ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠧᠲᠨᠠᠮ᠎ᠤᠨ ᠤᠯᠤᠰ᠎ᠤᠨ ᠲᠡᠷᠢᠭᠦᠯᠡᠭᠴᠢ᠎ᠪᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠪᠡ
ᠯᠢ ᠺᠸ ᠴᠢᠶᠠᠩ ᠴᠠᠬᠢᠯᠭ᠋ᠠᠨ ᠴᠢᠮᠡᠭᠡ ᠶᠠᠪᠤᠭᠤᠯᠵᠤ ᠹᠠᠨ ᠮᠢᠩ ᠵᠧᠩ᠎ᠤᠨ ᠸᠢᠶᠧᠲᠨᠠᠮ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠪᠡ
ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 26᠎ᠤ ᠴᠠᠬᠢᠯᠭ᠋ᠠᠨ ᠮᠡᠳᠡᠭᠡ 7 ᠰᠠᠷ᠎ᠠ ᠵᠢᠨ 26᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠷᠤᠸᠠᠨ ᠴᠦᠨ ᠹᠦ᠋ᠳᠤ ᠴᠠᠬᠢᠯᠭ᠋ᠠᠨ ᠴᠢᠮᠡᠭᠡ ᠶᠠᠪᠤᠭᠤᠯᠵᠤ᠂ ᠲᠡᠭᠦᠨ᠎ᠤ ᠸᠢᠶᠧᠲᠨᠠᠮ᠎ᠤᠨ ᠤᠯᠤᠰ᠎ᠤᠨ ᠲᠡᠷᠢᠭᠦᠯᠡᠭᠴᠢ᠎ᠪᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠪᠡ᠃
ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠳᠤᠮᠳᠠᠳᠤ ᠸᠢᠶᠧᠲᠨᠠᠮ ᠪᠣᠯ ᠠᠭᠤᠯᠠ ᠤᠰᠤ᠎ᠪᠠᠷ ᠵᠶ᠋ᠡᠨ ᠵᠠᠯᠭ᠋ᠠᠯᠳᠤᠭᠰᠠᠨ ᠨᠡᠶ᠋ᠢᠭᠡᠮ ᠵᠢᠷᠤᠮᠳᠤ ᠬᠥᠷᠰᠢ ᠤᠯᠤᠰ ᠮᠥᠨ᠂ ᠤᠯᠠᠮᠵᠢᠯᠠᠯᠲᠤ ᠨᠥᠬᠥᠷᠯᠡᠯ ᠭᠦᠨ ᠵᠤᠵᠠᠭ᠋ᠠᠨ᠂ ᠬᠠᠮᠲᠤ ᠵᠢᠨ ᠠᠰᠢᠭ ᠲᠤᠰᠠ ᠥᠷᠭᠡᠨ ᠳᠡᠯᠭᠡᠷ ᠶᠤᠮ᠃ ᠵᠠᠭᠤᠨ ᠵᠢᠯ᠎ᠤᠨ ᠬᠤᠪᠢᠰᠤᠯᠲᠠ ᠪᠣᠯᠤᠨ ᠡᠷᠢᠨ ᠵᠠᠭᠤᠨ᠎ᠤ ᠭᠠᠮᠰᠢᠭ ᠬᠢᠵᠢᠭ᠎ᠤᠨ ᠡᠮᠦᠨ᠎ᠡ᠂ ᠬᠣᠶᠠᠷ ᠲᠠᠯ᠎ᠠ᠎ᠪᠠᠷ ᠵᠶ᠋ᠠᠨ ᠬᠠᠮᠲᠤ ᠵᠢᠨ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤ ᠰᠠᠬᠢᠵᠤ᠂ ᠪᠦᠯᠬᠦᠮᠳᠡᠯ ᠨᠥᠬᠥᠷᠯᠡᠯ᠎ᠤᠨ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠣᠶᠠᠷ ᠤᠯᠤᠰ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠳᠤ ᠰᠢᠨ᠎ᠡ ᠴᠠᠭ ᠦᠶ᠎ᠡ ᠵᠢᠨ ᠠᠭᠤᠯᠤᠭᠳᠠᠬᠤᠨ ᠣᠯᠭᠣᠵᠠᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠨᠡ ᠵᠢᠯ᠎ᠠᠴᠠ ᠨᠠᠭ᠋ᠠᠰᠢ᠂ ᠸᠢᠶᠧᠲᠨᠠᠮ᠎ᠤᠨ ᠡᠪ ᠬᠠᠮᠲᠤ ᠨᠠᠮ᠎ᠤᠨ ᠠᠷᠪᠠᠨ ᠭᠤᠷᠪᠠᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠵᠠᠭᠤᠨ ᠵᠢᠯ᠎ᠤᠨ ᠤᠢ᠎ᠪᠠᠨ ᠤᠭᠲᠤᠨ ᠠᠪᠤᠯ᠎ᠠ᠃ ᠳᠤᠮᠳᠠᠳᠤ ᠸᠢᠶᠧᠲᠨᠠᠮ᠎ᠤᠨ ᠬᠣᠶᠠᠷ ᠨᠠᠮ ᠪᠠ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ ᠤᠷᠢᠳᠤᠬᠢ ᠵᠢ ᠵᠠᠯᠭ᠋ᠠᠮᠵᠢᠯᠠᠨ ᠬᠤᠢ᠍ᠢ᠍ᠰᠢᠬᠢᠳᠤ ᠵᠠᠮ ᠨᠡᠭᠡᠭᠡᠬᠦ ᠵᠠᠩᠭᠢᠯᠠᠭ᠎ᠠ ᠵᠢᠨ ᠱᠠᠲᠤᠨ᠎ᠳᠤ ᠣᠷᠣᠪᠠ᠃ ᠪᠢ ᠳᠤᠮᠳᠠᠳᠤ ᠸᠢᠶᠧᠲᠨᠠᠮ᠎ᠤᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠸᠢᠶᠧᠲᠨᠠᠮ᠎ᠤᠨ ᠤᠳᠤᠷᠢᠳᠬᠤ ᠨᠥᠬᠥᠳ᠎ᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠰᠢᠨ᠎ᠡ ᠴᠠᠭ ᠦᠶ᠎ᠡ ᠵᠢᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠵᠢᠯᠣᠭᠣᠳᠤᠯᠭ᠎ᠠ ᠵᠢ ᠴᠢᠩᠭ᠋ᠠᠳᠬᠠᠵᠤ᠂ ᠳᠤᠮᠳᠠᠳᠤ ᠸᠢᠶᠧᠲᠨᠠᠮ᠎ᠤᠨ ᠪᠠᠶ᠋ᠢᠯᠳᠤᠬᠤ ᠪᠣᠳᠣᠯᠭ᠎ᠠ ᠵᠢᠨ ᠠᠴᠢ ᠬᠣᠯᠪᠣᠭᠳᠠᠯ᠎ᠲᠠᠢ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠬᠠᠷᠠᠯᠲᠠ ᠲᠡᠶ᠋ᠢᠰᠢ ᠲᠠᠰᠤᠷᠠᠯᠳᠠ ᠦᠭᠡᠢ ᠤᠷᠤᠭᠰᠢᠯᠠᠨ᠎ᠠ ᠭᠡᠵᠦ ᠴᠢᠬᠤᠯᠠᠴᠢᠯᠠᠪᠠ᠃
ᠲᠤᠰ ᠡᠳᠦᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠴᠠᠬᠢᠯᠭ᠋ᠠᠨ ᠴᠢᠮᠡᠭᠡ ᠶᠠᠪᠤᠭᠤᠯᠵᠤ ᠹᠠᠨ ᠮᠢᠩ ᠵᠧᠩ᠎ᠤᠨ ᠸᠢᠶᠧᠲᠨᠠᠮ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠶ᠋ᠢᠳ ᠵᠶ᠋ᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠵᠦ᠂ ᠳᠤᠷᠠᠲᠠᠶ᠎ᠠ ᠶᠡᠷᠦᠩᠬᠡᠢ ᠰᠠᠶ᠋ᠢᠳ ᠹᠠᠨ ᠮᠢᠩ ᠵᠧᠩ᠎ᠲᠠᠢ ᠬᠠᠮᠲᠤ᠎ᠪᠠᠷ ᠴᠢᠷᠮᠠᠶ᠋ᠢᠵᠤ᠂ ᠬᠣᠶᠠᠷ ᠲᠠᠯ᠎ᠠ ᠵᠢᠨ ᠤᠯᠤᠰ ᠲᠦᠷᠦ ᠵᠢᠨ ᠢᠲᠡᠭᠡᠯᠴᠡᠭᠡ᠎ᠪᠠᠨ ᠨᠡᠮᠡᠭᠳᠡᠭᠦᠯᠵᠦ᠂ ᠨᠥᠬᠥᠷᠰᠡᠭ ᠬᠠᠮᠲᠤᠷᠠᠯᠴᠠᠭ᠋ᠠᠨ᠎ᠤ ᠰᠠᠭᠤᠷᠢ ᠵᠢ ᠪᠡᠬᠢᠵᠢᠭᠦᠯᠤᠨ᠂ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠵᠤᠯᠭ᠋ᠠᠯᠴᠠᠭ᠎ᠠ ᠵᠢ ᠲᠦᠷᠭᠡᠳᠬᠡᠵᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠪᠠᠢ᠌ᠷᠢᠰᠢᠯ᠎ᠢ ᠪᠠᠶ᠋ᠢᠭᠤᠯᠤᠨ᠂ ᠰᠢᠨ᠎ᠡ ᠴᠠᠭ ᠦᠶ᠎ᠡ ᠵᠢᠨ ᠳᠤᠮᠳᠠᠳᠤ ᠸᠢᠶᠧᠲᠨᠠᠮ᠎ᠤᠨ ᠬᠠᠷᠢᠯᠴᠠᠭ᠎ᠠ ᠵᠢᠨ ᠲᠠᠰᠤᠷᠠᠯᠳᠡ ᠦᠭᠡᠢ ᠤᠷᠤᠬᠰᠢ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃