ᠪᠦᠯᠬᠦᠮᠳᠡᠨ ᠬᠠᠮᠲᠤᠷᠠᠯᠴᠠᠵᠤ ᠬᠢᠵᠢᠭ᠎ᠲᠠᠢ ᠲᠡᠮᠡᠴᠡᠨ ᠠᠵᠤ ᠠᠬᠤᠢ ᠵᠢᠨ ᠰᠡᠷᠭᠦᠯᠲᠡ ᠵᠢ ᠬᠦᠳᠦᠯᠥᠨ ᠳᠠᠭ᠋ᠠᠭᠤᠯᠤᠶ᠎ᠠ
— ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯ ᠳᠡᠭᠡᠷᠡᠬᠢ ᠶᠠᠷᠢᠶ᠎ᠠ
(2021 ᠣᠨ᠎ᠤ 7 ᠰᠠᠷ᠎ᠠ ᠵᠢᠨ 16᠎ᠤ ᠡᠳᠦᠷ᠂ ᠪᠡᠭᠡᠵᠢᠩ᠎ᠳᠤ)
ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
ᠬᠦᠨᠳᠦᠲᠦ ᠠᠷᠳᠧᠨ ᠶᠡᠷᠦᠩᠬᠡᠶ ᠰᠠᠶ᠋ᠢᠳ ᠡ᠂
ᠬᠠᠮᠲᠤ ᠠᠵᠢᠯᠯᠠᠭᠰᠠᠳ ᠡ᠄
ᠡᠨᠡ ᠤᠳᠠᠭ᠋ᠠᠨ᠎ᠤ ᠬᠤᠷᠠᠯ᠎ᠳᠤ ᠣᠷᠣᠯᠴᠠᠭᠰᠠᠨ᠎ᠳᠠᠭᠠᠨ ᠮᠠᠰᠢ ᠪᠠᠶᠠᠷᠯᠠᠵᠤ ᠪᠠᠢ᠍ᠢ᠍ᠨ᠎ᠠ᠃ ᠶᠡᠷᠦᠩᠬᠡᠶ ᠰᠠᠶ᠋ᠢᠳ ᠠᠷᠳᠧᠨ ᠪᠣᠯᠤᠨ ᠰᠢᠨ᠎ᠡ ᠽᠧᠯᠡᠨᠳ᠋᠎ᠤᠨ ᠵᠠᠰᠠᠭ᠎ᠤᠨ ᠣᠷᠳᠣᠨ᠎ᠤ ᠡᠨᠡ ᠤᠳᠠᠭ᠋ᠠᠨ᠎ᠤ ᠬᠤᠷᠠᠯ᠎ᠤᠨ ᠲᠥᠯᠥᠭᠡ ᠭᠠᠷᠭ᠋ᠠᠭᠰᠠᠨ ᠴᠢᠷᠮᠠᠶ᠋ᠢᠯᠭ᠎ᠠ᠎ᠳᠤ ᠲᠠᠯᠠᠷᠬᠠᠵᠤ ᠪᠠᠶ᠋ᠢᠨ᠎ᠠ᠃
ᠣᠳᠣᠬᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠠᠢ᠍ᠢ᠍ᠨ ᠲᠠᠬᠢᠨ ᠡᠭᠦᠰᠴᠦ᠂ ᠸᠢᠷᠦ᠋ᠰ ᠪᠠᠶ᠋ᠢᠨ ᠲᠠᠬᠢᠨ ᠤᠨᠳᠤᠤᠰᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠮᠥᠨ ᠬᠦ᠌ ᠬᠦᠨᠳᠦ ᠨᠣᠴᠢᠲᠠᠢ ᠪᠠᠶ᠋ᠢᠵᠤ᠂ ᠳᠡᠯᠡᠬᠡᠢ ᠵᠢᠨ ᠠᠵᠤ ᠠᠬᠤᠢ ᠰᠡᠷᠭᠦᠯᠲᠡ ᠪᠠᠭᠤᠷᠠᠢ ᠪᠠᠶ᠋ᠢᠨ᠎ᠠ᠃ ᠡᠭᠦᠨ᠎ᠤ ᠵᠡᠷᠬᠡ᠎ᠪᠠᠷ᠂ ᠡᠩᠬᠡ ᠲᠠᠶ᠋ᠢᠪᠤᠩ ᠬᠢᠭᠡᠳ ᠬᠥᠭᠵᠢᠯᠲᠡ ᠮᠥᠨ ᠯᠡ ᠴᠠᠭ ᠦᠶ᠎ᠡ ᠵᠢᠨ ᠭᠣᠣᠯ ᠰᠡᠳᠦᠪ ᠪᠠᠢ᠍ᠢ᠍ᠵᠤ᠂ ᠤᠯᠠᠨ ᠲᠠᠯᠠᠲᠤ ᠦᠵᠡᠯ᠎ᠢ ᠬᠠᠮᠠᠭ᠋ᠠᠯᠠᠨ᠂ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠭ᠋ᠠᠬᠤ ᠬᠦᠰᠡᠯ ᠱᠠᠭ᠋ᠠᠷᠳᠠᠯᠭ᠎ᠠ ᠨᠡᠩ ᠴᠢᠩᠭ᠎ᠠ ᠪᠣᠯᠪᠠ᠃
ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ ᠪᠣᠯ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠴᠢᠬᠤᠯᠠ ᠬᠥᠳᠡᠯᠭᠡᠭᠦᠷ ᠮᠥᠨ᠃ ᠬᠢᠵᠢᠭ᠎ᠤᠨ ᠪᠠᠶ᠋ᠢᠳᠠᠯ᠎ᠢ ᠡᠷᠲᠡᠬᠡᠨ ᠢᠯᠠᠨ ᠳᠠᠪᠠᠵᠤ᠂ ᠠᠵᠤ ᠠᠬᠤᠢ ᠵᠢᠨ ᠨᠡᠮᠡᠭᠳᠡᠯ᠎ᠢ ᠰᠡᠷᠭᠦᠭᠡᠬᠦ ᠪᠣᠯ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠡᠯ᠎ᠡ ᠪᠦᠷᠢᠯᠳᠦᠬᠦᠨ᠎ᠤ ᠣᠳᠣᠬᠠᠨ᠎ᠤ ᠬᠠᠮᠤᠭ᠎ᠤᠨ ᠴᠢᠬᠤᠯᠠ ᠡᠭᠦᠷᠭᠡ ᠪᠣᠯᠤᠨ᠎ᠠ᠃ ᠬᠢᠵᠢᠭ᠎ᠤᠨ ᠪᠠᠶ᠋ᠢᠳᠠᠯ ᠡᠬᠦᠰᠦᠭᠰᠡᠨ᠎ᠠᠴᠠ ᠨᠠᠭ᠋ᠠᠰᠢ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠪᠦᠯᠬᠦᠮᠳᠡᠨ ᠨᠢᠭᠡᠳᠴᠦ᠂ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠤᠷᠢᠳ ᠵᠶ᠋ᠠᠷ ᠰᠡᠷᠭᠦᠬᠦ ᠬᠠᠨᠳᠤᠰᠢ ᠵᠢ ᠪᠦᠷᠢᠯᠳᠦᠭᠦᠯᠵᠦ᠂ ᠳᠡᠯᠡᠬᠡᠢ ᠵᠢᠨ ᠠᠵᠤ ᠠᠬᠤᠢ ᠵᠢ ᠳᠠᠶ᠋ᠢᠴᠢᠯᠠᠬᠤ᠎ᠳᠤ ᠬᠤᠪᠢ ᠨᠡᠮᠡᠷᠢ ᠦᠵᠡᠭᠦᠯᠪᠡ᠃ ᠪᠢᠳᠡ ᠨᠢᠳᠤᠨᠤᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ 2040 ᠣᠨ᠎ᠤ ᠠᠯᠤᠰ᠎ᠤᠨ ᠲᠥᠰᠦᠪ᠎ᠢ ᠪᠠᠲᠤᠯᠠᠵᠤ᠂ ᠨᠡᠭᠡᠭᠡᠯᠲᠡ᠎ᠲᠠᠢ᠂ ᠠᠮᠢᠵᠢᠷᠠᠯ᠎ᠤᠨ ᠬᠦᠴᠦᠨ᠎ᠲᠠᠢ᠂ ᠤᠶᠠᠨ ᠬᠠᠳᠠᠨ᠂ ᠡᠩᠬᠡ ᠲᠠᠶ᠋ᠢᠪᠤᠩ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠠᠮᠲᠤ ᠴᠣᠭᠴᠠ ᠵᠢ ᠪᠠᠶ᠋ᠢᠭᠤᠯᠬᠤ ᠬᠠᠷᠠᠯᠲᠠ ᠵᠢ ᠳᠤᠷᠠᠳᠴᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠎ᠠ᠎ᠳᠤ ᠴᠢᠭᠯᠡᠯ᠎ᠢ ᠵᠢᠭ᠋ᠠᠵᠤ ᠥᠭᠪᠡ᠃ ᠣᠳᠣᠬᠠᠨ᠎ᠤ ᠪᠠᠶ᠋ᠢᠳᠠᠯ ᠳᠣᠣᠷ᠎ᠠ᠂ ᠪᠢᠳᠠ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠴᠢᠷᠮᠠᠶ᠋ᠢᠨ ᠢᠯᠠᠨ ᠳᠠᠪᠠᠵᠤ᠂ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢ ᠠᠬᠢᠭᠤᠯᠤᠶ᠎ᠠ᠃
ᠨᠢᠭᠡᠳᠦᠭᠡᠷ᠎ᠲᠤ᠂ ᠬᠢᠵᠢᠭ᠎ᠲᠠᠢ ᠲᠡᠮᠡᠴᠡᠬᠦ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠶ᠎ᠠ᠃ ᠪᠢᠳᠡ ᠨᠢᠭᠡᠨ ᠪᠥᠮᠪᠥᠷᠴᠡᠭ ᠲᠣᠰᠬᠣᠨ᠎ᠳᠤ ᠠᠮᠢᠳᠤᠷᠠᠵᠤ᠂ ᠡᠯ᠎ᠡ ᠤᠯᠤᠰ᠎ᠤᠨ ᠵᠢᠷᠭ᠋ᠠᠯ ᠵᠣᠪᠠᠯᠠᠩ ᠬᠤᠯᠪᠤᠭ᠎ᠠ᠎ᠲᠠᠢ ᠪᠠᠢ᠍ᠢ᠍ᠵᠤ᠂ ᠬᠤᠪᠢ ᠵᠠᠶᠠᠭ᠎ᠠ᠎ᠪᠠᠨ ᠬᠠᠮᠲᠤᠳᠬᠠᠭᠰᠠᠨᠢ ᠬᠢᠵᠢᠭ᠎ᠤᠨ ᠪᠠᠶ᠋ᠢᠳᠠᠯ ᠳᠠᠬᠢᠨᠲᠠ ᠭᠡᠷᠡᠴᠢᠯᠡᠪᠡ᠃ ᠪᠢᠳᠡ ᠡᠷᠬᠡᠪᠰᠢ ᠪᠦᠯᠬᠦᠮᠳᠡᠨ ᠬᠠᠮᠲᠤᠷᠠᠯᠴᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠦ ᠰᠠᠢ᠍ᠢ᠍ᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠰᠠᠬᠢᠨ ᠬᠠᠮᠠᠭ᠋ᠠᠯᠠᠬᠤ ᠬᠡᠷᠡᠭᠲᠡᠢ᠃ ᠸᠠᠺᠼᠢᠨ ᠲᠠᠷᠢᠬᠤ ᠪᠣᠯ ᠬᠢᠵᠢᠭ᠎ᠤᠨ ᠪᠠᠶ᠋ᠢᠳᠠᠯ᠎ᠢ ᠢᠯᠠᠬᠤ ᠪᠠ ᠠᠵᠤ ᠠᠬᠤᠶ ᠵᠢ ᠰᠡᠷᠭᠦᠭᠡᠬᠦ ᠬᠦᠴᠦᠲᠦ ᠵᠡᠪᠰᠡᠭ ᠮᠥᠨ᠃ ᠳᠤᠮᠳᠠᠳᠤ ᠤᠯᠤᠰ ᠸᠠᠺᠼᠢᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠸᠠᠺᠼᠢᠨ᠎ᠤ ᠲᠠᠷᠢᠯᠭ᠎ᠠ ᠵᠢᠨ ᠬᠥᠭᠵᠢᠵᠦ ᠪᠠᠶ᠋ᠢᠭ᠎ᠠ ᠤᠯᠤᠰ᠎ᠲᠠᠬᠢ ᠪᠣᠯᠤᠮᠵᠢᠲᠤ ᠴᠢᠨᠠᠷ ᠪᠠ ᠡᠭᠦᠷᠭᠡᠯᠡᠵᠦ ᠪᠣᠯᠬᠤᠶ᠋ᠢᠴᠠ ᠴᠢᠨᠠᠷ᠎ᠢ ᠪᠠᠲᠤᠯᠠᠵᠤ᠂ ᠸᠠᠺᠼᠢᠨ᠎ᠢ ᠪᠦᠬᠦ ᠪᠥᠮᠪᠥᠷᠴᠡᠭ᠎ᠤᠨ ᠤᠯᠠᠨ ᠨᠡᠶ᠋ᠢᠲᠡ ᠵᠢᠨ ᠦᠢ᠍ᠯᠡᠳᠬᠦᠨ ᠪᠣᠯᠭ᠋ᠠᠬᠤ ᠵᠢ ᠢᠮᠠᠭᠲᠠ ᠵᠣᠷᠢᠭᠰᠠᠭ᠋ᠠᠷ ᠢᠷᠡᠵᠠᠢ᠃ ᠳᠤᠮᠳᠠᠳᠤ ᠤᠯᠤᠰ ᠲᠣᠰ ᠪᠡᠶ᠎ᠡ ᠵᠢᠨ ᠶᠡᠬᠡ ᠬᠡᠪᠴᠢᠶ᠎ᠠ᠎ᠪᠠᠷ ᠲᠠᠷᠢᠯᠭ᠎ᠠ ᠬᠢᠬᠦ᠎ᠠᠴᠠ ᠪᠣᠯᠤᠭᠰᠠᠨ ᠥᠷᠢᠰᠥᠯᠳᠦᠭᠡᠨ᠎ᠢ ᠢᠯᠡᠨ ᠳᠠᠪᠠᠵᠤ᠂ ᠬᠥᠭᠵᠢᠵᠦ ᠪᠠᠶ᠋ᠢᠭ᠎ᠠ ᠤᠯᠤᠰ᠎ᠲᠤ 5 ᠳ᠋ᠦᠩᠰᠢᠭᠤᠷ ᠭᠠᠷᠤᠶ ᠲᠠᠷᠢᠯᠭ᠎ᠠ ᠵᠢᠨ ᠸᠠᠺᠼᠢᠨ᠎ᠢ ᠬᠠᠩᠭ᠋ᠠᠪᠠ᠂ ᠢᠷᠡᠬᠦ 3 ᠵᠢᠯ᠎ᠤᠨ ᠳᠣᠲᠣᠷ᠎ᠠ ᠪᠠᠰᠠ 30 ᠳ᠋ᠦᠩᠰᠢᠭᠤᠷ ᠳ᠋ᠣᠯᠯᠠᠷ᠎ᠤᠨ ᠣᠯᠠᠨ ᠤᠯᠤᠰ᠎ᠤᠨ ᠲᠤᠰᠠᠯᠠᠮᠵᠢ ᠬᠠᠩᠭ᠋ᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠢᠵᠢᠭ᠎ᠲᠠᠢ ᠲᠡᠮᠡᠴᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠰᠡᠷᠭᠦᠭᠡᠬᠦ ᠵᠢ ᠳᠡᠮᠵᠢᠬᠦ᠎ᠳᠤ ᠬᠡᠷᠡᠭᠯᠡᠨ᠎ᠡ᠃ ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠯᠲᠦᠷᠢᠭᠦᠯᠦᠯᠢ ᠳᠡᠮᠵᠢᠵᠦ᠂ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠣᠯᠠᠨ ᠤᠯᠤᠰ᠎ᠤᠨ ᠪᠠᠶ᠋ᠢᠭᠤᠯᠤᠮᠵᠢ ᠵᠢᠨ ᠡᠷᠲᠡᠬᠡᠨ ᠲᠣᠭᠲᠠᠭ᠋ᠠᠯ ᠭᠠᠷᠭ᠋ᠠᠬᠤ ᠵᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠸᠠᠺᠼᠢᠨ᠎ᠤ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ ᠪᠠᠲᠤᠯᠠᠬᠤ᠂ ᠵᠠᠩᠭᠢᠯᠠᠭ᠎ᠠ ᠵᠢᠨ ᠡᠳ᠋ ᠪᠣᠳᠠᠰ᠎ᠤᠨ ᠭᠦᠢ᠍ᠯᠭᠡᠭᠡ ᠵᠢ ᠠᠬᠢᠭᠤᠯᠬᠤ ᠵᠡᠷᠭᠡ ᠬᠠᠮᠲᠤᠷᠠᠯᠴᠠᠭ᠋ᠠᠨ᠎ᠤ ᠰᠠᠨᠠᠭ᠋ᠠᠴᠢᠯᠠᠭ᠎ᠠ᠎ᠳᠤ ᠢᠳᠡᠪᠬᠢᠲᠡᠶ ᠣᠷᠣᠯᠴᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠥᠮᠦᠰ᠎ᠤᠨ ᠡᠷᠡᠭᠦᠯ ᠮᠡᠨᠳᠦ ᠠᠮᠤᠷ ᠲᠦᠪᠰᠢᠨ ᠡᠮᠬᠢ ᠵᠢᠷᠤᠮ᠎ᠲᠠᠢ ᠶᠠᠪᠤᠯᠴᠠᠭ᠎ᠠ ᠵᠢ ᠪᠠᠲᠤᠯᠠᠵᠤ᠂ ᠭᠠᠵᠠᠷ ᠣᠷᠣᠨ᠎ᠤ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠵᠢᠨ ᠡᠷᠲᠡᠬᠡᠨ ᠬᠡᠪ᠎ᠤᠨ ᠪᠠᠶ᠋ᠢᠳᠠᠯ ᠵᠶ᠋ᠠᠨ ᠰᠡᠷᠭᠦᠭᠡᠬᠦ ᠵᠢ ᠠᠬᠢᠭᠤᠯᠤᠨ᠎ᠠ᠃ ᠳᠤᠮᠳᠠᠳᠤ ᠤᠯᠤᠰ᠎ᠠᠴᠠ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠎ᠳᠤ ᠪᠡᠯᠡ ᠮᠦᠩᠭᠦ ᠬᠠᠨᠳᠢᠪᠯᠠᠵᠤ 《ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠪᠠ ᠠᠵᠤ ᠠᠬᠤᠢ ᠵᠢᠨ ᠰᠡᠷᠭᠦᠯᠲᠡ》 ᠵᠢᠨ ᠬᠤᠪᠢᠶᠠᠷᠢ ᠰᠠᠭᠤᠷᠢ ᠮᠥᠩᠭᠥ ᠵᠢ ᠪᠠᠶ᠋ᠢᠭᠤᠯᠤᠭᠰᠠᠨ᠎ᠨᠢ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠴᠣᠭᠴᠠ ᠵᠢᠨ ᠡᠷᠲᠡᠬᠡᠨ ᠬᠢᠵᠢᠭ᠎ᠤᠨ ᠪᠠᠶ᠋ᠢᠳᠠᠯ᠎ᠢ ᠢᠯᠠᠨ ᠳᠠᠪᠠᠵᠤ᠂ ᠠᠵᠤ ᠠᠬᠤᠢ ᠵᠢᠨ ᠰᠡᠷᠭᠦᠯᠲᠡ ᠵᠢ ᠪᠡᠶᠡᠯᠡᠭᠦᠯᠬᠦ᠎ᠳᠤ ᠠᠰᠢᠭᠲᠠᠢ ᠶᠤᠮ᠃
ᠬᠣᠶᠠᠳᠤᠭ᠋ᠠᠷ᠎ᠲᠤ᠂ ᠣᠷᠣᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠭᠦᠨᠵᠡᠭᠡᠶ᠋ᠢᠷᠡᠭᠦᠯᠦᠶᠠ᠃ ᠨᠡᠭᠡᠭᠡᠯᠲᠡᠳᠤ ᠠᠭᠤᠰᠤᠯᠴᠠᠨ ᠨᠡᠪᠲᠡᠷᠡᠯᠴᠡᠬᠦ ᠪᠣᠯ ᠶᠡᠬᠡ ᠬᠠᠨᠳᠤᠰᠢ ᠮᠥᠨ᠃ ᠪᠢᠳᠡ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠵᠢ ᠴᠢᠯᠦᠭᠡᠳᠠᠢ ᠪᠠ ᠳᠦᠭᠦᠮ ᠪᠤᠯᠭ᠋ᠠᠬᠤ ᠵᠢ ᠠᠬᠢᠭᠤᠯᠵᠤ᠂ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠪᠠᠷ ᠭᠣᠣᠯ ᠪᠣᠯᠭ᠋ᠠᠭᠰᠠᠨ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠮᠵᠢ ᠵᠢ ᠬᠠᠮᠠᠭ᠋ᠠᠯᠠᠶ᠎ᠠ᠃ ᠪᠢᠳᠡ ᠬᠡᠷᠡᠮ᠎ᠢ ᠨᠤᠷᠠᠭ᠋ᠠᠬᠤ᠎ᠠᠴᠠ ᠪᠢᠰᠢ ᠬᠡᠷᠡᠮ ᠪᠠᠷᠢᠵᠤ ᠪᠣᠯᠬᠤ ᠦᠭᠡᠢ᠂ ᠨᠡᠬᠡᠬᠡᠯᠳᠡ ᠬᠢᠬᠦ᠎ᠠᠴᠠ ᠪᠢᠰᠢ ᠲᠤᠰᠠᠭ᠋ᠠᠷᠯᠠᠵᠤ ᠪᠣᠯᠬᠤ ᠦᠭᠡᠢ᠂ ᠠᠭᠤᠰᠤᠯᠴᠠᠬᠤ᠎ᠠᠴᠠ ᠪᠢᠰᠢ ᠬᠠᠷᠢᠯᠴᠠᠭ᠎ᠠ᠎ᠪᠠᠨ ᠲᠠᠰᠤᠯᠵᠤ ᠪᠣᠯᠬᠤ ᠦᠭᠡᠢ᠂ ᠠᠵᠤ ᠠᠬᠤᠢ ᠵᠢᠨ ᠳᠡᠯᠡᠬᠡᠶ᠋ᠢᠵᠢᠯᠲᠡ ᠵᠢ ᠨᠡᠩ ᠨᠡᠭᠡᠭᠡᠯᠲᠡᠲᠡᠢ᠂ ᠪᠠᠭᠲᠠᠭ᠋ᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ᠎ᠪᠠᠷ ᠠᠰᠢᠭ ᠬᠦᠷᠳᠡᠬᠦ ᠴᠢᠭᠯᠡᠯ ᠲᠡᠶ᠋ᠢᠰᠢ ᠬᠥᠭᠵᠢᠬᠦ ᠵᠢ ᠬᠦᠳᠦᠯᠥᠨ ᠳᠠᠭ᠋ᠠᠭᠤᠯᠤᠶ᠎ᠠ᠃ ᠪᠢᠳᠡ ᠬᠣᠷᠸ᠎ᠠ ᠠᠵᠤ ᠠᠬᠤᠢ ᠵᠢᠨ ᠲᠦᠷᠦ ᠵᠢᠨ ᠪᠤᠳᠤᠯᠭ᠎ᠠ ᠵᠢᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠨᠠᠵᠠᠭ᠋ᠠᠢ ᠲᠠᠯ᠎ᠠ ᠵᠢᠨ ᠪᠢᠯᠬᠠᠬᠤ ᠦᠢ᠍ᠯᠡᠳᠦᠯ᠎ᠢ ᠬᠣᠷᠢᠬᠯᠠᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠣᠯᠪᠣᠯᠳᠤᠨ ᠨᠡᠪᠲᠡᠷᠡᠯᠴᠡᠬᠦ ᠵᠢᠷᠤᠭ ᠲᠥᠯᠥᠪᠯᠡᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠣᠭ᠋ᠠᠴᠢᠯᠠᠯᠳᠠ ᠵᠢᠨ ᠬᠣᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠵᠢ ᠠᠬᠢᠭᠤᠯᠤᠶ᠎ᠠ᠃ ᠪᠢᠳᠡ ᠣᠷᠣᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠠᠬᠢᠭᠤᠯᠵᠤ᠂ ᠥᠨᠳᠥᠷ ᠲᠦᠪᠰᠢᠨ᠎ᠲᠠᠢ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠴᠢᠯᠥᠭᠡᠲᠦ ᠠᠷᠠᠯᠵᠢᠶᠠᠨ᠎ᠤ ᠣᠷᠣᠨ᠎ᠢ ᠡᠷᠲᠡᠬᠡᠨ ᠪᠠᠶ᠋ᠢᠭᠤᠯᠤᠶ᠎ᠠ᠃ ᠳᠤᠮᠳᠠᠳᠤ ᠤᠯᠤᠰ ᠨᠢᠭᠡᠨᠲᠡ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ ᠤ ᠬᠠᠷᠢᠯᠴᠠᠭ᠎ᠠ ᠵᠢᠨ ᠬᠡᠯᠡᠯᠴᠡᠭᠡᠷ ᠢ ᠬᠢᠨᠠᠨ ᠵᠥᠪᠰᠢᠶᠡᠷᠡᠬᠦ ᠠᠵᠢᠯ ᠢ ᠲᠦᠷᠦᠭᠦᠯᠡᠨ ᠪᠡᠶᠡᠯᠡᠭᠦᠯᠵᠦ᠂ ᠬᠡᠯᠡᠯᠴᠡᠭᠡᠷ ᠡᠨᠡ ᠵᠢᠯ ᠵᠢᠩᠬᠢᠨᠢ ᠪᠠᠷ ᠬᠦᠴᠦᠨ ᠲᠠᠢ ᠪᠣᠯᠬᠤ ᠵᠢ ᠬᠦᠰᠡᠨ ᠬᠦᠯᠢᠶᠡᠵᠤ ᠪᠠᠶ᠋ᠢᠨ᠎ᠠ᠃
ᠭᠤᠷᠪᠠᠳᠤᠭ᠋ᠠᠷ᠎ᠲᠤ᠂ ᠪᠠᠭᠲᠠᠭ᠋ᠠᠮᠵᠢᠲᠠᠢ ᠦᠷᠭᠦᠯᠵᠢᠯᠡᠬᠦ ᠬᠥᠭᠵᠢᠯᠲᠡ ᠵᠢ ᠪᠠᠷᠢᠮᠲᠠᠯᠠᠶ᠎ᠠ᠃ ᠳᠡᠯᠡᠬᠡᠶ ᠵᠢᠨ ᠪᠥᠮᠪᠥᠷᠴᠡᠭ ᠪᠣᠯ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠴᠣᠷ᠎ᠤᠨ ᠭᠠᠭᠴᠠ ᠭᠡᠷ ᠣᠷᠣᠨ ᠮᠥᠨ᠃ ᠪᠢᠳᠡ ᠬᠥᠮᠦᠨ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠰᠠᠢ᠍ᠢ᠍ᠨ ᠰᠠᠶ᠋ᠢᠬᠠᠨ ᠠᠮᠢ ᠠᠬᠤᠢ ᠤᠷᠴᠢᠨ ᠲᠤᠭᠤᠷᠢᠨ᠎ᠢ ᠪᠦᠬᠦ ᠪᠥᠮᠪᠥᠷᠴᠡᠭ᠎ᠤᠨ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢᠨ ᠴᠢᠬᠤᠯᠠ ᠲᠤᠯᠭ᠋ᠠᠭᠤᠷᠢᠯᠡᠯ ᠪᠣᠯᠭ᠋ᠠᠵᠤ᠂ ᠪᠣᠬᠢᠷᠲᠤᠯ ᠦᠭᠡᠢ ᠨᠡᠮᠡᠭᠳᠡᠯ᠎ᠢ ᠪᠡᠶᠡᠯᠡᠭᠦᠯᠦᠶ᠎ᠠ᠃ ᠳᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠡᠭ᠋ᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠎ᠠ ᠵᠢᠨ ᠦᠷᠭᠦᠯᠵᠢᠯᠡᠬᠦ ᠬᠥᠭᠵᠢᠯᠲᠡ ᠵᠢᠨ ᠬᠠᠮᠲᠤᠷᠠᠯᠴᠠᠭ᠎ᠠ ᠥᠷᠨᠢᠭᠦᠯᠬᠦ ᠵᠢ ᠳᠡᠮᠵᠢᠵᠦ᠂ ᠣᠷᠴᠢᠨ ᠲᠣᠭᠣᠷᠢᠨ᠎ᠤ ᠦᠢ᠍ᠯᠡᠳᠬᠦᠨ᠎ᠤ ᠭᠠᠶ᠋ᠢᠯᠢ ᠵᠢ ᠪᠠᠭᠤᠷᠠᠭᠤᠯᠬᠤ ᠨᠠᠷᠢᠨ ᠳᠠᠩᠰᠠ ᠵᠢ ᠲᠡᠭᠦᠯᠳᠡᠷᠵᠢᠭᠦᠯᠵᠦ᠂ ᠡᠨᠧᠷᠭᠢ ᠵᠢᠨ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠤᠯᠠᠨ ᠡᠰᠢᠵᠢᠭᠰᠡᠨ ᠬᠥᠭᠵᠢᠯᠲᠡ ᠲᠡᠶ᠋ᠢᠰᠢ ᠬᠥᠭᠵᠢᠬᠦ ᠵᠢ ᠠᠬᠢᠭᠤᠯᠤᠨ᠎ᠠ᠃ ᠪᠢᠳᠡ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠠᠭᠲᠠᠭ᠋ᠠᠮᠵᠢᠲᠤ ᠴᠢᠨᠠᠷᠲᠠᠢ ᠠᠷᠠᠯᠵᠢᠶᠠᠨ᠎ᠤ ᠪᠡᠯᠡ ᠣᠷᠣᠭᠤᠯᠤᠯᠲᠠ ᠵᠢ ᠠᠬᠢᠭᠤᠯᠵᠤ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠵᠦ᠂ ᠡᠮᠡᠭᠲᠡᠶ᠋ᠢᠴᠦᠳ ᠵᠡᠷᠭᠡ ᠪᠠᠭᠤᠷᠠᠢ᠍ᠢ᠍ᠴᠤᠤᠯᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠦᠢ᠍ᠯ᠎ᠤᠨ ᠶᠠᠳᠠᠭᠤ ᠬᠦᠴᠢᠷᠳᠡᠯ᠎ᠢ ᠠᠷᠢᠯᠭ᠋ᠠᠭᠰᠠᠨ ᠲᠤᠷᠰᠢᠯᠭ᠎ᠠ᠎ᠪᠠᠨ ᠬᠤᠪᠢᠶᠠᠯᠴᠠᠵᠤ᠂ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠴᠢᠷᠮᠠᠶ᠋ᠢᠨ ᠨᠠᠶ᠋ᠢᠳᠠᠪᠤᠷᠢᠵᠢᠭᠤᠯᠤᠶᠠ᠃
ᠳᠥᠷᠪᠡᠳᠦᠭᠡᠷ᠎ᠲᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠠ ᠲᠣᠬᠢᠶᠠᠯ᠎ᠢ ᠡᠵᠡᠮᠳᠡᠶ᠎ᠠ᠃ ᠲᠣᠭ᠋ᠠᠴᠢᠯᠠᠭᠰᠠᠨ ᠠᠵᠤ ᠠᠬᠤᠢ ᠪᠣᠯ ᠳᠡᠯᠡᠬᠡᠢ ᠵᠢᠨ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠴᠢᠭᠯᠡᠯ ᠪᠣᠯᠤᠨ᠎ᠠ᠃ ᠪᠦᠬᠦ ᠪᠥᠮᠪᠥᠷᠴᠡᠭ᠎ᠤᠨ ᠲᠣᠭ᠋ᠠᠴᠢᠯᠠᠭᠰᠠᠨ ᠠᠵᠤ ᠠᠬᠤᠢ ᠪᠣᠯ ᠨᠡᠬᠡᠬᠡᠯᠳᠡ᠎ᠲᠠᠢ ᠪᠦᠬᠡᠳ ᠨᠢᠭᠲᠠ ᠬᠣᠯᠪᠣᠯᠳᠤᠬᠰᠠᠨ ᠪᠦᠬᠦᠯᠢ ᠴᠣᠭᠴᠠ ᠮᠥᠨ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠪᠣᠯ ᠴᠤᠷ᠎ᠤᠨ ᠭᠠᠭᠴᠠ ᠵᠥᠪ ᠵᠠᠮ ᠮᠥᠨ᠂ ᠪᠢᠲᠡᠭᠦᠮᠵᠢᠯᠡᠵᠤ ᠪᠤᠰᠤᠳ᠎ᠢ ᠭᠠᠳᠠᠭᠤᠷᠴᠢᠯᠠᠵᠤ᠂ ᠡᠰᠡᠷᠭᠦᠴᠡᠯᠳᠦᠨ ᠬᠠᠭ᠋ᠠᠴᠠᠭᠤᠯᠬᠤ᠎ᠨᠢ ᠵᠦᠪᠬᠡᠨ ᠮᠤᠬᠤᠷ ᠭᠤᠳᠤᠮᠵᠢᠨ᠎ᠳᠤ ᠯᠡ ᠣᠷᠣᠨ᠎ᠠ᠃ ᠪᠢᠳᠡ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠢᠨᠲ᠋ᠧᠷ ᠰᠦᠯᠵᠢᠶ᠎ᠡ ᠪᠠ ᠲᠣᠭ᠋ᠠᠴᠢᠯᠠᠭᠰᠠᠨ ᠠᠵᠤ ᠠᠬᠤᠢ ᠵᠢᠨ ᠵᠠᠮ ᠱᠤᠭᠤᠮ᠎ᠤᠨ ᠵᠢᠷᠤᠭ᠎ᠢ ᠪᠦᠬᠦ ᠲᠠᠯ᠎ᠠ᠎ᠪᠠᠷ ᠲᠡᠩᠴᠡᠭᠦᠷᠢᠲᠡᠢ ᠨᠠᠶ᠋ᠢᠳᠠᠪᠤᠷᠢᠵᠢᠭᠤᠯᠵᠤ᠂ ᠲᠣᠭ᠋ᠠᠴᠢᠯᠠᠭᠰᠠᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨ᠎ᠡ ᠮᠡᠷᠭᠡᠵᠢᠯ᠎ᠢ ᠤᠯᠠᠮᠵᠢᠯᠠᠨ ᠳᠡᠯᠭᠡᠷᠡᠭᠦᠯᠬᠦ ᠪᠠ ᠬᠡᠷᠡᠭᠯᠡᠬᠦ ᠵᠢ ᠠᠬᠢᠭᠤᠯᠵᠤ᠂ ᠨᠡᠭᠡᠭᠡᠯᠲᠡᠲᠦ᠂ ᠡᠷᠬᠡ ᠲᠡᠭᠰᠢ᠂ ᠭᠠᠳᠠᠭᠤᠷᠴᠢᠯᠠᠯ ᠦᠭᠡᠢ ᠲᠣᠭ᠋ᠠᠴᠢᠯᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠷᠮᠠᠶ᠋ᠢᠨ ᠪᠠᠶ᠋ᠢᠭᠤᠯᠤᠶ᠎ᠠ᠃ ᠳᠤᠮᠳᠠᠳᠤ ᠤᠯᠤᠰ ᠲᠣᠭ᠋ᠠᠴᠢᠯᠠᠭᠰᠠᠨ ᠮᠡᠷᠭᠡᠵᠢᠯ ᠵᠶ᠋ᠠᠷ ᠬᠢᠵᠢᠭ᠎ᠲᠠᠢ ᠲᠡᠮᠡᠴᠡᠬᠦ᠂ ᠤᠶᠤᠨᠲᠤ ᠬᠤᠳᠠ ᠵᠡᠷᠭᠡ ᠤᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠰᠠᠨᠠᠭ᠋ᠠᠴᠢᠯᠠᠭ᠎ᠠ ᠵᠢ ᠨᠢᠭᠡᠨᠲᠡ ᠪᠡᠶᠡᠯᠡᠭᠦᠯᠵᠦ᠂ ᠪᠠᠰᠠ ᠲᠣᠭ᠋ᠠᠴᠢᠯᠠᠯᠳᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠨ᠂ ᠲᠣᠭ᠋ᠠᠴᠢᠯᠠᠭᠰᠠᠨ ᠮᠡᠷᠭᠡᠵᠢᠯ ᠵᠶ᠋ᠠᠷ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ᠎ᠳᠤ ᠬᠦᠴᠦᠨ ᠨᠡᠮᠡᠷᠢᠯᠡᠬᠦ ᠵᠡᠷᠭᠡ ᠬᠠᠮᠲᠤᠷᠠᠯᠴᠠᠭ᠋ᠠᠨ᠎ᠤ ᠰᠠᠨᠠᠭ᠋ᠠᠴᠢᠯᠠᠭ᠎ᠠ ᠵᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠬᠠᠮᠲᠤᠷᠠᠯᠴᠠᠭ᠎ᠠ᠎ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠠ᠃
ᠡᠯ᠎ᠠ ᠬᠠᠮᠲᠤ ᠠᠵᠢᠯᠯᠠᠭᠰᠠᠳ ᠡ!
ᠳᠤᠮᠳᠠᠳᠤ ᠤᠯᠤᠰ ᠨᠢᠭᠡᠨᠲᠡ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠪᠡ᠃ ᠪᠢᠳᠡ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠢ ᠵᠢᠨ ᠰᠢᠨ᠎ᠡ ᠪᠠᠶ᠋ᠢᠭᠤᠯᠤᠮᠵᠢ ᠵᠢ ᠪᠠᠶ᠋ᠢᠭᠤᠯᠵᠤ᠂ ᠨᠡᠩ ᠲᠠᠲᠠᠬᠤ ᠬᠦᠴᠦᠨ᠎ᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠡᠭᠦᠳᠴᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠬᠤ ᠵᠢ ᠠᠬᠢᠭᠤᠯᠵᠤ᠂ ᠳᠡᠯᠡᠬᠡᠢ ᠵᠢᠨ ᠪᠠ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠡᠯ᠎ᠡ ᠤᠯᠤᠰ᠎ᠯᠤᠭ᠎ᠠ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠦᠨ᠎ᠡ᠃
ᠰᠢᠨ᠎ᠡ ᠽᠧᠯᠡᠨᠳ᠋᠎ᠲᠤ 《ᠨᠡᠷᠡᠨ ᠵᠦᠭ᠎ᠲᠤ ᠬᠠᠨᠳᠤᠬᠤ ᠦᠶ᠎ᠠ᠎ᠳᠤ ᠪᠠᠷᠠᠭ᠋ᠠᠨ ᠰᠡᠭᠦᠳᠡᠷ ᠠᠶᠠᠨᠳᠠᠭ᠋ᠠᠨ ᠠᠷᠢᠯᠤᠨ᠎ᠠ》 ᠭᠡᠬᠦ ᠰᠡᠴᠡᠨ ᠦᠭᠡ ᠪᠠᠢ᠍ᠢ᠍ᠳᠠᠭ᠂ ᠪᠢᠳᠡ ᠬᠥᠮᠦᠨ ᠲᠥᠷᠥᠯᠬᠢᠲᠡᠨ᠎ᠤ ᠬᠠᠮᠲᠤᠷᠠᠯᠴᠠᠵᠤ ᠪᠠᠢ᠍ᠢ᠍ᠭ᠋ᠠᠳ ᠬᠢᠵᠢᠭ᠎ᠤᠨ ᠪᠠᠶ᠋ᠢᠳᠠᠯ᠎ᠢ ᠢᠯᠠᠨ ᠳᠠᠪᠠᠬᠤ᠎ᠳᠤ ᠢᠲᠡᠭᠡᠯ ᠲᠡᠭᠦᠯᠳᠡᠷ ᠪᠠᠶ᠋ᠢᠨ᠎ᠠ᠂ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢᠨ ᠢᠷᠡᠭᠡᠳᠦᠢ᠎ᠳᠤ ᠢᠲᠡᠭᠡᠯ ᠳᠦᠭᠦᠷᠡᠩ ᠪᠠᠶ᠋ᠢᠨ᠎ᠠ᠂ ᠬᠥᠮᠦᠨ ᠲᠥᠷᠥᠯᠬᠢᠲᠡᠨ᠎ᠤ ᠬᠠᠮᠲᠤ ᠵᠢᠨ ᠰᠠᠢ᠍ᠢ᠍ᠨ ᠰᠠᠶ᠋ᠢᠬᠠᠨ ᠢᠷᠡᠭᠡᠳᠦᠢ᠎ᠳᠤ ᠢᠲᠡᠭᠡᠯ ᠲᠡᠭᠦᠯᠳᠡᠷ ᠪᠠᠶ᠋ᠢᠨ᠎ᠠ᠃ ᠪᠢᠳᠡ ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ ᠠᠬᠤᠶ ᠵᠢᠨ ᠰᠡᠷᠭᠦᠯᠲᠡ ᠵᠢ ᠭᠠᠷ ᠬᠣᠯᠪᠣᠨ ᠠᠬᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠬᠥᠭᠵᠢᠯ ᠴᠡᠴᠡᠭᠯᠡᠯ᠎ᠤᠨ ᠰᠠᠶ᠋ᠢᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠵᠤ ᠬᠠᠮᠲᠤ᠎ᠪᠠᠷ ᠡᠳ᠋ᠯᠡᠶ᠎ᠡ!
ᠣᠯᠠᠨ᠎ᠳᠤ ᠪᠠᠶᠠᠷᠯᠠᠯ᠎ᠠ᠃