ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠪᠦᠬᠦ ᠤᠯᠤᠰ᠎ᠤᠨ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
ᠨᠡᠶ᠋ᠢᠲᠡᠯᠡᠭᠰᠡᠨ ᠴᠠᠭ᠄ 2021-07-30

    ᠯᠢ ᠺᠸ ᠴᠢᠶᠠᠩ ᠪᠦᠬᠦ ᠤᠯᠤᠰ᠎ᠤᠨ ᠬᠥᠩᠭᠡᠵᠢᠯ᠎ᠤᠨ ᠲᠦᠷᠦ ᠵᠢᠨ ᠪᠤᠳᠤᠯᠭ᠎ᠠ ᠵᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠴᠦ᠂ ᠣᠯᠠᠨ ᠲᠦᠮᠡᠨ᠎ᠤ ᠬᠥᠩᠭᠡᠵᠢᠯ᠂ ᠪᠣᠢ᠌ᠵᠢᠭᠤᠯᠤᠯᠲᠠ᠂ ᠬᠦᠮᠦᠵᠢᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠭᠤᠷᠪᠠᠨ ᠬᠡᠦᠬᠡᠳ ᠠᠪᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ
    ᠰᠦᠨ ᠴᠦᠨ ᠯᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ

   

    ᠪᠥᠬᠥ ᠤᠯᠤᠰ᠎ᠤᠨ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ 7 ᠳ᠋ᠤᠭ᠋ᠠᠷ ᠰᠠᠷ᠎ᠠ ᠵᠢᠨ 27᠎ᠤ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠭᠡᠢ ᠰᠠᠢ᠌ᠳ ᠯᠢ ᠺᠧ ᠴᠢᠶᠠᠩ ᠴᠢᠬᠤᠯᠠ ᠴᠣᠬᠣᠯᠠᠪᠤᠷᠢ ᠥᠭᠪᠡ᠃ ᠴᠣᠬᠣᠯᠠᠪᠤᠷᠢ᠎ᠳᠤ᠎ᠪᠠᠨ᠄ ᠬᠥᠮᠦᠨ ᠠᠮᠠ ᠵᠢᠨ ᠠᠰᠠᠭᠤᠳᠠᠯ ᠪᠣᠯ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ᠎ᠳᠤ ᠬᠣᠯᠪᠣᠭᠳᠠᠬᠤ ᠰᠠᠭᠤᠷᠢ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠠᠰᠠᠭᠤᠳᠠᠯ ᠮᠥᠨ᠃ ᠭᠤᠷᠪᠠᠨ ᠬᠡᠤᠬᠡᠳ ᠠᠪᠬᠤ ᠲᠥᠷᠥ ᠵᠢᠨ ᠪᠣᠳᠣᠯᠭ᠎ᠠ ᠵᠢᠴᠢ ᠢᠵᠢ ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠮᠠᠨ᠎ᠤ ᠤᠯᠤᠰ᠎ᠤᠨ ᠬᠥᠮᠦᠨ ᠠᠮᠠ ᠵᠢᠨ ᠬᠥᠭᠵᠢᠯᠲᠡ ᠬᠤᠪᠢᠷᠠᠯᠲᠠ ᠵᠢᠨ ᠪᠠᠶ᠋ᠢᠳᠠᠯ᠎ᠢ ᠦᠨᠳᠦᠰᠦᠯᠡᠨ ᠲᠣᠭᠲᠠᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠮᠥᠨ᠂ ᠬᠥᠮᠦᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠠᠬᠢᠭᠤᠯᠤᠨ᠂ ᠴᠢᠨᠠᠷᠯᠢᠭ ᠬᠥᠭᠵᠢᠯᠲᠡ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠭᠤᠷᠪᠠᠨ ᠬᠡᠦᠬᠡᠳ ᠠᠪᠬᠤ ᠲᠦᠷᠤ ᠵᠢᠨ ᠪᠤᠳᠤᠯᠭ᠎ᠠ ᠵᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠲᠦᠭᠡᠮᠡᠯ ᠬᠠᠷᠠᠭ᠋ᠠᠯᠵᠠᠯᠲᠤ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ᠂ ᠠᠵᠤ ᠠᠬᠤᠶ ᠨᠡᠶ᠋ᠢᠭᠡᠮ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠬᠢᠭᠡᠳ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠢᠵᠢ ᠪᠥᠷᠢᠳᠦᠭᠦᠯᠦᠨ ᠵᠣᠯᠭ᠋ᠠᠭᠤᠯᠬᠤ ᠵᠢ ᠠᠬᠢᠭᠤᠯᠵᠤ᠂ ᠣᠯᠠᠨ ᠲᠦᠮᠡᠨ᠎ᠤ ᠬᠥᠩᠭᠡᠵᠢᠯ᠂ ᠪᠣᠢ᠌ᠵᠢᠭᠤᠯᠤᠯᠲᠠ᠂ ᠬᠥᠮᠥᠵᠢᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃ ᠲᠥᠯᠥᠪᠯᠡᠭᠡᠲᠦ ᠦᠷᠡᠵᠢᠯ᠎ᠤᠨ ᠬᠡᠷ ᠪᠦᠯᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠵᠤ᠂ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠬᠡᠷ ᠪᠦᠯᠢ ᠵᠢ ᠪᠥᠬᠥ ᠲᠠᠯ᠎ᠠ᠎ᠪᠠᠷ ᠬᠠᠪᠰᠤᠷᠤᠨ ᠲᠡᠳᠬᠦᠬᠦ ᠪᠠᠲᠤᠯᠠᠭ᠎ᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠣᠳᠠᠲᠠᠶ ᠬᠡᠷᠡᠭᠵᠢᠭᠦᠯᠬᠦ ᠲᠥᠰᠦᠯ ᠪᠠ ᠢᠵᠢ ᠪᠦᠷᠢᠳᠦᠭᠦᠯᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠵᠤ᠂ ᠡᠨᠡ ᠬᠦ᠌ ᠵᠦᠢ᠍ᠯ᠎ᠤᠨ ᠤᠯᠤᠰ ᠣᠷᠣᠨ ᠪᠠ ᠠᠷᠠᠳ ᠲᠦᠮᠡᠨ᠎ᠳᠤ ᠠᠰᠢᠭᠲᠠᠶ ᠰᠠᠢ᠍ᠢ᠍ᠨ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠰᠦᠨ ᠴᠦᠨ ᠯᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ᠎ᠳᠤ᠎ᠪᠠᠨ᠂ ᠶᠡᠷᠦᠩᠬᠡᠶ ᠱᠦᠵᠢ ᠰᠢ ᠵᠢᠨ ᠫᠢᠩ᠎ᠤᠨ ᠬᠥᠮᠦᠨ ᠠᠮᠠ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠰᠠᠶ᠋ᠢᠳ ᠯᠢ ᠺᠸ ᠴᠢᠶᠠᠩ᠎ᠤᠨ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠭᠤᠷᠪᠠᠨ ᠬᠡᠦᠬᠡᠳ ᠠᠪᠬᠤ ᠲᠥᠷᠥ ᠵᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠬᠥᠩᠭᠡᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ᠎ᠪᠠᠷ ᠲᠤᠯᠭ᠋ᠠᠭᠤᠷᠢᠯᠠᠯ ᠪᠣᠯᠭ᠋ᠠᠵᠤ᠂ ᠤᠷᠤᠭᠯᠠᠬᠤ᠂ ᠬᠥᠩᠭᠡᠵᠢᠬᠦ᠂ ᠪᠣᠶ᠋ᠢᠵᠢᠭᠤᠯᠬᠤ᠂ ᠬᠥᠮᠦᠵᠢᠭᠦᠯᠬᠦ ᠥᠪᠡᠷ᠎ᠤᠨ ᠥᠷᠲᠡᠭ᠎ᠢ ᠪᠠᠭᠤᠷᠠᠭᠤᠯᠬᠤ᠎ᠪᠠᠷ ᠪᠠᠲᠤᠯᠠᠭ᠎ᠠ ᠪᠣᠯᠭ᠋ᠠᠵᠤ᠂ ᠬᠥᠮᠦᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠨᠥᠯᠥᠭᠡᠯᠡᠬᠦ ᠦᠵᠡᠯ ᠰᠠᠨᠠᠭ᠎ᠠ ᠦᠵᠡᠯᠲᠡ ᠲᠠᠨᠢᠯᠲᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠪᠠᠶ᠋ᠢᠭᠤᠯᠤᠯ ᠲᠣᠭᠲᠠᠴᠠ ᠵᠢ ᠡᠪᠳᠡᠵᠦ᠂ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠠᠵᠤ ᠠᠬᠤᠶ ᠨᠡᠶ᠋ᠢᠭᠡᠮ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ᠎ᠲᠠᠢ ᠢᠵᠢᠯᠢ ᠴᠢᠭᠯᠡᠯ ᠵᠶ᠋ᠠᠷ ᠬᠦᠴᠦᠯᠡᠬᠦ ᠵᠢ ᠠᠬᠢᠭᠤᠯᠤᠨ᠂ ᠬᠥᠮᠦᠨ ᠠᠮᠠ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢᠨ ᠤᠷᠤᠭᠰᠢᠲᠠᠶ ᠪᠡᠶᠡᠯᠡᠭᠳᠡᠬᠦ ᠵᠢ ᠪᠠᠲᠤᠯᠠᠬᠤ ᠬᠡᠷᠡᠭᠲᠡᠢ ᠭᠡᠵᠡᠢ᠃
    ᠰᠦᠨ ᠴᠦᠨ ᠯᠠᠨ ᠵᠢᠭ᠋ᠠᠬᠤ᠎ᠳᠤ᠎ᠪᠠᠨ᠂ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠠᠵᠢᠯ᠎ᠢ ᠰᠢᠮᠳᠠᠭᠤᠯᠤᠨ ᠠᠬᠢᠭᠤᠯᠵᠤ᠂ ᠨᠡᠶ᠋ᠢᠭᠡᠮ᠎ᠤᠨ ᠠᠰᠠᠷᠠᠨ ᠲᠡᠵᠢᠭᠡᠬᠦ ᠵᠠᠷᠤᠳᠠᠯ ᠵᠡᠷᠭᠡ ᠲᠣᠭᠲᠠᠭ᠋ᠠᠯ᠎ᠢ ᠢᠯᠭ᠋ᠠᠨ ᠴᠡᠪᠡᠷᠯᠡᠬᠦ ᠪᠠ ᠬᠦᠴᠦᠨ ᠥᠬᠡᠶ ᠪᠣᠯᠭ᠋ᠠᠵᠤ᠂ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠵᠣᠯᠭ᠋ᠠᠭᠤᠯᠬᠤ ᠠᠵᠢᠯ᠎ᠢ ᠴᠢᠩᠭ᠋ᠠᠳᠬᠠᠬᠤ ᠬᠡᠷᠡᠭᠲᠡᠶ᠃ ᠡᠬᠡ ᠨᠢᠯᠬᠠᠰ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠪᠠᠶ᠋ᠢᠭᠤᠯᠤᠮᠵᠢ ᠵᠢᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠬᠡᠨ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ᠂ ᠰᠠᠶᠢᠬᠠᠨ ᠲᠥᠷᠥᠭᠰᠡᠨ ᠨᠢᠷᠠᠶ ᠬᠡᠤᠬᠡᠳ᠎ᠢ ᠡᠮᠨᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠵᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠲᠥᠯᠥᠪᠵᠢᠭᠦᠯᠭᠡ᠂ ᠭᠠᠵᠠᠷ ᠰᠢᠷᠣᠶ᠂ ᠣᠷᠣᠨ ᠰᠠᠭᠤᠴᠠ᠂ ᠡᠳ᠋᠎ᠤᠨ ᠵᠠᠰᠠᠭ ᠵᠡᠷᠭᠡ ᠲᠠᠯ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠯᠡᠵᠦ᠂ ᠲᠦᠭᠡᠮᠡᠯ ᠬᠠᠷᠠᠭ᠋ᠠᠯᠵᠠᠯᠲᠤ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠬᠥᠭᠵᠢᠭᠦᠯᠦᠨ᠂ ᠬᠥᠮᠦᠨ ᠬᠡᠷᠡᠭᠯᠡᠬᠦ ᠪᠠᠢ᠌ᠭᠤᠯᠭ᠎ᠠ ᠨᠢᠭᠡᠴᠢ ᠵᠡᠷᠭᠡ ᠨᠡᠶ᠋ᠢᠭᠡᠮ᠎ᠤᠨ ᠬᠦᠴᠦᠨ᠎ᠠᠴᠠ ᠣᠯᠠᠨ ᠬᠡᠯᠪᠡᠷᠢ ᠵᠢᠨ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ᠂ 2025 ᠣᠨ ᠪᠣᠯᠬᠤ᠎ᠳᠤ ᠮᠢᠩᠭ᠋ᠠᠨ ᠬᠥᠮᠦᠨ ᠪᠦᠷᠢ᠎ᠳᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠣᠭ᠎ᠠ ᠵᠢ 4.5 ᠨᠣᠭᠳᠠᠭᠤᠯᠬᠤ ᠬᠡᠷᠡᠭᠲᠡᠢ᠃ 3 ᠨᠠᠰᠤᠨ᠎ᠠᠴᠠ ᠳᠣᠷᠣᠭᠰᠢᠬᠢ ᠨᠢᠯᠬ᠎ᠠ ᠬᠡᠦᠬᠡᠳ᠎ᠢ ᠠᠰᠠᠷᠠᠨ ᠬᠠᠷᠠᠭ᠋ᠠᠯᠵᠠᠬᠤ ᠵᠠᠷᠤᠳᠠᠯ᠎ᠢ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ ᠵᠢᠨ ᠲᠤᠰᠬᠠᠶ ᠵᠦᠢ᠍ᠯ᠎ᠤᠨ ᠨᠡᠮᠡᠯᠲᠡ ᠰᠠᠭᠤᠳᠬᠠᠯ᠎ᠳᠤ ᠣᠷᠣᠭᠤᠯᠬᠤ ᠵᠢ ᠰᠤᠳᠤᠯᠤᠨ ᠠᠬᠢᠭᠤᠯᠵᠤ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠬᠡᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠯᠲᠡ ᠪᠠ ᠬᠤᠳᠠ ᠬᠥᠳᠡᠭᠡ ᠵᠢᠨ ᠨᠢᠭᠡ ᠴᠣᠭᠴᠠᠵᠢᠭᠤᠯᠤᠯᠲᠠ ᠵᠢ ᠠᠬᠢᠭᠤᠯᠵᠤ᠂ ᠵᠦᠷᠢᠶᠡᠴᠢᠯᠡᠭᠰᠡᠨ ᠲᠦᠷᠢᠶᠡᠰᠦᠯᠡᠯ ᠪᠠ ᠭᠡᠷ ᠪᠠᠶ᠋ᠢᠰᠢᠩ ᠬᠤᠳᠠᠯᠳᠤᠨ ᠠᠪᠬᠤ ᠬᠠᠷᠠᠭ᠋ᠠᠯᠵᠠᠯᠲᠤ ᠲᠦᠷᠦ ᠵᠢᠨ ᠪᠤᠳᠤᠯᠭ᠎ᠠ ᠵᠢ ᠰᠤᠳᠤᠯᠤᠨ ᠬᠡᠷᠡᠭᠵᠢᠭᠦᠯᠵᠦ᠂ ᠬᠥᠩᠭᠡᠵᠢᠯ᠂ ᠪᠣᠢ᠌ᠵᠢᠭᠤᠯᠤᠯᠲᠠ᠂ ᠬᠥᠮᠥᠵᠢᠯ᠎ᠤᠨ ᠥᠪᠡᠷ᠎ᠤᠨ ᠦᠷᠳᠡᠭ᠎ᠢ ᠪᠠᠭᠤᠷᠠᠭᠤᠯᠬᠤ ᠬᠡᠷᠡᠭᠲᠡᠢ᠃ ᠲᠥᠯᠥᠪᠯᠡᠭᠡ᠎ᠲᠠᠢ᠎ᠪᠠᠷ ᠬᠡᠦᠬᠡᠳ ᠠᠪᠤᠭᠰᠠᠨ ᠭᠡᠷ ᠪᠦᠯᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠡᠮᠡᠭᠲᠡᠶ᠋ᠢᠴᠦᠳ᠎ᠤᠨ ᠬᠥᠩᠭᠡᠵᠢᠯ᠎ᠤᠨ ᠦᠷᠳᠡᠭ᠎ᠢ ᠬᠦᠨᠳᠦᠳᠬᠡᠵᠦ᠂ ᠬᠥᠩᠭᠡᠵᠢᠯ᠎ᠤᠨ ᠠᠮᠠᠷᠠᠯᠲᠠ᠂ ᠬᠦᠬᠦᠬᠦᠯᠬᠦ ᠬᠤᠭᠤᠴᠠᠭ᠋ᠠᠨ᠎ᠤ ᠠᠮᠠᠷᠠᠯᠲᠠ ᠵᠡᠷᠭᠡ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠮᠡᠭᠲᠡᠶ᠋ᠢᠴᠦᠳ᠎ᠤᠨ ᠬᠥᠳᠡᠯᠮᠦᠷᠢ ᠪᠠ ᠨᠡᠶ᠋ᠢᠭᠡᠮ᠎ᠤᠨ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ ᠭᠡᠵᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠢᠯᠡᠭᠡᠪᠡ
ᠰᠢ ᠵᠢᠨ ᠫᠢᠩ ᠪᠣᠯᠤᠨ ᠲᠦᠷᠺ᠎ᠤᠨ ᠶᠡᠷᠦᠩᠬᠡᠶ᠋ᠢᠯᠡᠭᠴᠢ ᠠᠢ᠍ᠢ᠍ᠷᠳᠣ᠋ ᠊ ᠠᠨ ᠳᠤᠮᠳᠠᠳᠤ ᠲᠦᠷᠺ᠎ᠤᠨ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠣᠳᠣᠬᠠᠨ᠎ᠳᠤ ᠸᠠᠺᠼᠢᠨ᠎ᠨᠢ ᠳ᠋ᠸᠯᠲ᠋ᠠ ᠣᠨᠳᠣᠣᠰᠢᠭᠰᠠᠨ ᠬᠣᠤᠷᠲᠤ ᠰᠲᠷᠠᠢ᠌ᠨ᠎ᠳᠤ ᠪᠠᠰᠠ ᠦᠢ᠍ᠯᠡᠳᠦᠯ᠎ᠲᠠᠢ ᠦᠦ? ᠨᠠᠮᠤᠷ᠎ᠤᠨ ᠤᠯᠠᠷᠢᠯ᠎ᠳᠤ ᠰᠤᠷᠭ᠋ᠠᠭᠤᠯᠢ ᠬᠡᠪ ᠵᠶ᠋ᠡᠷ ᠡᠬᠢᠯᠡᠨ᠎ᠡ ᠦᠦ? ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠬᠠᠷᠢᠭᠤᠯᠲᠠ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠳᠤ ᠢᠯᠡᠭᠡᠭᠰᠡᠨ ᠪᠠᠶᠠᠷ᠎ᠤᠨ ᠴᠠᠬᠢᠯᠭ᠋ᠠᠨ ᠴᠢᠮᠡᠭᠡ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ᠎ᠠᠴᠠ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠶ᠎ᠡ
 
            