠮᠠᠨᠳ᠋ᠯᠠᠭᠴᠢ ᠵᠢᠨ ᠵᠧᠩ ᠡᠸᠨ᠎ᠲᠠᠢ 《ᠳᠤᠮᠳᠠᠳᠤ ᠰᠣᠯᠣᠩᠭᠤᠰ᠎ᠤᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠨ ᠲᠤᠰᠠᠯᠠᠬᠤ ᠭᠡᠷ᠎ᠡ》 ᠲᠣᠭᠲᠠᠭᠰᠠᠨ 60 ᠵᠢᠯ᠎ᠤᠨ ᠤᠢ᠎ᠳᠤ ᠵᠣᠷᠢᠭᠤᠯᠵᠦ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ᠃
ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ 1961 ᠣᠨ᠎ᠳᠤ ᠳᠤᠮᠳᠠᠳᠤ ᠰᠣᠯᠣᠩᠭᠤᠰ᠎ᠤᠨ ᠠᠬᠠᠮᠠᠳ ᠨᠢᠭᠡ ᠦᠶ᠎ᠡ ᠵᠢᠨ ᠤᠳᠤᠷᠢᠳᠬᠤ ᠬᠥᠮᠦᠰ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ 《ᠳᠤᠮᠳᠠᠳᠤ ᠰᠣᠯᠣᠩᠭᠤᠰ᠎ᠤᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠨ ᠲᠤᠰᠠᠯᠠᠬᠤ ᠭᠡᠷ᠎ᠡ》᠎ᠳᠤ ᠭᠠᠷᠤᠨ ᠦᠰᠦᠭ ᠵᠢᠷᠤᠬᠤ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠲᠤᠭᠳᠠᠭ᠋ᠠᠵᠦ᠂ ᠬᠤᠶᠠᠷ ᠤᠯᠤᠰ᠎ᠤᠨ ᠠᠷᠠᠳ ᠲᠦᠮᠡᠨ᠎ᠤ ᠠᠷᠢᠭᠤᠨ ᠴᠢᠰᠤ᠎ᠪᠠᠷ ᠵᠶ᠋ᠠᠨ ᠪᠠᠷᠢᠯᠳᠤᠭᠤᠯᠤᠭᠰᠠᠨ ᠲᠠᠶ᠋ᠢᠴᠢᠨ ᠨᠥᠬᠦᠷᠯᠡᠯ᠎ᠢ ᠪᠠᠬᠢᠵᠢᠭᠦᠯᠬᠦ᠂ ᠬᠤᠶᠠᠷ ᠤᠯᠤᠰ᠎ᠤᠨ ᠥᠨᠢ ᠤᠳᠠᠭ᠋ᠠᠨ᠎ᠤ ᠨᠥᠬᠦᠷᠰᠡᠭ ᠬᠠᠮᠲᠤᠷᠠᠯᠴᠠᠭ᠎ᠠ ᠵᠢ ᠠᠬᠢᠭᠤᠯᠬᠤ᠎ᠳᠤ ᠴᠢᠬᠤᠯᠠ ᠤᠯᠤᠰ ᠲᠦᠷᠦ ᠬᠠᠤᠯᠢ ᠴᠠᠭ᠋ᠠᠵᠠ ᠵᠢᠨ ᠰᠠᠭᠤᠷᠢ ᠵᠢ ᠲᠠᠯᠪᠢᠵᠤ ᠥᠭᠴᠡᠢ᠃ 60 ᠵᠢᠯ᠎ᠤᠨ ᠲᠤᠷᠰᠢ᠂ ᠳᠤᠮᠳᠠᠳᠤ ᠰᠣᠯᠣᠩᠭᠤᠰ ᠬᠤᠶᠠᠷ ᠲᠠᠯ᠎ᠠ᠎ᠪᠠᠷ ᠵᠶ᠋ᠠᠨ ᠭᠡᠷ᠎ᠡ ᠵᠢᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠡᠷᠡᠰ ᠲᠡᠮᠵᠢᠯᠴᠡᠨ᠂ ᠭᠠᠷ ᠬᠤᠯᠪᠣᠨ ᠮᠥᠷᠥ ᠵᠡᠷᠭᠡᠴᠡᠨ ᠲᠡᠮᠡᠴᠡᠵᠦ᠂ ᠬᠤᠶᠠᠷ ᠨᠠᠮ ᠬᠤᠶᠠᠷ ᠤᠯᠤᠰ᠎ᠤᠨ ᠠᠬ᠎ᠠ ᠳᠡᠭᠦᠦ ᠮᠡᠲᠦ ᠤᠯᠠᠮᠵᠢᠯᠠᠯᠲᠤ ᠨᠥᠬᠦᠷᠯᠡᠯ᠎ᠢ ᠴᠢᠩᠭ᠋ᠠᠳᠬᠠᠨ᠂ ᠲᠤᠰ ᠲᠤᠰ᠎ᠤᠨ ᠵᠶ᠋ᠠᠨ ᠨᠡᠶ᠋ᠢᠭᠡᠮ ᠵᠢᠷᠤᠮ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠵᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠢ᠍ᠢ᠍ᠷ᠎ᠠ ᠵᠢᠨ ᠵᠢᠯ᠎ᠠᠴᠠ᠂ ᠪᠢ ᠶᠡᠷᠦᠩᠬᠡᠢ ᠱᠦᠵᠢ ᠨᠥᠬᠦᠷ᠎ᠲᠠᠢ ᠤᠯᠠᠨ ᠤᠳᠠᠭ᠎ᠠ ᠠᠭᠤᠯᠵᠠᠵᠤ᠂ ᠬᠤᠶᠠᠷ ᠨᠠᠮ ᠬᠤᠶᠠᠷ ᠤᠯᠤᠰ᠎ᠤᠨ ᠬᠠᠷᠢᠯᠴᠠᠭ᠋ᠠᠨ᠎ᠤ ᠬᠥᠭᠵᠢᠯᠲᠡ ᠵᠢᠨ ᠠᠯᠤᠰ᠎ᠤᠨ ᠲᠦᠰᠦᠪ᠎ᠢ ᠲᠥᠯᠥᠪᠵᠢᠭᠦᠯᠤᠨ᠂ ᠳᠤᠮᠳᠠᠳᠤ ᠰᠣᠯᠣᠩᠭᠤᠰ᠎ᠤᠨ ᠨᠥᠬᠦᠷᠯᠡᠯ᠎ᠤᠨ ᠴᠠᠭ ᠦᠶ᠎ᠡ ᠵᠢᠨ ᠠᠭᠤᠯᠤᠭᠳᠠᠬᠤᠨ᠎ᠢ ᠡᠯᠪᠡᠭᠵᠢᠬᠦᠯᠵᠦ᠂ ᠠᠯᠢ ᠤᠯᠠᠨ ᠴᠢᠬᠤᠯᠠ ᠬᠠᠮᠲᠤ ᠵᠢᠨ ᠲᠠᠨᠢᠯᠲᠠ᠎ᠲᠠᠢ ᠪᠣᠯᠵᠠᠢ᠃ ᠣᠳᠣᠬᠠᠨ᠎ᠤ ᠳᠡᠯᠡᠬᠡᠢ ᠶᠢᠷᠲᠢᠨᠴᠦ᠎ᠳᠤ᠂ 100 ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠠᠭ ᠲᠦᠷᠭᠡᠨ ᠤᠯᠠᠷᠢᠨ ᠬᠤᠪᠢᠷᠠᠵᠤ ᠪᠠᠶ᠋ᠢᠨ᠎ᠠ᠃ ᠪᠢ ᠳᠤᠷᠠᠲᠠᠶ᠎ᠠ ᠶᠡᠷᠦᠩᠬᠡᠢ ᠱᠦᠵᠢ ᠨᠥᠬᠦᠷᠯᠦᠭᠡ ᠪᠠᠶ᠋ᠢᠯᠳᠤᠬᠤ ᠪᠤᠳᠤᠯᠭ᠎ᠠ ᠵᠢᠨ ᠤᠯᠤᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠰᠣᠯᠣᠩᠭᠤᠰ᠎ᠤᠨ ᠬᠠᠷᠢᠯᠴᠠᠭ᠎ᠠ ᠵᠢᠨ ᠤᠷᠤᠭᠰᠢᠯᠠᠬᠤ ᠴᠢᠭᠯᠡᠯ᠎ᠢ ᠰᠠᠶ᠋ᠢᠲᠤᠷ ᠡᠵᠡᠮᠳᠡᠨ᠂ ᠬᠤᠶᠠᠷ ᠤᠯᠤᠰ᠎ᠤᠨ ᠨᠥᠬᠦᠷᠰᠡᠭ ᠬᠠᠮᠲᠤᠷᠠᠯᠴᠠᠭ᠎ᠠ ᠵᠢ ᠲᠠᠰᠤᠷᠠᠯᠳᠠ ᠦᠭᠡᠢ ᠰᠢᠨ᠎ᠡ ᠳᠡᠭᠲᠡᠷ᠎ᠲᠤ ᠭᠠᠷᠭ᠋ᠠᠬᠤ ᠵᠢ ᠬᠦᠳᠦᠯᠦᠨ ᠳᠠᠭ᠋ᠠᠭᠤᠯᠵᠦ᠂ ᠬᠤᠶᠠᠷ ᠤᠯᠤᠰ ᠪᠣᠯᠤᠨ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ ᠭᠡᠵᠦ ᠴᠢᠬᠤᠯᠠᠴᠢᠯᠠᠪᠠ᠃
ᠰᠢ ᠵᠢᠨ ᠫᠢᠩ᠂ ᠪᠢᠳᠠ ᠲᠦᠷᠦᠭᠦᠬᠡᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠬᠳᠠᠬᠰᠡᠨ 100 ᠵᠢᠯ᠎ᠤᠨ ᠤᠢ᠎ᠪᠠᠨ ᠦᠪᠡᠳᠡᠭᠰᠢ ᠶᠡᠭᠡ᠎ᠪᠠᠷ ᠪᠡᠯᠭᠡᠯᠡᠪᠡ᠃ ᠣᠳᠣᠬᠠᠨ᠎ᠳᠤ ᠰᠣᠯᠣᠩᠭᠤᠰ᠎ᠤᠨ ᠠᠷᠠᠳ ᠲᠦᠮᠡᠨ ᠶᠠᠭ ᠪᠦᠯᠬᠦᠮᠳᠡᠨ ᠨᠢᠭᠡᠳᠴᠦ᠂ ᠰᠣᠯᠣᠩᠭᠤᠰ᠎ᠤᠨ ᠬᠥᠳᠡᠯᠮᠦᠷᠢᠴᠢᠨ᠎ᠤ ᠨᠠᠮ᠎ᠤᠨ ᠨᠠᠢ᠍ᠮᠠᠳᠤᠭ᠋ᠠᠷ ᠶᠡᠭᠡ ᠬᠤᠷᠠᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠦᠬᠦ ᠬᠦᠴᠦᠨ ᠵᠶ᠋ᠠᠷ ᠲᠤᠭᠤᠰᠢᠯᠠᠭᠤᠯᠵᠤ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠰᠣᠯᠣᠩᠭᠤᠰ᠎ᠤᠨ ᠲᠠᠯ᠎ᠠ ᠵᠢᠨ ᠠᠵᠤ ᠠᠬᠤᠢ ᠠᠷᠠᠳ᠎ᠤᠨ ᠠᠮᠢᠳᠤᠷᠠᠯ ᠵᠶ᠋ᠠᠨ ᠬᠥᠭᠵᠢᠭᠦᠯᠬᠦ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠳᠠ ᠵᠢᠨ ᠦᠢ᠍ᠯᠡᠰ᠎ᠢ ᠬᠦᠴᠦᠳᠡᠢ ᠠᠬᠢᠭᠤᠯᠬᠤ ᠵᠢ ᠡᠷᠡᠰ ᠲᠡᠮᠵᠢᠨ᠎ᠠ᠃ ᠶᠡᠷᠦᠩᠬᠡᠢ ᠱᠦᠵᠢ ᠨᠥᠬᠦᠷ᠎ᠤᠨ ᠳᠠᠭ᠋ᠠᠭᠤᠯᠭ᠎ᠠ᠎ᠪᠠᠷ᠂ ᠰᠣᠯᠣᠩᠭᠤᠰ᠎ᠤᠨ ᠨᠠᠮ ᠪᠣᠯᠤᠨ ᠠᠷᠠᠳ ᠲᠦᠮᠡᠨ ᠯᠠᠪᠲᠠᠢ ᠨᠡᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠵᠢ ᠢᠲᠡᠭᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
ᠵᠢᠨ ᠵᠧᠩ ᠧᠨ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ 《ᠰᠣᠯᠣᠩᠭᠤᠰ ᠳᠤᠮᠳᠠᠳᠤ ᠵᠢᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠨ ᠲᠤᠰᠠᠯᠠᠬᠤ ᠭᠡᠷ᠎ᠡ》 ᠲᠣᠭᠲᠠᠭᠰᠠᠨ᠎ᠨᠢ ᠰᠣᠯᠣᠩᠭᠤᠰ ᠳᠤᠮᠳᠠᠳᠤ ᠵᠢᠨ ᠬᠤᠶᠠᠷ ᠨᠠᠮ᠂ ᠬᠤᠶᠠᠷ ᠤᠯᠤᠰ᠎ᠤᠨ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠤ ᠪᠠᠲᠤ ᠪᠠᠬᠢ ᠬᠠᠤᠯᠢ ᠴᠠᠭ᠋ᠠᠵᠠ ᠵᠢᠨ ᠰᠠᠭᠤᠷᠢᠨ ᠳᠡᠭᠡᠷ᠎ᠡ᠂ ᠤᠷᠳᠤ ᠬᠤᠭᠤᠴᠠᠭ᠎ᠠ᠎ᠪᠠᠷ ᠠᠷᠢᠭᠤᠨ ᠴᠢᠰᠤ᠎ᠪᠠᠷ ᠵᠶ᠋ᠠᠨ ᠪᠠᠷᠢᠯᠳᠤᠭᠤᠯᠤᠭᠰᠠᠨ ᠰᠣᠯᠣᠩᠭᠤᠰ ᠳᠤᠮᠳᠠᠳᠤ ᠵᠢᠨ ᠨᠥᠬᠦᠷᠯᠡᠯ᠎ᠢ ᠬᠥᠭᠵᠢᠭᠦᠯᠬᠦ ᠡᠷᠡᠰ ᠪᠠᠲᠤ ᠵᠣᠷᠢᠭ ᠰᠠᠨᠠᠭ᠎ᠠ ᠵᠢ ᠪᠦᠬᠦ ᠳᠡᠯᠡᠬᠡᠢ᠎ᠳᠤ ᠬᠠᠷᠠᠭᠤᠯᠵᠠᠢ᠃ 60 ᠵᠢᠯ᠎ᠤᠨ ᠲᠤᠷᠰᠢ᠂ ᠰᠣᠯᠣᠩᠭᠤᠰ ᠳᠤᠮᠳᠠᠳᠤ ᠬᠤᠶᠠᠷ ᠤᠯᠤᠰ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠴᠤ᠂ ᠣᠮᠣᠭᠰᠢᠭᠤᠰᠢᠲᠠᠶ ᠨᠥᠬᠦᠷᠰᠡᠭ ᠲᠡᠤᠬᠡ ᠵᠢ ᠪᠢᠴᠢᠭᠯᠡᠪᠡ᠃ ᠤᠢ᠍ᠢ᠍ᠷ᠎ᠠ ᠵᠢᠨ ᠵᠢᠯ᠎ᠠᠴᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ᠂ ᠰᠣᠯᠣᠩᠭᠤᠰ ᠳᠤᠮᠳᠠᠳᠤ ᠬᠤᠶᠠᠷ ᠤᠯᠤᠰ᠎ᠤᠨ ᠲᠠᠶ᠋ᠢᠴᠢᠨ ᠨᠥᠬᠦᠷ ᠮᠡᠲᠦ ᠢᠲᠡᠭᠡᠯᠴᠡᠭᠡ ᠪᠠ ᠨᠥᠬᠦᠷᠯᠡᠯ ᠡᠳᠦᠷ ᠢᠷᠡᠬᠦᠶ᠎ᠡ ᠭᠦᠨᠵᠡᠭᠡᠶ᠋ᠢᠷᠡᠵᠦ᠂ ᠬᠤᠶᠠᠷ ᠲᠠᠯ᠎ᠠ ᠵᠢᠨ ᠬᠠᠷᠢᠯᠴᠠᠭ᠎ᠠ ᠨᠡᠩ ᠥᠨᠳᠥᠷ ᠱᠠᠲᠤᠨ᠎ᠳᠤ ᠲᠡᠪᠰᠢᠨ ᠬᠥᠭᠵᠢᠵᠡᠢ ᠭᠡᠵᠦ ᠢᠯᠡᠳᠭᠡᠪᠡ᠃
ᠵᠢᠨ ᠵᠧᠩ ᠧᠨ᠂ ᠰᠣᠯᠣᠩᠭᠤᠰ ᠳᠤᠮᠳᠠᠳᠤ ᠵᠢᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠨ ᠬᠥᠭᠵᠢᠭᠦᠯᠬᠦ ᠪᠣᠯ ᠰᠣᠯᠣᠩᠭᠤᠰ᠎ᠤᠨ ᠨᠠᠮ ᠪᠣᠯᠤᠨ ᠵᠠᠰᠠᠭ᠎ᠤᠨ ᠣᠷᠳᠣᠨ᠎ᠤ ᠭᠤᠶ᠋ᠢᠪᠢᠰᠢ ᠦᠭᠡᠢ ᠵᠣᠭᠰᠣᠯᠲᠠ ᠪᠣᠯᠤᠨ᠎ᠠ᠃ ᠰᠣᠯᠣᠩᠭᠤᠰ᠎ᠤᠨ ᠨᠠᠮ᠂ ᠵᠠᠰᠠᠭ᠎ᠤᠨ ᠣᠷᠳᠣᠨ ᠪᠣᠯᠤᠨ ᠠᠷᠠᠳ ᠲᠦᠮᠡᠨ ᠬᠤᠶᠠᠷ ᠲᠠᠯ᠎ᠠ ᠵᠢᠨ ᠬᠠᠮᠲᠤ ᠵᠢᠨ ᠡᠷᠬᠢᠮ ᠨᠠᠨᠳᠢᠨ ᠥᠪ ᠬᠦᠷᠦᠩᠬᠡ ᠪᠣᠯᠬᠤ ᠰᠣᠯᠣᠩᠭᠤᠰ ᠳᠤᠮᠳᠠᠳᠤ ᠵᠢᠨ ᠨᠥᠬᠦᠷᠯᠡᠯ᠎ᠢ ᠨᠡᠩ ᠢᠯᠡᠬᠦᠦ ᠨᠠᠨᠳᠢᠩᠨᠠᠵᠤ᠂ ᠨᠡᠶ᠋ᠢᠭᠡᠮ ᠵᠢᠷᠤᠮ᠎ᠢ ᠪᠦᠳᠦᠭᠡᠨ ᠪᠠᠶ᠋ᠢᠭᠤᠯᠬᠤ᠂ ᠡᠪ ᠬᠠᠮᠲᠤ ᠶᠣᠰᠣᠨ᠎ᠤ ᠠᠷᠢᠭᠤᠨ ᠲᠠᠷᠬᠠᠨ ᠠᠶᠠᠨ ᠵᠠᠮ᠎ᠳᠠᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠭᠠᠷ ᠬᠤᠯᠪᠣᠨ ᠤᠷᠤᠭᠰᠢᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠳᠠᠬᠢᠨᠲᠠ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠨᠠᠮ ᠪᠣᠯᠤᠨ ᠠᠷᠠᠳ ᠲᠦᠮᠡᠨ᠎ᠤ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠦᠢ᠍ᠯᠡᠰ᠎ᠲᠤ ᠨᠡᠩ ᠶᠡᠭᠡ ᠢᠯᠠᠯᠲᠠ ᠤᠯᠬᠤ ᠵᠢ ᠬᠦᠰᠡᠨ ᠵᠥᠩᠨᠡᠵᠦ ᠪᠠᠶ᠋ᠢᠨ᠎ᠠ ᠭᠡᠵᠤ ᠢᠯᠡᠳᠭᠡᠪᠡ᠃