ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠳ᠋ᠦᠩᠨᠡᠯᠲᠡ ᠵᠢᠨ ᠬᠤᠷᠠᠯ 13᠎ᠤ ᠦᠳᠡ ᠵᠢᠨ ᠡᠮᠦᠨ᠎ᠡ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠡᠯᠭᠡᠯᠡᠬᠦ ᠠᠵᠢᠯᠯᠠᠭ᠎ᠠ ᠵᠢᠨ ᠪᠡᠯᠡᠳᠬᠡᠯ ᠠᠵᠢᠯ᠎ᠤᠨ ᠡᠯ᠎ᠡ ᠲᠠᠯ᠎ᠠ ᠵᠢᠨ ᠲᠥᠯᠥᠭᠡᠯᠡᠭᠴᠢᠳ᠎ᠲᠠᠢ ᠳᠣᠲᠣᠨᠣ᠎ᠪᠠᠷ ᠠᠭᠤᠯᠵᠠᠵᠤ᠂ ᠳᠡᠳᠡᠨ᠎ᠳᠤ ᠴᠢᠩ ᠰᠡᠳᠬᠢᠯ᠎ᠤᠨ ᠲᠠᠯᠠᠷᠬᠠᠯ ᠪᠠ ᠮᠡᠨᠳᠦᠴᠢᠯᠡᠯ ᠬᠥᠷᠬᠡᠵᠥ ᠪᠠᠶ᠋ᠢᠬᠤ᠎ᠪᠠᠨ ᠢᠯᠡᠳᠬᠡᠵᠦ᠂ ᠳᠡᠳᠡᠨ᠎ᠤ ᠰᠢᠷᠭ᠋ᠠᠭᠤ ᠬᠠᠲᠠᠭᠤᠵᠢᠯᠲᠠᠢ ᠠᠵᠢᠯᠯᠠᠬᠰᠠᠨ ᠪᠠ ᠰᠢᠯᠢᠳᠡᠭ ᠠᠮᠵᠢᠯᠲᠠ ᠤᠯᠤᠬᠰᠠᠨᠢ ᠭᠦᠢ᠍ᠴᠡᠳ ᠨᠤᠲᠠᠯᠠᠵᠤ᠂ ᠤᠯᠠᠨ᠎ᠢ ᠡᠷᠡᠮᠡᠬᠡᠶ᠋ᠢᠯᠡᠨ ᠤᠷᠤᠭᠰᠢᠯᠠᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭ᠋ᠠᠭ᠋ᠠᠷᠠᠢ ᠭᠡᠵᠦ ᠵᠣᠷᠢᠭᠵᠢᠭᠤᠯᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠯᠢ ᠺᠸ ᠴᠢᠶᠠᠩ᠂ ᠸᠠᠩ ᠶᠠᠩ᠂ ᠵᠤᠤ ᠯᠸ ᠵᠢᠢ᠂ ᠬᠠᠨ ᠵᠧᠩ ᠠᠭᠤᠯᠵᠠᠯᠲᠠ᠎ᠳᠤ ᠣᠷᠣᠯᠴᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠸᠠᠩ ᠬᠤ᠌ ᠨᠢᠩ ᠠᠭᠤᠯᠵᠠᠯᠲᠠ᠎ᠳᠤ ᠣᠷᠣᠯᠴᠠᠭᠰᠠᠨ ᠪᠥᠭᠡᠳ ᠳ᠋ᠦᠩᠨᠡᠯᠲᠡ ᠵᠢᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃
13᠎ᠤ ᠦᠳᠡ ᠵᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ ᠶᠡᠬᠡ ᠲᠢᠩᠬᠢᠮ᠎ᠳᠤ ᠳ᠋ᠧᠩ᠎ᠤᠨ ᠬᠡᠷᠡᠯ ᠳᠤᠸᠠᠯᠠᠵᠤ᠂ ᠬᠦᠷ ᠬᠥᠭᠵᠢᠶᠡᠨ ᠵᠶ᠋ᠠᠷ ᠪᠢᠯᠬᠠᠨ᠎ᠠ᠃ 11 ᠴᠠᠭ᠎ᠤᠨ ᠦᠶ᠎ᠡ᠎ᠪᠠᠷ᠂ ᠰᠢ ᠵᠢᠨ ᠫᠢᠩ ᠨᠡᠷ ᠡᠨᠳᠡ ᠬᠦᠷᠴᠤ ᠢᠷᠡᠬᠦ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃ ᠰᠢ ᠵᠢᠨ ᠫᠢᠩ ᠨᠡᠷ ᠲᠥᠯᠥᠭᠡᠯᠡᠭᠴᠢᠳ᠎ᠤᠨ ᠳᠤᠮᠳᠠ ᠬᠦᠷᠴᠦ᠂ ᠤᠯᠠᠨ᠎ᠲᠠᠢ ᠳᠣᠲᠣᠨᠣ᠎ᠪᠠᠷ ᠶᠠᠷᠢᠯᠴᠠᠭᠰᠠᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

7 ᠰᠠᠷ᠎ᠠ ᠵᠢᠨ 13᠎ᠤ ᠡᠳᠦᠷ᠂ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ ᠨᠠᠷ ᠪᠡᠬᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠭᠦ ᠠᠵᠢᠯᠯᠠᠭ᠎ᠠ ᠵᠢᠨ ᠪᠡᠯᠡᠳᠬᠡᠯ ᠠᠵᠢᠯ ᠤᠨ ᠬᠤᠯᠪᠤᠬᠳᠠᠯ ᠪᠦᠬᠦᠢ ᠲᠠᠯ᠎ᠠ ᠵᠢᠨ ᠲᠥᠯᠥᠭᠡᠯᠡᠭᠴᠢᠳ᠎ᠲᠠᠢ ᠠᠭᠤᠯᠵᠠᠪᠠ᠃
ᠰᠢᠨᠬᠤᠧᠠ ᠬᠤᠷᠢᠶᠠᠨ᠎ᠤ ᠰᠤᠷᠪᠤᠯᠵᠢᠯᠠᠬ᠍ᠴᠢ ᠶᠢᠨ ᠪᠦᠧᠧ ᠭᠦ᠋ ᠰᠡᠬᠦᠳᠡᠷᠯᠡᠪᠡ
ᠲᠦᠷᠦᠭᠦᠬᠡᠨ᠂ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠡᠯᠭᠡᠯᠡᠬᠦ ᠠᠵᠢᠯᠯᠠᠭ᠎ᠠ ᠵᠢᠨ ᠳ᠋ᠦᠩᠨᠡᠯᠲᠡ ᠵᠢᠨ ᠮᠡᠳᠡᠭᠦᠯᠦᠯᠲᠡ ᠵᠢ ᠲᠤᠰᠬᠠᠶ᠋ᠢᠯᠠᠨ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠦᠪᠡᠳᠡᠭᠰᠢ ᠶᠡᠬᠡ᠎ᠪᠠᠷ ᠪᠡᠯᠭᠡᠯᠡᠭᠦ ᠪᠣᠯ ᠨᠠᠮ᠎ᠤᠨ ᠲᠥᠪ ᠬᠣᠷᠢᠶᠠᠨ᠎ᠤ ᠪᠦᠬᠦ ᠲᠠᠯ᠎ᠠ ᠪᠠ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠭᠠᠷᠭ᠋ᠠᠭᠰᠠᠨ ᠴᠢᠬᠤᠯᠠ ᠶᠡᠬᠡ ᠪᠠᠶ᠋ᠢᠷᠢᠯᠠᠭᠤᠯᠤᠯᠲᠠ ᠮᠥᠨ᠂ ᠨᠠᠮ ᠪᠠ ᠤᠯᠤᠰ᠎ᠤᠨ ᠤᠯᠤᠰ ᠲᠦᠷᠦ ᠵᠢᠨ ᠠᠮᠢᠳᠤᠷᠠᠯ ᠳᠤᠮᠳᠠᠬᠢ ᠶᠡᠬᠡ ᠶᠠᠪᠤᠳᠠᠯ ᠮᠥᠨ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠡᠯ᠎ᠡ ᠱᠠᠲᠤ ᠡᠯ᠎ᠡ ᠲᠠᠯ᠎ᠠ ᠵᠢᠨ ᠬᠠᠮᠲᠤ ᠵᠢᠨ ᠴᠢᠷᠮᠠᠶ᠋ᠢᠯᠭ᠎ᠠ᠎ᠪᠠᠷ᠂ ᠪᠡᠯᠭᠡᠯᠡᠬᠦ ᠠᠵᠢᠯᠯᠠᠭ᠎ᠠ ᠦᠪᠡᠳᠡᠭᠰᠢ ᠶᠡᠭᠡ ᠪᠦᠭᠡᠳ ᠲᠦᠪ ᠶᠡᠬᠡᠮᠰᠦᠭ᠂ ᠰᠦᠷ ᠳᠠᠯᠠᠶ᠋ᠢᠴᠠᠲᠠᠢ᠂ ᠡᠮᠬᠢ ᠵᠢᠷᠤᠮ᠎ᠲᠠᠢ ᠪᠦᠭᠡᠳ ᠶᠣᠰᠣ ᠲᠢᠭᠯᠢᠮ᠎ᠲᠠᠢ᠂ ᠪᠠᠶᠠᠰᠬᠤᠯᠠᠩᠳᠤ ᠰᠠᠢ᠍ᠢ᠍ᠬᠠᠨ ᠶᠠᠪᠤᠬᠳᠠᠵᠤ᠂ ᠶᠣᠰᠣᠯᠠᠯ᠎ᠤᠨ ᠲᠦᠷᠦᠭᠳᠡᠯ᠂ ᠣᠷᠣᠯᠴᠠᠬᠤ ᠲᠦᠷᠦᠭᠳᠡᠯ᠂ ᠤᠳᠤᠬᠢᠴᠢ ᠲᠦᠷᠦᠭᠳᠡᠯ᠎ᠢ ᠭᠦᠢ᠍ᠴᠡᠳ ᠢᠯᠡᠷᠡᠭᠦᠯᠵᠦ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠴᠤᠭ ᠵᠢᠪᠬᠤᠭ᠎ᠠ᠂ ᠳᠤᠮᠳᠠᠳᠤ ᠤᠯᠤᠰ᠎ᠤᠨ ᠲᠦᠷᠰᠤ ᠪᠠᠢ᠍ᠢ᠍ᠳᠠᠯ᠎ᠢ ᠬᠠᠷᠠᠭᠤᠯ᠎ᠤᠨ᠂ ᠦᠵᠡᠯ ᠰᠠᠨᠠᠭ᠎ᠠ ᠵᠢ ᠨᠢᠭᠡᠳᠬᠡᠬᠦ᠂ ᠬᠦᠴᠦᠨ ᠴᠢᠳᠠᠯ᠎ᠢ ᠨᠢᠭᠲᠠᠷᠠᠭᠤᠯᠬᠤ᠂ ᠬᠥᠮᠦᠰ᠎ᠤᠨ ᠰᠡᠳᠬᠢᠯ᠎ᠢ ᠬᠥᠭᠵᠢᠭᠡᠬᠦ᠂ ᠡᠷᠴᠢ ᠵᠣᠷᠢᠭ᠎ᠢ ᠬᠥᠪᠴᠢᠯᠡᠬᠦ ᠦᠢ᠍ᠯᠡᠳᠦᠯ ᠦᠵᠡᠭᠦᠯᠵᠦ᠂ ᠵᠢᠱ᠌ᠢᠭᠰᠡᠨ ᠬᠠᠷᠠᠯᠲᠠ᠎ᠳᠠᠭᠠᠨ ᠪᠦᠷᠢᠮᠦᠰᠦᠨ ᠬᠦᠷᠴᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠡᠨᠡ ᠤᠳᠠᠭ᠎ᠠ ᠵᠢᠨ ᠪᠡᠯᠭᠡᠯᠡᠬᠦ ᠠᠵᠢᠯᠯᠠᠭ᠎ᠠ ᠵᠢᠨ ᠬᠣᠯᠪᠣᠭᠳᠠᠭᠰᠠᠨ ᠨᠢᠭᠡᠴᠢ ᠤᠯᠠᠨ᠂ ᠣᠷᠣᠯᠴᠠᠭᠰᠠᠨ ᠬᠥᠮᠦᠨ ᠤᠯᠠᠨ᠂ ᠴᠠᠭ᠎ᠤᠨ ᠠᠯᠤᠰᠯᠠᠴᠠ ᠤᠷᠳᠤ᠂ ᠵᠣᠬᠢᠴᠠᠭᠤᠯᠭ᠎ᠠ ᠵᠢᠨ ᠬᠦᠴᠢᠷᠳᠡᠯ ᠶᠡᠬᠡ ᠪᠠᠢ᠍ᠢ᠍ᠵᠦ᠂ ᠪᠡᠯᠭᠡᠯᠡᠬᠦ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ ᠵᠢᠴᠢ ᠡᠯ᠎ᠡ ᠠᠵᠢᠯ᠎ᠤᠨ ᠪᠠᠶ᠋ᠢᠭᠤᠯᠤᠮᠵᠢ᠂ ᠡᠯ᠎ᠡ ᠬᠣᠯᠪᠣᠭᠳᠠᠯ ᠪᠦᠬᠦᠢ ᠲᠠᠯ᠎ᠠ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠂ ᠥᠨᠳᠥᠷ ᠵᠣᠭᠰᠣᠴᠠ᠎ᠠᠴᠠ ᠵᠣᠬᠢᠴᠠᠭᠤᠯᠵᠤ᠂ ᠥᠨᠳᠥᠷ ᠲᠦᠪᠰᠢᠨ ᠵᠶ᠋ᠠᠷ ᠬᠡᠷᠡᠭᠵᠢᠭᠦᠯᠵᠦ᠂ ᠮᠠᠰᠢ ᠪᠦᠲᠦᠮᠵᠢᠲᠡᠢ ᠠᠵᠢᠯᠯᠠᠵᠦ᠂ ᠪᠡᠯᠭᠡᠯᠡᠬᠦ ᠠᠵᠢᠯᠯᠠᠭ᠎ᠠ ᠵᠢ ᠨᠠᠮ᠎ᠤᠨ ᠦᠪᠡᠳᠡᠭᠰᠢ ᠶᠣᠰᠣᠯᠠᠯ᠂ ᠠᠷᠠᠳ ᠲᠦᠮᠡᠨ᠎ᠤ ᠪᠠᠶᠠᠷ᠎ᠤᠨ ᠡᠳᠦᠷ ᠪᠣᠯᠭ᠋ᠠᠵᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠪᠡᠯᠭᠡᠯᠡᠬᠦ ᠠᠵᠢᠯᠯᠠᠭ᠎ᠠ ᠵᠢᠨ ᠭᠣᠣᠯ ᠴᠣᠭᠴᠠ ᠵᠢᠨ ᠠᠵᠢᠯ ᠨᠢᠭᠡᠨᠲᠡ ᠲᠡᠭᠦᠰ ᠠᠮᠵᠢᠯᠲᠠ᠎ᠲᠠᠢ ᠳᠠᠭᠤᠰᠤᠭᠰᠠᠨ ᠪᠣᠯᠪᠠᠴᠤ ᠠᠵᠢᠯᠯᠠᠭ᠎ᠠ ᠵᠢᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠦᠨ ᠥᠷᠭᠡᠳᠬᠡᠬᠦ ᠲᠠᠯ᠎ᠠ᠎ᠪᠠᠷ ᠪᠠᠰᠠ ᠮᠠᠰᠢ ᠤᠯᠠᠨ ᠠᠵᠢᠯ᠎ᠢ ᠬᠢᠬᠦ ᠴᠢᠬᠤᠯᠠᠲᠠᠢ ᠪᠠᠶ᠋ᠢᠨ᠎ᠠ᠃ ᠪᠡᠯᠭᠡᠯᠡᠬᠦ ᠠᠵᠢᠯᠯᠠᠭ᠎ᠠ ᠵᠢᠨ ᠬᠥᠭᠵᠢᠭᠡᠭᠰᠡᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠬᠦᠴᠦᠷᠬᠡᠭ ᠶᠡᠬᠡ ᠢᠳᠡᠪᠬᠢ ᠬᠦᠴᠦᠨ᠎ᠢ ᠭᠦᠢ᠍ᠴᠡᠳ ᠠᠰᠢᠬᠯᠠᠵᠤ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠬᠦᠴᠦᠨ᠎ᠢ ᠨᠢᠭᠲᠠᠷᠠᠭᠤᠯᠬᠤ ᠬᠡᠷᠡᠭᠲᠡᠢ᠃ 100 ᠵᠢᠯ᠎ᠤᠨ ᠨᠠᠮ᠎ᠤᠨ ᠲᠡᠦᠬᠡ ᠵᠢᠨ ᠵᠥᠪ ᠪᠤᠷᠤᠭᠤ ᠬᠣᠶᠠᠷ ᠲᠠᠯ᠎ᠠ ᠵᠢᠨ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠲᠡᠦᠬᠡ ᠵᠢᠨ ᠤᠶᠤᠨ ᠤᠬᠠᠭ᠋ᠠᠨ᠎ᠢ ᠰᠤᠷᠤᠯᠴᠠᠨ ᠬᠡᠷᠡᠭᠯᠡᠬᠦ ᠳᠤᠮᠳᠠ ᠲᠡᠦᠬᠡ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠲᠡᠦᠬᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠬᠦ ᠬᠡᠷᠡᠭᠲᠡᠢ᠃ ᠲᠡᠦᠬᠡ ᠪᠠ ᠪᠦᠬᠦ ᠲᠠᠯ᠎ᠠ ᠵᠢᠨ ᠦᠨᠳᠦᠷᠴᠡ᠎ᠠᠴᠠ ᠨᠠᠮ ᠵᠶ᠋ᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠶ᠋ᠢᠭᠤᠯᠵᠤ᠂ ᠨᠠᠮ ᠢᠮᠠᠭᠲᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠣᠣᠯᠯᠠᠭᠴᠢ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠎ᠢ ᠴᠢᠨᠠᠭᠰᠢᠳᠠ ᠰᠠᠶ᠋ᠢᠲᠤᠷ ᠶᠠᠷᠢᠵᠤ᠂ ᠮᠠᠨ᠎ᠤ ᠨᠠᠮ ᠪᠣᠯᠤᠨ ᠤᠯᠤᠰ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠪᠡᠯᠭᠡᠯᠡᠬᠦ ᠠᠵᠢᠯᠯᠠᠭ᠎ᠠ ᠵᠢᠨ ᠠᠮᠵᠢᠯᠲᠠ᠎ᠲᠠᠢ ᠲᠤᠷᠰᠢᠯᠭ᠎ᠠ ᠵᠢ ᠰᠠᠶ᠋ᠢᠲᠤᠷ ᠳ᠋ᠦᠩᠨᠡᠨ ᠰᠠᠶ᠋ᠢᠲᠤᠷ ᠬᠡᠷᠡᠭᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠮᠤ ᠨᠠᠮ ᠲᠤᠮᠤ ᠤᠯᠤᠰ᠎ᠤᠨ ᠶᠣᠰᠣᠯᠠᠯ᠎ᠤᠨ ᠲᠦᠷᠢᠮ᠎ᠢ ᠲᠠᠰᠤᠷᠠᠯᠳᠡ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠪᠡᠯᠭᠡᠯᠡᠬᠦ ᠠᠵᠢᠯᠯᠠᠭ᠎ᠠ ᠵᠢᠨ ᠬᠤᠢ᠍ᠢ᠍ᠨᠠᠬᠢ ᠠᠵᠢᠯ᠎ᠢ ᠰᠠᠶ᠋ᠢᠲᠤᠷ ᠬᠢᠬᠦ᠎ᠲᠠᠢ ᠤᠶᠠᠯᠳᠤᠭᠤᠯᠤᠨ᠂ ᠪᠡᠯᠭᠡᠯᠡᠬᠦ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠦᠨ ᠥᠷᠭᠡᠳᠬᠡᠵᠦ᠂ ᠡᠯ᠎ᠡ ᠵᠦᠢ᠍ᠯ᠎ᠤᠨ ᠠᠵᠢᠯ᠎ᠢ ᠬᠦᠴᠦᠯᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢᠨ ᠰᠠᠶ᠋ᠢᠨ ᠡᠬᠢᠯᠡᠯᠲᠡ᠎ᠲᠠᠢ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠬᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠪᠠ᠃
ᠸᠠᠩ ᠬᠤ᠌ ᠨᠢᠩ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠰᠡᠡ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠪᠡᠯᠭᠡᠯᠡᠬᠦ ᠠᠵᠢᠯᠯᠠᠭ᠎ᠠ ᠵᠢᠨ ᠪᠡᠯᠡᠳᠬᠡᠯ ᠠᠵᠢᠯ᠎ᠢ ᠭᠦᠢ᠍ᠴᠡᠳ ᠨᠤᠲᠠᠯᠠᠵᠤ᠂ ᠪᠡᠯᠭᠡᠯᠡᠬᠦ ᠠᠵᠢᠯᠯᠠᠭ᠎ᠠ ᠵᠢᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠦᠨ ᠥᠷᠭᠡᠳᠬᠡᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠂ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠪᠡᠯᠭᠡᠯᠡᠬᠦ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠰᠡᠨ ᠶᠠᠪᠤᠳᠠᠯ ᠪᠣᠯ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠠᠷᠠᠳ ᠤᠯᠠᠨ᠎ᠤ ᠶᠡᠬᠡ᠎ᠪᠠᠷ ᠳᠡᠮᠵᠢᠭᠰᠡᠨ ᠦᠷ᠎ᠡ ᠳ᠋ᠦᠩ ᠮᠥᠨ᠂ ᠡᠯ᠎ᠡ ᠠᠵᠢᠯ᠎ᠤᠨ ᠪᠠᠶ᠋ᠢᠭᠤᠯᠤᠮᠵᠢ ᠪᠣᠯᠤᠨ ᠪᠦᠬᠦ ᠣᠷᠣᠯᠴᠠᠭᠴᠢ ᠵᠢᠨ ᠬᠠᠮᠲᠤ᠎ᠪᠠᠷ ᠴᠢᠷᠮᠠᠶ᠋ᠢᠭᠰᠠᠨᠤ ᠦᠷ᠎ᠡ ᠳ᠋ᠦᠩ ᠮᠥᠨ᠂ ᠠᠮᠵᠢᠯᠲᠠ᠎ᠲᠠᠢ ᠠᠷᠭ᠎ᠠ ᠬᠢᠳᠡᠯ ᠪᠣᠯᠤᠨ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠵᠦ᠂ ᠪᠡᠯᠭᠡᠯᠡᠬᠦ ᠠᠵᠢᠯᠯᠠᠭ᠎ᠠ ᠵᠢᠨ ᠦᠷ᠎ᠡ ᠪᠦᠲᠦᠭᠡᠯ ᠵᠶ᠋ᠠᠨ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ 《7 · 1》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠭᠦᠨᠵᠡᠭᠡᠶ᠋ᠢᠷᠡᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠵᠤ᠂ ᠨᠠᠮ᠎ᠤᠨ ᠲᠡᠦᠬᠡ ᠵᠢᠨ ᠭᠣᠣᠯ ᠰᠡᠳᠦᠪᠲᠦ ᠦᠵᠡᠭᠦᠯᠭᠡ ᠵᠡᠷᠭᠡ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠡᠷᠬᠢᠯᠡᠵᠦ᠂ ᠪᠡᠯᠭᠡᠯᠡᠬᠦ ᠠᠵᠢᠯᠯᠠᠭ᠎ᠠ ᠵᠢᠨ ᠦᠷ᠎ᠡ ᠪᠦᠲᠦᠭᠡᠯ᠎ᠤᠨ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠂ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠡᠯᠭᠡᠯᠡᠬᠦ ᠠᠵᠢᠯᠯᠠᠭ᠎ᠠ ᠵᠢᠨ ᠬᠦᠭᠵᠢᠭᠡᠭᠰᠡᠨ ᠤᠷᠬᠢᠯᠤᠮ᠎ᠠ ᠬᠠᠯᠠᠭᠤᠨ ᠰᠡᠳᠬᠢᠯᠭᠡ ᠵᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠍ᠢ᠍ᠯᠭ᠎ᠠ ᠭᠠᠷᠭ᠋ᠠᠬᠤ᠂ ᠠᠵᠢᠯ ᠬᠢᠵᠦ ᠦᠢ᠍ᠯᠡᠰ ᠪᠤᠰᠬᠠᠬᠤ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠪᠡᠯᠭᠡᠯᠡᠬᠦ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠳ᠋ᠢᠩ ᠰᠢᠤᠸᠠᠢ ᠰᠢᠶᠠᠩ᠂ ᠶᠠᠩ ᠵᠢᠶᠸ ᡂᠢ᠂ ᠵᠠᠩ ᠶᠢᠦ ᠰᠢᠶᠠ᠂ ᠴᠧᠨ ᠰᠢ᠂ ᠬᠤᠸᠠᠩ ᠺᠦᠨ ᠮᠢᠩ᠂ ᠼᠠᠢ ᠴᠢ᠂ ᠰᠢᠶᠤᠤ ᠵᠢᠶᠸ᠂ ᠵᠤᠤ ᠺᠸ ᡁᠢ ᠠᠭᠤᠯᠵᠠᠯᠲᠠ᠎ᠳᠤ ᠣᠷᠣᠯᠴᠠᠭᠰᠠᠨ ᠪᠥᠭᠡᠳ ᠬᠤᠷᠠᠯ᠎ᠳᠤ ᠣᠷᠣᠯᠴᠠᠪᠠ᠃ ᠪᠡᠯᠭᠡᠯᠡᠬᠦ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠡᠯ᠎ᠡ ᠠᠵᠢᠯ᠎ᠤᠨ ᠪᠠᠶ᠋ᠢᠭᠤᠯᠤᠮᠵᠢ ᠪᠠ ᠬᠣᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠥᠳ ᠵᠢᠴᠢ ᠠᠵᠢᠯᠳᠠᠨ᠂ ᠴᠢᠯᠥᠭᠡᠯᠡᠬᠦ ᠴᠡᠷᠢᠭ᠎ᠤᠨ ᠴᠡᠷᠢᠭ᠎ᠤᠨ ᠬᠥᠭᠵᠢᠮ᠎ᠤᠨ ᠪᠦᠯᠬᠦᠮ᠂ ᠶᠣᠰᠣᠯᠠᠯ᠎ᠤᠨ ᠠᠩᠬᠢ᠂ ᠨᠢᠰᠦᠯᠲᠡ ᠵᠢᠨ ᠱᠠᠲᠤᠯᠵᠢᠨ ᠠᠩᠬᠢ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠨ ᠪᠠ ᠪᠠᠭ᠋ᠠᠴᠤᠳ᠎ᠤᠨ ᠬᠣᠰᠢᠭᠤᠴᠢ ᠠᠩᠬᠢ ᠵᠢᠨ ᠭᠡᠰᠢᠭᠦᠨ᠂ ᠨᠠᠶ᠋ᠢᠷᠠᠯ ᠳᠠᠭᠤᠤ ᠵᠢᠨ ᠪᠦᠯᠬᠦᠮ᠂ ᠲᠣᠭᠯᠠᠭᠴᠢ᠂ ᠠᠮᠤᠷ᠎ᠢ ᠬᠠᠮᠠᠭ᠋ᠠᠯᠠᠬᠤ ᠡᠮᠦᠨ᠎ᠡ ᠹᠷᠣᠨᠲ᠎ᠤᠨ ᠵᠢᠵᠢᠭᠦᠷᠯᠡᠭᠴᠢ᠂ ᠰᠠᠢ᠍ᠢ᠍ᠨ ᠳᠤᠷᠠᠴᠤᠳ᠂ ᠦᠢ᠍ᠯᠡᠴᠢᠯᠡᠭᠡ ᠪᠠᠲᠤᠯᠠᠭ᠎ᠠ ᠵᠢᠨ ᠠᠵᠢᠯᠳᠠᠨ᠂ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠲᠥᠯᠥᠭᠡᠯᠡᠭᠴᠢ ᠨᠠᠷ ᠠᠵᠢᠯᠯᠠᠭ᠎ᠠ᠎ᠳᠤ ᠣᠷᠣᠯᠴᠠᠵᠠᠢ᠃ (ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 13᠎ᠤ ᠴᠠᠬᠢᠯᠭ᠋ᠠᠨ ᠮᠡᠳᠡᠭᠡ)