ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ 《ᠳᠤᠮᠳᠠᠳᠤ ᠤᠯᠤᠰ ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2021-07-20

      ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 15᠎ᠤ ᠴᠠᠬᠢᠯᠭ᠋ᠠᠨ ᠮᠡᠳᠡᠭᠡ  7 ᠰᠠᠷ᠎ᠠ ᠵᠢᠨ 16᠎ᠤ ᠡᠳᠦᠷ ᠬᠡᠪᠯᠡᠭᠳᠡᠭᠰᠡᠨ 14 ᠳ᠋ᠤᠭᠡᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠ ᠵᠣᠬᠢᠶᠠᠯ 《ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠶ᠋ᠢᠲᠡᠯᠡᠪᠡ᠃
      ᠵᠣᠬᠢᠶᠠᠯ᠎ᠳᠤ᠂ ᠥᠩᠭᠡᠷᠡᠭᠰᠡᠨ ᠵᠠᠭᠤᠨ ᠵᠢᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠡᠭᠡᠨ᠂ ᠲᠡᠦᠬᠡᠨ᠎ᠳᠤ ᠨᠢᠭᠡᠨ ᠬᠤᠪᠢ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃ ᠤᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠠᠶᠠᠨ᠎ᠳᠠᠭᠠᠨ ᠮᠤᠷᠳᠠᠯ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠵᠢᠨ ᠦᠨᠳᠦᠰᠦᠲᠡᠨ᠎ᠤ ᠮᠢᠨᠭ᠌ᠭ᠋ᠠᠨ ᠤᠨ᠎ᠤ ᠠᠤᠭ᠎ᠠ ᠦᠢ᠍ᠯᠡᠰ᠎ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ᠎ᠲᠠᠢ ᠴᠠᠬ ᠦᠶ᠎ᠡ ᠮᠦᠨ! ᠥᠩᠭᠡᠷᠡᠭᠰᠡᠨ ᠵᠶ᠋ᠠᠨ ᠡᠷᠭᠢᠴᠡᠭᠦᠯᠵᠦ ᠢᠷᠡᠭᠡᠳᠦᠶ᠎ᠪᠠᠨ ᠪᠠᠷᠠᠯᠠᠬᠤᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠲᠠ ᠪᠦᠯᠬᠦᠮᠳᠡᠯ ᠪᠠᠢ᠍ᠢ᠍ᠬᠰᠠᠨ ᠬᠤᠢ᠍ᠢ᠍ᠨ᠎ᠠ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠯᠠᠪᠲᠠᠶ ᠪᠡᠶᠡᠯᠡᠭᠳᠡᠨ᠎ᠡ! ᠭᠡᠵᠤ ᠴᠢᠬᠤᠯᠠᠴᠢᠯᠠᠪᠠ᠃
      ᠵᠣᠬᠢᠶᠠᠯ᠎ᠳᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠲᠠᠰᠤᠷᠠᠯᠳᠠ ᠦᠭᠡᠢ ᠴᠢᠷᠮᠠᠢ᠍ᠢ᠍ᠨ ᠲᠡᠮᠡᠴᠡᠬᠦ᠎ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠵᠢᠨ ᠡᠬᠡ ᠭᠠᠵᠠᠷ᠎ᠲᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢ᠍ᠢ᠍ᠭᠤᠯᠬᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠣᠮᠣᠭ ᠲᠡᠭᠦᠯᠳᠡᠷ ᠤᠷᠤᠭᠰᠢᠯᠠᠵᠤ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃
      ᠵᠣᠬᠢᠶᠠᠯ᠎ᠳᠤ᠂ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠵᠢ ᠬᠤᠷᠢᠶᠠᠩᠭᠤᠶ᠋ᠢᠯᠠᠪᠠᠯ᠄ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠨᠢᠭᠡ ᠭᠣᠣᠯ ᠰᠡᠳᠦᠪ ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠠᠮᠵᠢᠯᠲᠠ ᠵᠢ ᠡᠭᠦᠳᠴᠦ᠂ ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠴᠦ᠂ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠴᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭ᠋ᠠᠲᠤᠷᠯᠢᠭ ᠨᠤᠭᠤᠷᠠᠰᠢ ᠦᠭᠡᠢ ᠲᠡᠮᠡᠴᠡᠯ ᠵᠶ᠋ᠠᠷ᠂ ᠳᠤᠮᠳᠠᠳᠤ ᠵᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠡᠶᠡᠯᠡᠭᠳᠡᠭᠦ᠎ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ! ᠭᠡᠵᠤ ᠲᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠵᠠᠢ ᠭᠡᠵᠤ ᠵᠢᠭ᠋ᠠᠵᠤ ᠭᠠᠷᠭ᠋ᠠᠪᠠ᠃
      ᠵᠣᠬᠢᠶᠠᠯ᠎ᠳᠤ᠂ ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠢᠳᠤᠰ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨ ᠪᠠᠶ᠋ᠢᠭᠤᠯᠵᠤ᠂ ᠦᠨᠡᠨ ᠶᠣᠰᠣ ᠵᠢ ᠪᠠᠷᠢᠮᠲᠠᠯᠠᠬᠤ᠂ ᠬᠦᠰᠡᠯᠡᠩ ᠵᠶ᠋ᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠂ ᠡᠷᠡᠯᠬᠡᠭ ᠪᠠᠭ᠋ᠠᠲᠤᠷᠯᠢᠭ ᠵᠶ᠋ᠠᠷ ᠲᠡᠮᠡᠴᠡᠬᠦ᠂ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠦᠷᠢᠯᠳᠦᠭᠦᠯᠦᠭᠰᠡᠨ ᠪᠠᠢ᠍ᠢ᠍ᠨ᠎ᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠶᠤᠨ ᠰᠠᠨᠠᠭ᠋ᠠᠨ᠎ᠤ ᠡᠬᠢ ᠰᠤᠷᠪᠤᠯᠵᠢ ᠮᠥᠨ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠷᠳᠤ ᠬᠤᠭᠤᠴᠠᠭ᠋ᠠᠨ᠎ᠤ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠴᠠᠳᠢᠭ᠎ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠵᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠪᠢᠳᠡ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭ᠋ᠠᠮᠵᠢᠯᠠᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠡᠭᠦᠷᠢᠳᠡ ᠵᠠᠯᠭ᠋ᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ! ᠭᠡᠵᠦ ᠵᠢᠭ᠋ᠠᠵᠦ ᠭᠠᠷᠭ᠋ᠠᠪᠠ᠃
      ᠵᠣᠬᠢᠶᠠᠯ᠎ᠳᠤ᠂ ᠲᠡᠦᠬᠡ᠎ᠪᠠᠷ ᠲᠤᠯᠢ ᠪᠣᠯᠭ᠋ᠠᠪᠠᠯ᠂ ᠲᠦᠷᠦ ᠭᠦᠷᠦᠨ᠎ᠤ ᠮᠠᠨᠳᠤᠯ ᠮᠥᠬᠥᠯ ᠤᠯᠠᠷᠢᠯ ᠰᠤᠯᠢᠬᠳᠠᠯ᠎ᠤᠨ ᠶᠤᠰᠤ ᠵᠢ ᠮᠡᠳᠡᠵᠦ ᠪᠣᠯᠤᠨ᠎ᠠ᠃ ᠪᠢᠳᠡ ᠲᠡᠦᠬᠡ᠎ᠪᠠᠷ ᠤᠳᠤᠬᠢ ᠵᠢ ᠲᠤᠯᠢᠳᠠᠵᠦ᠂ ᠢᠷᠡᠭᠡᠳᠦᠢ ᠵᠢ ᠪᠠᠷᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠥᠩᠭᠡᠷᠡᠭᠰᠡᠨ᠎ᠳᠤ ᠪᠢᠳᠡ ᠶᠠᠭ᠋ᠠᠬᠢᠭ᠋ᠠᠳ ᠠᠮᠵᠢᠯᠲᠠ ᠣᠯᠵᠤ ᠴᠢᠳᠠᠭᠰᠠᠨ᠎ᠢ ᠲᠣᠳᠣᠷᠬᠠᠢ ᠲᠠᠨᠢᠵᠤ᠂ ᠢᠷᠡᠭᠡᠳᠦᠢ᠎ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠵᠢ ᠲᠣᠳᠣᠷᠬᠠᠢ ᠣᠶ᠋ᠢᠯᠠᠭ᠋ᠠᠵᠤ᠂ ᠡᠭᠦᠨ᠎ᠤ ᠤᠯᠠᠮ ᠵᠶ᠋ᠠᠷ ᠰᠢᠨ᠎ᠡ ᠠᠶᠠᠨ᠎ᠳᠠᠭᠠᠨ ᠨᠡᠩ ᠡᠷᠡᠰ ᠪᠠᠲᠤ᠂ ᠨᠡᠩ ᠤᠬᠠᠮᠰᠠᠷ᠎ᠠᠴᠠ᠎ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠢ᠍ᠢ᠍ᠨ ᠰᠠᠶ᠋ᠢᠬᠠᠨ ᠢᠷᠡᠭᠡᠳᠦᠢ᠎ᠪᠠᠨ ᠴᠣᠭᠴᠠᠯᠠᠬᠤ ᠬᠡᠷᠡᠭᠲᠡᠢ᠃ ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠂ ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ᠂ ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠂ ᠡᠷᠬᠡᠪᠰᠢ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢ ᠲᠦᠷᠭᠡᠳᠬᠡᠬᠦ ᠬᠡᠷᠡᠭᠲᠡᠢ᠂ ᠡᠷᠬᠡᠪᠰᠢ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠂ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ᠎ᠲᠠᠢ ᠠᠭᠤᠤ ᠶᠡᠬᠡ ᠲᠡᠮᠡᠴᠡᠯ᠎ᠢ ᠬᠢᠬᠦ ᠬᠡᠷᠡᠭᠲᠡᠢ᠂ ᠡᠷᠬᠡᠪᠰᠢ ᠳᠤᠮᠳᠠᠳᠤ ᠵᠢᠨ ᠬᠥᠪᠡᠭᠦᠳ ᠥᠬᠢᠳ᠎ᠤᠨ ᠶᠡᠬᠡ ᠪᠦᠯᠬᠦᠮᠳᠡᠯ᠎ᠢ ᠴᠢᠩᠭ᠋ᠠᠳᠬᠠᠬᠤ ᠬᠡᠷᠡᠭᠲᠡᠢ᠂ ᠡᠷᠬᠡᠪᠰᠢ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠵᠣᠬᠢᠶᠠᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠭᠡᠰᠢᠭᠦᠳ᠎ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠤᠨ ᠵᠣᠷᠢᠯᠲᠠ ᠵᠢ ᠦᠢ᠍ᠯᠡᠳᠦᠯᠭᠡᠵᠢᠭᠦᠯᠵᠦ᠂ ᠠᠷᠠᠳ ᠤᠯᠠᠨ᠎ᠯᠤᠭ᠎ᠠ ᠵᠢᠨ ᠮᠢᠬ᠎ᠠ ᠴᠢᠰᠤᠨ᠎ᠤ ᠪᠠᠷᠢᠯᠳᠤᠯᠭ᠎ᠠ᠎ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ᠎ᠲᠠᠢ ᠪᠤᠳᠤᠯ ᠵᠶ᠋ᠠᠨ ᠨᠢᠭᠡᠳᠬᠡᠵᠦ᠂ ᠬᠦᠴᠦ᠎ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ ᠵᠢᠨ ᠲᠥᠯᠥᠭᠡ ᠦᠷᠭᠦᠯᠵᠢᠯᠡᠨ ᠴᠥᠬᠥᠷᠡᠰᠢ ᠦᠭᠡᠢ ᠴᠢᠷᠮᠠᠶ᠋ᠢᠵᠤ᠂ ᠨᠠᠮ ᠪᠣᠯᠤᠨ ᠠᠷᠠᠳ ᠲᠦᠮᠡᠨ᠎ᠳᠤ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠵᠦ ᠦᠭᠬᠦ᠎ᠪᠠᠷ ᠴᠢᠷᠮᠠᠶ᠋ᠢᠰᠤᠭ᠋ᠠᠢ ᠭᠡᠵᠦ ᠤᠷᠢᠶᠠᠯᠠᠪᠠ᠃

ᠢᠷᠡᠯᠲᠡ᠄ ᠦᠪᠦᠷ ᠮᠣᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠵᠤ ᠫᠠᠺᠢᠰᠲ᠋ᠠᠨ᠎ᠤ ᠲᠠᠯ᠎ᠠ ᠵᠢᠨ᠎ᠬᠢᠨ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ
ᠪᠦᠯᠬᠦᠮᠳᠡᠨ ᠬᠠᠮᠲᠤᠷᠠᠯᠴᠠᠵᠤ ᠬᠢᠵᠢᠭ᠎ᠲᠠᠢ ᠲᠡᠮᠡᠴᠡᠨ ᠠᠵᠤ ᠠᠬᠤᠢ ᠵᠢᠨ ᠰᠡᠷᠭᠦᠯᠲᠡ ᠵᠢ ᠬᠦᠳᠦᠯᠥᠨ ᠳᠠᠭ᠋ᠠᠭᠤᠯᠤᠶ᠎ᠠ
ᠯᠢ ᠺᠸ ᠴᠢᠶᠠᠩ 2021 ᠣᠨ᠎ᠤ ᠪᠥᠬᠥ ᠤᠯᠤᠰ᠎ᠤᠨ ᠡᠮᠴᠢᠯᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
ᠯᠢ ᠺᠸ ᠴᠢᠶᠠᠩ ᠪᠷᠦᠢ᠍ᠨ᠋ᠸᠢ ᠵᠢᠨ ᠤᠯᠤᠰ᠎ᠤᠨ ᠸᠠᠩ ᠬᠠᠰᠰᠠᠨᠠᠯ᠎ᠲᠠᠢ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠶᠠᠷᠢᠯᠴᠠᠭ᠋ᠠᠨ᠎ᠤ ᠬᠠᠷᠢᠴᠠᠭ᠎ᠠ ᠪᠠᠶ᠋ᠢᠭᠤᠯᠤᠭᠰᠠᠨ 30 ᠵᠢᠯ᠎ᠤᠨ ᠤᠢ ᠵᠢᠨ ᠲᠤᠬᠠᠢ ᠬᠠᠷᠢᠯᠴᠠᠨ ᠪᠠᠶᠠᠷ᠎ᠤᠨ ᠴᠠᠬᠢᠯᠭ᠋ᠠᠨ ᠢᠯᠡᠭᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠠᠳᠬᠤᠬᠤ ᠲᠤᠬᠠᠢ ᠪᠠᠶ᠋ᠢᠷᠢᠯᠠᠭᠤᠯᠪᠠ
 
            