ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 23᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠦᠷ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠥᠭᠴᠦ᠂ ᠤᠢ᠍ᠢ᠍ᠷ᠎ᠠ ᠵᠢᠨ ᠵᠢᠯ᠎ᠠᠴᠠ᠂ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠭᠦᠨᠵᠡᠭᠡᠢ ᠠᠬᠢᠭᠤᠯᠵᠤ᠂ ᠠᠷᠢᠭᠤᠨ ᠴᠡᠪᠡᠷ ᠵᠣᠷᠯᠣᠩ᠎ᠢ ᠲᠠᠰᠤᠷᠠᠯᠳᠠ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠢᠯᠡᠳᠲᠡ ᠰᠠᠶ᠋ᠢᠵᠢᠷᠠᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠦᠷᠭᠦᠯᠵᠢᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠨᠢᠭᠡ ᠵᠦᠢ᠍ᠯ᠎ᠤᠨ ᠴᠢᠬᠤᠯᠠ ᠠᠵᠢᠯ ᠪᠣᠯᠭ᠋ᠠᠵᠤ᠂ ᠲᠠᠷᠢᠶᠠᠴᠢᠳ᠎ᠤᠨ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠤᠨ᠂ ᠭᠠᠵᠠᠷ ᠣᠷᠣᠨ᠎ᠤ ᠪᠠᠶ᠋ᠢᠳᠠᠯ ᠳᠠᠭᠠᠨ ᠲᠣᠬᠢᠷᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠥᠨ ᠵᠢᠯᠣᠭᠣᠳᠬᠤ ᠵᠢ ᠴᠢᠬᠤᠯᠠᠴᠢᠯᠠᠵᠤ᠂ ᠲᠣᠭ᠎ᠠ ᠬᠡᠮᠵᠢᠶ᠎ᠡ᠎ᠨᠢ ᠶᠠᠰᠤ ᠴᠢᠨᠠᠷ᠎ᠢ ᠳᠠᠭ᠋ᠠᠬᠤ᠂ ᠠᠬᠢᠴᠠ᠎ᠨᠢ ᠪᠣᠳᠠᠲᠤ ᠦᠷ᠎ᠡ ᠪᠦᠲᠦᠮᠵᠢ ᠵᠢ ᠳᠠᠭ᠋ᠠᠬᠤ᠂ ᠰᠠᠶ᠋ᠢᠨ᠎ᠢ ᠬᠥᠭᠡᠭᠡᠴᠡᠯᠳᠦᠪᠡᠴᠦ ᠲᠦᠷᠭᠡ᠎ᠨᠢ ᠬᠥᠭᠡᠭᠡᠴᠡᠯᠳᠦᠬᠦ ᠥᠬᠡᠶ ᠪᠠᠶ᠋ᠢᠬᠤ ᠵᠢ ᠪᠠᠷᠢᠮᠲᠠᠯᠠᠨ᠂ ᠠᠷᠠᠳ᠎ᠢ ᠵᠦᠳᠡᠭᠡᠵᠦ ᠡᠳ᠋᠎ᠢ ᠰᠦᠢ᠍ᠳᠭᠡᠬᠦ᠂ ᠬᠡᠯᠪᠡᠷᠢ ᠵᠢ ᠬᠦᠭᠡᠭᠡᠴᠡᠯᠳᠤᠵᠦ ᠮᠠᠶᠢᠭ ᠭᠠᠷᠭ᠋ᠠᠬᠤ ᠵᠢ ᠡᠷᠡᠰ ᠡᠰᠡᠷᠭᠦᠴᠡᠵᠦ᠂ ᠯᠠᠪᠳᠠᠭᠤᠨ ᠪᠠᠲᠤᠲᠠᠶ᠎ᠪᠠᠷ ᠤᠷᠤᠭᠰᠢ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠵᠢᠯ ᠳᠠᠷᠠᠭ᠋ᠠᠯᠠᠨ ᠬᠢᠵᠦ᠂ ᠡᠨᠡ ᠬᠦ᠌ ᠰᠠᠢ᠍ᠢ᠍ᠨ ᠶᠠᠪᠤᠳᠠᠯ᠎ᠢ ᠦᠨᠡᠨ ᠬᠦ᠌ ᠰᠠᠶ᠋ᠢᠲᠤᠷ ᠬᠢᠵᠦ᠂ ᠪᠣᠳᠠᠲᠤ ᠶᠠᠪᠤᠳᠠᠯ᠎ᠢ ᠪᠣᠳᠠᠲᠠᠢ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃
ᠪᠥᠬᠥ ᠤᠯᠤᠰ᠎ᠤᠨ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠤᠨ ᠲᠤᠬᠠᠶ ᠵᠢᠨ ᠭᠠᠵᠠᠷ᠎ᠤᠨ ᠬᠤᠷᠠᠯ 23᠎ᠤ ᠡᠳᠦᠷ ᠬᠤᠨᠠᠨ ᠮᠤᠵᠢ ᠵᠢᠨ ᠾᠧᠩᠶᠠᠩ᠎ᠳᠤ ᠬᠤᠷᠠᠯᠳᠤᠪᠠ᠃ ᠬᠤᠷᠠᠯ᠎ᠠᠴᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠤ᠌ ᠴᠦᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠢᠯ ᠪᠣᠯᠭ᠋ᠠᠨ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ᠃ ᠰᠠᠢ᠍ᠢ᠍ᠨ᠎ᠢ ᠬᠥᠭᠡᠭᠡᠴᠡᠯᠳᠦᠪᠡᠴᠦ ᠲᠦᠷᠭᠡ᠎ᠨᠢ ᠬᠥᠭᠡᠭᠡᠴᠡᠯᠳᠦᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠯᠠᠪᠳᠠᠭᠤᠨ ᠪᠠᠲᠤᠲᠠᠢ ᠲᠣᠭᠲᠠᠭᠤᠨ ᠵᠶ᠋ᠠᠷ ᠠᠬᠢᠭᠤᠯᠵᠤ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠨᠢᠭᠡ ᠵᠢ ᠥᠭᠡᠷᠡᠴᠢᠯᠡᠪᠡᠯ ᠨᠢᠭᠡ ᠵᠢ ᠪᠦᠲᠦᠭᠡᠬᠦ ᠵᠢ ᠪᠠᠲᠤᠯᠠᠬᠤ ᠬᠡᠷᠡᠭᠲᠡᠢ᠃ ᠵᠣᠷᠯᠣᠩ᠎ᠢ ᠥᠭᠡᠷᠡᠴᠢᠯᠡᠬᠦ ᠵᠢ ᠤᠰᠤ ᠬᠠᠩᠭ᠋ᠠᠬᠤ ᠵᠢ ᠪᠠᠳᠤᠯᠠᠬᠤ ᠪᠠ ᠪᠣᠬᠢᠷ ᠤᠰᠤ ᠵᠢ ᠰᠢᠢ᠍ᠳᠪᠦᠷᠢᠯᠡᠬᠦᠯᠦᠭᠡ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠲᠣᠬᠢᠷᠠᠮᠵᠢᠲᠠᠢ ᠠᠷᠭ᠎ᠠ ᠮᠠᠶᠢᠭ ᠪᠠ ᠮᠡᠷᠭᠡᠵᠢᠯ᠎ᠢ ᠬᠠᠶ᠋ᠢᠨ ᠰᠦᠪᠡᠭᠴᠢᠯᠡᠵᠦ᠂ ᠲᠤᠷᠰᠢᠯᠲᠠ ᠬᠢᠭᠡᠳ ᠪᠣᠯᠪᠠᠰᠤᠷᠠᠩᠭᠤᠢ ᠪᠣᠯᠤᠭᠰᠠᠨ᠎ᠤ ᠲᠠᠷᠠᠭ᠎ᠠ ᠳᠡᠯᠭᠡᠷᠡᠭᠦᠯᠬᠦ ᠬᠡᠷᠡᠭᠲᠡᠢ᠃ ᠲᠠᠷᠢᠶᠠᠴᠢᠳ᠎ᠤᠨ ᠭᠤᠤᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠠᠵᠢᠯ᠎ᠤᠨ ᠰᠤᠷᠲᠠᠯ ᠵᠶ᠋ᠠᠨ ᠬᠤᠪᠢᠷᠠᠭᠤᠯᠵᠤ᠂ ᠠᠰᠠᠭᠤᠳᠠᠯ᠎ᠢ ᠪᠠᠶ᠋ᠢᠴᠠᠭ᠋ᠠᠨ ᠣᠶ᠋ᠢᠯᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠵᠤ᠂ ᠲᠠᠷᠢᠶᠠᠴᠢᠨ ᠲᠦᠮᠡᠨ᠎ᠤ ᠠᠰᠢᠭ ᠬᠦᠷᠳᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠨᠠᠨ᠂ ᠾᠸᠪᠸᠢ᠂ ᠯᠢᠶᠣᠤᠨᠢᠩ᠂ ᠬᠠᠶ᠋ᠢᠨᠠᠨ᠂ ᠶᠦᠨᠨᠠᠨ᠂ ᠭᠠᠨᠰᠦ ᠮᠤᠵᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃
ᠬᠣᠯᠪᠣᠭᠳᠠᠯ ᠪᠥᠬᠥᠶ ᠮᠤᠵᠢ ᠣᠷᠣᠨ ᠪᠣᠯᠤᠨ ᠰᠠᠯᠠᠭ᠎ᠠ ᠮᠥᠴᠢᠷ᠂ ᠡᠯ᠎ᠡ ᠮᠤᠵᠢ ᠣᠷᠣᠨ ᠬᠣᠲᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠰᠠᠯᠠᠭ᠎ᠠ ᠮᠥᠴᠢᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠪᠣᠯᠤᠨ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠤᠨ ᠠᠵᠢᠯ᠎ᠤᠨ ᠲᠦᠷᠦᠭᠦᠯᠡᠨ ᠬᠢᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃