ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠵᠤ ᠫᠠᠺᠢᠰᠲ᠋ᠠᠨ᠎ᠤ ᠲᠠᠯ᠎ᠠ ᠵᠢᠨ᠎ᠬᠢᠨ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ
ᠨᠡᠶ᠋ᠢᠲᠡᠯᠡᠭᠰᠡᠨ ᠴᠠᠭ᠄ 2021-07-20

      ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
      ᠫᠠᠺᠢᠰᠲ᠋ᠠᠨ᠎ᠤ ᠲᠠᠯ᠎ᠠ ᠵᠢᠨ᠎ᠬᠢᠨ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ


      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 7 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠡᠮᠦᠨ᠎ᠡ ᠵᠥᠩ ᠨᠠᠨ ᠬᠠᠶ ᠵᠢᠨ ᠽᠢ ᠭᠤᠸᠠᠩ ᠭ᠋ᠸ᠎ᠳᠤ ᠫᠠᠺᠢᠰᠲ᠋ᠠᠨ᠎ᠤ ᠶᠡᠷᠦᠩᠬᠡᠶ ᠰᠠᠶ᠋ᠢᠳ ᠢᠮᠦᠯᠠᠨ · ᠬᠠᠨ᠎ᠲᠠᠢ ᠪᠣᠯᠵᠣᠭ᠎ᠠ ᠶᠣᠰᠣᠭ᠋ᠠᠷ ᠤᠲᠠᠰᠤ᠎ᠪᠠᠷ ᠶᠠᠷᠢᠯᠴᠠᠪᠠ᠃
      ᠢᠮᠦᠯᠠᠨ · ᠬᠠᠨ ᠶᠠᠭᠤᠨ᠎ᠤ ᠡᠮᠦᠨ᠎ᠡ ᠫᠠᠺᠢᠰᠲ᠋ᠠᠨ᠎ᠤ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠤ ᠡᠮᠦᠨ᠎ᠡ᠎ᠠᠴᠠ ᠲᠦᠷᠦᠭᠦᠬᠡᠨ᠎ᠳᠤ ᠫᠠᠺᠢᠰᠲ᠋ᠠᠨ᠎ᠳᠤ ᠰᠦᠷᠳᠡᠭᠦᠯᠦᠯ᠎ᠤᠨ ᠦᠵᠡᠯ᠎ᠤᠨ ᠲᠠᠭ᠋ᠠᠷᠢᠯᠳᠠ ᠵᠢᠨ ᠬᠡᠷᠡᠭ ᠡᠭᠦᠰᠴᠦ᠂ ᠳᠤᠮᠳᠠᠳᠤ ᠵᠢᠨ ᠲᠠᠯ᠎ᠠ ᠵᠢᠨ ᠬᠥᠮᠦᠰ ᠬᠦᠨᠳᠦ ᠨᠣᠴᠢᠲᠠᠢ ᠦᠬᠦᠵᠦ ᠰᠢᠷᠬᠠᠳᠤᠭᠰᠠᠨ ᠲᠤᠬᠠᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠳᠤ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠶ᠋ᠢᠬᠤ᠎ᠪᠠᠨ ᠢᠯᠡᠷᠬᠡᠢ᠌ᠯᠡᠵᠦ᠂ ᠡᠨᠳᠡᠭᠰᠡᠳ᠎ᠤᠨ ᠭᠡᠷ ᠪᠦᠯᠢ ᠵᠢᠨ᠎ᠬᠢᠨ᠎ᠳᠤ ᠭᠦᠨ᠎ᠡ ᠡᠮᠭᠡᠨᠢᠨ ᠭᠠᠰᠢᠭᠤᠳᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠫᠠᠺᠢᠰᠲ᠋ᠠᠨ᠎ᠤ ᠲᠠᠯ᠎ᠠ ᠵᠢᠨ ᠱᠠᠳᠤᠴᠢ ᠴᠢᠨᠠᠷᠲᠠᠢ ᠪᠠᠶ᠋ᠢᠴᠠᠭ᠋ᠠᠯᠲᠠ ᠵᠢᠨ ᠠᠬᠢᠴᠠ ᠪᠣᠯᠤᠨ ᠳᠠᠷᠠᠭ᠋ᠠᠴᠢ ᠵᠢᠨ ᠶᠠᠪᠤᠳᠠᠯ᠎ᠢ ᠰᠢᠢ᠍ᠳᠪᠦᠷᠢᠯᠡᠬᠦ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠡᠢ᠃
      ᠯᠢ ᠺᠸ ᠴᠢᠶᠠᠩ ᠫᠠᠺᠢᠰᠲ᠋ᠠᠨ᠎ᠤ ᠲᠠᠯ᠎ᠠ ᠵᠢᠨ᠎ᠬᠢᠨ ᠬᠡᠷᠡᠭ ᠭᠠᠷᠤᠭᠰᠠᠨ᠎ᠤ ᠳᠠᠷᠠᠭ᠎ᠠ ᠲᠡᠷᠡ ᠳᠠᠷᠤᠢ᠎ᠳᠤ᠎ᠨᠢ ᠰᠢᠷᠬᠠᠲᠤᠭᠰᠠᠳ᠎ᠢ ᠠᠪᠤᠷᠠᠨ ᠡᠮᠨᠡᠬᠦ ᠪᠠ ᠡᠨᠳᠡᠯ᠎ᠤᠨ ᠪᠠᠶ᠋ᠢᠴᠠᠭ᠋ᠠᠯᠲᠠ ᠬᠢᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠯᠢ ᠺᠸ ᠴᠢᠶᠠᠩ ᠴᠢᠬᠤᠯᠠᠴᠢᠯᠠᠬᠤ᠎ᠳᠤ᠎ᠪᠠᠨ᠂ ᠠᠮᠢ ᠨᠠᠰᠤ ᠠᠯᠢᠪᠠ᠎ᠠᠴᠠ ᠴᠢᠬᠤᠯᠠ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠠᠴᠠ ᠭᠠᠳᠠᠭ᠋ᠠᠳᠤ᠎ᠳᠤ ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠨ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠶ᠋ᠢᠨ᠎ᠠ᠃ ᠣᠳᠣᠬᠠᠨ᠎ᠤ ᠪᠠᠴᠢᠮ ᠡᠭᠦᠷᠭᠡ ᠪᠣᠯ ᠰᠢᠷᠬᠠᠲᠤᠭᠰᠠᠳ᠎ᠢ ᠪᠦᠬᠦ ᠬᠦᠴᠦᠨ ᠵᠶ᠋ᠠᠷ ᠠᠪᠤᠷᠠᠨ ᠡᠮᠨᠡᠵᠦ᠂ ᠦᠷᠡᠭᠳᠡᠯ ᠰᠢᠷᠬᠠᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠡᠨᠳᠡᠭᠰᠡᠳ᠎ᠤᠨ ᠬᠣᠵᠢᠮ᠎ᠤᠨ ᠶᠠᠪᠤᠳᠠᠯ᠎ᠢ ᠰᠠᠶ᠋ᠢᠲᠤᠷ ᠰᠢᠢ᠍ᠳᠪᠦᠷᠢᠯᠡᠬᠦ ᠶᠠᠪᠤᠳᠠᠯ ᠪᠣᠯᠤᠨ᠎ᠠ᠃ ᠳᠤᠮᠳᠠᠳᠤ ᠵᠢᠨ ᠲᠠᠯ᠎ᠠ ᠵᠢᠨ ᠠᠵᠢᠯᠯᠠᠬᠤ ᠳᠤᠭᠤᠶ᠋ᠢᠯᠠᠩ ᠨᠢᠭᠡᠨᠲᠡ ᠫᠠᠺᠢᠰᠲ᠋ᠠᠨ᠎ᠳᠤ ᠬᠦᠷᠴᠡᠢ᠂ ᠳᠤᠷᠠᠲᠠᠶ᠎ᠠ ᠫᠠᠺᠢᠰᠲ᠋ᠠᠨ᠎ᠤ ᠲᠠᠯ᠎ᠠ ᠵᠢᠨ᠎ᠬᠢᠨ᠎ᠲᠠᠢ ᠨᠢᠭᠲᠠ ᠬᠠᠮᠵᠢᠯᠴᠠᠵᠤ᠂ ᠫᠠᠺᠢᠰᠲ᠋ᠠᠨ᠎ᠤ ᠲᠠᠯ᠎ᠠ ᠵᠢᠨ᠎ᠬᠢᠨ ᠠᠵᠢᠯᠯᠠᠬᠤ ᠳᠤᠭᠤᠶ᠋ᠢᠯᠠᠩ᠎ᠳᠤ ᠬᠠᠪᠰᠤᠷᠤᠯᠭ᠎ᠠ ᠬᠠᠩᠭ᠋ᠠᠵᠤ᠂ ᠴᠢᠬᠤᠯᠠ ᠪᠦᠬᠦᠢ ᠠᠷᠭ᠎ᠠ ᠬᠡᠮᠵᠢᠶ᠎ᠡ ᠪᠦᠬᠦᠨ᠎ᠢ ᠬᠡᠷᠡᠭᠯᠡᠵᠦ᠂ ᠪᠣᠳᠠᠲᠤ ᠬᠡᠷᠡᠭ᠎ᠤᠨ ᠦᠨᠡᠨ ᠪᠠᠶ᠋ᠢᠳᠠᠯ᠎ᠢ ᠨᠠᠷᠢᠨ ᠬᠢᠨᠠᠮᠠᠭ᠋ᠠᠢ᠂ ᠬᠠᠷᠢᠭᠤᠴᠠᠯᠭ᠎ᠠ᠎ᠲᠠᠢ᠂ ᠣᠨᠣᠪᠴᠢᠲᠠᠢ ᠪᠠᠶ᠋ᠢᠴᠠᠭ᠋ᠠᠨ ᠲᠤᠳᠤᠯᠠᠵᠤ᠂ ᠰᠦᠷᠳᠡᠭᠦᠯᠦᠯ᠎ᠤᠨ ᠦᠵᠡᠯ᠎ᠤᠨ ᠲᠠᠭ᠋ᠠᠷᠢᠯᠳᠠ ᠵᠢᠨ ᠶᠠᠷᠭ᠋ᠠᠴᠢᠨ᠎ᠢ ᠡᠷᠬᠡᠪᠰᠢ ᠬᠠᠤᠯᠢ᠎ᠪᠠᠷ ᠰᠢᠢ᠍ᠳᠬᠡᠬᠦ ᠵᠢ ᠬᠦᠰᠡᠵᠦ ᠪᠠᠶ᠋ᠢᠨ᠎ᠠ ᠭᠡᠵᠡᠢ᠃ ᠯᠢ ᠺᠸ ᠴᠢᠶᠠᠩ ᠬᠦᠰᠡᠬᠦ᠎ᠳᠤ᠎ᠪᠠᠨ᠂ ᠫᠠᠺᠢᠰᠲ᠋ᠠᠨ᠎ᠤ ᠲᠠᠯ᠎ᠠ ᠵᠢᠨ᠎ᠬᠢᠨ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠡᠶ᠋ᠢᠮᠦᠷᠬᠦ ᠬᠡᠷᠡᠭ ᠳᠠᠬᠢᠨᠲᠠ ᠭᠠᠷᠬᠤ ᠵᠢ ᠪᠦᠬᠦ ᠬᠦᠴᠦᠨ ᠵᠶ᠋ᠠᠷ ᠰᠡᠷᠭᠡᠶ᠋ᠢᠯᠡᠬᠦ ᠬᠡᠷᠡᠭᠲᠡᠢ ᠭᠡᠵᠡᠢ᠃
      ᠯᠢ ᠺᠸ ᠴᠢᠶᠠᠩ ᠵᠢᠭ᠋ᠠᠬᠤ᠎ᠳᠤ᠎ᠪᠠᠨ᠂ ᠣᠳᠣᠬᠠᠨ᠎ᠤ ᠳᠡᠯᠡᠬᠡᠢ ᠵᠢᠨ ᠪᠠ ᠭᠠᠵᠠᠷ ᠣᠷᠣᠨ᠎ᠤ ᠪᠠᠶ᠋ᠢᠳᠠᠯ᠎ᠳᠤ ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠬᠤᠪᠢᠷᠠᠯᠲᠠ ᠭᠠᠷᠴᠤ ᠪᠠᠶ᠋ᠢᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠳᠤᠮᠳᠠᠳᠤ ᠫᠠᠺᠢᠰᠲ᠋ᠠᠨ᠎ᠤ ᠬᠠᠷᠢᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠂ ᠪᠢᠳᠡ ᠪᠣᠯ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ ᠮᠥᠨ᠂ ᠳᠤᠷᠠᠲᠠᠶ᠎ᠠ ᠫᠠᠺᠢᠰᠲ᠋ᠠᠨ᠎ᠤ ᠲᠠᠯ᠎ᠠ ᠵᠢᠨ᠎ᠬᠢᠨ᠎ᠲᠠᠢ ᠪᠠᠶ᠋ᠢᠯᠳᠤᠬᠤ ᠪᠤᠳᠤᠯᠭ᠎ᠠ ᠵᠢᠨ ᠤᠯᠤᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠭᠠᠵᠠᠷ ᠣᠷᠣᠨ᠎ᠤ ᠡᠩᠬᠡ ᠲᠠᠶ᠋ᠢᠪᠤᠩ ᠠᠮᠤᠷ ᠲᠦᠪᠰᠢᠨ᠎ᠢ ᠬᠠᠮᠠᠭ᠋ᠠᠯᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃
      ᠢᠮᠦ᠋ᠯᠠᠨ · ᠬᠠᠨ ᠢᠯᠡᠷᠬᠡᠶ᠋ᠢᠯᠡᠬᠦ᠎ᠳᠤ᠎ᠪᠠᠨ᠂ ᠫᠠᠺᠢᠰᠲ᠋ᠠᠨ᠎ᠤ ᠲᠠᠯ᠎ᠠ ᠵᠢᠨ᠎ᠬᠢᠨ ᠡᠳᠦᠷ ᠰᠥᠨᠢ ᠢᠯᠭ᠋ᠠᠯ ᠦᠭᠡᠢ ᠪᠥᠬᠥ ᠬᠦᠴᠦᠨ ᠵᠶ᠋ᠠᠷ ᠵᠶ᠋ᠠᠨ ᠰᠢᠷᠬᠠᠲᠤᠭᠰᠠᠳ᠎ᠢ ᠠᠪᠤᠷᠠᠨ ᠵᠠᠰᠠᠵᠤ ᠪᠠᠶ᠋ᠢᠨ᠎ᠠ᠂ ᠪᠥᠬᠥ ᠬᠦᠴᠦᠨ ᠵᠶ᠋ᠠᠷ ᠵᠶ᠋ᠠᠨ ᠬᠡᠷᠡᠭ᠎ᠤᠨ ᠦᠨᠡᠨ ᠪᠠᠶ᠋ᠢᠳᠠᠯ ᠎ᠢ   ᠲᠤᠶ᠋ᠢᠯᠪᠤᠷᠢᠲᠠᠶ   ᠪᠠᠶ᠋ᠢᠴᠠᠭ᠋ᠠᠵᠤ᠂ ᠵᠢᠩᠬᠢᠨᠢ   ᠶᠠᠷᠭ᠋ᠠᠴᠢᠨ ᠎ᠢ   ᠠᠯᠢ   ᠲᠦᠷᠭᠡᠨ ᠵᠶ᠋ᠠᠷ   ᠬᠠᠤᠯᠢ ᠎ᠪᠠᠷ   ᠪᠠᠢ᠌ᠴᠠᠭ᠋ᠠᠨ ᠰᠢᠢ᠍ᠳᠬᠡᠨ᠎ᠡ  ᠃   ᠫᠠᠺᠢᠰᠲ᠋ᠠᠨ᠎ᠤ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ ᠵᠢᠨ ᠠᠵᠢᠯᠯᠠᠬᠤ ᠳᠤᠭᠤᠶ᠋ᠢᠯᠠᠩ᠎ᠤᠨ ᠠᠵᠢᠯ ᠵᠶ᠋ᠠᠨ ᠥᠷᠨᠢᠭᠦᠯᠬᠦ᠎ᠳᠤ ᠬᠠᠪᠰᠤᠷᠤᠨ ᠳᠡᠮᠵᠢᠨ᠎ᠡ ᠭᠡᠵᠡᠢ᠃
      ᠢᠮᠦᠯᠠᠨ · ᠬᠠᠨ ᠴᠢᠬᠤᠯᠠᠴᠢᠯᠠᠬᠤ᠎ᠳᠤ᠎ᠪᠠᠨ᠂ ᠫᠠᠺᠢᠰᠲ᠋ᠠᠨ᠎ᠤ ᠲᠠᠯ᠎ᠠ ᠵᠢᠨ᠎ᠬᠢᠨ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ ᠪᠣᠯᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠢᠭᠡᠨᠲᠡ ᠬᠡᠷᠡᠭᠵᠢᠭᠦᠯᠦᠭᠰᠡᠨ ᠪᠥᠭᠡᠳ ᠦᠷᠭᠦᠯᠵᠢᠯᠡᠨ ᠴᠢᠩᠭ᠋ᠠᠳᠬᠠᠵᠤ᠂ ᠫᠠᠺᠢᠰᠲ᠋ᠠᠨ ᠳᠤᠮᠳᠠᠳᠤ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠠᠮᠤᠷ ᠲᠦᠪᠰᠢᠨ ᠪᠥᠭᠡᠳ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠪᠣᠯᠤᠨ᠎ᠠ ᠭᠡᠵᠦ ᠴᠢᠬᠤᠯᠠᠴᠢᠯᠠᠪᠠ᠃
      ᠡᡁᠸ ᠯᠢ ᠹᠸᠩ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠪᠦᠯᠬᠦᠮᠳᠡᠨ ᠬᠠᠮᠲᠤᠷᠠᠯᠴᠠᠵᠤ ᠬᠢᠵᠢᠭ᠎ᠲᠠᠢ ᠲᠡᠮᠡᠴᠡᠨ ᠠᠵᠤ ᠠᠬᠤᠢ ᠵᠢᠨ ᠰᠡᠷᠭᠦᠯᠲᠡ ᠵᠢ ᠬᠦᠳᠦᠯᠥᠨ ᠳᠠᠭ᠋ᠠᠭᠤᠯᠤᠶ᠎ᠠ
ᠯᠢ ᠺᠸ ᠴᠢᠶᠠᠩ 2021 ᠣᠨ᠎ᠤ ᠪᠥᠬᠥ ᠤᠯᠤᠰ᠎ᠤᠨ ᠡᠮᠴᠢᠯᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
ᠯᠢ ᠺᠸ ᠴᠢᠶᠠᠩ ᠪᠷᠦᠢ᠍ᠨ᠋ᠸᠢ ᠵᠢᠨ ᠤᠯᠤᠰ᠎ᠤᠨ ᠸᠠᠩ ᠬᠠᠰᠰᠠᠨᠠᠯ᠎ᠲᠠᠢ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠶᠠᠷᠢᠯᠴᠠᠭ᠋ᠠᠨ᠎ᠤ ᠬᠠᠷᠢᠴᠠᠭ᠎ᠠ ᠪᠠᠶ᠋ᠢᠭᠤᠯᠤᠭᠰᠠᠨ 30 ᠵᠢᠯ᠎ᠤᠨ ᠤᠢ ᠵᠢᠨ ᠲᠤᠬᠠᠢ ᠬᠠᠷᠢᠯᠴᠠᠨ ᠪᠠᠶᠠᠷ᠎ᠤᠨ ᠴᠠᠬᠢᠯᠭ᠋ᠠᠨ ᠢᠯᠡᠭᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠠᠳᠬᠤᠬᠤ ᠲᠤᠬᠠᠢ ᠪᠠᠶ᠋ᠢᠷᠢᠯᠠᠭᠤᠯᠪᠠ
ᠰᠢ ᠵᠢᠨ ᠫᠢᠩ ᠦᠶᠡᠷ᠎ᠢ ᠰᠡᠷᠭᠡᠢ᠍ᠢ᠍ᠯᠡᠵᠦ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠦᠭᠴᠤ ᠱᠠᠭ᠋ᠠᠷᠳᠠᠭᠰᠠᠨ᠎ᠨᠢ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠡᠯ᠎ᠡ ᠵᠦᠢ᠍ᠯ᠎ᠤᠨ ᠠᠷᠭ᠎ᠠ ᠬᠡᠮᠵᠢᠶ᠎ᠠ ᠵᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ
 
            