ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠩᠭᠦ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠲᠡᠭᠡᠲᠦ ᠰᠤᠷᠭ᠋ᠠᠭᠤᠯᠢ ᠪᠠᠢ᠍ᠢ᠍ᠭᠤᠯᠤᠭᠲᠠᠭᠰᠠᠠ 5 ᠵᠢᠯ᠎ᠤᠨ ᠤᠢ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-07-13

      ᠰᠢᠨᠬᠤᠸᠠ ᠬᠤᠷᠢᠶᠠᠠ᠎ᠤ ᠪᠡᠭᠡᠵᠢᠩ᠎ᠤᠨ 7 ᠰᠠᠷ᠎ᠠ ᠵᠢᠨ 8᠎ᠤ ᠴᠠᠬᠢᠯᠭ᠋ᠠᠠ ᠮᠡᠲᠡᠭᠡ  7 ᠰᠠᠷ᠎ᠠ ᠵᠢᠨ 8᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠩᠭᠦ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠲᠡᠭᠡᠲᠦ ᠰᠤᠷᠭ᠋ᠠᠭᠤᠯᠢ ᠪᠠᠢ᠍ᠢ᠍ᠭᠤᠯᠤᠭᠲᠠᠭᠰᠠᠠ 5 ᠵᠢᠯ᠎ᠤᠨ ᠤᠢ᠎ᠳᠤ ᠪᠠᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ 5 ᠵᠢᠯ᠎ᠤᠨ ᠲᠤᠷᠰᠢ᠂ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠩᠭᠦ ᠬᠦᠭᠵᠢᠵᠦ ᠪᠠᠢ᠍ᠢ᠍ᠭ᠎ᠠ ᠤᠯᠤᠰ᠎ᠤᠳ᠎ᠤᠨ 2030 ᠤᠨ᠎ᠤ ᠦᠷᠬᠦᠯᠵᠢᠯᠡᠬᠦ ᠬᠦᠭᠵᠢᠯᠲᠠ ᠵᠢᠨ ᠵᠦᠪᠯᠡᠬᠦ ᠵᠦᠢ᠍ᠯ᠎ᠢ ᠨᠠᠢ᠍ᠢ᠍ᠲᠠᠪᠤᠷᠢᠵᠢᠭᠤᠯᠬᠤ᠂ ᠬᠦᠮᠦᠯᠢᠭ ᠦᠵᠡᠯ᠎ᠤᠨ ᠬᠢᠮᠤᠷᠠᠯ᠎ᠢ ᠠᠷᠭ᠋ᠠᠴᠠᠭ᠋ᠠᠬᠤ᠂ ᠶᠠᠲᠠᠭᠤ ᠬᠦᠴᠢᠷᠲᠠᠯᠲᠠᠢ ᠬᠦᠮᠦᠨ ᠠᠮᠠ ᠵᠢ ᠴᠦᠭᠡᠳᠭᠡᠬᠦ ᠪᠠ ᠬᠦᠭᠵᠢᠯᠲᠠ ᠵᠢ ᠪᠡᠶᠡᠯᠡᠭᠦᠯᠬᠦ ᠵᠢ ᠢᠲᠡᠪᠬᠢᠲᠠᠢ ᠲᠡᠮᠵᠢᠵᠦ᠂ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠲᠡᠭᠡᠲᠦ ᠰᠤᠷᠭ᠋ᠠᠭᠤᠯᠢ᠎ᠨᠢ ᠲᠤᠮᠲᠠᠲᠤ ᠤᠯᠤᠰ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠲᠦᠷᠦ ᠵᠢ ᠵᠠᠰᠠᠵᠦ ᠵᠠᠰᠠᠭ᠎ᠢ ᠡᠷᠬᠢᠯᠡᠬᠦ ᠲᠤᠷᠰᠢᠯᠭ᠎ᠠ ᠵᠢ ᠬᠤᠪᠢᠶᠠᠯᠴᠠᠬᠤ ᠵᠢᠨ ᠲᠦᠯᠦᠭᠡ ᠵᠢᠳᠭᠦᠵᠦ᠂ ᠦᠷᠭᠡᠡ ᠤᠯᠠᠠ ᠬᠦᠭᠵᠢᠵᠦ ᠪᠠᠢ᠍ᠢ᠍ᠭ᠎ᠠ ᠤᠯᠤᠰ᠎ᠤᠳ᠎ᠲᠤ ᠵᠠᠰᠠᠭ᠎ᠤᠨ ᠤᠷᠲᠤᠨ᠎ᠤ ᠬᠠᠮᠢᠶᠠᠷᠤᠯᠲᠠ ᠵᠢᠨ ᠲᠡᠭᠡᠲᠦ ᠲᠡᠰ᠎ᠤᠨ ᠴᠢᠲᠠᠪᠤᠷᠢᠲᠠᠠ᠎ᠢ ᠬᠦᠮᠦᠵᠢᠭᠦᠯᠵᠦ ᠦᠭᠴᠡᠢ᠃ ᠰᠠᠭᠤᠷᠢ ᠮᠦᠩᠭᠦ ᠪᠤᠯᠤᠨ ᠲᠡᠭᠡᠲᠦ ᠰᠤᠷᠭ᠋ᠠᠭᠤᠯᠢ᠎ᠨᠢ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢ ᠠᠬᠢᠭᠤᠯᠬᠤ᠎ᠳᠤ ᠴᠢᠬᠤᠯᠠ ᠦᠢ᠍ᠯᠡᠲᠦᠯ ᠦᠵᠡᠭᠦᠯᠵᠠᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠦᠷᠭᠡᠨ ᠤᠯᠠᠨ ᠬᠦᠭᠵᠢᠵᠦ ᠪᠠᠢ᠍ᠢ᠍ᠭ᠎ᠠ ᠤᠯᠤᠰ᠎ᠤᠳ᠎ᠲᠠᠢ ᠬᠠᠮᠲᠤ᠎ᠪᠠᠷ᠂ ᠬᠦᠭᠵᠢᠵᠦ   ᠪᠠᠢ᠍ᠢ᠍ᠭ᠎ᠠ   ᠤᠯᠤᠰ ᠎ᠤᠳ ᠎ᠤᠨ   ᠬᠠᠮᠲᠤᠷᠠᠯᠴᠠᠭ᠎ᠠ ᠵᠢᠨ   ᠳᠠᠯᠳᠠ   ᠬᠦᠴᠦᠨ ᠎ᠢ   ᠴᠢᠨᠠᠭᠰᠢᠳᠠ ᠪᠠᠳᠠᠷᠠᠭᠤᠯᠵᠤ᠂ ᠬᠦᠭᠵᠢᠯᠲᠡ ᠵᠢᠨ ᠠᠵᠠ ᠳᠤᠬᠢᠶᠠᠯ᠎ᠢ ᠬᠠᠮᠲᠤ᠎ᠪᠠᠷ ᠡᠳ᠋ᠯᠡᠨ᠎ᠡ᠃ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠨᠭᠬᠦ᠎ᠪᠠᠷ ᠦᠷᠭᠦᠯᠵᠢᠯᠡᠨ ᠭᠦᠭᠵᠢᠵᠦ ᠪᠠᠢ᠍ᠢ᠍ᠭ᠎ᠠ ᠤᠯᠤᠰ᠎ᠤᠳ᠎ᠢ ᠬᠠᠪᠰᠤᠷᠴᠤ ᠦᠷᠭᠦᠯᠵᠢᠯᠡᠬᠦ ᠬᠦᠭᠵᠢᠯᠲᠡ ᠵᠢ ᠪᠡᠶᠡᠯᠡᠭᠦᠯᠵᠦ᠂ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠳᠡᠭᠡᠳᠦ ᠰᠤᠷᠭ᠋ᠠᠭᠤᠯᠢ ᠵᠢᠨ᠎ᠬᠢᠨ ᠭᠦᠭᠵᠢᠵᠦ ᠪᠠᠢ᠍ᠢ᠍ᠭ᠎ᠠ ᠤᠯᠤᠰ᠎ᠤᠳ᠎ᠤᠨ ᠳᠡᠭᠡᠲᠦ ᠳᠡᠰ᠎ᠤᠨ ᠴᠢᠳᠠᠪᠤᠷᠢᠲᠠᠨ᠎ᠢ ᠬᠦᠮᠦᠵᠢᠭᠦᠯᠬᠦ ᠰᠠᠭᠤᠷᠢᠨ ᠪᠤᠯᠤᠨ ᠰᠤᠳᠤᠯᠭ᠋ᠠᠨ ᠰᠤᠯᠢᠯᠴᠠᠭ᠋ᠠᠨ᠎ᠤ ᠲᠠᠪᠴᠠᠩ᠎ᠢ ᠦᠷᠭᠦᠯᠵᠢᠯᠡᠨ ᠰᠠᠢ᠍ᠢ᠍ᠲᠤᠷ ᠪᠠᠢ᠍ᠢ᠍ᠭᠤᠯᠵᠤ᠂ ᠬᠦᠮᠦᠨ ᠲᠦᠷᠦᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠤᠭᠴᠠ ᠵᠢᠨ ᠪᠠᠢ᠍ᠢ᠍ᠭᠤᠯᠤᠯᠲᠠ ᠵᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠍ᠢ᠍ᠨ᠎ᠠ ᠭᠡᠵᠦ ᠴᠢᠬᠤᠯᠠᠴᠢᠯᠠᠪᠠ᠃
      ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠨᠭᠭᠦ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠳᠡᠭᠡᠲᠦ ᠰᠤᠷᠭ᠋ᠠᠭᠤᠯᠢ ᠪᠠᠢ᠍ᠢ᠍ᠭᠤᠯᠤᠭᠳᠠᠭᠰᠠᠨ 5 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠲᠤᠰ ᠡᠳᠦᠷ ᠪᠡᠭᠡᠵᠢᠩ᠎ᠳᠤ ᠶᠠᠪᠤᠭᠳᠠᠵᠤ᠂ ᠤᠯᠤᠰ᠎ᠤᠨ ᠤᠯᠠᠨ ᠤᠯᠤᠰ᠎ᠤᠨ ᠬᠦᠭᠵᠢᠯᠲᠡ ᠬᠠᠮᠲᠤᠷᠠᠯᠴᠠᠭ᠎ᠠ ᠵᠢᠨ ᠵᠠᠬᠢᠷᠭ᠎ᠠ ᠪᠤᠯᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠬᠠᠮᠲᠤᠷᠠᠨ ᠡᠷᠬᠢᠯᠡᠪᠡ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠤᠯᠤᠨ ᠰᠣᠯᠣᠩᠭᠤᠰ ᠎ᠤᠨ ᠬᠠᠮᠤᠭ ᠎ᠤᠨ ᠳᠡᠭᠡᠳᠦ ᠤᠳᠤᠷᠢᠳᠬᠤ ᠬᠥᠮᠦᠨ ᠵᠢᠨ ᠵᠧᠩ ᠧᠨ 《ᠳᠤᠮᠳᠠᠳᠤ ᠰᠣᠯᠣᠩᠭᠤᠰ᠎ᠤᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠨ ᠲᠤᠰᠠᠯᠠᠬᠤ ᠭᠡᠷ᠎ᠡ》 ᠲᠣᠭᠲᠠᠭᠰᠠᠨ 60 ᠵᠢᠯ᠎ᠤᠨ ᠤᠢ᠎ᠳᠤ ᠵᠣᠷᠢᠭᠤᠯᠵᠦ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠠᠢ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠰᠢ ᠵᠢᠨ ᠫᠢᠩ ᠪᠠᠷᠪᠠᠳᠤᠰ᠎ᠤᠨ ᠶᠡᠷᠦᠩᠬᠡᠢ ᠰᠠᠶ᠋ᠢᠳ ᠮᠤᠲᠸᠯᠢ᠎ᠲᠠᠢ ᠤᠲᠠᠰᠤ᠎ᠪᠠᠷ ᠶᠠᠷᠢᠯᠴᠠᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠪ᠎ᠤᠨ ᠲᠥᠰᠦᠪ᠎ᠤᠨ ᠭᠦᠢ᠍ᠴᠡᠳᠬᠡᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠬᠢᠨᠠᠨ ᠪᠤᠳᠤᠯᠲᠠ᠎ᠪᠠᠷ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ 《ᠳᠤᠮᠳᠠᠳᠤ ᠤᠯᠤᠰ ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠲᠡᠯᠡᠪᠡ
 
            