ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠤᠨ ᠲᠥᠰᠦᠪ᠎ᠤᠨ ᠭᠦᠢ᠍ᠴᠡᠳᠬᠡᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠬᠢᠨᠠᠨ ᠪᠤᠳᠤᠯᠲᠠ᠎ᠪᠠᠷ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠠᠢ᠌ᠷᠢᠯᠠᠭᠤᠯᠵᠤ᠂ ᠬᠥᠳᠡᠭᠡ ᠲᠣᠰᠬᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠵᠢ ᠨᠡᠩ ᠰᠠᠢ᠍ᠢ᠍ᠨ ᠬᠠᠩᠭ᠋ᠠᠬᠤ ᠬᠡᠷᠡᠭᠲᠡᠢ ᠭᠡᠵᠡᠢ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 7 ᠳ᠋ᠤᠭ᠋ᠠᠷ ᠰᠠᠷ᠎ᠠ ᠵᠢᠨ 14᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠤᠨ ᠲᠥᠰᠦᠪ᠎ᠤᠨ ᠭᠦᠢ᠍ᠴᠡᠳᠬᠡᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠬᠢᠨᠠᠨ ᠪᠣᠳᠣᠯᠲᠠ᠎ᠪᠠᠷ ᠪᠠᠢ᠌ᠴᠠᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠪᠠᠢ᠌ᠷᠢᠯᠠᠭᠤᠯᠪᠠ; ᠬᠥᠳᠡᠭᠡ ᠲᠣᠰᠬᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠵᠢ ᠨᠡᠩ ᠰᠠᠢ᠍ᠢ᠍ᠨ ᠬᠠᠩᠭ᠋ᠠᠬᠤ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ 2020 ᠣᠨ᠎ᠤ ᠲᠥᠪ᠎ᠤᠨ ᠲᠥᠰᠦᠪ᠎ᠤᠨ ᠭᠦᠢ᠍ᠴᠡᠳᠬᠡᠯ ᠪᠣᠯᠤᠨ ᠪᠤᠰᠤᠳ ᠡᠳ᠋᠎ᠤᠨ ᠵᠠᠰᠠᠭ᠎ᠤᠨ ᠵᠠᠷᠤᠯᠭ᠎ᠠ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠠᠮᠢᠶᠠᠷᠤᠯᠲᠠ ᠵᠡᠷᠭᠡ᠎ᠳᠤ ᠬᠢᠨᠠᠨ ᠪᠤᠳᠤᠯᠳᠠ ᠬᠢᠵᠦ᠂ ᠦᠷ᠎ᠡ ᠳ᠋ᠦᠩ᠎ᠢ ᠤᠢ᠍ᠢ᠍ᠷ᠎ᠠ᠎ᠳᠤ ᠨᠡᠶ᠋ᠢᠲᠡᠯᠡᠪᠡ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠨᠢᠭᠡ᠎ᠳᠤ᠂ ᠬᠢᠨᠠᠨ ᠪᠤᠳᠤᠯᠲᠠ᠎ᠪᠠᠷ ᠪᠠᠶ᠋ᠢᠴᠠᠭ᠋ᠠᠨ ᠭᠠᠷᠭ᠋ᠠᠭᠰᠠᠨ ᠠᠰᠠᠭᠤᠳᠠᠯ᠎ᠳᠤ᠂ ᠬᠣᠯᠪᠣᠭᠳᠠᠯ ᠪᠥᠬᠥᠶ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠤᠳ ᠴᠡᠭᠴᠡᠯᠡᠨ ᠰᠠᠢ᠌ᠵᠢᠷᠠᠭᠤᠯᠬᠤ ᠡᠬᠡ ᠲᠠᠩᠰᠠ ᠵᠢ ᠱᠠᠯᠠᠪᠳᠠᠨ ᠲᠣᠭᠲᠠᠭ᠋ᠠᠵᠤ᠂ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠯᠠᠪᠳᠠᠭᠤᠨ ᠪᠠᠲᠤᠲᠠᠶ᠎ᠪᠠᠷ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠪᠠᠶ᠋ᠢᠴᠠᠭ᠋ᠠᠬᠤ ᠠᠭᠤᠯᠭ᠎ᠠ᠎ᠳᠤ ᠣᠷᠣᠭᠤᠯᠵᠤ᠂ ᠮᠥᠷᠳᠡᠨ ᠱᠠᠯᠠᠪᠳᠠᠭᠤᠯᠤᠨ ᠰᠢᠢ᠍ᠳᠪᠦᠷᠢᠯᠡᠬᠦ᠎ᠪᠠᠨ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠶᠠᠪᠤᠴᠠ᠎ᠳᠤ ᠠᠬᠢᠭᠤᠯᠤᠭᠰᠠᠨ ᠵᠶ᠋ᠠᠷ ᠰᠤᠯᠠ᠂ ᠠᠯᠪᠠ ᠬᠠᠰᠢᠵᠤ ᠠᠮᠠ ᠪᠥᠭᠯᠡᠬᠦ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ ᠠᠵᠢᠯᠯᠠᠭ᠎ᠠ ᠵᠢ ᠡᠷᠡᠰ ᠵᠠᠯᠠᠷᠠᠭᠤᠯᠬᠤ ᠬᠡᠷᠡᠭᠲᠡᠢ᠃ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠳ᠋ᠦᠩ᠎ᠢ ᠡᠨᠡ ᠵᠢᠯ᠎ᠤᠨ 10 ᠳ᠋ᠤᠭ᠋ᠠᠷ ᠰᠠᠷ᠎ᠠ ᠵᠢᠨ ᠡᠴᠦᠰ᠎ᠠᠴᠠ ᠡᠮᠦᠨ᠎ᠡ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠬᠦ ᠵᠢᠨ ᠬᠠᠮᠲᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠦᠭᠰᠡᠨ᠎ᠤ ᠳᠠᠷᠠᠭ᠎ᠠ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ᠃ ᠬᠣᠶᠠᠷ᠎ᠲᠤ᠂ ᠭᠣᠣᠯᠳᠠᠯᠭ᠎ᠠ ᠵᠢ ᠠᠳᠬᠤᠨ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠴᠡᠭᠡᠷᠯᠡᠯ ᠪᠣᠯᠭ᠋ᠠᠬᠤ ᠬᠡᠷᠡᠭᠲᠡᠶ᠃ ᠬᠢᠨᠠᠨ ᠪᠤᠳᠤᠯᠲᠠ᠎ᠳᠤ ᠲᠣᠭᠲᠠᠭ᠋ᠠᠯ᠎ᠢ ᠵᠥᠷᠢᠴᠡᠨ ᠥᠷᠭᠡᠨ ᠬᠡᠷᠡᠭᠴᠡᠭᠡᠨ᠎ᠤ ᠲᠠᠸᠠᠷ᠎ᠢ ᠰᠠᠷᠢᠭ᠋ᠠᠯᠠᠭᠰᠠᠨ᠂ ᠭᠠᠶ᠋ᠢᠯᠢ ᠵᠢᠨ ᠵᠣᠭᠣᠰ᠎ᠢ ᠳᠠᠷᠤᠭᠰᠠᠨ ᠭᠠᠶ᠋ᠢᠯᠢ᠎ᠠᠴᠠ ᠵᠠᠶ᠋ᠢᠯᠠᠭᠰᠠᠨ ᠵᠡᠷᠭᠡ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠵᠢ ᠵᠥᠷᠢᠴᠡᠭᠰᠡᠨ ᠬᠦᠨᠳᠦ ᠶᠡᠬᠡ ᠠᠰᠠᠭᠤᠳᠠᠯ᠎ᠤᠨ ᠰᠦᠪᠡᠭᠴᠢ ᠵᠢ ᠢᠯᠡᠷᠡᠭᠦᠯᠬᠦ ᠬᠡᠷᠡᠭᠲᠡᠢ᠂ ᠡᠳᠡᠭᠡᠷ ᠠᠰᠠᠭᠤᠳᠠᠯ᠎ᠨᠢ ᠬᠡᠪ᠎ᠤᠨ ᠵᠠᠬ᠎ᠠ ᠳᠡᠯᠭᠡᠭᠦᠷ᠎ᠤᠨ ᠡᠮᠬᠢ ᠵᠢᠷᠤᠮ ᠪᠠ ᠭᠣᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠰᠠᠮᠠᠭᠤᠷᠠᠭᠤᠯᠵᠤ᠂ ᠤᠯᠤᠰ᠎ᠤᠨ ᠬᠠᠤᠯᠢ᠎ᠪᠠᠷ ᠲᠣᠭᠲᠠᠭ᠋ᠠᠭᠰᠠᠨ ᠭᠠᠶ᠋ᠢᠯᠢ ᠲᠠᠲᠠᠪᠤᠷᠢ ᠵᠢᠨ ᠰᠠᠭᠤᠷᠢ ᠵᠢ ᠬᠣᠬᠢᠷᠠᠭᠤᠯᠤᠭᠰᠠᠨ ᠪᠠᠶ᠋ᠢᠨ᠎ᠠ᠃ ᠲᠦᠷᠦ ᠵᠢᠨ ᠶᠠᠪᠤᠳᠠᠯ᠎ᠤᠨ ᠬᠣᠷᠢᠶ᠎ᠠ ᠲᠤᠰᠬᠠᠶ ᠪᠠᠢ᠌ᠴᠠᠭ᠋ᠠᠬᠤ ᠳᠤᠭᠤᠶ᠋ᠢᠯᠠᠩ ᠪᠠᠢ᠌ᠭᠤᠯᠵᠤ᠂ ᠶᠠᠮᠠᠷ ᠨᠢᠭᠡᠴᠢ᠂ ᠶᠠᠮᠠᠷ ᠳᠠᠪᠬᠤᠷᠭ᠎ᠠ᠎ᠳᠤ ᠬᠣᠯᠪᠣᠭᠳᠠᠭᠰᠠᠨ ᠴᠤ᠌ ᠴᠥᠮ ᠲᠤᠭᠤᠰᠢᠲᠠᠢ ᠪᠠᠶ᠋ᠢᠴᠠᠭ᠋ᠠᠵᠤ᠂ ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠠᠤᠯᠢ ᠲᠣᠭᠲᠠᠭ᠋ᠠᠯ ᠶᠣᠰᠣᠭ᠋ᠠᠷ ᠲᠣᠷᠭ᠋ᠠᠬᠤ ᠶᠣᠰᠣᠲᠠᠢ ᠵᠢ᠎ᠨᠢ ᠲᠣᠷᠭ᠋ᠠᠵᠤ᠂ ᠰᠢᠢ᠍ᠳᠪᠦᠷᠢᠯᠡᠬᠦ ᠶᠣᠰᠣᠲᠠᠢ ᠵᠢ᠎ᠨᠢ ᠰᠢᠢ᠍ᠳᠪᠦᠷᠢᠯᠡᠵᠦ᠂ ᠪᠠᠷᠢᠪᠴᠢᠯᠠᠬᠤ ᠶᠣᠰᠣᠲᠠᠢ ᠵᠢ᠎ᠨᠢ ᠪᠠᠷᠢᠪᠴᠢᠯᠠᠵᠤ᠂ ᠶᠠᠭ᠋ᠠᠬᠢᠭᠰᠠᠨ ᠴᠤ᠌ ᠢᠯᠳᠠᠷ ᠬᠠᠶᠠᠵᠤ ᠨᠢᠭᠤᠷ ᠥᠭᠴᠦ ᠪᠣᠯᠬᠤ ᠦᠭᠡᠢ᠃ ᠮᠠᠭᠤ ᠰᠠᠨᠠᠭ᠎ᠠ᠎ᠲᠠᠢ᠎ᠪᠠᠷ ᠬᠠᠤᠯᠢ ᠲᠣᠭᠲᠠᠭ᠋ᠠᠯ᠎ᠢ ᠵᠥᠷᠢᠴᠡᠭᠰᠡᠳ᠎ᠲᠤ ᠬᠠᠤᠯᠢ ᠶᠣᠰᠣᠭ᠋ᠠᠷ ᠬᠦᠨᠳᠦ ᠴᠣᠬᠢᠯᠲᠠ ᠥᠭᠬᠦ ᠬᠡᠷᠡᠭᠲᠡᠶ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡ᠎ᠪᠠᠷ ᠢᠯᠡᠴᠢᠯᠡᠬᠦ ᠬᠡᠷᠡᠭᠲᠡᠶ᠃ ᠭᠤᠷᠪᠠ ᠳᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠎ᠢ ᠬᠠᠨᠳᠤᠯᠭ᠋ᠠᠲᠤ ᠴᠢᠨᠠᠷᠲᠠᠶ᠎ᠪᠠᠷ ᠪᠦᠷᠢᠨᠰᠢᠭᠦᠯᠵᠦ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ ᠱᠠᠯᠠᠪᠬᠠᠨ ᠵᠠᠰᠠᠪᠤᠷᠢ ᠣᠷᠣᠭᠤᠯᠵᠤ᠂ ᠳᠦᠷᠢᠮ᠎ᠢ ᠬᠡᠷᠡᠭᠵᠢᠭᠦᠯᠬᠦ ᠪᠠ ᠬᠢᠨᠠᠨ ᠪᠤᠳᠤᠬᠤ᠂ ᠰᠢᠮᠳᠠᠭᠤᠯᠤᠨ ᠪᠠᠶ᠋ᠢᠴᠠᠭ᠋ᠠᠬᠤ ᠵᠡᠷᠭᠡ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠬᠡᠷᠡᠭᠲᠡᠶ᠃ ᠲᠦᠷᠪᠡ᠎ᠳᠤ᠂ ᠵᠠᠰᠠᠭ᠎ᠤᠨ ᠣᠷᠳᠣᠨ ᠠᠷᠪᠢᠴᠢ ᠭᠠᠮᠲᠠᠢ᠂ ᠠᠷᠠᠳ ᠲᠦᠮᠡᠨ᠎ᠢ ᠰᠠᠢ᠍ᠢ᠍ᠨ ᠰᠠᠶ᠋ᠢᠬᠠᠨ ᠠᠮᠢᠳᠤᠷᠠᠭᠤᠯᠬᠤ ᠵᠢ ᠪᠠᠷᠢᠮᠲᠠᠯᠠᠬᠤ ᠬᠡᠷᠡᠭᠲᠡᠢ᠃ ᠣᠳᠣᠬᠠᠨ᠎ᠳᠤ ᠡᠳ᠋᠎ᠤᠨ ᠵᠠᠰᠠᠭ᠎ᠤᠨ ᠪᠠᠶ᠋ᠢᠳᠠᠯ ᠰᠠᠶ᠋ᠢᠵᠢᠷᠠᠬᠤ ᠬᠠᠨᠳᠤᠰᠢ᠎ᠲᠠᠢ ᠪᠠᠶ᠋ᠢᠭ᠎ᠠ ᠪᠣᠯᠪᠠᠴᠤ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠪᠠᠭ᠋ᠠᠰᠬᠠᠬᠤ ᠵᠢ ᠰᠤᠯᠠᠷᠠᠭᠤᠯᠵᠤ ᠪᠣᠯᠬᠤ ᠦᠭᠡᠢ᠂ ᠡᠳ᠋᠎ᠤᠨ ᠵᠠᠰᠠᠭ ᠠᠵᠤ ᠠᠬᠤᠶ ᠵᠢᠨ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠢ᠂ ᠲᠣᠭᠲᠠᠭ᠋ᠠᠯ᠎ᠢ ᠵᠥᠷᠢᠴᠡᠨ ᠵᠠᠰᠠᠭ ᠵᠠᠬᠢᠷᠭ᠋ᠠᠨ᠎ᠤ ᠠᠵᠢᠯᠯᠠᠭ᠋ᠠᠨ᠎ᠤ ᠥᠪᠡᠷ᠎ᠤᠨ ᠦᠷᠳᠡᠭ᠎ᠢ ᠨᠡᠮᠡᠭᠳᠡᠭᠦᠯᠵᠦ ᠪᠣᠯᠬᠤ ᠦᠭᠡᠢ᠃ ᠲᠠᠪᠤ᠎ᠳᠤ᠂ ᠨᠢᠭᠡᠨᠲᠡ ᠲᠣᠭᠲᠠᠭ᠋ᠠᠭᠰᠠᠨ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ᠂ ᠮᠥᠩᠭᠥᠨ ᠭᠦᠢ᠍ᠯᠭᠡᠭᠡᠨ ᠵᠶ᠋ᠠᠷ ᠪᠣᠳᠠᠲᠤ ᠴᠣᠭᠴᠠ ᠵᠢᠨ ᠠᠵᠤ ᠠᠬᠤᠶ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠵᠡᠷᠭᠡ ᠠᠵᠤ ᠠᠬᠤᠶ᠋ᠢᠯᠠᠯ᠎ᠳᠤ ᠳᠥᠭᠥᠮ ᠦᠵᠡᠭᠦᠯᠵᠦ᠂ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠪᠣᠳᠠᠲᠠᠶ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ᠂ ᠰᠤᠷᠭ᠋ᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠪᠡᠯᠡ ᠮᠥᠩᠭᠥ ᠵᠢ ᠰᠠᠶ᠋ᠢᠲᠤᠷ ᠬᠠᠮᠢᠶᠠᠷᠤᠨ ᠬᠡᠷᠡᠭᠯᠡᠬᠦ ᠬᠡᠷᠡᠭᠲᠡᠢ᠂ ᠡᠵᠡᠯᠡᠨ ᠬᠡᠷᠡᠭᠯᠡᠬᠦ ᠪᠠ ᠨᠡᠭᠦᠯᠭᠡᠨ ᠬᠡᠷᠡᠭᠯᠡᠵᠦ ᠣᠭᠲᠣ ᠪᠣᠯᠬᠤ ᠦᠭᠡᠢ᠃ ᠣᠯᠠᠨ ᠨᠡᠢ᠌ᠲᠡ ᠵᠢᠨ ᠪᠡᠯᠡ ᠮᠥᠩᠭᠥ᠂ ᠣᠯᠠᠨ ᠨᠡᠢ᠌ᠲᠡ ᠵᠢᠨ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠵᠤ᠂ ᠠᠷᠠᠳ ᠲᠦᠮᠡᠨ᠎ᠳᠤ ᠬᠠᠷᠢᠭᠤᠴᠠᠬᠤ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠬᠥᠳᠡᠭᠡ ᠲᠣᠰᠬᠣᠨ᠎ᠤ ᠢᠯᠡᠭᠡᠯᠲᠡ ᠵᠢᠨ ᠪᠠᠷᠠᠭ᠋ᠠᠨ᠎ᠤ ᠭᠦᠢ᠍ᠯᠭᠡᠭᠡ ᠵᠢ ᠲᠦᠷᠭᠡᠨ ᠬᠥᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠰᠬᠣᠨ᠎ᠠᠴᠠ ᠭᠠᠷᠭ᠋ᠠᠵᠤ ᠬᠤᠳᠠ᠎ᠳᠤ ᠣᠷᠣᠭᠤᠯᠬᠤ᠂ ᠬᠡᠷᠡᠭᠯᠡᠭᠡᠨ᠎ᠤ ᠡᠳ᠋᠎ᠢ ᠬᠥᠳᠡᠭᠡ ᠲᠣᠰᠬᠣᠨ᠎ᠳᠤ ᠬᠦᠷᠭᠡᠬᠦ᠎ᠳᠤ ᠴᠢᠨᠠᠭᠰᠢᠳᠠ ᠲᠦᠬᠦᠮ ᠦᠵᠡᠭᠦᠯᠬᠦ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠬᠥᠳᠡᠭᠡ ᠲᠣᠰᠬᠣᠨ᠎ᠤ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ᠎ᠢ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠢᠭᠡ᠎ᠳᠤ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠎ᠠ ᠪᠣᠯᠤᠨ ᠬᠥᠳᠡᠭᠡ ᠲᠣᠰᠬᠣᠨ᠎ᠤ ᠢᠯᠡᠭᠡᠯᠲᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ 《ᠢᠨᠲᠸᠷ ᠰᠦᠯᠵᠢᠶ᠎ᠡ +》᠎ᠳᠤ ᠲᠦᠰᠢᠭᠯᠡᠨ᠂ ᠬᠣᠲᠠ ᠵᠢᠨ ᠵᠠᠬ᠎ᠠ ᠳᠡᠯᠭᠡᠭᠦᠷ᠂ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠲᠠᠷᠢᠶᠠᠴᠢᠨ ᠡᠷᠦᠬᠡ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠬᠣᠷᠰᠢᠶᠠᠵᠢᠯ ᠵᠡᠷᠭᠡ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠲᠤᠰᠬᠠᠶ᠋ᠢᠵᠢᠭᠰᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠢᠯᠡᠭᠡᠯᠲᠡ ᠵᠢᠨ ᠦᠢ᠍ᠯᠡᠴᠢᠯᠡᠭᠡ ᠪᠠ ᠬᠦᠢ᠍ᠲᠡᠨ ᠬᠡᠯᠬᠢᠶᠡᠲᠦ ᠬᠥᠮᠥᠷᠭᠡᠯᠡᠨ ᠪᠣᠯᠪᠠᠰᠤᠷᠠᠭᠤᠯᠬᠤ ᠪᠡᠯᠡᠳᠬᠡᠮᠵᠢ ᠵᠢ ᠬᠥᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ᠎ᠳᠤ ᠬᠦᠴᠦᠨ ᠨᠡᠮᠡᠷᠢᠯᠡᠵᠦ᠂ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠣᠨ᠎ᠤ ᠤᠨᠴᠠᠯᠢᠭᠳᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠬᠣᠶᠠᠷ᠎ᠲᠤ᠂ 《ᠲᠦᠷᠭᠡᠨ ᠢᠯᠡᠭᠡᠯᠲᠡ ᠵᠢ ᠲᠣᠰᠬᠣᠨ᠎ᠳᠤ ᠣᠷᠣᠭᠤᠯᠬᠤ》 ᠵᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠢᠯᠡᠭᠡᠯᠲᠡ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠥᠷᠢᠯᠡᠬᠦ ᠠᠵᠢᠯ᠎ᠢ ᠲᠥᠷᠭᠡᠳᠬᠡᠬᠦ ᠬᠡᠷᠡᠭᠲᠡᠢ᠃ ᠵᠡᠭᠦᠨ ᠳᠤᠮᠳᠠ ᠬᠡᠰᠡᠭ᠎ᠤᠨ ᠬᠥᠳᠡᠭᠡ ᠲᠣᠰᠬᠣᠨ᠎ᠤ ᠭᠠᠵᠠᠷ ᠣᠷᠣᠨ᠎ᠳᠤ᠂ ᠵᠠᠬ᠎ᠠ ᠳᠡᠯᠭᠡᠭᠦᠷ᠎ᠤᠨ ᠬᠦᠴᠦᠨ᠎ᠤ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠲᠣᠰᠬᠣᠨ᠎ᠳᠤ ᠰᠠᠭᠤᠵᠤ ᠴᠡᠭ ᠭᠠᠷᠭ᠋ᠠᠬᠤ ᠵᠢ ᠬᠥᠲᠥᠯᠥᠨ ᠵᠢᠯᠣᠭᠣᠳᠴᠤ᠂ ᠲᠦᠷᠭᠡᠨ ᠢᠯᠡᠭᠡᠯᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠪᠠᠷᠠᠭᠤᠨ ᠬᠡᠰᠡᠭ᠎ᠤᠨ ᠬᠥᠳᠡᠭᠡ ᠲᠣᠰᠬᠣᠨ᠎ᠤ ᠭᠠᠵᠠᠷ ᠣᠷᠣᠨ᠎ᠳᠤ᠂ ᠰᠢᠦᠳᠠᠨ᠎ᠤ ᠶᠠᠪᠤᠳᠠᠯ᠎ᠤᠨ ᠦᠵᠦᠭᠦᠷᠯᠢᠭ ᠢᠯᠡᠭᠡᠯᠲᠡ᠎ᠳᠠᠬᠢ ᠰᠠᠭᠤᠷᠢᠯᠠᠬᠤ ᠴᠢᠨᠠᠷᠲᠠᠢ ᠦᠢ᠍ᠯᠡᠳᠦᠯ᠎ᠢ᠎ᠨᠢ ᠪᠠᠳᠠᠷᠠᠭᠤᠯᠵᠤ᠂ ᠲᠦᠷᠭᠡᠨ ᠢᠯᠡᠭᠡᠯᠲᠡ᠂ ᠬᠠᠩᠭ᠋ᠠᠨ ᠪᠣᠷᠣᠯᠠᠭᠤᠯᠬᠤ ᠵᠡᠷᠭᠡ᠎ᠯᠦᠭᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ 《ᠲᠦᠷᠭᠡᠨ ᠢᠯᠡᠭᠡᠯᠲᠡ ᠵᠢ ᠲᠣᠰᠬᠣᠨ᠎ᠳᠤ ᠣᠷᠣᠭᠤᠯᠬᠤ》 ᠪᠦᠷᠬᠦᠴᠡ ᠵᠢᠨ ᠬᠡᠪᠴᠢᠶ᠎ᠡ ᠵᠢ ᠥᠷᠭᠡᠳᠬᠡᠬᠦ ᠬᠡᠷᠡᠭᠲᠡᠢ᠃ ᠭᠤᠷᠪᠠ᠎ᠳᠤ᠂ ᠢᠯᠡᠭᠡᠯᠲᠡ ᠵᠢᠨ ᠬᠦᠷᠢᠶᠡᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠵᠦᠶ ᠵᠣᠬᠢᠰ ᠥᠬᠡᠶ᠂ ᠴᠢᠬᠤᠯᠠ ᠥᠬᠡᠶ ᠬᠢᠵᠠᠭ᠋ᠠᠷᠯᠠᠯ᠎ᠢ ᠬᠦᠴᠦᠨ ᠥᠬᠡᠶ ᠪᠣᠯᠭ᠋ᠠᠵᠤ᠂ ᠬᠥᠳᠡᠭᠡ ᠲᠣᠰᠬᠣᠨ᠎ᠤ ᠲᠦᠷᠭᠡᠨ ᠢᠯᠡᠭᠡᠯᠲᠡ ᠵᠢᠨ ᠦᠵᠦᠭᠦᠷᠯᠢᠭ᠎ᠤᠨ ᠦᠢ᠍ᠯᠡᠴᠢᠯᠡᠭᠡ ᠵᠢ ᠵᠣᠷᠢᠭᠵᠢᠭᠤᠯᠤᠨ ᠬᠥᠭᠵᠢᠭᠦᠯᠵᠦ᠂ ᠲᠣᠰᠬᠣᠨ᠎ᠤ ᠳᠣᠲᠣᠷᠠᠬᠢ ᠣᠲᠣ ᠵᠢᠨ ᠪᠠᠶ᠋ᠢᠭ᠎ᠠ ᠪᠡᠯᠡᠳᠬᠡᠮᠵᠢ ᠵᠢ ᠠᠰᠢᠭᠯᠠᠬᠤ ᠵᠢ ᠬᠥᠲᠥᠯᠦᠨ ᠵᠢᠯᠣᠭᠣᠳᠴᠤ᠂ ᠲᠣᠰᠬᠣᠨ᠎ᠤ ᠱᠠᠲᠤᠨ᠎ᠤ ᠢᠯᠡᠭᠡᠯᠲᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠥᠷᠲᠡᠭᠡ ᠪᠠᠶ᠋ᠢᠭᠤᠯᠵᠤ᠂ ᠬᠥᠳᠡᠭᠡ ᠲᠣᠰᠬᠣᠨ᠎ᠤ ᠦᠵᠦᠭᠦᠷᠯᠢᠭ᠎ᠤᠨ ᠢᠯᠡᠭᠡᠯᠲᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠢᠯᠡᠭᠡᠯᠲᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠭᠣᠣᠯᠴᠢ ᠥᠷᠢᠰᠥᠯᠳᠦᠭᠡᠨ᠎ᠢ ᠠᠬᠢᠭᠤᠯᠵᠤ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ ᠭᠡᠵᠡᠢ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃