ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪᠡᠳ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠵᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠥ ᠴᠠᠰᠤᠲᠤ ᠥᠨᠳᠥᠷᠯᠢᠭ᠎ᠤᠨ ᠥᠨᠢ ᠤᠳᠠᠭ᠋ᠠᠨ ᠠᠮᠤᠷ ᠲᠤᠬᠳᠠᠭᠤᠨ ᠪᠠ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠳᠡᠢ
ᠨᠡᠶ᠋ᠢᠲᠡᠯᠡᠭᠰᠡᠨ ᠴᠠᠭ᠄ 2021-07-28

    ᠰᠢᠨᠬᠤᠸᠠ ᠬᠣᠷᠢᠶᠠᠨ᠎ᠤ ᡀᠠᠰᠠ ᠵᠢᠨ 7 ᠰᠠᠷ᠎ᠠ ᠵᠢᠨ 23᠎ᠤ ᠴᠠᠬᠢᠯᠭ᠋ᠠᠨ ᠮᠡᠳᠡᠭᠡ   ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ 70 ᠵᠢᠯ᠎ᠤᠨ ᠤᠢ ᠵᠢ ᠪᠡᠯᠭᠡᠯᠡᠬᠦ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠲᠥᠪᠡᠳ᠎ᠲᠤ ᠢᠷᠡᠵᠦ᠂ ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ 70 ᠵᠢᠯ᠎ᠤᠨ ᠤᠢ᠎ᠳᠤ ᠪᠠᠶᠠᠷ ᠬᠦᠷᠭᠡᠵᠦ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠣᠯᠭᠣᠭ᠋ᠠᠨ ᠲᠣᠬᠣᠨᠢᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠳᠤ ᠨᠠᠮ᠎ᠤᠨ ᠲᠥᠪ ᠬᠣᠷᠢᠶᠠᠨ᠎ᠤ ᠬᠠᠶ᠋ᠢᠷ᠎ᠠ ᠬᠠᠯᠠᠮᠵᠢ ᠵᠢ ᠬᠦᠷᠭᠡᠪᠡ᠃ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠵᠢᠨ ᠬᠤᠪᠢ᠎ᠪᠠᠷ ᠲᠥᠪᠡᠳ᠎ᠲᠤ ᠬᠦᠷᠴᠤ ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ᠎ᠢ ᠪᠡᠯᠭᠡᠯᠡᠭᠰᠡᠨ᠎ᠨᠢ ᠨᠠᠮ ᠪᠠ ᠤᠯᠤᠰ᠎ᠤᠨ ᠲᠡᠦᠬᠡᠨ ᠳᠡᠭᠡᠷᠡᠬᠢ ᠠᠩᠬᠠᠳᠠᠬ᠍ᠴᠢ ᠤᠳᠠᠭ᠎ᠠ ᠪᠠᠢ᠍ᠢ᠍ᠵᠥ᠂ ᠨᠠᠮ᠎ᠤᠨ ᠲᠥᠪ ᠬᠤᠷᠢᠶ᠎ᠠ᠎ᠠᠴᠠ ᠲᠥᠪᠡᠳ᠎ᠤᠨ ᠠᠵᠢᠯ᠎ᠢ ᠳᠡᠮᠵᠢᠵᠦ ᠪᠠᠢ᠍ᠢ᠍ᠬᠤ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠠᠯᠠᠮᠵᠢᠯᠠᠵᠤ ᠪᠠᠶ᠋ᠢᠬᠤ ᠵᠢ ᠭᠦᠢ᠍ᠴᠡᠳ ᠢᠯᠡᠳᠬᠡᠭᠰᠡᠨ ᠪᠠᠶ᠋ᠢᠨ᠎ᠠ᠃
    ᠰᠢ ᠵᠢᠨ ᠫᠢᠩ᠂ ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ 70 ᠵᠢᠯ᠎ᠤᠨ ᠲᠤᠷᠰᠢ᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠠᠷᠠᠳ ᠲᠦᠮᠡᠨ᠎ᠤ ᠬᠦᠴᠦᠲᠡᠢ ᠳᠡᠮᠵᠢᠯᠭᠡ ᠳᠣᠣᠷ᠎ᠠ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠰᠢᠷᠭ᠋ᠠᠭᠤ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠲᠡᠮᠡᠴᠡᠵᠦ᠂ ᠨᠡᠶ᠋ᠢᠭᠡᠮ᠎ᠤᠨ ᠪᠠᠶ᠋ᠢᠭᠤᠯᠤᠯ ᠲᠡᠦᠬᠡᠲᠦ ᠴᠢᠨᠠᠷᠲᠠᠢ ᠳᠠᠪᠠᠯᠲᠠ ᠵᠢ ᠪᠡᠶᠡᠯᠡᠭᠦᠯᠵᠦ᠂ ᠠᠵᠤ ᠠᠬᠤᠢ ᠨᠡᠶ᠋ᠢᠭᠡᠮ ᠪᠦᠬᠦ ᠲᠠᠯ᠎ᠠ᠎ᠪᠠᠷ ᠬᠥᠭᠵᠢᠵᠦ᠂ ᠠᠷᠠᠳ᠎ᠤᠨ ᠠᠮᠢᠳᠤᠷᠠᠯ ᠲᠤᠶ᠋ᠢᠯ᠎ᠤᠨ ᠶᠡᠬᠡ᠎ᠪᠠᠷ ᠰᠠᠶ᠋ᠢᠵᠢᠷᠠᠵᠤ᠂ ᠬᠤᠳᠠ ᠬᠥᠳᠡᠭᠡ ᠵᠢᠨ ᠳᠦᠷᠰᠦ ᠪᠠᠶ᠋ᠢᠳᠠᠯ ᠯᠤᠳᠤ ᠶᠡᠭᠡ ᠬᠤᠪᠢᠷᠠᠯᠳᠠ᠎ᠲᠠᠢ ᠪᠣᠯᠵᠠᠢ᠃ ᠦᠢ᠍ᠯᠡᠳᠦᠯᠭᠡ ᠭᠡᠷᠡᠴᠢᠯᠡᠭᠰᠡᠨ᠎ᠨᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠵᠤ ᠴᠢᠳᠠᠬᠤ ᠦᠭᠡᠢ᠂ ᠰᠢᠨ᠎ᠡ ᠲᠥᠪᠡᠳ ᠴᠦ᠍ ᠪᠠᠶ᠋ᠢᠵᠤ ᠴᠢᠳᠠᠬᠤ ᠦᠭᠡᠢ ᠶᠤᠮ᠂ ᠨᠠᠮ᠎ᠤᠨ ᠲᠥᠪ ᠬᠣᠷᠢᠶᠠᠨ᠎ᠤ ᠲᠥᠪᠡᠳ᠎ᠤᠨ ᠠᠵᠢᠯ᠎ᠤᠨ ᠲᠤᠬᠠᠢ ᠴᠢᠭᠯᠡᠯᠲᠡ ᠲᠦᠷᠦ ᠵᠢᠨ ᠪᠤᠳᠤᠯᠭ᠎ᠠ ᠪᠣᠯ ᠪᠦᠷᠢᠮᠦᠰᠦᠨ ᠵᠥᠪ ᠶᠤᠮ ᠬᠡᠵᠥ ᠵᠢᠭ᠋ᠠᠵᠥ ᠭᠠᠷᠭ᠋ᠠᠪᠠ᠃
    ᠰᠢ ᠵᠢᠨ ᠫᠢᠩ᠂ ᠰᠢᠨ᠎ᠡ ᠴᠠᠭ ᠦᠶ᠎ᠡ ᠵᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ   ᠬᠦᠭ   ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠣᠭᠲᠠᠭᠤᠨ᠂ ᠬᠥᠭᠵᠢᠯᠲᠡ᠂ ᠠᠮᠢ ᠠᠬᠤᠢ᠂ ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ ᠲᠦᠷᠪᠡᠨ ᠶᠡᠬᠡ ᠶᠠᠪᠤᠳᠠᠯ᠎ᠢ ᠰᠠᠶ᠋ᠢᠲᠤᠷ ᠠᠳᠬᠤᠵᠤ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠠᠮᠵᠢᠯᠲᠠ ᠣᠯᠵᠤ᠂ ᠴᠠᠰᠤᠲᠤ ᠥᠨᠳᠥᠷᠯᠢᠭ᠎ᠤᠨ ᠥᠨᠢ ᠤᠳᠠᠭ᠋ᠠᠨ ᠠᠮᠤᠷ ᠲᠣᠭᠲᠠᠭᠤᠨ ᠪᠠ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    7 ᠰᠠᠷ᠎ᠠ ᠵᠢᠨ 21᠎ᠠᠴᠠ 23᠎ᠤ ᠡᠳᠦᠷ ᠪᠣᠯᠲᠠᠯ᠎ᠠ᠂ ᠰᠢ ᠵᠢᠨ ᠫᠢᠩ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠡᠤ ᠶᠢᠩ ᠵᠢᠶᠧ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠴᠢᠵᠠᠯᠠ ᠵᠢᠨ ᠪᠠᠷ᠎ᠠ ᠪᠣᠯᠣᠯᠭ᠎ᠠ᠎ᠲᠠᠢ᠎ᠪᠠᠷ ᠤᠷᠢᠳ ᠬᠣᠵᠢᠳ ᠨᠢᠩ ᠊ᠤᠤᠢ᠂ ᡀᠠᠰᠠ ᠵᠡᠷᠭᠡ ᠭᠠᠵᠠᠷ᠎ᠲᠤ ᠬᠦᠷᠴᠦ᠂ ᠬᠥᠳᠡᠭᠡ ᠲᠣᠰᠬᠣᠨ᠂ ᠬᠣᠲᠠ ᠵᠢᠨ ᠴᠡᠴᠡᠷᠯᠢᠭ᠂ ᠲᠡᠮᠦᠷ ᠵᠠᠮ᠎ᠤᠨ ᠬᠦᠢ᠍ᠰᠦ᠂ ᠱᠠᠰᠢᠨ ᠰᠤᠷᠲᠠᠬᠤᠨ᠎ᠤ ᠲᠠᠯᠠᠪᠤᠷ ᠭᠠᠵᠠᠷ᠂ ᠰᠣᠶᠣᠯ᠎ᠤᠨ ᠵᠡᠭᠡᠯᠢ ᠲᠣᠭᠣᠷᠢᠭ ᠵᠶ᠋ᠠᠷ ᠭᠦᠨᠵᠡᠭᠡᠶ᠋ᠢᠷᠡᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠪᠣᠯᠭᠣᠭ᠋ᠠᠨ ᠲᠣᠬᠣᠨᠢᠭᠤᠯᠪᠠ᠃
    21᠎ᠤ ᠦᠳᠡ ᠵᠢᠨ ᠡᠮᠦᠨᠡᠬᠢ 11 ᠴᠠᠭ᠎ᠤᠨ ᠦᠶ᠎ᠡ᠎ᠪᠠᠷ᠂ ᠰᠢ ᠵᠢᠨ ᠫᠢᠩ ᠨᠢᠰᠬᠡᠯ ᠵᠶ᠋ᠠᠷ ᠨᠢᠩ ᠊ᠤᠤᠢ ᠵᠢᠨ ᠮᠢᠨᠯᠢᠩ ᠨᠢᠰᠬᠡᠯ᠎ᠤᠨ ᠪᠠᠭᠤᠳᠠᠯ᠎ᠳᠤ ᠬᠦᠷᠪᠡ᠃ ᠲᠥᠪᠡᠳ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠭᠠᠷ᠎ᠲᠠᠭᠠᠨ ᠬᠤᠸᠠᠷ ᠴᠡᠴᠡᠭ ᠪᠠᠷᠢᠵᠥ᠂ ᠳᠠᠭᠤᠯᠠᠨ ᠪᠥᠵᠢᠭᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠬᠦᠷᠴᠦ ᠢᠷᠡᠭᠰᠡᠨ᠎ᠢ ᠬᠠᠯᠠᠭᠤᠨ ᠵᠶ᠋ᠠᠷ ᠤᠭᠲᠤᠬᠤ ᠵᠢᠨ ᠬᠠᠮᠲᠤ ᠶᠡᠷᠦᠩᠬᠡᠢ ᠱᠦᠵᠢ᠎ᠳᠤ ᠬᠠᠳᠠᠭ᠂ ᠴᠤᠮᠨ᠂ ᠨᠣᠬᠠᠢ ᠵᠢᠨ ᠬᠣᠰᠢᠭᠤ ᠵᠢᠨ ᠠᠷᠢᠬᠢ ᠡᠷᠭᠦᠨ ᠪᠠᠷᠢᠵᠤ᠂ ᠶᠡᠷᠦᠩᠬᠡᠢ ᠱᠦᠵᠢ᠎ᠳᠤ ᠴᠢᠩ ᠰᠡᠳᠬᠢᠯ᠎ᠤᠨ ᠵᠥᠩᠨᠡᠯ ᠵᠶ᠋ᠠᠨ ᠳᠡᠪᠰᠢᠭᠦᠯᠪᠡ᠃
    ᠳᠠᠷᠠᠭ᠎ᠠ᠎ᠨᠢ᠂ ᠰᠢ ᠵᠢᠨ ᠫᠢᠩ ᠮᠠᠰᠢᠨ ᠲᠡᠷᠭᠡᠨ᠎ᠳᠤ ᠰᠠᠭᠤᠵᠤ ᠨᠢᠶᠠᠩ ᠭᠣᠣᠯ᠎ᠤᠨ ᠶᠡᠬᠡ ᠬᠥᠭᠥᠷᠭᠡ᠎ᠳᠤ ᠬᠦᠷᠴᠦ᠂ ᠤᠰᠤᠨ᠎ᠤ ᠳᠠᠪᠠᠯᠭ᠋ᠠᠨ ᠳᠠᠪᠠᠯᠭ᠋ᠠᠯᠠᠨ᠂ ᠡᠪᠡᠰᠦ ᠮᠣᠳᠣ ᠬᠥᠬᠡᠷᠡᠨ ᠨᠣᠭᠣᠭ᠋ᠠᠷᠠᠭᠰᠠᠨ ᠶᠠᠨᠢ ᠨᠤᠭᠤ ᠭᠠᠵᠠᠷ᠎ᠢ ᠠᠯᠤᠰ᠎ᠠᠴᠠ ᠪᠠᠷᠠᠯᠠᠵᠥ᠂ ᠶᠠᠯᠦᠰᠠᠩᠪᠦ ᠮᠥᠷᠡᠨ ᠵᠢᠴᠢ ᠨᠢᠶᠠᠩ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠡᠷᠭᠡ ᠪᠠᠶ᠋ᠢᠳᠠᠯ᠎ᠢ ᠰᠣᠨᠣᠰᠪᠠ᠃ ᠰᠢ ᠵᠢᠨ ᠫᠢᠩ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠴᠢᠬᠤᠯᠠ ᠭᠣᠣᠯ ᠮᠥᠷᠡᠨ᠎ᠤ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠵᠣᠬᠢᠰᠲᠠᠢ ᠨᠡᠭᠡᠭᠡᠨ ᠠᠰᠢᠬᠯᠠᠬᠤ ᠪᠠ ᠬᠠᠮᠠᠭ᠋ᠠᠯᠠᠬᠤ ᠵᠢ ᠨᠢᠭᠡᠳᠦᠯᠲᠡᠢ ᠲᠥᠯᠥᠪᠵᠢᠭᠦᠯᠵᠦ᠂ ᠡᠨᠳᠡᠬᠢ ᠠᠮᠢᠳᠠᠨ ᠠᠷᠢᠶᠠᠳᠠᠨ ᠡᠪᠡᠰᠦ ᠮᠣᠳᠣ᠂ ᠠᠭᠤᠯᠠ ᠤᠰᠤ ᠵᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ ᠬᠡᠵᠥ ᠴᠢᠬᠤᠯᠠᠴᠢᠯᠠᠪᠠ᠃
    ᠲᠤᠰ ᠡᠳᠦᠷ᠎ᠤᠨ ᠦᠳᠡ ᠵᠢᠨ ᠬᠣᠶ᠋ᠢᠨ᠎ᠠ᠂ ᠰᠢ ᠵᠢᠨ ᠫᠢᠩ ᠨᠢᠩ ᠊ᠤᠤᠢ ᠬᠤᠲᠠ ᠵᠢᠨ ᠬᠤᠲᠠ ᠵᠢᠨ ᠲᠥᠯᠥᠪᠵᠢᠭᠦᠯᠭᠡ ᠵᠢᠨ ᠣᠷᠳᠣᠨ᠎ᠳᠤ ᠬᠦᠷᠴᠦ᠂ ᠨᠢᠩ ᠊ᠤᠤᠢ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠪᠤᠴᠠ ᠵᠢᠴᠢ ᠬᠥᠭᠵᠢᠯᠲᠡ ᠵᠢᠨ ᠲᠥᠯᠥᠪᠵᠢᠭᠦᠯᠭᠡ ᠵᠢ ᠣᠶ᠋ᠢᠯᠠᠭ᠋ᠠᠪᠠ᠃ ᠰᠢ ᠵᠢᠨ ᠫᠢᠩ᠂ ᠥᠨᠳᠥᠷᠯᠢᠭ᠎ᠲᠤ ᠤᠷᠤᠰᠢᠨ ᠠᠮᠢᠳᠤᠷᠠᠵᠤ ᠪᠠᠶ᠋ᠢᠭ᠎ᠠ ᠦᠨᠳᠦᠰᠦᠲᠡᠨ᠎ᠨᠦᠭᠦᠳ᠎ᠤᠨ ᠤᠯᠠᠨ ᠲᠦᠮᠡᠨ ᠤᠷᠳᠤ ᠬᠤᠭᠤᠴᠠᠭ᠋ᠠᠨ᠎ᠤ ᠲᠤᠷᠰᠢ ᠡᠬᠡ ᠪᠠᠶ᠋ᠢᠭ᠋ᠠᠯᠢ᠎ᠲᠠᠢ ᠬᠠᠷᠢᠯᠴᠠᠨ ᠲᠦᠰᠢᠯᠴᠡᠵᠦ᠂ ᠥᠨᠳᠥᠷᠯᠢᠭ᠎ᠤᠨ ᠣᠷᠴᠢᠨ ᠲᠣᠭᠣᠷᠢᠨ᠎ᠲᠠᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠪᠦᠷᠢᠯᠳᠦᠭᠦᠯᠵᠡᠢ᠂ ᠣᠷᠣᠨ ᠪᠦᠰᠡ ᠵᠢᠨ ᠣᠨᠴᠠᠯᠢᠭ᠎ᠢ ᠲᠤᠪᠤᠢ᠍ᠢ᠍ᠯᠭ᠋ᠠᠵᠤ᠂ ᠡᠢ᠍ᠢ᠍ᠮᠤᠷᠬᠦᠦ ᠮᠠᠶᠢᠭ᠎ᠤᠨ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠂ ᠦᠷᠭᠦᠯᠵᠢᠯᠡᠬᠦ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠬᠦᠳᠦᠯᠥᠨ ᠬᠥᠭᠵᠢᠭᠡᠵᠦ᠂ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠯᠳᠠ ᠵᠢᠨ ᠴᠢᠳᠠᠪᠤᠷᠢ᠎ᠪᠠᠷ ᠬᠠᠲᠠᠭᠤ ᠬᠢᠵᠠᠭ᠋ᠠᠷᠯᠠᠯ ᠪᠣᠯᠭ᠋ᠠᠵᠤ᠂ ᠬᠤᠳᠠ ᠵᠢᠨ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠱᠤᠭᠤᠮ ᠪᠣᠯᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠤᠳᠠ ᠵᠢᠨ ᠬᠥᠮᠦᠨ ᠠᠮᠠ ᠵᠢᠨ ᠬᠡᠪᠴᠢᠶ᠎ᠡ ᠵᠢ ᠵᠣᠬᠢᠰᠲᠠᠢ ᠲᠣᠭᠲᠠᠭ᠋ᠠᠵᠤ᠂ ᠰᠠᠭᠤᠷᠢ ᠲᠥᠬᠥᠭᠡᠷᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠢᠵᠢ ᠪᠦᠷᠢᠳᠦᠬᠦᠯᠤᠨ ᠲᠥᠯᠥᠪᠵᠢᠭᠦᠯᠦᠨ ᠪᠦᠳᠦᠭᠡᠨ ᠪᠠᠶ᠋ᠢᠭᠤᠯᠵᠤ᠂ ᠤᠢ ᠰᠢᠭᠤᠢ ᠵᠢᠨ ᠲᠦᠢ᠍ᠮᠡᠷ᠎ᠢ ᠰᠡᠷᠭᠡᠶ᠋ᠢᠯᠡᠬᠦ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠳᠠ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠳᠬᠡᠪᠡ᠃
    ᠨᠢᠩ ᠊ᠤᠤᠢ ᠬᠣᠲᠠ ᠵᠢᠨ ᠪᠠ ᠢ ᠲᠣᠭᠣᠷᠢᠭ᠎ᠤᠨ ᠨᠢᠩ ᠊ᠤᠤᠢ ᠪᠠᠯᠭ᠋ᠠᠰᠤᠨ᠎ᠤ ᠭᠠᠯᠠ ᠲᠣᠰᠬᠣᠨ᠎ᠨᠢ᠂ ᠬᠠᠪᠤᠷ ᠪᠠᠳᠠᠷᠠᠨ ᠳᠡᠯᠭᠡᠷᠡᠳᠡᠭ ᠬᠡᠭᠡᠷ᠎ᠡ ᠵᠢᠨ ᠲᠤᠭᠤᠷ᠎ᠤᠨ ᠴᠡᠴᠡᠭ ᠵᠶ᠋ᠠᠷ ᠵᠶ᠋ᠠᠨ ᠠᠯᠳᠠᠷᠰᠢᠭᠰᠠᠨ ᠶᠤᠮ᠃ ᠰᠢ ᠵᠢᠨ ᠫᠢᠩ ᠡᠨᠳᠡ ᠢᠷᠡᠵᠦ᠂ ᠭᠠᠯᠠ ᠲᠣᠰᠬᠣᠨ᠎ᠤ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠭᠰᠠᠨ᠂ ᠣᠯᠠᠨ ᠲᠦᠮᠡᠨ᠎ᠢ ᠳᠠᠭ᠋ᠠᠭᠤᠯᠤᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠰᠠᠨ᠂ ᠦᠨᠳᠦᠰᠦᠨ ᠱᠠᠲᠤᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠦᠭᠰᠡᠨ ᠵᠡᠷᠭᠡ ᠲᠠᠨᠢᠯᠴᠠᠭᠤᠯᠭ᠎ᠠ ᠵᠢ ᠰᠣᠨᠣᠰᠴᠤ᠂ ᠲᠣᠰᠬᠣᠨ᠎ᠤ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠲᠥᠪ᠂ 《ᠪᠣᠬᠢᠷᠲᠤᠯ ᠥᠬᠡᠶ ᠪᠠᠩᠬᠢ》 ᠵᠢᠨ ᠰᠣᠯᠢᠯᠴᠠᠬᠤ ᠳᠡᠯᠭᠡᠭᠦᠷ᠂ ᠡᠷᠡᠭᠦᠯ ᠬᠠᠮᠠᠭ᠋ᠠᠯᠠᠯ᠎ᠤᠨ ᠲᠠᠰᠤᠭ ᠵᠡᠷᠭᠡ ᠵᠢᠨ ᠬᠤᠯᠪᠤᠬᠳᠠᠯ ᠪᠥᠬᠥᠶ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠣᠰᠬᠣᠨ᠎ᠤ ᠠᠷᠠᠳ ᠳ᠋ᠠᠸᠠᠵᠢᠶᠠᠨᠼᠠᠨ ᠶᠡᠷᠦᠩᠬᠡᠢ ᠱᠦᠵᠢ ᠵᠢ ᠭᠡᠷ᠎ᠲᠤ᠎ᠪᠠᠨ ᠬᠠᠯᠠᠭᠤᠨ ᠵᠶ᠋ᠠᠷ ᠤᠭᠲᠤᠪᠠ᠃ ᠰᠢ ᠵᠢᠨ ᠫᠢᠩ ᠤᠨᠲᠠᠬᠤ ᠥᠷᠥᠭᠡ᠂ ᠲᠣᠭᠣᠭ᠋ᠠᠨ ᠬᠡᠷ᠂ ᠬᠠᠳᠠᠭ᠋ᠠᠯᠠᠬᠤ ᠥᠷᠥᠭᠡ᠂ ᠵᠤᠷᠯᠤᠩ ᠵᠡᠷᠭᠡ ᠵᠢ ᠨᠠᠷᠢᠨ ᠪᠠᠶ᠋ᠢᠴᠠᠭ᠋ᠠᠨ ᠦᠵᠡᠭᠰᠡᠨ ᠪᠥᠭᠡᠳ ᠬᠡᠷ᠎ᠤᠨ ᠬᠥᠮᠦᠰ᠎ᠲᠠᠢ᠎ᠨᠢ ᠵᠣᠴᠢᠯᠠᠬᠤ ᠲᠢᠩᠬᠢᠮ᠎ᠳᠤ ᠲᠣᠭᠣᠷᠢᠨ ᠰᠠᠭᠤᠵᠤ ᠵᠣᠭᠣᠭᠳᠠᠪᠠ᠃ ᠳ᠋ᠠᠸᠠᠵᠢᠶᠠᠨᠼᠠᠨ ᠶᠡᠷᠦᠩᠬᠡᠢ ᠱᠦᠵᠢ᠎ᠳᠤ᠂ ᠡᠳᠡᠭᠡᠷ ᠵᠢᠯ᠎ᠤᠳ᠎ᠲᠤ ᠲᠡᠳᠡᠨ᠎ᠤ᠎ᠬᠢᠨ ᠲᠡᠭᠡᠭᠡᠪᠦᠷᠢ ᠭᠦᠶᠦᠬᠦ᠂ ᠲᠤᠭᠤᠷ᠎ᠤᠨ ᠴᠡᠴᠡᠭ᠎ᠤᠨ ᠪᠠᠶᠠᠷ᠎ᠠᠴᠠ ᠠᠰᠢᠭ ᠬᠤᠪᠢᠶᠠᠬᠤ᠂ ᠭᠠᠵᠠᠷ ᠰᠢᠷᠣᠢ ᠵᠢᠨ ᠡᠵᠡᠩᠨᠡᠯᠳᠡ ᠵᠢᠨ ᠡᠷᠬᠡ ᠵᠢ ᠰᠢᠯᠵᠢᠭᠦᠯᠬᠦ᠂ ᠲᠠᠷᠢᠵᠤ ᠲᠡᠵᠢᠭᠡᠨ ᠦᠷᠡᠵᠢᠭᠦᠯᠬᠦ᠎ᠳᠤ ᠲᠦᠰᠢᠭᠯᠡᠵᠤ᠂ ᠨᠢᠳᠤᠨᠤᠨ ᠪᠦᠬᠦ ᠭᠡᠷ᠎ᠤᠨ ᠣᠷᠣᠯᠭ᠎ᠠ᠎ᠨᠢ 30 ᠲᠦᠮᠡᠨ ᠲᠥᠭᠥᠷᠢᠭ᠎ᠢ ᠳᠠᠪᠠᠪᠠ ᠭᠡᠵᠤ ᠬᠡᠯᠡᠵᠤ ᠦᠭᠭᠦᠯ᠎ᠡ᠃ ᠰᠢ ᠵᠢᠨ ᠫᠢᠩ ᠰᠣᠨᠣᠰᠤᠭ᠋ᠠᠳ ᠮᠠᠰᠢ ᠪᠠᠶᠠᠷᠯᠠᠪᠠ᠃ ᠲᠡᠷᠡ᠂ ᠭᠠᠯᠠ ᠲᠣᠰᠬᠣᠨ᠎ᠤ ᠰᠠᠢ᠍ᠢ᠍ᠨ ᠰᠠᠶ᠋ᠢᠬᠠᠨ ᠠᠮᠢᠳᠤᠷᠠᠯ ᠪᠣᠯ ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ 70 ᠵᠢᠯ᠎ᠤᠨ ᠲᠤᠷᠰᠢᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢᠨ ᠬᠤᠷᠢᠶᠠᠩᠭᠤᠢ ᠳᠦᠷᠰᠦ ᠪᠣᠯᠤᠨ᠎ᠠ᠂ ᠡᠨᠳᠡᠬᠢ ᠪᠣᠯ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠴᠡᠴᠡᠭ ᠪᠠᠳᠠᠷᠠᠨ ᠳᠡᠯᠭᠡᠷᠡᠭᠰᠡᠨ ᠭᠠᠵᠠᠷ ᠪᠣᠯᠤᠨ᠎ᠠ᠃ ᠨᠤᠲᠤᠭ᠎ᠤᠨ ᠠᠬ᠎ᠠ ᠳᠡᠭᠦᠦ ᠨᠡᠷ᠎ᠤᠨ ᠰᠠᠢ᠍ᠢ᠍ᠨ ᠰᠠᠶ᠋ᠢᠬᠠᠨ ᠠᠮᠢᠳᠤᠷᠠᠯ᠎ᠨᠢ ᠨᠠᠮ ᠪᠠ ᠤᠯᠤᠰ᠎ᠤᠨ ᠰᠠᠢ᠍ᠢ᠍ᠨ ᠲᠦᠷᠦ ᠵᠢᠨ ᠪᠤᠳᠤᠯᠭ᠎ᠠ ᠵᠢᠨ ᠠᠴᠢ ᠲᠤᠰᠠ ᠪᠤᠯᠬᠤ ᠪᠦᠭᠡᠳ ᠪᠠᠰᠠ ᠲᠠ ᠨᠠᠷ ᠥᠪᠡᠷ ᠵᠶ᠋ᠠᠨ ᠠᠵᠢᠯᠴᠢ ᠬᠥᠳᠡᠯᠮᠦᠷᠢᠴᠢ ᠬᠣᠶᠠᠷ ᠭᠠᠷ ᠵᠶ᠋ᠠᠷ ᠵᠶ᠋ᠠᠨ ᠡᠭᠦᠳᠦᠨ ᠪᠦᠲᠦᠭᠡᠭᠰᠡᠨ ᠶᠤᠮ᠃ ᠲᠥᠪᠡᠳ᠎ᠤᠨ ᠬᠥᠭᠵᠢᠯᠲᠡ ᠵᠢ ᠳᠡᠮᠵᠢᠬᠦ ᠲᠤᠬᠠᠶ ᠨᠠᠮ᠎ᠤᠨ ᠲᠥᠪ ᠬᠣᠷᠢᠶᠠᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃ ᠲᠣᠰᠬᠣᠨ᠎ᠤ ᠠᠷᠠᠳ ᠵᠠᠮ᠎ᠤᠨ ᠬᠠᠵᠠᠭᠤ᠎ᠳᠤ ᠴᠤᠭᠯᠠᠷᠠᠵᠤ᠂ ᠠᠷᠢᠭᠤᠨ ᠴᠠᠭ᠋ᠠᠨ ᠬᠠᠳᠠᠭ ᠪᠠᠷᠢᠵᠤ᠂ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ᠂ ᠮᠠᠯᠠᠭ᠋ᠠᠢ᠎ᠪᠠᠨ ᠠᠪᠴᠤ ᠶᠡᠷᠦᠩᠬᠡᠢ ᠱᠦᠵᠢ᠎ᠳᠤ ᠬᠦᠨᠳᠦᠳᠬᠡᠯ ᠳᠡᠪᠰᠢᠭᠦᠯᠪᠡ᠃ ᠰᠢ ᠵᠢᠨ ᠫᠢᠩ ᠤᠯᠠᠠ᠎ᠢ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠶ᠋ᠢᠬᠤ ᠵᠢ ᠬᠦᠰᠡᠨ ᠵᠥᠩᠨᠡᠪᠡ᠃
    ᠭᠠᠯᠠ ᠲᠣᠰᠬᠣᠨ᠎ᠠᠴᠠ ᠰᠠᠯᠤᠭ᠋ᠠᠳ᠂ ᠰᠢ ᠵᠢᠨ ᠫᠢᠩ ᠨᠢᠩ ᠊ᠤᠤᠢ ᠵᠢᠨ ᠰᠢᠨ᠎ᠡ ᠬᠠᠭᠤᠴᠢᠨ ᠬᠤᠳᠠ ᠵᠢᠨ ᠲᠣᠭᠣᠷᠢᠭ᠎ᠤᠨ ᠠᠭᠤᠯᠵᠠᠷ᠎ᠲᠠᠬᠢ ᠭᠤᠮᠪᠤ ᠴᠡᠴᠡᠷᠯᠢᠭ᠎ᠲᠤ ᠬᠦᠷᠴᠦ᠂ ᠴᠡᠴᠡᠷᠯᠢᠭ᠎ᠤᠨ ᠨᠣᠭᠣᠭ᠋ᠠᠷᠠᠭᠤᠯᠤᠯᠲᠠ ᠪᠠ ᠰᠠᠭᠤᠷᠢ ᠲᠥᠬᠥᠭᠡᠷᠦᠮᠵᠢ ᠵᠢ ᠪᠠᠶ᠋ᠢᠴᠠᠭ᠋ᠠᠨ ᠦᠵᠡᠪᠡ᠃ ᠰᠢ ᠵᠢᠨ ᠫᠢᠩ᠂ ᠬᠤᠳᠠ ᠵᠢᠨ ᠭᠣᠣᠯᠳᠠᠯᠭ᠎ᠡ ᠪᠣᠯ ᠬᠥᠮᠦᠨ ᠮᠥᠨ᠂ ᠬᠤᠳᠠ ᠵᠢᠨ ᠠᠵᠢᠯ᠎ᠢ ᠰᠠᠢ᠍ᠢ᠍ᠨ ᠬᠢᠭᠰᠡᠨ ᠡᠰᠡᠬᠦ᠂ ᠤᠯᠠᠨ ᠲᠦᠮᠡᠨ ᠬᠠᠨᠤᠮᠵᠢᠲᠠᠢ ᠪᠠᠶ᠋ᠢᠬᠤ ᠡᠰᠡᠬᠦ᠂ ᠠᠮᠢᠳᠤᠷᠠᠯ ᠳᠥᠭᠥᠮ ᠳᠥᠲᠡ ᠪᠠᠶ᠋ᠢᠬᠤ ᠡᠰᠡᠬᠦ ᠪᠣᠯ ᠴᠢᠬᠤᠯᠠ ᠦᠨᠡᠯᠡᠬᠦ ᠪᠠᠷᠢᠮᠵᠢᠶ᠎ᠠ ᠪᠣᠯᠤᠨ᠎ᠠ᠃ ᠬᠥᠮᠦᠨ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠬᠣᠲᠠ ᠵᠢᠨ ᠴᠢᠳᠠᠪᠬᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ ᠰᠢ ᠵᠢᠨ ᠫᠢᠩ ᠴᠡᠴᠡᠷᠯᠢᠭ᠎ᠤᠨ ᠠᠭᠤᠳᠠᠮ ᠲᠠᠯᠠᠪᠠᠢ ᠳᠡᠭᠡᠷ᠎ᠡ ᠪᠥᠵᠢᠭᠯᠡᠵᠦ ᠪᠠᠶ᠋ᠢᠭ᠎ᠠ ᠲᠤᠬᠠᠢ ᠵᠢᠨ ᠭᠠᠵᠠᠷ᠎ᠤᠨ ᠤᠯᠠᠨ ᠲᠦᠮᠡᠨ ᠪᠣᠯᠤᠨ ᠵᠢᠭᠤᠯᠴᠢᠯᠠᠬᠰᠡᠳ᠎ᠲᠤ ᠵᠥᠩᠨᠡᠯ ᠳᠡᠪᠰᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠢᠳᠤᠷᠠᠯ ᠤᠯᠠᠮ᠎ᠠᠴᠠ ᠤᠯᠠᠮ ᠰᠠᠶ᠋ᠢᠵᠢᠷᠠᠬᠤ ᠵᠢ ᠵᠥᠩᠨᠡᠪᠡ᠃
    ᠡᠨᠡ ᠵᠢᠯ᠎ᠤᠨ 6 ᠰᠠᠷ᠎ᠠ ᠵᠢᠨ 25᠎ᠤ ᠡᠳᠦᠷ᠂ ᠲᠥᠪᠡᠳ᠎ᠤᠨ ᠠᠩᠬᠠᠳᠠᠭᠴᠢ ᠴᠠᠬᠢᠯᠭ᠋ᠠᠨᠵᠢᠭᠰᠠᠨ ᠲᠡᠮᠦᠷ ᠵᠠᠮ᠎ᠤᠨ ᠯᠾᠠᠰᠠ᠎ᠠᠴᠠ ᠨᠢᠩ ᠊ᠤᠤᠢ ᠬᠦᠷᠬᠦ ᠲᠡᠮᠦᠷ ᠵᠠᠮ ᠠᠰᠢᠬᠯᠠᠯᠳᠠ᠎ᠳᠤ ᠣᠷᠣᠪᠠ᠃ 22᠎ᠤᠨ ᠦᠳᠡ ᠵᠢᠨ ᠡᠮᠦᠨ᠎ᠡ᠂ ᠰᠢ ᠵᠢᠨ ᠫᠢᠩ ᠰᠸᠴᠤᠸᠠᠨ᠎ᠠᠴᠠ ᠲᠥᠪᠡᠳ ᠬᠦᠷᠬᠦ ᠲᠡᠮᠦᠷ ᠵᠠᠮ᠎ᠤᠨ ᠴᠢᠬᠤᠯᠠ ᠬᠦᠢ᠍ᠰᠦ ᠦᠷᠳᠡᠭᠡ ᠪᠣᠯᠬᠤ ᠨᠢᠩ ᠊ᠤᠤᠢ ᠭᠠᠯᠲᠤ ᠲᠡᠷᠭᠡᠨ ᠦᠷᠳᠡᠭᠡ᠎ᠳᠤ ᠬᠦᠷᠴᠦ᠂ ᠰᠸᠴᠤᠸᠠᠨ᠎ᠠᠴᠠ ᠲᠥᠪᠡᠳ ᠬᠦᠷᠬᠦ ᠲᠡᠮᠦᠷ ᠵᠠᠮ᠎ᠤᠨ ᠶᠡᠷᠦᠩᠬᠡᠢ ᠲᠥᠯᠥᠪᠵᠢᠭᠦᠯᠭᠡ ᠵᠢᠴᠢ ᡀᠠᠰᠠ᠎ᠠᠴᠠ ᠨᠢᠩ ᠊ᠤᠤᠢ ᠬᠦᠷᠬᠦ ᠬᠡᠰᠡᠭ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ ᠵᠢᠨ ᠪᠠᠶ᠋ᠢᠳᠠᠯ᠎ᠢ ᠣᠶ᠋ᠢᠯᠠᠭ᠋ᠠᠵᠤ᠂ ᠶᠠ ᠠᠨ᠎ᠠᠴᠠ ᠨᠢᠩ ᠊ᠤᠤᠢ ᠬᠦᠷᠬᠦ ᠬᠡᠰᠡᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠤᠰᠬᠠᠢ ᠭᠠᠯᠲᠤ ᠲᠡᠷᠭᠡᠨ᠎ᠳᠤ ᠰᠠᠭᠤᠵᠤ ᠯᠾᠠᠰᠠ᠎ᠠᠴᠠ ᠨᠢᠩ ᠊ᠤᠤᠢ ᠬᠦᠷᠬᠦ ᠲᠡᠮᠦᠷ ᠵᠠᠮ ᠳᠠᠭ᠋ᠠᠤ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠣᠯᠪᠣᠭᠳᠠᠯ ᠪᠦᠬᠦᠢ ᠠᠰᠠᠭᠤᠳᠠᠯ᠎ᠢ ᠭᠦᠨᠵᠡᠭᠡᠢ ᠰᠤᠳᠤᠯᠪᠠ᠃ ᠰᠢ ᠵᠢᠨ ᠫᠢᠩ ᠰᠸᠴᠤᠸᠠᠨ᠎ᠠᠴᠠ ᠲᠥᠪᠡᠳ ᠬᠦᠷᠬᠦ ᠲᠡᠮᠦᠷ ᠵᠠᠮ᠎ᠤᠨ ᠪᠦᠳᠦᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠸᠴᠤᠸᠠᠨ᠎ᠠᠴᠠ ᠲᠥᠪᠡᠳ ᠬᠦᠷᠬᠦ ᠲᠡᠮᠦᠷ ᠵᠠᠮ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠤᠳᠤᠯᠤᠨ ᠪᠠᠶ᠋ᠢᠷᠢᠯᠠᠭᠤᠯᠵᠤ᠂ ᠠᠵᠢᠯ᠎ᠢ ᠠᠬᠢᠭᠤᠯᠬᠤ ᠲᠤᠬᠠᠢ ᠤᠯᠠᠨ ᠤᠳᠠᠭ᠎ᠠ ᠴᠢᠬᠤᠯᠠ ᠵᠢᠭ᠋ᠠᠪᠤᠷᠢ ᠥᠭᠴᠡᠢ᠃ ᠲᠡᠷᠡ᠂ ᠰᠸᠴᠤᠸᠠᠨ᠎ᠠᠴᠠ ᠲᠥᠪᠡᠳ ᠬᠦᠷᠬᠦ ᠲᠠᠮᠤᠷ ᠵᠠᠮ᠎ᠢ ᠲᠥᠯᠥᠪᠵᠢᠭᠦᠯᠦᠨ ᠪᠦᠳᠤᠬᠡᠨ ᠪᠠᠶ᠋ᠢᠭᠤᠯᠬᠤ ᠪᠣᠯ ᠲᠥᠪᠡᠳ᠎ᠤᠨ ᠬᠥᠭᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ᠎ᠠ᠂ ᠶᠠ ᠠᠨ᠎ᠠᠴᠠ ᠨᠢᠩ ᠊ᠤᠤᠢ ᠬᠦᠷᠬᠦ ᠬᠡᠰᠡᠭ᠎ᠤᠨ ᠭᠠᠵᠠᠷ᠎ᠤᠨ ᠪᠠᠶ᠋ᠢᠴᠠ ᠪᠣᠯᠤᠨ ᠠᠭᠤᠷ ᠠᠮᠢᠰᠬᠤᠯ᠎ᠤᠨ ᠨᠥᠬᠥᠴᠡᠯ ᠨᠡᠩ ᠪᠤᠳᠤᠯᠢᠶᠠᠨᠲᠠᠢ᠂ ᠪᠦᠳᠤᠬᠡᠨ ᠪᠠᠶ᠋ᠢᠭᠤᠯᠬᠤ ᠬᠦᠴᠢᠷᠳᠡᠯ᠎ᠤᠨ ᠶᠡᠬᠡ᠎ᠨᠢ ᠳᠡᠯᠡᠬᠡᠢ ᠳ᠋ᠠᠬᠢᠨ᠎ᠳᠤ ᠬᠣᠪᠣᠷ ᠶᠤᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠠᠩᠭᠢᠯᠠᠭ᠎ᠠ ᠵᠢᠨ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ᠂ ᠬᠦᠴᠢᠷ᠎ᠢ ᠰᠦᠷᠤᠨ ᠤᠷᠤᠭᠰᠢᠯᠠᠵᠤ᠂ ᠵᠣᠷᠢᠭᠲᠠᠢ᠎ᠪᠠᠷ ᠲᠦᠷᠦᠭᠦᠯᠡᠨ ᠬᠢᠵᠦ᠂ ᠰᠢᠨᠵᠢᠯᠡᠬᠦ ᠤᠬᠠᠭ᠋ᠠᠨᠴᠢ᠎ᠪᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠵᠶ᠋ᠠᠷ ᠪᠠᠷᠢᠯᠭ᠎ᠠ ᠪᠠᠷᠢᠬᠤ᠂ ᠪᠣᠬᠢᠷᠲᠤᠯ ᠦᠬᠡᠢ᠎ᠪᠠᠷ ᠪᠠᠷᠢᠯᠭ᠎ᠠ ᠪᠠᠷᠢᠬᠤ ᠵᠢ ᠪᠠᠷᠢᠮᠲᠠᠯᠠᠵᠤ᠂ ᠡᠨᠡ ᠬᠦ᠌ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠶᠠᠪᠤᠴᠠ᠎ᠳᠠᠬᠢ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠰᠠᠶ᠋ᠢᠲᠤᠷ ᠪᠦᠳᠤᠬᠡᠨ ᠪᠠᠶ᠋ᠢᠭᠤᠯᠬᠤ ᠬᠡᠷᠡᠭᠲᠡᠢ᠃ ᠪᠠᠷᠠᠭᠤᠨ ᠬᠡᠰᠡᠭ᠎ᠤᠨ ᠬᠢᠯᠢ ᠬᠢᠵᠠᠭ᠋ᠠᠷ᠎ᠤᠨ ᠲᠡᠮᠦᠷ ᠵᠠᠮ᠎ᠤᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠰᠠᠢ᠍ᠢ᠍ᠳᠤᠷ ᠲᠥᠯᠥᠪᠵᠢᠭᠦᠯᠦᠨ᠂ ᠭᠦᠢ᠍ᠴᠡᠳ ᠨᠤᠲᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠪᠣᠯᠤᠨ ᠥᠷᠭᠡᠨ ᠣᠯᠠᠨ ᠠᠷᠠᠳ ᠲᠦᠮᠡᠨ᠎ᠤ ᠴᠢᠨᠠᠷ ᠰᠠᠶ᠋ᠢᠲᠠᠶ ᠠᠮᠢᠳᠤᠷᠠᠯ᠎ᠳᠤ ᠨᠠᠩ ᠰᠠᠶ᠋ᠢᠲᠤᠷ ᠦᠢ᠍ᠯᠡᠴᠢᠯᠡᠬᠦ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
    ᠲᠤᠰ ᠡᠳᠦᠷ᠎ᠤᠨ ᠦᠳᠡ ᠵᠢᠨ ᠬᠣᠶ᠋ᠢᠨ᠎ᠠ᠂ ᠰᠢ ᠵᠢᠨ ᠫᠢᠩ ᡀᠠᠰᠠ ᠵᠢᠨ ᠪᠠᠷᠠᠭᠤᠨ ᠲᠡᠭᠦᠷᠭᠡ᠎ᠳᠤ ᠪᠠᠢ᠍ᠢ᠍ᠷᠢᠯᠠᠭ᠎ᠡ ᠪᠷᠢᠪᠸᠩ ᠭᠡᠢ᠍ᠢ᠍ᠳ᠎ᠲᠤ ᠬᠦᠷᠪᠡ᠃ ᠰᠤᠬ᠍ᠴᠢᠨ ᠲᠤᠭ᠋ᠠᠩ᠎ᠤᠨ ᠠᠭᠤᠳᠠᠮ ᠲᠠᠯᠠᠪᠠᠢ᠎ᠳᠤ᠂ ᠬᠡᠩᠭᠡᠷᠭᠡ ᠴᠠᠩ ᠵᠡᠷᠭᠡ᠎ᠪᠠᠷ ᠳᠤᠤᠭ᠋ᠠᠷᠴᠤ᠂ ᠪᠷᠢᠪᠸᠩ ᠭᠡᠢ᠍ᠢ᠍ᠳ᠎ᠤᠨ ᠬᠠᠮᠢᠶᠠᠷᠤᠯᠲᠠ ᠵᠢᠨ ᠵᠥᠪᠯᠡᠯ᠎ᠤᠨ ᠬᠠᠷᠢᠭᠤᠴᠠᠯᠭ᠋ᠠᠲᠠᠨ ᠶᠡᠷᠦᠩᠬᠡᠢ ᠱᠦᠵᠢ᠎ᠳᠤ ᠬᠠᠳᠠᠭ ᠡᠷᠭᠦᠨ᠂ ᠯᠠᠮᠠ ᠬᠤᠸᠠᠷᠠᠭ ᠦᠨᠦᠷᠳᠤ ᠬᠦᠯᠢᠰ ᠡᠷᠭᠦᠨ᠂ ᠡᠷᠳᠡᠨᠢ ᠵᠢᠨ ᠰᠢᠬᠦᠷ ᠪᠠᠷᠢᠵᠤ᠂ ᠶᠡᠷᠦᠩᠬᠡᠢ ᠱᠦᠵᠢ ᠶᠡᠨᠳᠡᠷ ᠵᠶ᠋ᠠᠷ ᠲᠤᠭ᠋ᠠᠩ᠎ᠳᠤ ᠠᠯᠬᠤᠨ ᠣᠷᠣᠪᠠ᠃ ᠰᠢ ᠵᠢᠨ ᠫᠢᠩ ᠲᠥᠪᠡᠳ᠎ᠤᠨ ᠱᠠᠰᠢᠨ ᠰᠤᠷᠲᠠᠬᠤᠨ᠎ᠤ ᠠᠵᠢᠯ᠎ᠤᠨ ᠪᠠᠶ᠋ᠢᠳᠠᠯ ᠪᠣᠯᠤᠨ ᠪᠷᠢᠪᠸᠩ ᠬᠡᠶ᠋ᠢᠳ᠎ᠤᠨ ᠰᠦᠮ᠎ᠡ ᠬᠡᠶ᠋ᠢᠳ᠎ᠤᠨ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠴᠢᠩᠭ᠋ᠠᠳᠬᠠᠭᠰᠠᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠰᠤᠬ᠍ᠴᠢᠨ ᠳᠤᠭ᠋ᠠᠩ᠎ᠢ ᠪᠠᠶ᠋ᠢᠴᠠᠭ᠋ᠠᠨ ᠦᠵᠡᠵᠦ᠂ ᠪᠷᠢᠪᠸᠩ ᠬᠡᠶ᠋ᠢᠳ᠎ᠤᠨ ᠡᠳᠡᠭᠡᠷ ᠵᠢᠯ᠎ᠤᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠬᠦ᠂ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠬᠦᠷᠢᠶᠡᠯᠡᠬᠦ᠂ ᠡᠬᠡ ᠤᠯᠤᠰ᠎ᠤᠨ ᠨᠢᠭᠡᠳᠦᠯ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠦᠵᠡᠭᠦᠯᠦᠭᠰᠡᠨ ᠢᠳᠡᠪᠬᠢ ᠬᠤᠪᠢ ᠨᠡᠮᠡᠷᠢ ᠵᠢ ᠭᠦᠢ᠍ᠴᠡᠳ ᠨᠤᠲᠠᠯᠠᠪᠠ᠃ ᠰᠢ ᠵᠢᠨ ᠫᠢᠩ ᠳᠤᠭ᠋ᠠᠩ᠎ᠠᠴᠠ ᠭᠠᠷᠴᠤ ᠢᠷᠡᠬᠦ᠎ᠳᠤ ᠬᠡᠳᠦᠨ ᠠᠷᠪᠠᠨ ᠯᠠᠮᠠ ᠶᠡᠷᠦᠩᠬᠡᠢ ᠱᠦᠵᠢ ᠵᠢ ᠬᠠᠳᠠᠭ ᠪᠠᠷᠢᠵᠤ ᠦᠳᠡᠨ ᠮᠣᠷᠳᠠᠭᠤᠯᠵᠠᠢ᠃ ᠰᠢ ᠵᠢᠨ ᠫᠢᠩ᠂ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠯᠠᠨ ᠲᠦᠮᠡᠨ᠎ᠤ ᠱᠠᠰᠢᠨ ᠰᠢᠲᠦᠯᠭᠡ ᠵᠢ ᠬᠦᠨᠳᠦᠳᠬᠡᠵᠦ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠥᠪᠡᠷᠳᠡᠭᠡᠨ ᠡᠷᠬᠢᠯᠡᠬᠦ ᠵᠠᠷᠴᠢᠮ᠎ᠢ ᠪᠠᠷᠢᠮᠲᠠᠯᠠᠵᠤ᠂ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠬᠠᠮᠢᠶᠠᠷᠴᠤ᠂ ᠲᠥᠪᠡᠳ᠎ᠤᠨ ᠪᠤᠳ᠋ᠳ᠋ᠾᠠ ᠵᠢᠨ ᠱᠠᠰᠢᠨ᠎ᠤ ᠨᠡᠶ᠋ᠢᠭᠡᠮ ᠵᠢᠷᠤᠮᠲᠤ ᠨᠡᠶ᠋ᠢᠭᠡᠮ᠎ᠲᠠᠢ ᠵᠣᠬᠢᠴᠠᠬᠤ ᠵᠢ ᠢᠳᠡᠪᠬᠢᠲᠡᠢ ᠬᠦᠳᠦᠯᠦᠨ ᠵᠢᠯᠣᠭᠣᠳᠴᠤ᠂ ᠱᠠᠰᠢᠨ ᠰᠤᠷᠲᠠᠬᠤᠨ ᠡᠶ᠎ᠡ ᠨᠠᠢ᠍ᠢ᠍ᠷᠠᠮᠳᠠᠭᠤ᠂ ᠨᠡᠶ᠋ᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠢ᠍ᠢ᠍ᠷᠳᠠᠢ ᠪᠠᠢ᠍ᠢ᠍ᠬᠤ ᠵᠢ ᠠᠬᠢᠭᠤᠯᠵᠤ᠂ ᠨᠡᠶ᠋ᠢᠭᠡᠮ᠎ᠤᠨ ᠬᠥᠭᠵᠢᠯᠲᠡ ᠲᠠᠪᠰᠢᠯᠳᠠ ᠵᠢ ᠠᠬᠢᠭᠤᠯᠬᠤ ᠳᠤᠮᠳᠠ ᠢᠳᠡᠪᠬᠢᠲᠡᠢ ᠦᠢ᠍ᠯᠡᠳᠦᠯ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠯᠾᠠᠰᠠ ᠬᠤᠲᠠ ᠵᠢᠨ ᠬᠠᠭᠤᠴᠢᠨ ᠬᠤᠲᠠ ᠲᠣᠭᠣᠷᠢᠭ᠎ᠲᠤ ᠪᠠᠶ᠋ᠢᠷᠢᠯᠠᠭ᠎ᠠ ᠫᠠᠭᠤᠷ ᠵᠡᠭᠡᠯᠢ ᠤᠳᠤ᠎ᠠᠴᠠ 1300 ᠭᠠᠷᠤᠢ ᠵᠢᠯ᠎ᠤᠨ ᠲᠡᠦᠬᠡ᠎ᠲᠠᠢ ᠪᠣᠯᠵᠠᠢ᠃ ᠰᠢ ᠵᠢᠨ ᠫᠢᠩ ᠶᠠᠪᠠᠭ᠋ᠠᠨ ᠵᠶ᠋ᠠᠷ ᠫᠠᠭᠤᠷ ᠵᠡᠭᠡᠯᠢ ᠵᠢᠨ ᠳᠦᠷᠰᠦ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠤᠨᠴᠠᠯᠢᠬᠳᠤ ᠲᠠᠸᠠᠷ᠎ᠤᠨ ᠳᠡᠯᠭᠡᠭᠦᠷ᠎ᠲᠤ ᠣᠷᠣᠵᠤ᠂ ᠵᠢᠭᠤᠯᠴᠢᠯᠠᠯ᠎ᠤᠨ ᠰᠣᠶᠣᠯ᠎ᠤᠨ ᠪᠦᠳᠦᠭᠡᠯᠴᠢ ᠠᠵᠤ ᠦᠢ᠍ᠯᠡᠰ᠎ᠤᠨ ᠬᠥᠭᠵᠢᠯᠲᠡ᠂ ᠲᠥᠪᠡᠳ᠎ᠤᠨ ᠰᠣᠶᠣᠯ᠎ᠢ ᠤᠯᠠᠮᠵᠢᠯᠠᠨ ᠬᠠᠮᠠᠭ᠋ᠠᠯᠠᠵᠤ ᠪᠠᠶ᠋ᠢᠬᠤ ᠵᠡᠷᠭᠡ ᠪᠠᠶ᠋ᠢᠳᠠᠯ᠎ᠢ ᠯᠠᠪᠯᠠᠨ ᠠᠰᠠᠭᠤᠪᠠ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ ᠪᠠᠶ᠋ᠢᠯ᠎ᠠ᠃ ᠰᠢ ᠵᠢᠨ ᠫᠢᠩ ᠭᠠᠷ ᠳᠠᠯᠠᠯᠤᠨ ᠤᠯᠠᠨ᠎ᠳᠤ ᠮᠡᠨᠳᠦᠴᠢᠯᠡᠯ ᠬᠦᠷᠭᠡᠪᠡ᠃ ᠰᠢ ᠵᠢᠨ ᠫᠢᠩ ᠵᠠᠯᠭ᠋ᠠᠭ᠋ᠠᠳ ᠪᠤᠳᠠᠯᠠ ᠣᠷᠳᠣᠨ᠎ᠤ ᠠᠭᠤᠳᠠᠮ ᠲᠠᠯᠠᠪᠠᠢ᠎ᠳᠤ ᠬᠦᠷᠬᠦ᠎ᠳᠤ᠂ ᠠᠭᠤᠳᠠᠮ ᠲᠠᠯᠠᠪᠠᠢ᠎ᠳᠠᠬᠢ ᠤᠯᠤᠰ᠎ᠤᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠲᠥᠪᠡᠳ᠎ᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ ᠳᠤᠷᠠᠰᠬᠠᠯ᠎ᠤᠨ ᠬᠦᠰᠢᠶ᠎ᠡ ᠰᠡᠬᠦᠶ᠋ᠢᠨ ᠰᠦᠨᠳᠡᠷᠯᠡᠵᠦ᠂ ᠪᠤᠳᠠᠯᠠ ᠣᠷᠳᠣᠨ ᠰᠦᠷ ᠵᠢᠪᠬᠤᠭ᠎ᠠ᠎ᠲᠠᠢ ᠪᠠᠶ᠋ᠢᠯ᠎ᠠ᠃ ᠰᠢ ᠵᠢᠨ ᠫᠢᠩ ᠪᠣᠳᠠᠯᠠ ᠣᠷᠳᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠡᠷᠭᠡ ᠪᠠᠶ᠋ᠢᠳᠠᠯ᠎ᠢ ᠯᠠᠪᠯᠠᠨ ᠠᠰᠠᠭᠤᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠳᠣᠲᠣᠨᠣ᠎ᠪᠠᠷ ᠪᠣᠯᠭᠣᠭ᠋ᠠᠨ ᠦᠵᠡᠪᠡ᠃ ᠠᠭᠤᠳᠠᠮ ᠲᠠᠯᠠᠪᠠᠢ᠎ᠳᠠᠬᠢ ᠵᠢᠭᠤᠯᠴᠢᠯᠠᠬᠰᠠᠳ ᠲᠤᠬᠠᠢ ᠵᠢᠨ ᠭᠠᠵᠠᠷ᠎ᠤᠨ ᠤᠯᠠᠨ ᠲᠦᠮᠡᠨ᠎ᠲᠠᠢ ᠬᠠᠮᠲᠤ᠎ᠪᠠᠷ 《ᠶᠡᠷᠦᠩᠬᠡᠢ ᠱᠦᠵᠢ ᠰᠠᠢ᠍ᠢ᠍ᠨ ᠪᠠᠶ᠋ᠢᠨ᠎ᠠ ᠦᠦ》 ᠭᠡᠵᠦ ᠥᠨᠳᠥᠷ ᠲᠠᠭᠤᠨ ᠵᠶ᠋ᠠᠷ ᠮᠡᠨᠳᠤᠴᠢᠯᠠᠯ ᠬᠦᠷᠬᠡᠵᠤ ᠪᠠᠢ᠍ᠢ᠍ᠪᠠ᠃ ᠰᠢ ᠵᠢᠨ ᠫᠢᠩ᠂ ᠲᠥᠪᠡᠳ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠨ ᠬᠥᠭᠵᠢᠭᠦᠯᠦᠭᠰᠡᠨ ᠶᠤᠮ᠂ ᠲᠥᠪᠡᠳ᠎ᠤᠨ ᠲᠡᠦᠬᠡ ᠵᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭᠯᠡᠭᠰᠡᠨ ᠶᠤᠮ᠂ ᠲᠥᠪᠡᠳ ᠦᠨᠳᠦᠰᠦᠲᠡᠨ ᠪᠣᠯᠤᠨ ᠪᠤᠰᠤᠳ ᠦᠨᠳᠦᠰᠦᠲᠡᠨ᠎ᠨᠦᠭᠦᠳ᠎ᠤᠨ ᠰᠣᠯᠢᠯᠴᠠᠭ᠎ᠠ᠎ᠨᠢ ᠲᠥᠪᠡᠳ᠎ᠤᠨ ᠲᠡᠦᠬᠡ ᠵᠢᠨ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠳᠠᠵᠤ ᠪᠠᠶ᠋ᠢᠨ᠎ᠠ᠃ ᠣᠳᠣᠬᠠᠨ᠎ᠳᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠨᠢᠭᠡᠨᠳᠡ ᠡᠬᠢᠯᠡᠵᠦ᠂ ᠲᠥᠪᠡᠳ᠎ᠤᠨ ᠬᠥᠭᠵᠢᠯᠲᠡ ᠴᠦ᠍ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠪᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠲᠠᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠡᠷᠡᠰ ᠵᠠᠮᠨᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠳᠠᠭ ᠯᠠ ᠶᠤᠮ ᠪᠣᠯ ᠪᠢᠳᠠ ᠯᠠᠪᠲᠠᠢ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠪᠣᠯᠤᠨ᠎ᠠ ᠬᠡᠵᠤ ᠵᠢᠭ᠋ᠠᠵᠤ ᠭᠠᠷᠭ᠋ᠠᠪᠠ᠃ ᠰᠢ ᠵᠢᠨ ᠫᠢᠩ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠤᠷ ᠠᠮᠤᠭᠤᠯᠠᠩ᠎ᠢ ᠢᠷᠤᠬᠡᠪᠡ᠃
    ᠲᠤᠰ ᠤᠷᠤᠢ᠎ᠳᠤᠨᠢ᠂ ᠰᠢ ᠵᠢᠨ ᠫᠢᠩ ᠲᠥᠪᠡᠳ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠲᠠᠢ ᠬᠠᠮᠲᠤ᠎ᠪᠠᠷ ᠦᠨᠳᠦᠰᠦᠲᠡᠨ᠎ᠤ ᠤᠷᠠᠨ ᠰᠠᠶ᠋ᠢᠬᠠᠨ᠎ᠤ ᠲᠣᠭᠯᠠᠯᠲᠠ ᠵᠢ ᠰᠣᠨᠢᠷᠬᠠᠪᠠ᠃ ᠢᠷᠠᠭᠤ ᠰᠠᠶ᠋ᠢᠬᠠᠨ ᠠᠷᠠᠳ᠎ᠤᠨ ᠳᠠᠭᠤᠤ᠂ ᠵᠤᠯᠪᠤᠭ᠋ᠠᠯᠢᠭ ᠰᠠᠶ᠋ᠢᠬᠠᠨ ᠪᠥᠵᠢᠭ᠎ᠨᠢ ᠲᠥᠪᠡᠳ᠎ᠤᠨ ᠥᠪᠡᠷᠮᠢᠴᠡ ᠣᠨᠴᠠᠯᠢᠭ᠎ᠲᠠᠢ ᠰᠣᠶᠣᠯ᠎ᠤᠨ ᠷᠢᠳᠢ ᠰᠢᠳᠢ ᠵᠢ ᠢᠯᠡᠷᠡᠭᠦᠯᠵᠦ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠡᠷᠡᠰ ᠭᠤᠶ᠋ᠢᠪᠢᠰᠢ ᠦᠭᠡᠢ᠎ᠪᠠᠷ ᠨᠠᠮ ᠵᠶ᠋ᠠᠨ ᠲᠠᠭ᠋ᠠᠵᠤ᠂ ᠨᠡᠩ ᠵᠣᠯ ᠵᠢᠷᠭ᠋ᠠᠯᠲᠤ ᠰᠠᠢ᠍ᠢ᠍ᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠬᠤ ᠡᠷᠡᠰ ᠪᠠᠲᠤ ᠢᠲᠡᠭᠡᠯ ᠵᠣᠷᠢᠭ᠎ᠢ ᠢᠯᠡᠷᠡᠭᠦᠯᠪᠡ᠃
    7 ᠰᠠᠷ᠎ᠠ ᠵᠢᠨ 23᠎ᠤ ᠦᠳᠡ ᠵᠢᠨ ᠡᠮᠦᠨ᠎ᠡ᠂ ᠰᠢ ᠵᠢᠨ ᠫᠢᠩ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠥᠪᠡᠳ᠎ᠤᠨ ᠡᠯ᠎ᠡ ᠵᠦᠢ᠍ᠯ᠎ᠤᠨ ᠠᠵᠢᠯ᠎ᠳᠤ ᠣᠯᠤᠭᠰᠠᠨ ᠠᠮᠵᠢᠯᠲᠠ ᠵᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠥᠷᠭᠡᠨ ᠤᠯᠠᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠪᠦᠯᠬᠦᠮᠳᠡᠯ᠎ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠲᠥᠪᠡᠳ᠎ᠢ ᠴᠢᠷᠮᠠᠢ᠍ᠢ᠍ᠨ ᠰᠠᠶ᠋ᠢᠲᠤᠷ ᠪᠦᠳᠦᠭᠡᠨ ᠪᠠᠶ᠋ᠢᠭᠤᠯᠬᠤ ᠵᠢ ᠬᠦᠰᠡᠪᠡ᠃
    ᠰᠢ ᠵᠢᠨ ᠫᠢᠩ᠂ ᠲᠥᠪᠡᠳ᠎ᠤᠨ ᠠᠵᠢᠯ᠎ᠤᠨ ᠱᠠᠳᠤᠴᠢ ᠴᠢᠨᠠᠷᠲᠠᠢ ᠣᠨᠴᠠᠯᠢᠭ᠎ᠢ ᠣᠨᠣᠪᠴᠢᠲᠠᠢ ᠡᠵᠡᠮᠳᠡᠵᠦ᠂ ᠤᠯᠠᠨ ᠲᠦᠮᠡᠨ᠎ᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠡᠶ᠋ᠢᠭᠡᠮ᠎ᠤᠨ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠤᠨ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ᠂ ᠠᠷᠠᠳ ᠲᠦᠮᠡᠨ᠎ᠤ ᠵᠣᠯ ᠵᠢᠷᠭ᠋ᠠᠯ᠎ᠢ ᠪᠠᠲᠤᠯᠠᠬᠤ ᠬᠡᠷᠡᠭᠲᠡᠢ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠬᠥᠮᠦᠵᠢᠯ᠎ᠢ ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ᠂ ᠡᠭᠡ ᠣᠷᠣᠨᠴᠢ ᠦᠵᠡᠯ᠎ᠤᠨ ᠬᠥᠮᠦᠵᠢᠯ᠂ ᠬᠠᠭ᠋ᠠᠴᠠᠭᠤᠯᠬᠤ ᠵᠢ ᠡᠰᠡᠷᠭᠦᠴᠡᠬᠦ ᠲᠡᠮᠡᠴᠡᠯ᠎ᠤᠨ ᠬᠥᠮᠦᠵᠢᠯ᠂ ᠰᠢᠨ᠎ᠡ ᠬᠠᠭᠤᠴᠢᠨ ᠲᠥᠪᠡᠳ᠎ᠤᠨ ᠬᠠᠷᠢᠴᠠᠭᠤᠯᠤᠯ᠎ᠤᠨ ᠬᠥᠮᠦᠵᠢᠯ ᠪᠠ ᠮᠠᠷᠺᠰ᠎ᠤᠨ ᠦᠵᠡᠯ᠎ᠤᠨ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢᠨ ᠬᠥᠮᠦᠵᠢᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠤᠷᠳᠤ ᠤᠳᠠᠭ᠋ᠠᠨ᠎ᠤ ᠠᠷᠭ᠎ᠠ ᠪᠤᠳᠤᠯᠭ᠎ᠠ ᠵᠢ ᠢᠯᠡᠭᠦᠬᠡᠨ ᠰᠦᠪᠡᠭᠴᠢᠯᠡᠵᠦ᠂ ᠦᠨᠳᠦᠰᠦ ᠵᠢ ᠪᠡᠬᠢᠵᠢᠭᠦᠯᠬᠦ ᠠᠷᠭ᠎ᠠ ᠬᠡᠮᠵᠢᠶ᠎ᠡ ᠵᠢ ᠢᠯᠡᠭᠦᠬᠡᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠬᠠᠮᠲᠤ ᠵᠢᠨ ᠲᠠᠨᠢᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ᠎ᠤᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃
    ᠰᠢ ᠵᠢᠨ ᠫᠢᠩ᠂ ᠲᠥᠪᠡᠳ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ᠂ ᠠᠯᠢᠪᠠ ᠬᠥᠭᠵᠢᠯᠲᠡ᠎ᠨᠢ ᠴᠥᠮ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠳᠤ ᠠᠴᠢ ᠬᠣᠯᠪᠣᠭᠳᠠᠯ ᠣᠯᠭᠣᠬᠤ ᠵᠢ ᠪᠠᠷᠢᠮᠳᠠᠯᠠᠵᠤ᠂ ᠴᠥᠮ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠎ᠳᠤ ᠠᠴᠢ ᠬᠣᠯᠪᠣᠭᠳᠠᠯ ᠣᠯᠭᠣᠬᠤ ᠵᠢ ᠪᠠᠷᠢᠮᠳᠠᠯᠠᠵᠤ᠂ ᠴᠥᠮ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠳᠡᠭᠡᠭᠰᠢᠯᠡᠭᠦᠯᠬᠦ᠎ᠳᠤ ᠠᠰᠢᠭᠲᠠᠢ ᠪᠠᠶ᠋ᠢᠬᠤ᠎ᠢ ᠪᠠᠷᠢᠮᠳᠠᠯᠠᠬᠤ ᠬᠡᠷᠡᠭᠲᠡᠢ᠃ ᠰᠠᠢ᠍ᠢ᠍ᠨ ᠲᠠᠯ᠎ᠠ᠎ᠪᠠᠨ ᠪᠠᠳᠠᠷᠠᠭᠤᠯᠤᠨ ᠰᠢᠭ᠋ᠠᠷᠤ ᠲᠠᠯ᠎ᠠ᠎ᠪᠠᠨ ᠲᠡᠪᠴᠢᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ᠂ ᠥᠭᠡᠷᠡᠴᠢᠯᠡᠯᠲᠡ ᠨᠡᠭᠡᠭᠡᠯᠳᠠ ᠵᠢ ᠭᠦᠨᠵᠡᠭᠡᠶ᠋ᠢᠷᠡᠭᠦᠯᠵᠦ᠂ ᠲᠡᠮᠦᠷ ᠵᠠᠮ᠂ ᠵᠠᠰᠠᠮᠠᠯ ᠵᠠᠮ ᠵᠢᠴᠢ ᠪᠤᠰᠤᠳ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠵᠦ᠂ ᠤᠯᠤᠰ᠎ᠤᠨ ᠴᠡᠪᠡᠷ ᠡᠨᠧᠷᠭᠢ ᠵᠢᠨ ᠰᠠᠭᠤᠷᠢᠨ᠎ᠢ ᠲᠦᠷᠭᠡᠳᠬᠡᠨ ᠪᠦᠳᠦᠭᠡᠨ ᠪᠠᠶ᠋ᠢᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠂ ᠲᠥᠪᠡᠳ᠎ᠤᠨ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠡᠳᠡᠭᠡᠷ ᠵᠢᠯ᠎ᠤᠳ᠎ᠲᠤ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠢᠳᠤᠷᠠᠯ ᠪᠣᠯᠤᠨ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠳᠤ ᠴᠥᠮ ᠮᠠᠰᠢ ᠶᠡᠬᠡ ᠬᠤᠪᠢᠷᠠᠯᠲᠠ ᠭᠠᠷᠴᠠᠢ᠂ ᠪᠢ ᠬᠦᠷᠦᠭᠰᠡᠨ ᠭᠠᠵᠠᠷ ᠪᠣᠯᠭ᠋ᠠᠨ᠎ᠠᠴᠠ ᠤᠯᠠᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠢ ᠡᠳ᠋ᠯᠡᠬᠦ ᠵᠣᠯ ᠵᠢᠷᠭ᠋ᠠᠯᠲᠤ ᠰᠡᠳᠬᠢᠯᠭᠡ᠂ ᠨᠠᠮ ᠪᠣᠯᠤᠨ ᠤᠯᠤᠰ᠎ᠲᠤ ᠲᠠᠯᠠᠷᠬᠠᠬᠤ ᠰᠡᠳᠬᠢᠯᠭᠡ ᠵᠢ ᠮᠡᠳᠡᠷᠡᠪᠡ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠵᠤ᠂ ᠤᠯᠠᠨ ᠲᠦᠮᠡᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠳᠤ ᠨᠡᠩ ᠢᠯᠡᠭᠦᠦ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠦᠬᠡᠳ᠎ᠤᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ ᠬᠢᠵᠦ᠂ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠎ᠢ ᠨᠡᠩ ᠭᠦᠢ᠍ᠴᠡᠳ ᠪᠤᠯᠭ᠋ᠠᠵᠦ᠂ ᠵᠢᠷᠭ᠋ᠠᠯᠲᠤ ᠲᠦᠷᠦᠭᠳᠡᠯ᠎ᠢ ᠨᠡᠩ ᠦᠷᠭᠦᠯᠵᠢᠯᠡᠬᠦᠯᠵᠦ᠂ ᠠᠮᠤᠷ ᠲᠦᠪᠰᠢᠨ᠎ᠤ ᠲᠦᠷᠦᠭᠳᠡᠯ᠎ᠢ ᠨᠡᠩ ᠪᠠᠲᠤᠯᠠᠭ᠎ᠠ᠎ᠲᠠᠢ ᠪᠣᠯᠭ᠋ᠠᠬᠤ ᠬᠡᠷᠡᠭᠲᠡᠢ᠃ ᠬᠢᠯᠢ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠢᠯᠢ ᠬᠢᠵᠠᠭ᠋ᠠᠷ᠎ᠲᠤ ᠦᠨᠳᠦᠰᠦᠯᠡᠵᠦ᠂ ᠤᠯᠤᠰ᠎ᠤᠨ ᠨᠤᠲᠤᠭ ᠳᠡᠪᠢᠰᠬᠡᠷ ᠵᠶ᠋ᠠᠨ ᠰᠠᠬᠢᠨ ᠬᠠᠮᠠᠭ᠋ᠠᠯᠠᠵᠤ᠂ ᠭᠡᠷ ᠣᠷᠣᠨ ᠵᠶ᠋ᠠᠨ ᠪᠦᠳᠦᠭᠡᠨ ᠪᠠᠶ᠋ᠢᠭᠤᠯᠬᠤ ᠵᠢ ᠵᠣᠷᠢᠭᠵᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
    ᠰᠢ ᠵᠢᠨ ᠫᠢᠩ᠂ ᠲᠥᠪᠡᠳ᠎ᠤᠨ ᠠᠮᠢ ᠠᠬᠤᠶ ᠣᠷᠴᠢᠨ ᠳᠤᠭᠤᠷᠢᠨ᠎ᠢ ᠰᠠᠶ᠋ᠢᠲᠤᠷ ᠬᠠᠮᠠᠭ᠋ᠠᠯᠠᠬᠤ᠎ᠨᠢ ᠥᠨᠢ ᠤᠳᠠᠭ᠋ᠠᠨ᠎ᠤ ᠠᠰᠢᠭ ᠲᠤᠰᠠ ᠵᠢ ᠡᠳ᠋ᠯᠡᠵᠦ᠂ ᠳᠡᠯᠡᠬᠡᠶ ᠳ᠋ᠠᠬᠢᠨ᠎ᠳᠤ ᠠᠴᠢ ᠲᠤᠰᠠ ᠬᠦᠷᠲᠡᠭᠡᠨ᠎ᠡ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠦᠩᠭᠦᠨ ᠠᠭᠤᠯᠠ ᠮᠥᠨ᠂ ᠴᠠᠰᠤ ᠮᠥᠰᠥᠲᠦ ᠭᠠᠵᠠᠷ ᠴᠤ᠌ ᠠᠯᠲᠠ ᠮᠦᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠶ ᠪᠣᠯᠭ᠋ᠠᠵᠤ᠂ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠠᠬᠢᠭᠤᠯᠵᠤ᠂ ᠠᠮᠢ ᠠᠬᠤᠢ ᠵᠢ ᠤᠷᠢᠳᠠᠪᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ᠎ᠪᠠᠷ ᠣᠷᠣᠰᠢᠬᠰᠠᠨ ᠣᠳᠣᠬᠢᠴᠢᠯᠠᠯᠲᠠ ᠵᠢ ᠴᠢᠷᠮᠠᠶ᠋ᠢᠨ ᠪᠦᠳᠦᠭᠡᠨ ᠪᠠᠶ᠋ᠢᠭᠤᠯᠵᠤ᠂ ᠳᠡᠯᠡᠬᠡᠢ ᠵᠢᠨ ᠪᠥᠮᠪᠥᠷᠴᠡᠭ᠎ᠤᠨ ᠭᠤᠷᠪᠠᠳᠤᠭ᠋ᠠᠷ ᠲᠤᠶ᠋ᠢᠯ᠎ᠤᠨ ᠠᠮᠢ ᠠᠬᠤᠢ ᠵᠢ ᠦᠨᠡᠨᠬᠦ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠲᠡᠤᠬᠡ ᠵᠢ ᠰᠤᠷᠤᠯᠴᠠᠵᠤ ᠴᠢᠷᠮᠠᠢ᠍ᠢ᠍ᠨ ᠦᠢ᠍ᠯᠡᠳᠦᠯᠭᠡᠵᠢᠭᠦᠯᠬᠦ ᠪᠣᠯ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠤᠯᠲᠠ ᠮᠥᠨ᠂ ᠲᠡᠤᠬᠡ ᠵᠢ ᠰᠤᠷᠤᠯᠴᠠᠵᠤ ᠶᠣᠰᠣ ᠤᠴᠢᠷ᠎ᠢ ᠣᠶ᠋ᠢᠯᠠᠭ᠋ᠠᠬᠤ᠂ ᠲᠡᠤᠬᠡ ᠵᠢ ᠰᠤᠷᠤᠯᠴᠠᠵᠤ ᠢᠲᠡᠭᠡᠯ ᠵᠶ᠋ᠠᠨ ᠨᠡᠮᠡᠭᠳᠡᠭᠦᠯᠬᠦ᠂ ᠲᠡᠤᠬᠡ ᠵᠢ ᠰᠤᠷᠤᠯᠴᠠᠵᠤ ᠶᠣᠰᠣ ᠰᠤᠷᠳᠠᠬᠤᠨ᠎ᠢ ᠡᠷᠬᠢᠮᠯᠡᠬᠦ ᠵᠢᠨ ᠦᠷ᠎ᠡ ᠪᠦᠲᠦᠭᠡᠯ᠎ᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠵᠢ ᠥᠭᠡᠷᠡᠴᠢᠯᠡᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠶ᠃ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠬᠤ ᠲᠠᠯ᠎ᠠ᠎ᠪᠠᠷ ᠴᠢᠷᠮᠠᠢ᠍ᠢ᠍ᠨ ᠦᠢ᠍ᠯᠡᠳᠦᠯᠭᠡᠵᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭ᠋ᠠᠮᠵᠢᠯᠠᠬᠤ ᠵᠢ ᠬᠥᠮᠦᠵᠢᠭᠦᠯᠦᠨ ᠬᠥᠲᠥᠯᠥᠨ ᠵᠢᠯᠤᠭᠤᠳᠴᠤ᠂ ᠨᠠᠮ ᠪᠠᠶ᠋ᠢᠭᠤᠯᠤᠬᠰᠠᠨ ᠠᠭᠤᠤ ᠶᠡᠬᠡ ᠵᠣᠷᠢᠭ ᠰᠠᠨᠠᠭ᠎ᠠ᠎ᠪᠠᠷ ᠨᠠᠮᠴᠢ ᠴᠢᠨᠠᠷ᠎ᠤᠨ ᠪᠣᠯᠪᠠᠰᠤᠷᠠᠯ᠎ᠢ ᠬᠥᠮᠦᠵᠢᠭᠦᠯᠵᠦ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》᠎ᠢ ᠪᠠᠭᠲᠠᠭ᠋ᠠᠵᠤ᠂ ᠢᠮᠠᠭᠲᠠ ᠨᠠᠮᠴᠢ ᠴᠢᠨᠠᠷ᠎ᠤᠨ ᠵᠠᠷᠴᠢᠮ ᠵᠶ᠋ᠠᠷ ᠪᠡᠶ᠎ᠡ᠎ᠪᠠᠨ ᠵᠠᠰᠠᠵᠤ ᠪᠡᠶ᠎ᠡ᠎ᠪᠠᠨ ᠪᠠᠷᠢᠵᠤ᠂ ᠦᠨᠡᠨ ᠬᠦ᠌ ᠪᠠᠳᠤ ᠴᠢᠩᠭ᠎ᠠ ᠨᠠᠮᠴᠢ ᠴᠢᠨᠠᠷ ᠵᠶ᠋ᠠᠷ ᠠᠷᠠᠳ᠎ᠤᠨ ᠢᠲᠡᠭᠡᠯ᠎ᠢ ᠣᠯᠵᠤ᠂ ᠤᠯᠠᠨ ᠲᠦᠮᠡᠨ᠎ᠢ ᠬᠥᠲᠥᠯᠥᠨ ᠳᠠᠭ᠋ᠠᠭᠤᠯᠬᠤ ᠬᠡᠷᠡᠭᠳᠡᠢ᠃ ᠠᠷᠠᠳ ᠲᠦᠮᠡᠨ᠎ᠳᠤ ᠦᠢ᠍ᠯᠡᠴᠢᠯᠡᠬᠦ ᠵᠢ ᠴᠢᠷᠮᠠᠢ᠍ᠢ᠍ᠨ ᠦᠢ᠍ᠯᠡᠳᠦᠯᠭᠡᠵᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠢᠮᠠᠭᠲᠠ ᠠᠷᠠᠳ ᠲᠦᠮᠡᠨ᠎ᠢ ᠰᠡᠳᠬᠢᠯ᠎ᠤᠨ ᠵᠶ᠋ᠠᠨ ᠬᠠᠮᠤᠭ᠎ᠤᠨ ᠳᠡᠭᠡᠳᠦ ᠪᠠᠶ᠋ᠢᠷᠢᠨ᠎ᠳᠤ ᠲᠠᠯᠪᠢᠬᠤ ᠵᠢ ᠬᠥᠮᠦᠵᠢᠭᠦᠯᠦᠨ ᠬᠥᠲᠥᠯᠥᠨ ᠵᠢᠯᠣᠭᠣᠳᠴᠤ᠂ ᠠᠷᠠᠳ ᠤᠯᠠᠨ᠎ᠤ ᠰᠡᠳᠬᠢᠯ᠎ᠢ ᠮᠡᠳᠡᠭᠴᠢ᠂ ᠲᠤᠳᠤᠨᠤ ᠬᠦᠮᠦᠨ᠂ ᠵᠠᠮᠴᠢᠯᠠᠭᠴᠢ ᠪᠤᠯᠵᠤ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠦᠨᠡᠨ ᠰᠡᠳᠬᠢᠯ᠎ᠠᠴᠠ᠎ᠪᠠᠨ ᠬᠦᠴᠦ ᠲᠠᠯᠪᠢᠨ ᠰᠠᠶ᠋ᠢᠲᠤᠷ ᠰᠢᠢ᠍ᠳᠪᠦᠷᠢᠯᠡᠵᠦ᠂ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠵᠢ ᠨᠡᠩ ᠢᠯᠡᠷᠬᠡᠶ ᠪᠣᠳᠠᠲᠤ ᠠᠬᠢᠴᠠ᠎ᠲᠠᠢ ᠪᠣᠯᠭ᠋ᠠᠬᠤ᠎ᠪᠠᠷ ᠴᠢᠷᠮᠠᠶ᠋ᠢᠬᠤ ᠬᠡᠷᠡᠭᠲᠡᠶ᠃ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠴᠢᠷᠮᠠᠢ᠍ᠢ᠍ᠨ ᠦᠢ᠍ᠯᠡᠳᠦᠯᠭᠡᠵᠢᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠨᠠᠮ᠎ᠤᠨ ᠲᠡᠦᠬᠡ ᠵᠢ ᠰᠤᠷᠤᠯᠴᠠᠬᠤ ᠵᠢ ᠠᠵᠢᠯ ᠵᠶ᠋ᠠᠨ ᠠᠬᠢᠭᠤᠯᠬᠤ᠎ᠲᠠᠢ ᠤᠶᠠᠯᠳᠤᠭᠤᠯᠬᠤ ᠵᠢ ᠬᠥᠮᠦᠵᠢᠭᠦᠯᠦᠨ ᠬᠦᠳᠦᠯᠦᠨ ᠵᠢᠯᠣᠭᠣᠳᠴᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠦᠲᠦᠭᠡᠯᠴᠢ᠎ᠪᠠᠷ ᠨᠠᠶ᠋ᠢᠳᠠᠪᠤᠷᠢᠵᠢᠭᠤᠯᠵᠤ᠂ ᠬᠥᠭᠵᠢᠯᠲᠡ ᠵᠢᠨ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠥᠭᠵᠢᠯᠲᠡ ᠵᠢᠨ ᠳᠠᠪᠠᠭᠤᠯᠢᠭ᠎ᠢ ᠵᠤᠵᠠᠭ᠋ᠠᠳᠬᠠᠵᠤ᠂ ᠨᠠᠮ ᠪᠠ ᠠᠷᠠᠳ ᠲᠦᠮᠡᠨ᠎ᠳᠤ ᠣᠰᠣᠯᠳᠠᠬᠤ ᠦᠭᠡᠢ᠂ ᠲᠡᠦᠬᠡ ᠪᠠ ᠴᠠᠭ ᠦᠶ᠎ᠡ᠎ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭ᠋ᠠᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠢ ᠵᠢᠨ ᠫᠢᠩ᠂ ᠨᠠᠮ᠎ᠤᠨ ᠲᠥᠪ ᠬᠣᠷᠢᠶ᠎ᠠ ᠲᠥᠪᠡᠳ᠎ᠤᠨ ᠺᠠᠳ᠋ᠷ ᠠᠵᠢᠯᠲᠠᠨ ᠠᠵᠢᠯᠴᠢᠨ᠎ᠢ ᠲᠤᠶ᠋ᠢᠯ ᠵᠶ᠋ᠠᠷ ᠬᠠᠯᠠᠮᠵᠢᠯᠠᠵᠤ᠂ ᠲᠥᠪᠡᠳ᠎ᠤᠨ ᠲᠤᠶ᠋ᠢᠯ᠎ᠤᠨ ᠬᠠᠲᠠᠭᠤᠵᠢᠯᠲᠠᠶ ᠠᠵᠢᠯ ᠠᠮᠢᠳᠤᠷᠠᠯ᠎ᠠᠴᠠ ᠡᠭᠦᠰᠦᠨ᠂ ᠣᠨᠴᠠᠭ᠋ᠠᠶ ᠴᠠᠯᠢᠩ ᠪᠠ ᠬᠠᠮᠢᠶ᠎ᠠ ᠪᠦᠬᠦᠢ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠠᠢ᠂ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠰᠠᠶ᠋ᠢᠲᠤᠷ ᠠᠳᠬᠤᠵᠤ᠂ ᠺᠠᠳ᠋ᠷ ᠠᠵᠢᠯᠲᠠᠨ ᠠᠵᠢᠯᠴᠢᠨ᠎ᠤ ᠡᠷᠡᠭᠦᠯ ᠮᠡᠨᠳᠦ ᠵᠢ ᠪᠠᠲᠤᠯᠠᠬᠤ ᠠᠵᠢᠯ᠎ᠢ ᠴᠢᠬᠤᠯᠠᠴᠢᠯᠠᠨ᠂ ᠺᠠᠳ᠋ᠷ ᠠᠵᠢᠯᠲᠠᠨ ᠠᠵᠢᠯᠴᠢᠨ᠎ᠤ ᠬᠣᠶ᠋ᠢᠰᠢᠳᠠ ᠵᠢᠨ ᠵᠣᠪᠠᠨᠢᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠠᠷᠢᠭᠤ ᠮᠡᠳᠡᠭᠦᠯᠦᠯᠲᠡ ᠵᠢᠨ ᠬᠤᠷᠠᠯ᠎ᠠᠴᠠ ᠡᠮᠦᠨ᠎ᠡ᠂ ᠰᠢ ᠵᠢᠨ ᠫᠢᠩ ᠲᠥᠪᠡᠳ᠎ᠤᠨ ᠥᠪᠡᠷᠲᠡᠭᠡᠨ ᠵᠠᠰᠠᠬᠤ ᠣᠷᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ ᠬᠤᠳᠠ ᠵᠢᠨ ᠬᠠᠷᠢᠭᠤᠴᠠᠯᠭ᠋ᠠᠲᠠᠨ ᠨᠥᠬᠥᠳ ᠪᠣᠯᠤᠨ ᠠᠬᠠᠮᠠᠳ ᠨᠥᠬᠥᠳ᠎ᠤᠨ ᠲᠥᠯᠥᠭᠡᠯᠡᠭᠴᠢ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠲᠥᠯᠥᠭᠡᠯᠡᠭᠴᠢ᠂ ᠲᠥᠪᠡᠳ᠎ᠢ ᠲᠤᠰᠠᠯᠠᠬᠤ ᠺᠠᠳ᠋ᠷᠴᠤᠳ᠎ᠤᠨ ᠲᠥᠯᠥᠭᠡᠯᠡᠭᠴᠢ᠂ ᠤᠯᠤᠰ ᠲᠦᠷᠦ ᠬᠠᠤᠯᠢ ᠴᠠᠭ᠋ᠠᠵᠠ ᠵᠢᠨ ᠺᠠᠳ᠋ᠷ ᠴᠠᠭᠳᠠᠭ᠎ᠠ ᠵᠢᠨ ᠲᠥᠯᠥᠭᠡᠯᠡᠭᠴᠢ᠂ ᠱᠠᠰᠢᠨ ᠰᠤᠷᠲᠠᠬᠤᠨ᠎ᠤ ᠡᠲᠡᠭᠡᠳ᠎ᠤᠨ ᠡᠭᠡ ᠣᠷᠣᠨᠴᠢ ᠬᠥᠮᠦᠰ᠎ᠤᠨ ᠲᠥᠯᠥᠭᠡᠯᠡᠭᠴᠢ᠎ᠲᠠᠢ ᠲᠤᠰ ᠲᠤᠰ ᠠᠭᠤᠯᠵᠠᠪᠠ᠃ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ ᠴᠠᠰᠤᠲᠤ ᠥᠨᠳᠥᠷᠯᠢᠭ᠎ᠲᠤ ᠴᠢᠷᠮᠠᠶ᠋ᠢᠨ ᠲᠡᠮᠡᠴᠡᠵᠦ ᠪᠠᠶ᠋ᠢᠭ᠎ᠠ ᠥᠷᠭᠡᠨ ᠤᠯᠠᠨ ᠨᠥᠬᠥᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
    7 ᠰᠠᠷ᠎ᠠ ᠵᠢᠨ 23᠎ᠤ ᠡᠳᠦᠷ᠂ ᠰᠢ ᠵᠢᠨ ᠫᠢᠩ ᡀᠠᠰᠠ᠎ᠳᠤ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢᠳ᠎ᠢ ᠳᠣᠲᠣᠨᠣ᠎ᠪᠠᠷ ᠬᠦᠯᠢᠶᠡᠨ ᠠᠪᠴᠤ ᠠᠭᠤᠯᠵᠠᠪᠠ᠃ ᠰᠢ ᠵᠢᠨ ᠫᠢᠩ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠪᠦᠬᠦ ᠵᠢᠯᠤᠭᠤᠳᠤᠭᠴᠢ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠬᠦᠷᠭᠡᠵᠦ᠂ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠲᠤᠪᠤᠢ᠍ᠢ᠍ᠮ᠎ᠠ ᠬᠤᠪᠢ ᠨᠡᠮᠡᠷᠢ ᠵᠢ ᠭᠦᠢ᠍ᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠵᠢᠨ ᠨᠠᠮ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠤᠳᠤᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ᠂ 《ᠠᠬᠠᠮᠠᠳ ᠨᠢᠭᠡ ᠦᠶ᠎ᠡ ᠵᠢᠨ ᠲᠥᠪᠡᠳ᠎ᠤᠨ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠴᠡᠷᠢᠭ᠎ᠢ ᠪᠣᠯᠪᠠᠰᠤᠷᠠᠭᠤᠯᠵᠤ ᠲᠠᠢ᠍ᠢ᠍ᠨ᠎ᠳᠤ ᠪᠡᠯᠡᠳᠬᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠲᠥᠪᠡᠳ᠎ᠤᠨ ᠥᠨᠢ ᠤᠳᠠᠭ᠋ᠠᠨ ᠠᠮᠤᠷ ᠲᠤᠬᠳᠠᠭᠤᠨ ᠪᠠ ᠴᠡᠴᠡᠭᠯᠡᠯ ᠬᠥᠭᠵᠢᠯ᠎ᠢ ᠠᠬᠢᠭᠤᠯᠬᠤ᠎ᠳᠤ ᠢᠳᠡᠪᠬᠢᠲᠡᠢ᠎ᠪᠠᠷ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
    ᠣᠳᠣᠬᠠᠨ᠎ᠳᠤ᠂ ᠶᠠᠭ ᠪᠦᠬᠦ ᠤᠯᠤᠰ᠎ᠤᠨ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠵᠠᠩᠭᠢᠯᠠᠭ᠎ᠠ ᠵᠢᠨ ᠴᠠᠭ ᠦᠶ᠎ᠡ ᠪᠣᠯᠤᠨ᠎ᠠ᠃ ᠰᠢᠨᠵᠢᠯᠡᠨ ᠪᠠᠶ᠋ᠢᠴᠠᠭ᠋ᠠᠬᠤ ᠵᠠᠮ᠎ᠳᠠᠭᠠᠨ᠂ ᠰᠢ ᠵᠢᠨ ᠫᠢᠩ ᠡᠾᠧᠨᠠᠨ᠎ᠳᠤ ᠲᠤᠶ᠋ᠢᠯ᠎ᠤᠨ ᠶᠡᠬᠡ ᠪᠣᠷᠣᠭ᠋ᠠᠨ ᠤᠷᠤᠭᠰᠠᠨ᠎ᠢ ᠣᠯᠵᠤ ᠮᠡᠳᠡᠭᠰᠡᠨ᠎ᠤ ᠳᠠᠷᠠᠭ᠎ᠠ᠂ ᠲᠡᠷᠡ ᠳᠠᠷᠤᠢ᠎ᠳᠤᠨᠢ ᠴᠢᠬᠤᠯᠠ ᠵᠢᠭ᠋ᠠᠪᠤᠷᠢ ᠥᠭᠴᠦ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠦᠴᠦᠨ ᠵᠶ᠋ᠠᠨ ᠦᠳᠲᠡᠷ ᠲᠦᠷᠭᠡᠨ ᠵᠣᠬᠢᠶᠠᠨ ᠪᠠᠶ᠋ᠢᠭᠤᠯᠵᠤ ᠦᠶᠡᠷ᠎ᠢ ᠰᠡᠷᠭᠡᠶ᠋ᠢᠯᠡᠨ ᠭᠠᠮᠰᠢᠭ᠎ᠠᠴᠠ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠂ ᠳᠠᠭ᠋ᠠᠯᠳᠤᠭᠰᠠᠨ ᠭᠠᠮᠰᠢᠭ᠎ᠢ ᠴᠢᠩᠭ᠎ᠠ ᠰᠡᠷᠭᠡᠶ᠋ᠢᠯᠡᠵᠦ᠂ ᠬᠥᠮᠦᠨ᠎ᠤ ᠦᠬᠦᠯ ᠰᠢᠷᠬᠠᠲᠤᠯ ᠪᠠ ᠡᠳ᠋ ᠬᠦᠷᠦᠩᠭᠡ ᠵᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ ᠭᠡᠵᠦ ᠱᠠᠭ᠋ᠠᠷᠳᠠᠪᠠ᠃ ᠰᠢ ᠵᠢᠨ ᠫᠢᠩ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠵᠢᠨ ᠴᠡᠷᠢᠭ ᠠᠨᠭ᠌ᠭᠢ ᠵᠢ ᠣᠷᠣᠨ ᠨᠤᠲᠤᠭ᠎ᠢ ᠢᠳᠡᠪᠬᠢᠲᠡᠶ ᠬᠠᠮᠵᠢᠨ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠥᠷᠨᠢᠭᠦᠯᠬᠦ ᠵᠢ ᠱᠠᠭ᠋ᠠᠷᠳᠠᠵᠤ᠂ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠰᠤᠨ ᠠᠰᠢᠬᠯᠠᠯᠳᠠ ᠵᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠴᠠᠭ ᠠᠭᠤᠷ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠭᠠᠵᠠᠷ᠎ᠤᠨ ᠭᠠᠶ ᠭᠠᠮᠰᠢᠭ᠎ᠢ ᠦᠨᠡᠯᠡᠨ ᠵᠢᠱ᠌ᠢᠬᠦ᠎ᠪᠠᠨ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠨᠠᠷᠢᠨ ᠪᠣᠳᠠᠲᠠᠶ ᠠᠳᠬᠤᠬᠤ ᠬᠡᠷᠡᠭᠲᠡᠶ ᠭᠡᠵᠦ ᠱᠠᠭ᠋ᠠᠷᠳᠠᠪᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠯ᠎ᠡ ᠵᠦᠢ᠍ᠯ᠎ᠤᠨ ᠠᠵᠢᠯ ᠵᠶ᠋ᠠᠨ ᠦᠨᠡᠨᠬᠦ ᠰᠠᠶ᠋ᠢᠲᠤᠷ ᠬᠢᠵᠦ᠂ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠲᠦᠷᠭᠡᠬᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠ ᠡᠷᠡᠭᠦᠯ ᠬᠠᠮᠠᠭ᠋ᠠᠯᠠᠯ ᠬᠢᠵᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠵᠢ ᠴᠢᠬᠤᠯᠠᠴᠢᠯᠠᠬᠤ ᠬᠡᠷᠡᠭᠲᠡᠢ᠃ ᠲᠥᠪᠡᠳ ᠪᠠᠰᠠ ᠡᠳᠡᠭᠡᠷ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠬᠦ ᠪᠠ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
    ᠳ᠋ᠢᠩ ᠰᠢᠤᠸᠠᠢ ᠰᠢᠶᠠᠩ᠂ ᠯᠢᠦ ᠡᡁᠸ᠂ ᠶᠠᠩ ᠰᠢᠶᠤᠤ ᠳ᠋ᠦ᠋᠂ ᠵᠠᠩ ᠶᠢᠦ ᠰᠢᠶᠠ᠂ ᠴᠧᠨ ᠰᠢ᠂ ᠡᡁᠸ ᠯᠢ ᠹᠸᠩ ᠵᠢᠴᠢ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠤᠯᠵᠤ ᠰᠢᠨᠵᠢᠯᠡᠨ ᠪᠠᠶ᠋ᠢᠴᠠᠭ᠋ᠠᠵᠤ᠂ ᠫᠠᠪᠠᠯᠠ · ᠭ᠋ᠸᠯᠸᠭᠨᠡᠮᠵᠢᠯ ᠬᠣᠯᠪᠣᠭᠳᠠᠯ ᠪᠦᠬᠦᠢ ᠠᠵᠢᠯᠯᠠᠭ᠎ᠠ᠎ᠳᠤ ᠣᠷᠣᠯᠴᠠᠪᠠ᠃


     


    7 ᠰᠠᠷ᠎ᠠ ᠵᠢᠨ 21᠎ᠤ ᠡᠳᠤᠷ᠎ᠠᠴᠠ 23᠎ᠤ ᠡᠳᠦᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠠᠷᠦᠩᠭᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᡀᠠᠰᠠ᠎ᠳᠤ ᠢᠷᠡᠵᠦ᠂ ᠳᠦᠪᠠᠳ᠎ᠢ ᠨᠠᠢ᠍ᠢ᠍ᠷᠠᠮᠳᠠᠯ ᠵᠶ᠋ᠠᠷ ᠴᠢᠯᠦᠭᠡᠯᠡᠭᠰᠡᠨ 70 ᠵᠢᠯ᠎ᠤᠨ ᠤᠢ᠎ᠳᠤ ᠪᠠᠶᠠᠷ ᠬᠦᠷᠭᠡᠵᠦ᠂ ᠳᠦᠪᠡᠳ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ᠎ᠢ ᠪᠤᠯᠭᠤᠭ᠋ᠠᠨ ᠳᠤᠬᠤᠨᠢᠭᠤᠯᠪᠠ᠃ ᠵᠢᠷᠤᠭ ᠪᠤᠯ 21᠎ᠤ ᠦᠳᠡ ᠵᠢᠨ ᠡᠮᠦᠨ᠎ᠠ᠂ ᠰᠢ ᠵᠢᠨ ᠫᠢᠩ ᠨᠢᠰᠭᠡᠯ ᠵᠶ᠋ᠠᠷ ᠨᠢᠩ ᡂᠢ ᠵᠢᠨ ᠮᠢᠨᠯᠢᠩ ᠨᠢᠰᠭᠡᠯ᠎ᠤᠨ ᠪᠠᠭᠤᠳᠠᠯ᠎ᠳᠤ ᠬᠦᠷᠬᠦ᠎ᠳᠤ᠂ ᠳᠦᠪᠠᠳ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ ᠳᠠᠭᠤᠯᠠᠨ ᠪᠦᠵᠢᠭᠯᠡᠵᠦ᠂ ᠶᠠᠷᠦᠩᠭᠡᠢ ᠱᠦᠵᠢ ᠰᠢ ᠵᠢᠨ ᠫᠢᠩ᠎ᠤᠨ ᠬᠦᠷᠴᠦ ᠢᠷᠡᠭᠰᠡᠨ᠎ᠢ ᠬᠠᠯᠠᠭᠤᠨ ᠵᠶ᠋ᠠᠷ ᠪᠠᠶᠠᠷᠯᠠᠨ ᠤᠭᠳᠤᠵᠦ ᠪᠠᠢ᠍ᠢ᠍ᠭ᠎ᠠ᠎ᠨᠢ᠃
      ᠰᠢᠨᠬᠤᠧᠠ ᠬᠤᠷᠢᠶᠠᠨ᠎ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠠ


     


    7 ᠰᠠᠷ᠎ᠠ ᠵᠢᠨ 21᠎ᠤ ᠡᠳᠤᠷ᠎ᠠᠴᠠ 23᠎ᠤ ᠡᠳᠦᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠠᠷᠦᠩᠭᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᡀᠠᠰᠠ᠎ᠳᠤ ᠢᠷᠡᠵᠦ᠂ ᠳᠦᠪᠠᠳ᠎ᠢ ᠨᠠᠢ᠍ᠢ᠍ᠷᠠᠮᠳᠠᠯ ᠵᠶ᠋ᠠᠷ ᠴᠢᠯᠦᠭᠡᠯᠡᠭᠰᠡᠨ 70 ᠵᠢᠯ᠎ᠤᠨ ᠤᠢ᠎ᠳᠤ ᠪᠠᠶᠠᠷ ᠬᠦᠷᠭᠡᠵᠦ᠂ ᠳᠦᠪᠡᠳ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ᠎ᠢ ᠪᠤᠯᠭᠤᠭ᠋ᠠᠨ ᠳᠤᠬᠤᠨᠢᠭᠤᠯᠪᠠ᠃ ᠵᠢᠷᠤᠭ ᠪᠤᠯ 21᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠨᠢᠩ ᡂᠢ ᠬᠤᠳᠠ ᠵᠢᠨ ᠪᠠ ᠢ ᠳᠤᠭᠤᠷᠢᠭ᠎ᠤᠨ ᠨᠢᠩ ᡂᠢ ᠪᠠᠯᠭ᠋ᠠᠰᠤᠨ᠎ᠤ ᠭᠠᠯᠠ ᠳᠤᠰᠬᠤᠨ᠎ᠳᠤ ᠰᠢᠨᠵᠢᠯᠡᠨ ᠪᠠᠢ᠍ᠢ᠍ᠴᠠᠭ᠋ᠠᠬᠤ ᠦᠶ᠎ᠠ᠎ᠳᠤ᠂ ᠳᠤᠰᠬᠤᠨ᠎ᠤ ᠠᠷᠠᠳ᠎ᠤᠨ ᠵᠦᠭ ᠭᠠᠷ ᠳᠠᠯᠠᠯᠤᠨ ᠮᠡᠨᠳᠤᠴᠢᠯᠠᠯ ᠳᠠᠪᠰᠢᠬᠦᠯᠵᠦ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ


     


    7 ᠰᠠᠷ᠎ᠠ ᠵᠢᠨ 21᠎ᠤ ᠡᠳᠤᠷ᠎ᠠᠴᠠ 23᠎ᠤ ᠡᠳᠦᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠠᠷᠦᠩᠭᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᡀᠠᠰᠠ᠎ᠳᠤ ᠢᠷᠡᠵᠦ᠂ ᠳᠦᠪᠠᠳ᠎ᠢ ᠨᠠᠢ᠍ᠢ᠍ᠷᠠᠮᠳᠠᠯ ᠵᠶ᠋ᠠᠷ ᠴᠢᠯᠦᠭᠡᠯᠡᠭᠰᠡᠨ 70 ᠵᠢᠯ᠎ᠤᠨ ᠤᠢ᠎ᠳᠤ ᠪᠠᠶᠠᠷ ᠬᠦᠷᠭᠡᠵᠦ᠂ ᠳᠦᠪᠡᠳ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ᠎ᠢ ᠪᠤᠯᠭᠤᠭ᠋ᠠᠨ ᠳᠤᠬᠤᠨᠢᠭᠤᠯᠪᠠ᠃ ᠵᠢᠷᠤᠭ ᠪᠤᠯ 22᠎ᠤᠨ ᠦᠳᠡ ᠵᠢᠨ ᠬᠤᠢ᠍ᠢ᠍ᠨ᠎ᠠ᠂ ᠰᠢ ᠵᠢᠨ ᠫᠢᠩ ᡀᠠᠰᠠ ᠵᠢᠨ ᠪᠠᠷᠠᠭᠤᠨ ᠳᠡᠬᠦᠷᠭᠡ᠎ᠳᠤ ᠪᠠᠢ᠍ᠢ᠍ᠷᠢᠯᠠᠵᠦ ᠪᠠᠢ᠍ᠢ᠍ᠭ᠎ᠠ ᠪᠷᠢᠪᠸᠩ ᠭᠡᠢ᠍ᠢ᠍ᠳ᠎ᠲᠤ ᠰᠢᠨᠵᠢᠯᠡᠨ ᠪᠠᠢ᠍ᠢ᠍ᠴᠠᠭ᠋ᠠᠵᠦ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᡂᠢ ᠰᠡᠬᠦᠳᠡᠷᠯᠡᠪᠠ


     


    7 ᠰᠠᠷ᠎ᠠ ᠵᠢᠨ 21᠎ᠤ ᠡᠳᠤᠷ᠎ᠠᠴᠠ 23᠎ᠤ ᠡᠳᠦᠷ ᠪᠤᠯᠳᠠᠯ᠎ᠠ᠂ ᠨᠠᠮ᠎ᠤᠨ ᠳᠦᠪ ᠬᠤᠷᠢᠶᠠᠨ᠎ᠤ ᠶᠠᠷᠦᠩᠭᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᡀᠠᠰᠠ᠎ᠳᠤ ᠢᠷᠡᠵᠦ᠂ ᠳᠦᠪᠠᠳ᠎ᠢ ᠨᠠᠢ᠍ᠢ᠍ᠷᠠᠮᠳᠠᠯ ᠵᠶ᠋ᠠᠷ ᠴᠢᠯᠦᠭᠡᠯᠡᠭᠰᠡᠨ 70 ᠵᠢᠯ᠎ᠤᠨ ᠤᠢ᠎ᠳᠤ ᠪᠠᠶᠠᠷ ᠬᠦᠷᠭᠡᠵᠦ᠂ ᠳᠦᠪᠡᠳ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ᠎ᠢ ᠪᠤᠯᠭᠤᠭ᠋ᠠᠨ ᠳᠤᠬᠤᠨᠢᠭᠤᠯᠪᠠ᠃ ᠵᠢᠷᠤᠭ ᠪᠤᠯ 23᠎ᠤ ᠦᠳᠡ ᠵᠢᠨ ᠡᠮᠦᠨ᠎ᠠ᠂ ᠰᠢ ᠵᠢᠨ ᠫᠢᠩ ᡀᠠᠰᠠ᠎ᠳᠤ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢᠳ᠎ᠢ ᠳᠣᠲᠣᠨᠣ᠎ᠪᠠᠷ ᠬᠦᠯᠢᠶᠡᠨ ᠠᠪᠴᠤ ᠠᠭᠤᠯᠵᠠᠵᠦ᠂ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠪᠦᠬᠦ ᠵᠢᠯᠤᠭᠤᠳᠤᠭᠴᠢ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠬᠦᠷᠭᠡᠵᠦ᠂ ᠲᠥᠪᠡᠳ᠎ᠲᠤ ᠰᠠᠭᠤᠭ᠎ᠠ ᠴᠡᠷᠢᠭ ᠠᠨᠭ᠌ᠭᠢ ᠵᠢᠨ ᠲᠤᠪᠤᠢ᠍ᠢ᠍ᠮ᠎ᠠ ᠬᠤᠪᠢ ᠨᠡᠮᠡᠷᠢ ᠵᠢ ᠭᠦᠢ᠍ᠴᠡᠳ ᠨᠤᠲᠠᠯᠠᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢ ᠭᠠᠩ ᠰᠡᠬᠦᠳᠡᠷᠯᠡᠪᠠ

ᠢᠷᠡᠯᠲᠡ᠄ ᠦᠪᠦᠷ ᠮᠣᠩᠭᠤᠯ᠎ᠤᠨ ᠡᠳᠣᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠬᠰᠠᠨ᠎ᠨᠢ ᠲᠣᠭ᠎ᠠ ᠬᠡᠮᠵᠢᠶ᠎ᠡ᠎ᠨᠢ ᠶᠠᠰᠤ ᠴᠢᠨᠠᠷ᠎ᠢ ᠳᠠᠭ᠋ᠠᠬᠤ ᠠᠬᠢᠴᠠ᠎ᠨᠢ ᠪᠣᠳᠠᠲᠤ ᠦᠷ᠎ᠡ ᠪᠦᠲᠦᠮᠵᠢ ᠵᠢ ᠳᠠᠭ᠋ᠠᠬᠤ ᠵᠢ ᠪᠠᠷᠢᠮᠲᠠᠯᠠᠵᠤ ᠡᠨᠡ ᠬᠦ᠌ ᠰᠠᠢ᠍ᠢ᠍ᠨ ᠶᠠᠪᠤᠳᠠᠯ᠎ᠢ ᠦᠨᠡᠨ ᠬᠦ᠌ ᠰᠠᠶ᠋ᠢᠲᠤᠷ ᠪᠤᠳᠠᠳᠠᠢ ᠬᠢᠬᠦ ᠬᠡᠷᠡᠭᠲᠡᠢ
ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠧᠲᠨᠠᠮ᠎ᠤᠨ ᠤᠯᠤᠰ᠎ᠤᠨ ᠲᠡᠷᠢᠭᠦᠯᠡᠭᠴᠢ᠎ᠪᠠᠷ ᠦᠷᠭᠦᠯᠵᠢᠯᠡᠨ ᠰᠣᠩᠭᠣᠭᠳᠠᠭᠰᠠᠨ᠎ᠳᠤ ᠪᠠᠶᠠᠷ ᠬᠦᠷᠭᠡᠪᠡ
ᠯᠢ ᠺᠸ ᠴᠢᠶᠠᠩ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠎ᠲᠤ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠦᠶᠡᠷ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠪᠠ
ᠯᠢ ᠺᠸ ᠴᠢᠶᠠᠩ ᠪᠦᠬᠦ ᠤᠯᠤᠰ᠎ᠤᠨ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
ᠰᠢ ᠵᠢᠨ ᠫᠢᠩ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠢᠯᠡᠭᠡᠪᠡ
 
            