ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠠᠳᠬᠤᠬᠤ ᠲᠤᠬᠠᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2021-07-23

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠠᠳᠬᠤᠬᠤ ᠲᠤᠬᠠᠢ ᠪᠠᠢ᠌ᠷᠢᠯᠠᠭᠤᠯᠵᠤ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ
      ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭ᠋ᠠᠳᠤ ᠨᠡᠬᠡᠬᠡᠯᠳᠡ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠭᠡᠭᠡᠯᠲᠡ ᠬᠢᠬᠦ ᠠᠵᠢᠯ᠎ᠢ ᠭᠦᠨᠵᠡᠭᠡᠢ᠌ᠷᠡᠭᠦᠯᠬᠦ ᠲᠤᠬᠠᠢ ᠰᠤᠳᠤᠯᠪᠠ
      ᠬᠢᠯᠢ ᠠᠯᠤᠰᠯᠠᠭᠰᠠᠨ ᠠᠷᠠᠯᠵᠢᠶᠠᠨ᠎ᠤ ᠳᠥᠭᠥᠮᠴᠢᠯᠡᠭᠰᠡᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ ᠬᠢᠯᠢ ᠵᠢᠨ ᠪᠣᠭᠣᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠪᠠ


      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 7 ᠳ᠋ᠤᠭ᠋ᠠᠷ ᠰᠠᠷ᠎ᠠ ᠵᠢᠨ 21᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠠᠳᠬᠤᠵᠤ᠂ ᠠᠷᠠᠳ ᠲ᠋ᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ; ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭ᠋ᠠᠳᠤ ᠨᠡᠬᠡᠬᠡᠯᠳᠡ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠭᠡᠭᠡᠯᠲᠡ ᠬᠢᠬᠦ ᠠᠵᠢᠯ᠎ᠢ ᠭᠦᠨᠵᠡᠭᠡᠢ᠌ᠷᠡᠭᠦᠯᠬᠦ ᠲᠤᠬᠠᠢ ᠰᠤᠳᠤᠯᠪᠠ; ᠬᠢᠯᠢ ᠠᠯᠤᠰᠯᠠᠭᠰᠠᠨ ᠠᠷᠠᠯᠵᠢᠶᠠᠨ᠎ᠤ ᠳᠥᠭᠥᠮᠴᠢᠯᠡᠭᠰᠡᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠬᠢᠯᠢ ᠵᠢᠨ ᠪᠣᠭᠣᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠣᠶ᠋ᠢᠷ᠎ᠠ ᠵᠢᠨ ᠡᠳᠦᠷ ᠮᠠᠨ᠎ᠤ ᠤᠯᠤᠰ᠎ᠤᠨ ᠣᠯᠠᠨ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ᠂ ᠥᠴᠥᠭᠡᠳᠦᠷ ᠾᠧᠨᠠᠨ᠎ᠤ ᠬᠡᠰᠡᠭ ᠭᠠᠵᠠᠷ᠎ᠲᠤ ᠪᠠᠰᠠ ᠲᠤᠶ᠋ᠢᠯ᠎ᠤᠨ ᠰᠢᠷᠦᠭᠦᠨ ᠪᠣᠷᠣᠭ᠋ᠠᠨ ᠣᠷᠣᠵᠤ᠂ ᠬᠦᠨᠳᠦ ᠨᠣᠴᠢᠲᠠᠶ ᠦᠶᠡᠷ ᠤᠰᠤᠲᠤᠯ᠎ᠤᠨ ᠭᠠᠮᠰᠢᠭ᠎ᠲᠤ ᠠᠪᠲᠠᠵᠤ᠂ ᠢᠯᠠᠩᠭᠤᠶ᠎ᠠ ᠬᠣᠪᠣᠷᠬᠠᠨ ᠲᠣᠬᠢᠶᠠᠯᠳᠤᠬᠤ ᠬᠣᠲᠠ ᠵᠢᠨ ᠳᠣᠲᠣᠭ᠋ᠠᠳᠤ ᠤᠰᠤᠳᠤᠯ ᠡᠭᠦᠰᠴᠦ᠂ ᠬᠥᠮᠦᠨ ᠬᠠᠷ᠎ᠠ ᠡᠨᠳᠡᠵᠦ ᠰᠢᠷᠬᠠᠲᠤᠭᠰᠠᠨ ᠪᠠ ᠡᠳ᠋ ᠬᠥᠷᠥᠩᠭᠡ ᠵᠢᠨ ᠬᠦᠨᠳᠦ ᠨᠣᠴᠢᠲᠠᠶ ᠬᠣᠬᠢᠷᠠᠯ᠎ᠢ ᠪᠣᠢ ᠪᠣᠯᠭ᠋ᠠᠪᠠ᠃ ᠣᠳᠣᠬᠠᠨ᠎ᠳᠤ ᠮᠠᠨ᠎ᠤ ᠤᠯᠤᠰ ᠶᠠᠭ 《ᠳᠣᠯᠣᠭ᠋ᠠᠨ ᠰᠠᠷ᠎ᠠ ᠵᠢᠨ ᠰᠡᠭᠦᠯᠴᠢ᠂ ᠨᠠᠢ᠍ᠮᠠᠨ ᠰᠠᠷ᠎ᠠ ᠵᠢᠨ ᠡᠬᠢᠨ》᠎ᠤ ᠦᠶᠡᠷ ᠤᠰᠤᠳᠤᠯ᠎ᠤᠨ ᠭᠣᠣᠯ ᠬᠤᠭᠤᠴᠠᠭ᠎ᠠ ᠪᠠ ᠦᠶᠡᠷ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠂ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠣᠶ᠋ᠢᠷ᠎ᠠ ᠵᠢᠨ ᠬᠤᠭᠤᠴᠠᠭ᠋ᠠᠨ᠎ᠳᠤ ᠬᠡᠰᠡᠭ ᠭᠠᠵᠠᠷ᠎ᠲᠤ ᠮᠥᠨ ᠬᠦ᠌ ᠰᠢᠷᠦᠭᠦᠨ ᠪᠣᠷᠣᠭ᠋ᠠᠨ ᠣᠷᠣᠨ᠎ᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠵᠤ᠂ ᠠᠷᠠᠳ ᠲᠦᠮᠡᠨ᠎ᠤ ᠠᠮᠢ ᠨᠠᠰᠤ ᠡᠳ᠋ ᠬᠦᠷᠦᠨᠭᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠳᠬᠠᠵᠤ᠂ ᠡᠯ᠎ᠡ ᠭᠣᠭᠴᠣᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠨᠢᠭᠡ᠎ᠳᠤ᠂ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ᠂ ᠪᠡᠯᠡ ᠮᠥᠩᠭᠥ ᠪᠠ ᠡᠳ᠋ ᠪᠣᠳᠠᠰ᠎ᠢ ᠰᠢᠯᠵᠢᠭᠦᠯᠦᠨ ᠴᠤᠭᠯᠠᠭᠤᠯᠵᠤ᠂ ᠾᠧᠨᠠᠨ᠎ᠢ ᠪᠦᠬᠦ ᠬᠦᠴᠦᠨ ᠵᠶ᠋ᠠᠷ ᠵᠶ᠋ᠠᠨ ᠠᠶᠤᠯ ᠭᠠᠮᠰᠢᠭ᠎ᠠᠴᠠ ᠠᠪᠤᠷᠠᠬᠤ᠎ᠳᠤ ᠳᠡᠮᠵᠢᠨ ᠬᠠᠪᠰᠤᠷᠴᠤ᠂ ᠠᠶᠤᠯ᠎ᠳᠤ ᠤᠴᠠᠷᠠᠭᠰᠠᠨ ᠬᠥᠮᠦᠰ᠎ᠢ ᠬᠠᠢ᠌ᠨ ᠠᠪᠤᠷᠠᠬᠤ᠂ ᠰᠢᠷᠬᠠᠲᠤᠭᠰᠠᠳ᠎ᠢ ᠠᠪᠤᠷᠠᠨ ᠡᠮᠨᠡᠬᠦ᠂ ᠭᠠᠮᠰᠢᠭᠳᠠᠭᠰᠠᠨ ᠤᠯᠠᠨ ᠲᠦᠮᠡᠨ᠎ᠢ ᠰᠢᠯᠵᠢᠭᠦᠯᠦᠨ ᠲᠥᠪᠬᠢᠨᠡᠭᠦᠯᠬᠦ᠂ ᠡᠨᠳᠡᠭᠰᠡᠳ᠎ᠤᠨ ᠰᠡᠭᠦᠯᠴᠢ ᠵᠢᠨ ᠶᠠᠪᠤᠳᠠᠯ᠎ᠢ ᠰᠢᠢ᠍ᠳᠪᠦᠷᠢᠯᠡᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠬᠣᠶᠠᠷ᠎ᠲᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠦᠶᠡᠷ᠎ᠢ ᠰᠡᠷᠭᠡᠶ᠋ᠢᠯᠡᠨ ᠭᠠᠮᠰᠢᠭ᠎ᠲᠠᠢ ᠲᠡᠮᠡᠴᠡᠬᠦ᠎ᠳᠤ ᠦᠵᠡᠭᠦᠯᠬᠦ ᠳᠡᠮᠵᠢᠯᠭᠡ᠎ᠪᠠᠨ ᠴᠢᠩᠭ᠋ᠠᠷᠠᠭᠤᠯᠵᠤ᠂ ᠬᠥᠮᠦᠨ᠎ᠤ ᠬᠦᠴᠦᠨ᠎ᠢ ᠨᠡᠮᠡᠨ ᠲᠣᠮᠢᠯᠠᠵᠤ᠂ ᠪᠣᠳᠠᠰ᠎ᠤᠨ ᠮᠠᠲ᠋ᠧᠷᠢᠶᠠᠯ᠎ᠢ ᠭᠦᠢ᠍ᠴᠡᠳ ᠪᠡᠯᠡᠳᠬᠡᠵᠦ᠂ ᠶᠡᠬᠡ ᠭᠣᠣᠯ ᠮᠥᠷᠡᠨ᠂ ᠵᠢᠵᠢᠭ ᠬᠡᠯᠪᠡᠷᠢ ᠵᠢᠨ ᠡᠮᠵᠡᠭ ᠠᠶᠤᠯ᠎ᠲᠠᠢ ᠤᠰᠤᠨ ᠴᠥᠭᠥᠷᠥᠮ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠠᠰᠢᠯᠭ᠎ᠠ ᠳᠠᠯᠠᠩ᠎ᠢ ᠴᠢᠩᠭ᠎ᠠ ᠨᠢᠮᠪᠠᠶ ᠲᠣᠭᠣᠷᠢᠨ ᠪᠠᠶ᠋ᠢᠴᠠᠭ᠋ᠠᠬᠤ ᠪᠠ ᠠᠶᠤᠯ᠎ᠢ ᠠᠷᠢᠯᠭ᠋ᠠᠬᠤ ᠵᠢ ᠴᠢᠩᠭ᠋ᠠᠳᠬᠠᠬᠤ ᠬᠡᠷᠡᠭᠲᠡᠢ᠃ ᠵᠠᠮ ᠬᠠᠷᠢᠯᠴᠠᠭ᠋ᠠᠨ᠎ᠤ ᠪᠡᠯᠡᠳᠬᠡᠮᠵᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠰᠠᠢ᠌ᠲᠤᠷ ᠬᠢᠬᠦ ᠬᠡᠷᠡᠭᠲᠡᠢ᠃ ᠬᠤᠳᠠ ᠵᠢᠨ ᠳᠣᠲᠣᠭ᠋ᠠᠳᠤ ᠤᠰᠤᠲᠤᠯ ᠪᠠ ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ᠎ᠢ ᠰᠡᠷᠭᠡᠢ᠌ᠯᠡᠬᠦ ᠬᠡᠷᠡᠭᠲᠡᠢ᠃ ᠭᠤᠷᠪᠠ᠎ᠳᠤ᠂ ᠴᠠᠭ ᠠᠭᠤᠷ᠎ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠬᠡᠪ᠎ᠤᠨ ᠪᠤᠰᠤ ᠴᠠᠭ ᠠᠭᠤᠷ᠎ᠠᠴᠠ ᠪᠣᠯᠵᠤ ᠭᠠᠮᠰᠢᠭ ᠡᠭᠦᠰᠴᠦ ᠮᠡᠳᠡᠬᠦ ᠡᠯ᠎ᠡ ᠵᠦᠢ᠍ᠯ᠎ᠤᠨ ᠪᠡᠯᠡᠳᠬᠡᠯ᠎ᠢ ᠭᠦᠢ᠍ᠴᠡᠳ ᠬᠢᠵᠦ᠂ ᠵᠠᠶ᠋ᠢᠯᠠᠭᠤᠯᠬᠤ ᠶᠣᠰᠣᠲᠠᠢ ᠵᠢ᠎ᠨᠢ ᠵᠠᠶ᠋ᠢᠯᠠᠭᠤᠯᠵᠤ᠂ ᠤᠬᠤᠷᠢᠭᠤᠯᠬᠤ ᠶᠣᠰᠣᠲᠠᠢ ᠵᠢ᠎ᠨᠢ ᠤᠬᠤᠷᠢᠭᠤᠯᠵᠤ᠂ ᠭᠠᠮᠰᠢᠭ ᠡᠭᠦᠰᠬᠦ᠎ᠠᠴᠠ ᠡᠮᠦᠨ᠎ᠡ ᠤᠷᠢᠳᠴᠢᠯᠠᠨ ᠰᠡᠷᠭᠡᠶ᠋ᠢᠯᠡᠵᠦ᠂ ᠤᠯᠠᠨ   ᠲᠦᠮᠡᠨ ᠎ᠤ   ᠠᠮᠤᠷ   ᠲᠦᠪᠰᠢᠨ ᠎ᠢ   ᠬᠠᠮᠤᠭ ᠎ᠤᠨ   ᠶᠡᠬᠡ   ᠬᠡᠮᠵᠢᠶ᠎ᠡ ᠎ᠪᠠᠷ   ᠪᠠᠲᠤᠯᠠᠵᠤ᠂ ᠭᠠᠮᠰᠢᠭ ᠎ᠤᠨ   ᠬᠣᠬᠢᠷᠠᠯ᠎ᠢ ᠪᠠᠭ᠋ᠠᠰᠬᠠᠨ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ ᠮᠠᠨ᠎ᠤ ᠤᠯᠤᠰ᠎ᠤᠨ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭ᠋ᠠᠳᠤ ᠨᠡᠬᠡᠬᠡᠯᠳᠡ ᠡᠮᠬᠢ ᠳᠢᠭᠯᠢᠮ᠎ᠲᠠᠢ ᠶᠠᠪᠤᠭᠳᠠᠵᠤ᠂ ᠢᠳᠡᠪᠬᠢᠲᠡᠢ ᠠᠬᠢᠴᠠ᠎ᠲᠠᠢ ᠪᠤᠯᠵᠤ᠂ ᠨᠡᠢ᠍ᠢ᠍ᠳᠡ 100 ᠭᠠᠷᠤᠢ ᠭᠠᠳᠠᠭ᠋ᠠᠳᠤ ᠪᠡᠯᠡ ᠵᠢᠨ ᠪᠠᠩᠬᠢ᠂ ᠳᠠᠭ᠋ᠠᠳᠬᠠᠯ᠂ ᠦᠨᠡᠲᠦ ᠲᠡᠮᠳᠡᠭᠲᠦ᠂ ᠵᠣᠭᠣᠰ ᠲᠥᠯᠥᠵᠦ ᠲᠣᠭ᠋ᠠᠴᠠᠨ ᠪᠤᠳᠤᠬᠤ ᠵᠡᠷᠭᠡ ᠪᠠᠶ᠋ᠢᠭᠤᠯᠤᠮᠵᠢ ᠪᠠᠶ᠋ᠢᠭᠤᠯᠬᠤ ᠵᠢ ᠵᠥᠪᠰᠢᠶᠡᠷᠡᠪᠡ ᠭᠡᠵᠡᠢ᠃ ᠬᠤᠷᠠᠯ᠎ᠠᠴᠠ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠪᠣᠳᠠᠲᠤ ᠴᠣᠭᠴᠠ ᠵᠢᠨ ᠠᠵᠤ ᠠᠬᠤᠢ ᠵᠢᠨ ᠴᠢᠳᠠᠪᠤᠷᠢ ᠵᠢ ᠴᠢᠩᠭ᠋ᠠᠳᠬᠠᠬᠤ ᠵᠢᠨ ᠲᠣᠭᠣᠷᠢᠨ᠎ᠳᠤ᠂ ᠮᠥᠩᠭᠥᠨ ᠭᠦᠢ᠍ᠯᠭᠡᠭᠡᠨ᠎ᠤ ᠥᠭᠡᠷᠡᠴᠢᠯᠡᠯᠲᠡ ᠨᠡᠭᠡᠭᠡᠯᠳᠡ ᠵᠢ ᠭᠦᠨᠵᠡᠭᠡᠶ᠋ᠢᠷᠡᠭᠦᠯᠵᠦ᠂ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠵᠤ᠂ ᠳᠤᠮᠳᠠᠳᠤ ᠤᠯᠤᠰ᠎ᠢ ᠢᠮᠠᠭᠲᠠ ᠭᠠᠳᠠᠭ᠋ᠠᠳᠤ ᠪᠡᠯᠡ ᠵᠢ ᠲᠠᠲᠠᠨ ᠣᠷᠣᠭᠤᠯᠬᠤ ᠠᠰᠢᠭᠲᠠᠢ ᠣᠷᠣᠨ ᠪᠣᠯᠭ᠋ᠠᠬᠤ ᠬᠡᠷᠡᠭᠲᠡᠢ᠃ ᠨᠢᠭᠡ᠎ᠳᠤ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠭᠠᠳᠠᠭ᠋ᠠᠳᠤ ᠨᠡᠬᠡᠬᠡᠯᠳᠡ ᠵᠢᠨ ᠠᠮᠠᠯᠠᠯᠲᠠ ᠵᠢᠨ ᠨᠠᠶ᠋ᠢᠳᠠᠪᠤᠷᠢᠵᠢᠭᠤᠯᠤᠯᠲᠠ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠨᠡᠬᠡᠬᠡᠯᠳᠡ ᠵᠢᠨ ᠬᠡᠮᠵᠢᠶ᠎ᠡ᠎ᠪᠠᠷ ᠨᠡᠯᠢᠶᠡᠳ ᠥᠨᠳᠥᠷ ᠤᠯᠠᠨ ᠤᠯᠤᠰ᠎ᠤᠨ ᠪᠠᠷᠢᠮᠵᠢᠶ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠭᠤᠭᠤᠯᠵᠤ᠂ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠬᠠᠭᠤᠳᠠᠰᠤ᠎ᠪᠠᠷ ᠰᠠᠭᠤᠷᠢ ᠪᠣᠯᠭ᠋ᠠᠭᠰᠠᠨ ᠨᠡᠩ ᠥᠨᠳᠥᠷ ᠬᠢᠷᠢ ᠲᠦᠪᠰᠢᠨ ᠪᠦᠬᠦᠢ ᠮᠥᠩᠭᠥᠨ ᠭᠦᠢ᠍ᠯᠭᠡᠭᠡᠨ᠎ᠤ ᠨᠡᠬᠡᠬᠡᠯᠳᠡ ᠵᠢ ᠪᠦᠷᠢᠯᠳᠦᠭᠦᠯᠬᠦ ᠬᠡᠷᠡᠭᠲᠡᠢ᠃ ᠬᠣᠶᠠᠷ᠎ᠲᠤ᠂ ᠭᠠᠳᠠᠭ᠋ᠠᠳᠤ ᠪᠡᠯᠡ ᠵᠢᠨ ᠪᠠᠩᠬᠢ᠂ ᠳᠠᠭ᠋ᠠᠳᠬᠠᠯ ᠵᠡᠷᠭᠡ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠱᠠᠭ᠋ᠠᠷᠳᠠᠯᠭ᠎ᠠ ᠵᠢ ᠰᠢᠯᠢᠳᠡᠭᠵᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠡᠬᠡ ᠬᠦᠦ ᠺᠣᠮᠫᠠᠨᠢ ᠵᠢᠨ ᠬᠢᠯᠢ ᠠᠯᠤᠰᠯᠠᠨ ᠶᠠᠪᠤᠯᠴᠠᠬᠤ ᠳᠦᠷᠢᠮ ᠵᠢᠷᠤᠮ᠎ᠢ ᠲᠡᠭᠦᠯᠳᠡᠷᠵᠢᠭᠦᠯᠬᠦ ᠬᠡᠷᠡᠭᠲᠡᠢ᠃ ᠭᠠᠳᠠᠭ᠋ᠠᠳᠤ ᠪᠡᠯᠡ ᠵᠢᠨ ᠬᠢᠯᠢ ᠵᠢᠨ ᠳᠣᠲᠣᠷᠠᠬᠢ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠲᠤ ᠣᠷᠣᠯᠴᠠᠬᠤ ᠠᠷᠭ᠎ᠠ ᠵᠠᠮ ᠪᠠ ᠠᠷᠭ᠎ᠠ ᠮᠠᠶᠢᠭ᠎ᠢ ᠰᠢᠯᠢᠳᠡᠭᠵᠢᠭᠦᠯᠬᠦ ᠬᠡᠷᠡᠭᠲᠡᠢ᠃ ᠪᠣᠳᠠᠲᠤ ᠴᠣᠭᠴᠠ ᠵᠢᠨ ᠠᠵᠤ ᠠᠬᠤᠶ᠎ᠲᠠᠢ ᠨᠢᠭᠲᠠ ᠬᠣᠯᠪᠣᠭ᠎ᠠ ᠪᠦᠬᠦᠢ ᠰᠢᠭᠤᠳ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠷᠠᠳ᠎ᠤᠨ ᠵᠣᠭᠣᠰᠣᠨ᠎ᠤ ᠭᠤᠪᠢᠭᠤᠯᠭ᠎ᠠ ᠵᠢᠨ ᠨᠤᠷᠮ᠎ᠠ ᠵᠢ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠬᠢᠷᠢ ᠲᠦᠪᠰᠢᠨ᠎ᠳᠤ ᠦᠨᠳᠦᠰᠦᠨ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠬᠣᠷᠸ᠎ᠠ ᠲᠠᠯ᠎ᠠ ᠵᠢᠨ ᠬᠢᠨᠠᠭᠤᠷ ᠪᠣᠯᠭᠣᠮᠵᠢᠲᠠᠶ ᠲᠦᠷᠦ ᠵᠢᠨ ᠪᠤᠳᠤᠯᠭ᠎ᠠ ᠵᠢᠨ ᠪᠣᠷᠣ ᠲᠥᠰᠥᠪ᠎ᠢ ᠲᠡᠭᠦᠯᠳᠡᠷᠵᠢᠭᠦᠯᠵᠦ᠂ ᠰᠢᠰᠲ᠋ᠧᠮ᠎ᠤᠨ ᠴᠢᠨᠠᠷᠲᠠᠶ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠬᠢᠨᠠᠨ ᠰᠢᠨᠵᠢᠯᠡᠬᠦ᠂ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ ᠭᠡᠵᠦ ᠲᠣᠭᠲᠠᠭ᠋ᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ᠂ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠥᠮᠴᠢᠯᠡᠭᠰᠡᠨ ᠥᠭᠡᠷᠡᠴᠢᠯᠡᠯᠲᠡ ᠵᠢ ᠠᠬᠢᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠪᠠᠷ ᠳᠠᠮᠵᠢᠭᠤᠯᠵᠤ᠂ ᠪᠦᠬᠦ ᠤᠯᠤᠰ᠎ᠤᠨ ᠭᠠᠳᠠᠭ᠋ᠠᠳᠤ ᠣᠷᠣᠭᠤᠯᠤᠯᠲᠠ᠂ ᠭᠠᠳᠠᠭ᠋ᠠᠳᠤ ᠭᠠᠷᠭ᠋ᠠᠯᠲᠠ ᠵᠢᠨ ᠪᠦᠬᠦᠯᠢ ᠴᠣᠭᠴᠠ ᠵᠢᠨ ᠪᠣᠭᠣᠮᠲᠠ ᠥᠩᠭᠡᠷᠡᠬᠦ ᠴᠠᠭ᠎ᠢ 2017 ᠣᠨ᠎ᠤ᠎ᠬᠢ᠎ᠠᠴᠠ ᠲᠤᠰ ᠲᠤᠰ 60%᠂ 80%᠎ᠠᠴᠠ ᠳᠡᠭᠡᠭᠰᠢ ᠪᠣᠭᠣᠨᠢᠰᠬᠠᠪᠠ ᠭᠡᠵᠡᠢ᠃ ᠬᠤᠷᠠᠯ᠎ᠠᠴᠠ᠂ ᠳᠠᠷᠠᠭ᠋ᠠᠴᠢ ᠵᠢᠨ ᠠᠯᠬᠤᠮ᠎ᠳᠤ᠂ ᠢᠯᠠᠩᠭᠤᠶ᠎ᠠ ᠳᠣᠣᠷ᠎ᠠ ᠬᠠᠭ᠋ᠠᠰ ᠵᠢᠯ᠎ᠤᠨ ᠳᠡᠯᠡᠬᠡᠢ ᠵᠢᠨ ᠪᠠᠶ᠋ᠢᠳᠠᠯ ᠪᠣᠯᠤᠨ ᠣᠷᠴᠢᠨ ᠲᠣᠭᠣᠷᠢᠨ᠎ᠤ ᠬᠤᠪᠢᠷᠠᠯᠲᠠ᠎ᠳᠤ ᠴᠢᠭᠯᠡᠭᠦᠯᠦᠨ᠂ ᠬᠢᠯᠢ ᠵᠢᠨ ᠪᠣᠭᠣᠮᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠬᠢᠯᠢ ᠵᠢᠨ ᠪᠣᠭᠣᠮᠲᠠ᠎ᠪᠠᠷ ᠥᠩᠭᠡᠷᠡᠭᠡᠬᠦ ᠳᠥᠭᠥᠮᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠳᠠᠭ᠋ᠠᠳᠤ ᠭᠠᠷᠭ᠋ᠠᠯᠲᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠪᠠᠲᠤᠯᠠᠬᠤ ᠬᠡᠷᠡᠭᠲᠡᠢ᠃ ᠨᠢᠭᠡ᠎ᠳᠤ᠂ ᠪᠣᠭᠣᠮᠲᠠ᠎ᠪᠠᠷ ᠥᠩᠭᠡᠷᠡᠭᠦᠯᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠠᠳᠠᠭ᠋ᠠᠳᠤ᠎ᠳᠤ ᠭᠠᠷᠭ᠋ᠠᠬᠤ ᠪᠠᠷᠠᠭ᠎ᠠ ᠵᠢ 《ᠭᠠᠷᠠᠮ᠎ᠳᠤ ᠬᠦᠷᠭᠡᠵᠦ ᠰᠢᠭᠤᠳ ᠲᠡᠭᠡᠭᠡᠪᠦᠷᠢᠯᠡᠬᠦ》 ᠪᠠ ᠭᠠᠳᠠᠭ᠋ᠠᠳᠤ᠎ᠠᠴᠠ ᠣᠷᠣᠭᠤᠯᠬᠤ ᠪᠠᠷᠠᠭ᠎ᠠ ᠵᠢ 《ᠣᠩᠭᠣᠴᠠᠨ᠎ᠤ ᠬᠠᠵᠠᠭᠤ᠎ᠠᠴᠠ ᠰᠢᠭᠤᠳ ᠠᠪᠬᠤ》 ᠲᠤᠷᠰᠢᠯᠲᠠ ᠵᠢᠨ ᠴᠡᠭ᠎ᠢ ᠥᠷᠭᠡᠳᠬᠡᠬᠦ ᠬᠡᠷᠡᠭᠲᠡᠢ᠃ ᠭᠠᠳᠠᠭ᠋ᠠᠳᠤ ᠭᠠᠷᠭ᠋ᠠᠯᠭ᠎ᠠ ᠵᠢᠨ ᠭᠠᠶ᠋ᠢᠯᠢ ᠵᠢ ᠪᠤᠴᠠᠭ᠋ᠠᠬᠤ᠎ᠳᠤ ᠲᠦᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠵᠦ᠂ ᠡᠨᠡ ᠵᠢᠯ᠎ᠤᠨ ᠰᠡᠭᠦᠯᠴᠢ᠎ᠠᠴᠠ ᠡᠮᠦᠨ᠎ᠡ ᠭᠠᠶ᠋ᠢᠯᠢ ᠵᠢ ᠪᠤᠴᠠᠭ᠋ᠠᠬᠤ ᠵᠦᠢ᠍ᠯᠡᠰ᠎ᠢ ᠭᠦᠢ᠍ᠴᠡᠳᠬᠡᠬᠦ ᠳᠤᠮᠳᠠᠴᠢ ᠴᠠᠭ᠎ᠢ 7 ᠠᠵᠢᠯᠯᠠᠬᠤ ᠡᠳᠦᠷ᠎ᠤᠨ ᠳᠣᠲᠣᠷ᠎ᠠ ᠪᠣᠯᠲᠠᠯ᠎ᠠ ᠪᠣᠭᠣᠨᠢᠰᠬᠠᠬᠤ ᠬᠡᠷᠡᠭᠲᠡᠢ᠃ ᠭᠠᠳᠠᠭ᠋ᠠᠳᠤ᠎ᠳᠠᠬᠢ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ᠎ᠳᠤ ᠭᠠᠷᠭ᠋ᠠᠭᠰᠠᠨ ᠪᠠᠷᠠᠭ᠎ᠠ ᠵᠢ ᠪᠤᠴᠠᠭ᠋ᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ 《ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ》᠎ᠲᠠᠬᠢ ᠠᠷᠠᠯᠵᠢᠶ᠎ᠠ ᠵᠢ ᠳᠥᠭᠥᠮᠴᠢᠯᠡᠬᠦ ᠠᠷᠭ᠎ᠠ ᠬᠡᠮᠵᠢᠶ᠎ᠡ᠎ᠯᠦᠭᠡ ᠵᠢᠨ ᠵᠣᠯᠭ᠋ᠠᠯᠳᠤᠯ᠎ᠢ ᠰᠠᠶ᠋ᠢᠲᠤᠷ ᠬᠢᠬᠦ ᠬᠡᠷᠡᠭᠲᠡᠢ᠃ ᠬᠣᠶᠠᠷ᠎ᠲᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠣᠭᠴᠣᠭ᠎ᠠ ᠵᠢᠨ ᠰᠦᠢ᠍ᠳᠬᠡᠯ᠎ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠬᠢᠯᠢ ᠵᠢᠨ ᠪᠣᠭᠣᠮᠲᠠ ᠵᠢᠨ ᠰᠦᠢ᠍ᠳᠬᠡᠯ ᠬᠤᠷᠢᠶᠠᠬᠤ ᠨᠠᠷᠢᠨ ᠬᠠᠭᠤᠳᠠᠰᠤ ᠵᠢ ᠢᠯᠡ ᠨᠡᠶ᠋ᠢᠲᠡᠯᠡᠬᠦ ᠲᠦᠷᠢᠮ᠎ᠢ ᠨᠠᠶ᠋ᠢᠳᠠᠪᠤᠷᠢᠵᠢᠭᠤᠯᠵᠤ᠂ ᠨᠠᠷᠢᠨ ᠬᠠᠭᠤᠳᠠᠰᠤ᠎ᠠᠴᠠ ᠭᠠᠳᠠᠨ᠎ᠠ ᠰᠦᠢ᠍ᠳᠬᠡᠯ ᠬᠤᠷᠢᠶᠠᠵᠤ ᠪᠣᠯᠬᠤ ᠥᠬᠡᠶ᠃ ᠳᠠᠯᠠᠢ ᠳᠠᠭ᠋ᠠᠤ ᠭᠠᠷᠠᠮ᠎ᠤᠨ ᠠᠶᠠᠯᠠᠯ ᠵᠠᠮᠴᠢᠯᠠᠬᠤ ᠵᠠᠷᠤᠳᠠᠯ᠎ᠤᠨ ᠪᠠᠷᠢᠮᠵᠢᠶ᠎ᠠ ᠵᠢ ᠪᠠᠭᠤᠷᠠᠭᠤᠯᠬᠤ ᠬᠡᠷᠡᠭᠲᠡᠢ᠃ ᠭᠤᠷᠪᠠ᠎ᠳᠤ᠂ ᠬᠢᠯᠢ ᠵᠢᠨ ᠪᠣᠭᠣᠮᠲᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃ ᠠᠭ᠋ᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ ᠵᠢᠨ ᠬᠤᠪᠢᠶᠠᠷᠢᠯᠠᠨ ᠰᠠᠯᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠤᠰᠤᠨ ᠵᠠᠮ᠎ᠤᠨ ᠲᠡᠭᠡᠭᠡᠪᠦᠷᠢ᠎ᠠᠴᠠ ᠲᠡᠮᠦᠷ ᠵᠠᠮ᠎ᠤᠨ ᠲᠡᠭᠡᠭᠡᠪᠦᠷᠢ᠎ᠳᠤ ᠰᠢᠯᠵᠢᠭᠦᠯᠬᠦ ᠪᠠᠷᠠᠭ᠎ᠠ᠎ᠳᠤ᠂ 《ᠲᠡᠷᠭᠡ ᠣᠩᠭᠣᠴᠠ᠎ᠠᠴᠠ ᠰᠢᠭᠤᠳ ᠠᠪᠬᠤ》 ᠵᠠᠭᠪᠤᠷ᠎ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠦᠶᠡᠷ᠎ᠢ ᠰᠡᠷᠭᠡᠢ᠍ᠢ᠍ᠯᠡᠵᠦ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠦᠭᠴᠤ ᠱᠠᠭ᠋ᠠᠷᠳᠠᠭᠰᠠᠨ᠎ᠨᠢ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠡᠯ᠎ᠡ ᠵᠦᠢ᠍ᠯ᠎ᠤᠨ ᠠᠷᠭ᠎ᠠ ᠬᠡᠮᠵᠢᠶ᠎ᠠ ᠵᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ
ᠰᠢ ᠵᠢᠨ ᠫᠢᠩ ᠲᠥᠪᠡᠳ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠵᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠥ ᠴᠠᠰᠤᠲᠤ ᠥᠨᠳᠥᠷᠯᠢᠭ᠎ᠤᠨ ᠥᠨᠢ ᠤᠳᠠᠭ᠋ᠠᠨ ᠠᠮᠤᠷ ᠲᠤᠬᠳᠠᠭᠤᠨ ᠪᠠ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠳᠡᠢ
ᠰᠢ ᠵᠢᠨ ᠫᠢᠩ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠬᠰᠠᠨ᠎ᠨᠢ ᠲᠣᠭ᠎ᠠ ᠬᠡᠮᠵᠢᠶ᠎ᠡ᠎ᠨᠢ ᠶᠠᠰᠤ ᠴᠢᠨᠠᠷ᠎ᠢ ᠳᠠᠭ᠋ᠠᠬᠤ ᠠᠬᠢᠴᠠ᠎ᠨᠢ ᠪᠣᠳᠠᠲᠤ ᠦᠷ᠎ᠡ ᠪᠦᠲᠦᠮᠵᠢ ᠵᠢ ᠳᠠᠭ᠋ᠠᠬᠤ ᠵᠢ ᠪᠠᠷᠢᠮᠲᠠᠯᠠᠵᠤ ᠡᠨᠡ ᠬᠦ᠌ ᠰᠠᠢ᠍ᠢ᠍ᠨ ᠶᠠᠪᠤᠳᠠᠯ᠎ᠢ ᠦᠨᠡᠨ ᠬᠦ᠌ ᠰᠠᠶ᠋ᠢᠲᠤᠷ ᠪᠤᠳᠠᠳᠠᠢ ᠬᠢᠬᠦ ᠬᠡᠷᠡᠭᠲᠡᠢ
ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠧᠲᠨᠠᠮ᠎ᠤᠨ ᠤᠯᠤᠰ᠎ᠤᠨ ᠲᠡᠷᠢᠭᠦᠯᠡᠭᠴᠢ᠎ᠪᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠪᠡ
ᠯᠢ ᠺᠸ ᠴᠢᠶᠠᠩ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠎ᠲᠤ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠦᠶᠡᠷ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠪᠠ
 
            