ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠥᠭᠴᠡᠢ᠃
ᠰᠢ ᠵᠢᠨ ᠫᠢᠩ᠂ ᠤᠢ᠍ᠢ᠍ᠷ᠎ᠠ ᠵᠢᠨ ᠡᠳᠦᠷ᠂ ᠾᠧᠨᠠᠨ ᠵᠡᠷᠭᠡ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭ᠋ᠠᠨ ᠣᠷᠣᠵᠤ᠂ ᠵᠧᠩᠵᠧᠦ ᠵᠡᠷᠭᠡ ᠬᠤᠳᠠ᠎ᠳᠤ ᠬᠦᠨᠳᠦ ᠨᠣᠴᠢᠲᠠᠢ ᠤᠰᠤᠲᠤᠯ ᠡᠭᠦᠰᠴᠦ᠂ ᠵᠠᠷᠢᠮ ᠭᠣᠣᠯ ᠮᠥᠷᠡᠨ᠎ᠨᠢ ᠲᠦᠭᠰᠢᠬᠦᠷᠢ ᠡᠬᠦᠰᠴᠤ ᠮᠡᠳᠡᠬᠦ ᠤᠰᠤᠨ ᠲᠦᠪᠰᠢᠨ᠎ᠤ ᠬᠡᠮᠵᠢᠶ᠎ᠠ᠎ᠠᠴᠠ ᠳᠠᠪᠠᠵᠤ᠂ ᠵᠠᠷᠢᠮ ᠤᠰᠤᠨ ᠴᠥᠭᠥᠷᠥᠮ᠎ᠤᠨ ᠬᠠᠰᠢᠯᠭ᠎ᠠ ᠰᠠᠳᠠᠷᠠᠵᠦ᠂ ᠬᠡᠰᠡᠭ ᠲᠡᠮᠦᠷ ᠵᠠᠮ᠎ᠤᠨ ᠲᠡᠭᠡᠭᠡᠪᠦᠷᠢ ᠵᠣᠭᠰᠣᠵᠤ᠂ ᠵᠢᠰᠢᠶᠠᠨ᠎ᠤ ᠨᠢᠰᠬᠡᠯ ᠨᠢᠰᠬᠦ᠎ᠪᠠᠨ ᠵᠣᠭᠰᠣᠵᠤ᠂ ᠬᠥᠮᠦᠨ᠎ᠤ ᠦᠬᠦᠯ ᠰᠢᠷᠬᠠᠳᠤᠯ ᠪᠠ ᠡᠳ᠋ ᠬᠦᠷᠦᠩᠭᠡ ᠵᠢᠨ ᠬᠦᠨᠳᠦ ᠨᠤᠴᠢᠳᠠᠢ ᠬᠤᠬᠢᠷᠠᠯ ᠡᠭᠦᠰᠴᠤ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠲᠤᠶ᠋ᠢᠯ᠎ᠤᠨ ᠬᠦᠨᠳᠦ ᠬᠡᠴᠡᠭᠦᠦ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ ᠣᠳᠣᠬᠠᠨ᠎ᠳᠤ ᠦᠶᠡᠷ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠪᠠ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠦᠵᠡᠭᠦᠯᠵᠤ᠂ ᠡᠮᠦᠨ᠎ᠠ ᠹᠷᠤᠨᠲ᠎ᠲᠤ ᠬᠦᠷᠴᠦ ᠵᠢᠯᠣᠭᠣᠳᠤᠨ᠂ ᠳᠠᠷᠤᠶ ᠲᠦᠷᠭᠡᠨ ᠬᠦᠴᠦᠨ ᠵᠶ᠋ᠠᠨ ᠵᠣᠬᠢᠶᠠᠨ ᠪᠠᠶ᠋ᠢᠭᠤᠯᠤᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠨ᠂ ᠭᠠᠮᠰᠢᠭᠳᠠᠭᠰᠠᠨ ᠣᠯᠠᠨ ᠲᠦᠮᠡᠨ᠎ᠢ ᠵᠤᠬᠢᠰᠳᠠᠢ ᠲᠥᠪᠬᠢᠨᠡᠭᠦᠯᠵᠦ᠂ ᠳᠠᠭ᠋ᠠᠯᠳᠤᠨ ᠡᠭᠦᠰᠬᠦ ᠭᠠᠮᠰᠢᠭ᠎ᠠᠴᠠ ᠴᠢᠩᠭ᠎ᠠ ᠰᠡᠷᠭᠡᠶ᠋ᠢᠯᠡᠵᠦ᠂ ᠬᠥᠮᠦᠨ᠎ᠤ ᠦᠬᠦᠯ ᠰᠢᠷᠬᠠᠲᠤᠯ ᠪᠠ ᠡᠳ᠋ ᠬᠥᠷᠥᠩᠭᠡ ᠵᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠶ᠃ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠣᠷᠣᠨ ᠨᠤᠲᠤᠭ᠎ᠢ ᠢᠳᠡᠪᠬᠢᠲᠡᠢ ᠬᠠᠮᠵᠢᠨ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠥᠷᠨᠢᠭᠦᠯᠬᠦ ᠬᠡᠷᠡᠭᠲᠡᠢ᠃ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠰᠤᠨ ᠠᠰᠢᠬᠯᠠᠯᠲᠠ ᠵᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠠᠶᠤᠯ ᠭᠠᠮᠰᠢᠭ᠎ᠤᠨ ᠬᠡᠮ ᠰᠣᠭᠣᠭ᠎ᠢ ᠲᠣᠭᠣᠷᠢᠨ ᠪᠠᠶ᠋ᠢᠴᠠᠭ᠋ᠠᠵᠤ ᠵᠢᠬᠰᠠᠭ᠋ᠠᠨ ᠪᠠᠢ᠍ᠢ᠍ᠴᠠᠭ᠋ᠠᠬᠤ᠎ᠪᠠᠨ ᠴᠢᠩᠭ᠋ᠠᠳᠬᠠᠵᠤ᠂ ᠴᠢᠬᠤᠯᠠ ᠰᠠᠭᠤᠷᠢ ᠲᠥᠬᠥᠭᠡᠷᠦᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠣᠷᠣᠭ᠋ᠠᠨ᠂ ᠲᠠᠶ᠋ᠢᠹᠧᠩ ᠰᠠᠯᠬᠢ᠂ ᠠᠭᠤᠯᠠᠨ ᠦᠶᠡᠷ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠵᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠦᠪᠰᠢᠨ ᠵᠶ᠋ᠠᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠵᠢ ᠰᠢᠯᠤᠭᠤᠳᠬᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠠ ᠵᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠰᠠᠶ᠋ᠢᠲᠤᠷ ᠬᠢᠬᠦ ᠵᠢᠨ ᠵᠡᠷᠭᠡ᠎ᠪᠠᠷ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠳᠠᠷᠤᠢ ᠲᠦᠷᠭᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ᠎ᠢ ᠬᠠᠪᠰᠤᠷᠤᠨ ᠲᠡᠳᠭᠦᠵᠤ ᠠᠪᠤᠷᠠᠨ ᠲᠤᠰᠠᠯᠠᠬᠤ ᠪᠠ ᠡᠷᠡᠭᠦᠯ ᠬᠠᠮᠠᠭ᠋ᠠᠯᠠᠯ ᠬᠢᠵᠢᠭ᠎ᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠭᠠᠮᠰᠢᠭ᠎ᠠᠴᠠ ᠪᠤᠯᠵᠤ ᠲᠠᠬᠢᠨ ᠶᠠᠳᠠᠭᠤᠷᠠᠬᠤ ᠪᠠ ᠶᠡᠬᠡ ᠭᠠᠮᠰᠢᠭ᠎ᠤᠨ ᠳᠠᠷᠠᠭ᠎ᠠ ᠬᠢᠵᠢᠭ ᠶᠡᠬᠡ᠎ᠪᠠᠷ ᠳᠡᠯᠭᠡᠷᠡᠬᠦ ᠵᠢ ᠰᠡᠷᠭᠡᠶ᠋ᠢᠯᠡᠬᠦ ᠬᠡᠷᠡᠭᠲᠡᠢ ᠭᠡᠵᠤ ᠱᠠᠭ᠋ᠠᠷᠳᠠᠵᠠᠢ᠃