ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠠᠷᠪᠠᠳᠤᠰ᠎ᠤᠨ ᠶᠡᠷᠦᠩᠬᠡᠢ ᠰᠠᠶ᠋ᠢᠳ ᠮᠤᠲᠸᠯᠢ᠎ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-07-16

    ᠤᠯᠤᠰ᠎ᠤᠨ ᠲᠡᠷᠢᠭᠦᠯᠡᠭᠴᠢ ᠰᠢ ᠵᠢᠨ ᠫᠢᠩ 7 ᠰᠠᠷ᠎ᠠ ᠵᠢᠨ 13᠎ᠤ ᠤᠷᠤᠢ ᠪᠠᠷᠪᠠᠳᠤᠰ᠎ᠤᠨ ᠶᠡᠷᠦᠩᠬᠡᠢ ᠰᠠᠶ᠋ᠢᠳ ᠮᠤᠲᠸᠯᠢ᠎ᠲᠠᠢ ᠤᠲᠠᠰᠤ᠎ᠪᠠᠷ ᠶᠠᠷᠢᠯᠴᠠᠪᠠ᠃
    ᠰᠢ ᠵᠢᠨ ᠫᠢᠩ᠂ ᠪᠠᠷᠪᠠᠳᠤᠰ ᠪᠣᠯ ᠳᠤᠮᠳᠠᠳᠤ ᠤᠯᠤᠰ᠎ᠤᠨ ᠵᠡᠭᠦᠨ ᠺᠠᠷᠢᠪᠸ ᠣᠷᠣᠨ᠎ᠳᠠᠬᠢ ᠰᠠᠢ᠍ᠢ᠍ᠨ ᠨᠠᠶ᠋ᠢᠵᠠ᠂ ᠰᠠᠢ᠍ᠢ᠍ᠨ ᠬᠠᠨᠢᠲᠠᠨ ᠮᠥᠨ᠃ ᠳᠤᠮᠳᠠᠳᠤ ᠪᠠᠷᠪᠠᠳᠤᠰ ᠬᠠᠷᠢᠯᠴᠠᠭ᠎ᠠ ᠪᠠᠶ᠋ᠢᠭᠤᠯᠤᠭᠰᠠᠨ 44 ᠵᠢᠯ᠎ᠤᠨ ᠲᠤᠷᠰᠢ᠂ ᠬᠣᠶᠠᠷ ᠤᠯᠤᠰ᠎ᠤᠨ ᠳᠡᠭᠡᠳᠦ ᠳᠠᠪᠬᠤᠷᠭ᠎ᠠ ᠵᠢᠨ᠎ᠬᠢᠨ ᠲᠠᠰᠤᠷᠠᠰᠢ ᠦᠬᠡᠢ ᠶᠠᠪᠤᠯᠴᠠᠵᠦ᠂ ᠡᠯᠪᠡᠭ ᠪᠠᠶᠠᠯᠢᠭ ᠬᠠᠮᠳᠤᠷᠠᠯᠴᠠᠭ᠋ᠠᠨ᠎ᠤ ᠦᠷ᠎ᠡ ᠪᠦᠲᠦᠭᠡᠯ ᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠡᠬᠦᠰᠦᠭᠰᠡᠨ᠎ᠠᠴᠠ ᠨᠠᠭ᠋ᠠᠰᠢ᠂ ᠳᠤᠮᠳᠠᠳᠤ ᠪᠠᠷᠪᠠᠳᠤᠰ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠪᠠ᠃ ᠣᠳᠣᠬᠠᠨ᠎ᠳᠤ᠂ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠪᠥᠮᠪᠥᠷᠴᠡᠭ᠎ᠲᠤ ᠦᠷᠪᠢᠰᠦᠨ ᠳᠡᠯᠭᠡᠷᠡᠵᠦ ᠪᠤᠢ᠂ ᠬᠠᠪᠰᠤᠷᠤᠯᠭ᠎ᠠ ᠬᠦᠰᠡᠭᠰᠡᠨ ᠨᠠᠢ᠍ᠢ᠍ᠵᠠ᠎ᠳᠠᠭᠠᠨ ᠲᠤᠰᠠᠯᠠᠮᠵᠢ ᠦᠵᠡᠬᠦᠯᠬᠦ᠎ᠳᠤ ᠪᠢᠳᠡ ᠬᠤᠢ᠍ᠢ᠍ᠰᠢ ᠤᠬᠤᠷᠢᠬᠤ ᠶᠤᠰᠤ ᠦᠬᠡᠢ ᠶᠤᠮ᠃ ᠳᠤᠮᠳᠠᠳᠤ ᠤᠯᠤᠰ ᠦᠷᠭᠦᠯᠵᠢᠯᠡᠨ ᠪᠠᠷᠪᠠᠳᠤᠰ᠎ᠤᠨ᠎ᠬᠢᠨ᠎ᠲᠠᠢ ᠸᠠᠺᠼᠢᠨ᠂ ᠡᠮᠴᠢᠯᠡᠬᠡᠨ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠠᠷᠪᠠᠳᠤᠰ᠎ᠤᠨ᠎ᠬᠢᠨ᠎ᠤ ᠬᠢᠵᠢᠭ᠎ᠤᠨ ᠪᠠᠶ᠋ᠢᠳᠠᠯ᠎ᠢ ᠡᠷᠲᠡᠬᠡᠨ ᠢᠯᠠᠨ ᠳᠠᠪᠠᠬᠤ᠎ᠳᠤ ᠬᠦᠴᠦᠨ ᠨᠡᠮᠡᠷᠢᠯᠡᠨ᠎ᠡ ᠬᠡᠵᠥ ᠵᠢᠭ᠋ᠠᠵᠥ ᠭᠠᠷᠭ᠋ᠠᠪᠠ᠃
    ᠰᠢ ᠵᠢᠨ ᠫᠢᠩ᠂ ᠳᠤᠮᠳᠠᠳᠤ ᠪᠠᠷᠪᠠᠳᠤᠰ ᠬᠣᠶᠠᠷ ᠤᠯᠤᠰ ᠴᠥᠮ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠦ ᠪᠠᠢ᠍ᠢ᠍ᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ᠎ᠤᠨ᠎ᠬᠢᠨ᠎ᠲᠠᠢ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠤᠷᠰᠢᠯᠭ᠎ᠠ᠎ᠪᠠᠨ ᠰᠤᠯᠢᠯᠴᠠᠬᠤ ᠵᠢ ᠴᠢᠩᠭ᠋ᠠᠳᠬᠠᠵᠤ᠂ ᠰᠠᠭᠤᠷᠢ ᠲᠥᠬᠥᠭᠡᠷᠦᠮᠵᠢ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠥᠷᠭᠡᠳᠬᠡᠨ᠂ ᠳᠤᠮᠳᠠᠳᠤ ᠪᠠᠷᠪᠠᠳᠤᠰ᠎ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠷᠭᠦᠯᠵᠢᠯᠡᠨ ᠴᠢᠳᠠᠯ᠎ᠤᠨ ᠵᠶ᠋ᠠᠨ ᠴᠢᠨᠡᠬᠡ᠎ᠪᠠᠷ ᠬᠠᠪᠰᠤᠷᠤᠯᠭ᠎ᠠ ᠦᠵᠡᠭᠦᠯᠦᠨ᠎ᠡ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠪᠠᠯ ᠵᠣᠬᠢᠨ᠎ᠠ᠃ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠨᠡᠩ ᠤᠯᠠᠨ ᠬᠠᠮᠲᠤ᠎ᠪᠠᠷ ᠬᠥᠭᠵᠢᠬᠦ ᠠᠵᠠ ᠲᠣᠬᠢᠶᠠᠯ᠎ᠢ ᠡᠭᠦᠳᠴᠡᠢ᠂ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠵᠡᠷᠭᠡ ᠺᠠᠷᠢᠪᠸ ᠣᠷᠣᠨ᠎ᠤ ᠤᠯᠤᠰ᠎ᠤᠳ᠎ᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ ᠵᠢ ᠠᠬᠢᠭᠤᠯᠤᠨ᠎ᠠ᠂ ᠪᠠᠷᠪᠠᠳᠤᠰ᠎ᠤᠨ᠎ᠬᠢᠨ ᠳᠤᠮᠳᠠᠳᠤ ᠤᠯᠤᠰ ᠪᠣᠯᠤᠨ ᠺᠠᠷᠢᠪᠸ ᠵᠢᠨ ᠬᠠᠮᠲᠤ ᠴᠣᠭᠴᠠ ᠵᠢᠨ ᠬᠠᠮᠲᠤᠷᠠᠯᠴᠠᠭ᠎ᠠ ᠪᠣᠯᠤᠨ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
    ᠮᠤᠲᠸᠯᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠴᠢᠩ ᠰᠡᠳᠬᠢᠯ᠎ᠠᠴᠠ᠎ᠪᠠᠨ ᠪᠠᠶᠠᠷ ᠬᠦᠷᠭᠡᠵᠦ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠬᠤᠯᠠ ᠵᠢᠨ ᠬᠠᠷᠠᠴᠠ ᠬᠤᠷᠴᠠ ᠲᠠᠨᠢᠯᠲᠠ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠠᠮᠵᠢᠯᠲᠠ᠎ᠲᠠᠢ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ᠎ᠠᠴᠠ ᠠᠩᠭᠢᠵᠢᠷᠠᠪᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠬᠦ ᠰᠢᠨ᠎ᠡ ᠠᠶᠠᠨ᠎ᠳᠠᠭᠠᠨ ᠨᠡᠩ ᠶᠡᠬᠡ ᠠᠮᠵᠢᠯᠲᠠ ᠤᠯᠬᠤ ᠵᠢ ᠢᠲᠡᠭᠡᠵᠦ ᠪᠠᠶ᠋ᠢᠬᠤ ᠪᠥᠭᠡᠳ ᠬᠦᠰᠡᠨ ᠵᠥᠩᠨᠡᠵᠦ ᠪᠠᠶ᠋ᠢᠨ᠎ᠠ᠃ ᠪᠠᠷᠪᠠᠳᠤᠰ᠎ᠤᠨ᠎ᠬᠢᠨ ᠳᠤᠮᠳᠠᠳᠤ ᠤᠯᠤᠰ ᠰᠢᠭ᠋ ᠡᠶ᠋ᠢᠮᠦ ᠨᠠᠶ᠋ᠢᠵᠠ᠎ᠲᠠᠢ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠣᠶᠠᠷ ᠲᠠᠯ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠤᠯᠠᠨ ᠲᠠᠯ᠎ᠠ ᠵᠢᠨ ᠤᠯᠤᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ 《ᠨᠢᠭᠡ   ᠪᠦᠰᠡ   ᠨᠢᠭᠡ   ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠵᠤ᠂ ᠪᠠᠷᠪᠠᠳᠤᠰ ᠳᠤᠮᠳᠠᠳᠤ ᠵᠢᠨ ᠬᠠᠷᠢᠯᠴᠠᠭ᠎ᠠ ᠪᠣᠯᠤᠨ ᠯᠠᠲ᠋ᠢᠨ ᠠᠮᠧᠷᠢᠺᠠ ᠳᠤᠮᠳᠠᠳᠤ ᠵᠢᠨ ᠬᠠᠷᠢᠯᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠤᠨ᠎ᠠ᠃ ᠪᠠᠷᠪᠠᠳᠤᠰ᠎ᠤᠨ᠎ᠬᠢᠨ᠎ᠤ   ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠳᠤᠮᠳᠠᠳᠤ ᠤᠯᠤᠰ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠨ᠎ᠠ᠂ ᠪᠠᠷᠪᠠᠳᠤᠰ᠎ᠤᠨ᠎ᠬᠢᠨ ᠸᠢᠷᠦ᠋ᠰ᠎ᠤᠨ ᠡᠬᠢ ᠡᠬᠦᠰᠦᠯ᠎ᠢ ᠮᠦᠷᠳᠡᠬᠦ ᠠᠰᠠᠭᠤᠳᠠᠯ᠎ᠢ ᠤᠯᠤᠰ ᠲᠦᠷᠦᠴᠢᠯᠡᠬᠦ ᠵᠢ ᠡᠰᠡᠷᠭᠦᠴᠡᠨ᠎ᠡ᠂ ᠳᠤᠮᠳᠠᠳᠤ ᠤᠯᠤᠰ ᠸᠠᠺᠼᠢᠨ᠎ᠢ ᠬᠥᠭᠵᠢᠵᠦ ᠪᠠᠶ᠋ᠢᠭ᠎ᠠ ᠤᠯᠤᠰ᠎ᠲᠤ ᠡᠷᠬᠡ ᠲᠡᠭᠰᠢ᠎ᠪᠠᠷ ᠬᠤᠪᠢᠶᠠᠷᠢᠯᠠᠬᠤ ᠵᠢ ᠠᠬᠢᠭᠤᠯᠬᠤ ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ᠎ᠢ ᠮᠠᠭᠲᠠᠨ ᠰᠠᠶ᠋ᠢᠰᠢᠶᠠᠵᠤ ᠪᠠᠶ᠋ᠢᠨ᠎ᠠ᠂ ᠳᠤᠮᠳᠠᠳᠤ ᠤᠯᠤᠰ᠎ᠯᠤᠭ᠎ᠠ ᠸᠠᠺᠼᠢᠨ᠎ᠤ ᠬᠠᠮᠲᠤᠷᠠᠯᠴᠠᠭ᠎ᠠ ᠎ᠪᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ ᠬᠡᠵᠥ ᠢᠯᠡᠳᠬᠡᠪᠡ᠃

ᠢᠷᠡᠯᠲᠡ᠄ ᠦᠪᠦᠷ ᠮᠣᠩᠭᠤᠯ᠎ᠤᠨ ᠡᠳᠣᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠪ᠎ᠤᠨ ᠲᠥᠰᠦᠪ᠎ᠤᠨ ᠭᠦᠢ᠍ᠴᠡᠳᠬᠡᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠬᠢᠨᠠᠨ ᠪᠤᠳᠤᠯᠲᠠ᠎ᠪᠠᠷ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ 《ᠳᠤᠮᠳᠠᠳᠤ ᠤᠯᠤᠰ ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠲᠡᠯᠡᠪᠡ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠵᠤ ᠫᠠᠺᠢᠰᠲ᠋ᠠᠨ᠎ᠤ ᠲᠠᠯ᠎ᠠ ᠵᠢᠨ᠎ᠬᠢᠨ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ
ᠪᠦᠯᠬᠦᠮᠳᠡᠨ ᠬᠠᠮᠲᠤᠷᠠᠯᠴᠠᠵᠤ ᠬᠢᠵᠢᠭ᠎ᠲᠠᠢ ᠲᠡᠮᠡᠴᠡᠨ ᠠᠵᠤ ᠠᠬᠤᠢ ᠵᠢᠨ ᠰᠡᠷᠭᠦᠯᠲᠡ ᠵᠢ ᠬᠦᠳᠦᠯᠥᠨ ᠳᠠᠭ᠋ᠠᠭᠤᠯᠤᠶ᠎ᠠ
ᠯᠢ ᠺᠸ ᠴᠢᠶᠠᠩ 2021 ᠣᠨ᠎ᠤ ᠪᠥᠬᠥ ᠤᠯᠤᠰ᠎ᠤᠨ ᠡᠮᠴᠢᠯᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
 
            