ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠎ᠲᠤ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠦᠶᠡᠷ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-07-30

    ᠯᠢ ᠺᠸ ᠴᠢᠶᠠᠩ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠎ᠲᠤ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠦᠶᠡᠷ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠤ᠎ᠪᠠᠨ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠬᠠᠷᠢᠭᠤᠴᠠᠯᠭ᠎ᠠ ᠵᠢ ᠴᠢᠩᠭ᠋ᠠᠷᠠᠭᠤᠯᠤᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ

   

   7 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ ᠤᠯᠤᠰ᠎ᠤᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠶᠡᠷᠦᠩᠬᠡᠶ ᠵᠢᠯᠣᠭᠣᠳᠬᠤ ᠭᠠᠵᠠᠷ᠎ᠲᠤ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠳᠣᠬᠠᠨ᠎ᠤ ᠪᠠ ᠳᠠᠷᠠᠭ᠋ᠠᠴᠢ ᠵᠢᠨ ᠠᠯᠬᠤᠮ᠎ᠤᠨ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠦᠶᠡᠷ᠎ᠢ ᠰᠡᠷᠭᠡᠢ᠌ᠯᠡᠬᠦ ᠠᠵᠢᠯ᠎ᠢ ᠰᠤᠳᠤᠯᠪᠠ᠃
    ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠠᠴᠠ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠎ᠤᠨ ᠡᠮᠦᠨ᠎ᠡ᠎ᠠᠴᠠ ᠬᠠᠷᠢᠭᠤ ᠮᠡᠳᠡᠭᠦᠯᠦᠯᠲᠡ ᠬᠢᠪᠡ᠃ ᠯᠢ ᠺᠸ ᠴᠢᠶᠠᠩ ᠾᠧᠨᠠᠨ᠂ ᠡᠾᠸᠪᠸᠢ᠂ ᠵᠢᠶᠠᠩᠰᠦ᠂ ᠵᠧᠵᠢᠶᠠᠩ᠂ ᠠᠨᠾᠤᠢ᠍ᠢ ᠵᠡᠷᠭᠡ ᠦᠶᠡᠷ᠎ᠢ ᠰᠡᠷᠭᠡᠶ᠋ᠢᠯᠡᠨ ᠭᠠᠮᠰᠢᠭ᠎ᠠᠴᠠ ᠠᠪᠤᠷᠠᠬᠤ ᠡᠭᠦᠷᠭᠡ ᠬᠦᠨᠳᠦ ᠮᠤᠵᠢ ᠵᠢᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠳ᠎ᠲᠠᠢ ᠸᠢᠳᠢᠣ᠋᠎ᠪᠠᠷ ᠬᠣᠯᠪᠣᠭ᠎ᠠ ᠠᠪᠤᠭᠰᠠᠨ᠎ᠤ ᠬᠠᠮᠲᠤ ᠴᠠᠭ ᠠᠭᠤᠷ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠬᠠᠷᠢᠭᠤᠴᠠᠯᠭ᠋ᠠᠲᠠᠳ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠂ ᠲᠠᠷᠠᠭ᠋ᠠᠴᠢ ᠵᠢᠨ ᠠᠯᠬᠤᠮ᠎ᠤᠨ ᠠᠷᠭ᠋ᠠᠴᠠᠭ᠋ᠠᠬᠤ ᠪᠡᠯᠡᠳᠬᠡᠯ ᠵᠡᠷᠭᠡ ᠵᠢ ᠨᠠᠷᠢᠨ ᠣᠶ᠋ᠢᠯᠠᠭ᠋ᠠᠵᠤ᠂ ᠠᠮᠤᠷ ᠲᠦᠪᠰᠢᠨ᠎ᠤ ᠵᠠᠩᠭᠢᠯᠠᠭ᠎ᠠ ᠵᠢ ᠴᠢᠩᠭ᠎ᠠ ᠡᠵᠡᠮᠳᠡᠵᠦ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃



   

    ᠯᠢ ᠺᠸ ᠴᠢᠶᠠᠩ ᠬᠡᠯᠡᠬᠦ᠎ᠳᠤ᠎ᠪᠠᠨ᠂ ᠣᠶ᠋ᠢᠷ᠎ᠠ ᠵᠢᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠡᠰᠡᠭ ᠭᠠᠵᠠᠷ᠎ᠲᠤ ᠲᠤᠶ᠋ᠢᠯ᠎ᠤᠨ ᠶᠡᠬᠡ ᠪᠣᠷᠣᠭ᠋ᠠᠨ ᠣᠷᠣᠵᠤ᠂ ᠬᠥᠮᠦᠨ ᠬᠠᠷ᠎ᠠ ᠡᠨᠳᠡᠵᠦ ᠰᠢᠷᠬᠠᠲᠤᠭᠰᠠᠨ ᠪᠠ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ᠎ᠨᠢ ᠬᠥᠮᠦᠰ᠎ᠤᠨ ᠰᠡᠳᠬᠢᠯ᠎ᠢ ᠰᠢᠮᠰᠢᠷᠡᠭᠦᠯᠦᠨ᠎ᠡ᠃ ᠭᠠᠮᠰᠢᠭᠳᠠᠭᠰᠠᠨ ᠣᠷᠣᠨ ᠪᠠ ᠬᠣᠯᠪᠣᠭᠳᠠᠯ ᠪᠦᠬᠦᠢ ᠲᠠᠯ᠎ᠠ ᠵᠢᠨ᠎ᠬᠢᠨ ᠪᠦᠬᠦ ᠬᠦᠴᠦᠨ ᠵᠶ᠋ᠠᠷ ᠵᠶ᠋ᠠᠨ ᠠᠶᠤᠯ ᠭᠠᠮᠰᠢᠭ᠎ᠠᠴᠠ ᠠᠪᠤᠷᠠᠨ ᠲᠡᠩᠬᠡᠷᠡᠭᠦᠯᠵᠦ᠂ ᠶᠡᠬᠡ ᠬᠡᠮᠵᠢᠶᠡᠨ᠎ᠤ ᠠᠵᠢᠯ ᠬᠢᠵᠡᠶ᠃ ᠶᠡᠷᠦᠩᠬᠡᠶ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠦᠷᠭᠦᠯᠵᠢᠯᠡᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠲᠠᠷᠠᠭ᠋ᠠᠴᠢ ᠵᠢᠨ ᠠᠯᠬᠤᠮ᠎ᠤᠨ ᠠᠵᠢᠯ ᠵᠶ᠋ᠠᠨ ᠥᠴᠦᠬᠡᠨ ᠴᠦ᠍ ᠰᠤᠯᠠᠷᠠᠭᠤᠯᠤᠯ ᠦᠭᠡᠢ᠎ᠪᠠᠷ ᠰᠠᠶ᠋ᠢᠲᠤᠷ ᠠᠳᠬᠤᠬᠤ ᠬᠡᠷᠡᠭᠲᠡᠶ᠃ ᠣᠳᠣᠬᠠᠨ᠎ᠳᠤ ᠶᠠᠭ 《ᠳᠣᠯᠣᠭ᠋ᠠᠨ ᠰᠠᠷ᠎ᠠ ᠵᠢᠨ ᠰᠡᠭᠦᠯᠴᠢ᠂ ᠨᠠᠢ᠍ᠮᠠᠨ ᠰᠠᠷ᠎ᠠ ᠵᠢᠨ ᠡᠬᠢᠨ》᠎ᠤ ᠦᠶᠡᠷ᠎ᠢ ᠰᠡᠷᠭᠡᠶ᠋ᠢᠯᠡᠬᠦ ᠬᠠᠮᠤᠭ᠎ᠤᠨ ᠵᠠᠩᠭᠢᠯᠠᠭ᠎ᠠ ᠵᠢᠨ ᠱᠠᠲᠤᠨ᠎ᠳᠤ ᠪᠠᠶ᠋ᠢᠵᠤ᠂ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠤᠮᠠᠷᠠᠲᠤ ᠣᠷᠣᠨ᠎ᠤ ᠬᠡᠰᠡᠭ ᠭᠠᠵᠠᠷ ᠣᠷᠣᠨ᠎ᠳᠤ ᠪᠠᠰᠠ ᠲᠤᠢ᠌ᠯ᠎ᠤᠨ ᠰᠢᠷᠦᠭᠦᠨ ᠠᠭ᠋ᠠᠳᠠᠷ ᠪᠣᠷᠣᠭ᠋ᠠᠨ ᠣᠷᠣᠬᠤ ᠪᠣᠯᠣᠯᠴᠠᠭ᠎ᠠ᠎ᠲᠠᠢ᠂ ᠲᠠᠢ᠌ᠹᠸᠩ ᠰᠠᠯᠬᠢ᠎ᠨᠢ ᠴᠦ᠍ ᠲᠡᠯᠡᠶ ᠳᠠᠭ᠋ᠠᠤ ᠣᠷᠣᠨ᠎ᠳᠤ ᠨᠡᠯᠢᠶᠡᠳ ᠶᠡᠬᠡ ᠨᠥᠯᠥᠭᠡ ᠦᠵᠡᠭᠦᠯᠵᠦ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠲᠤᠶ᠋ᠢᠯ᠎ᠤᠨ ᠬᠦᠨᠳᠦ ᠬᠡᠴᠡᠭᠦᠤ ᠪᠣᠯᠬᠣᠷ ᠪᠥᠬᠥ ᠲᠠᠯ᠎ᠠ᠎ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠤᠷᠢᠳᠴᠢᠯᠠᠨ ᠰᠡᠷᠭᠡᠶ᠋ᠢᠯᠡᠵᠦ᠂ ᠬᠣᠬᠢᠷᠠᠯ᠎ᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠡᠢ᠃
    ᠯᠢ ᠺᠸ ᠴᠢᠶᠠᠩ ᠵᠢᠭ᠋ᠠᠬᠤ᠎ᠳᠤ᠎ᠪᠠᠨ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ ᠬᠥᠮᠦᠨ᠎ᠤ ᠠᠮᠢ ᠨᠠᠰᠤ ᠠᠯᠢᠪᠠ᠎ᠠᠴᠠ ᠡᠷᠬᠢᠮ᠂ ᠾᠧᠨᠠᠨ ᠵᠡᠷᠭᠡ ᠭᠠᠮᠰᠢᠭᠳᠠᠭᠰᠠᠨ ᠭᠠᠵᠠᠷ ᠣᠷᠣᠨ᠎ᠤ᠎ᠬᠢᠨ ᠭᠠᠮᠰᠢᠭᠳᠠᠭᠰᠠᠨ ᠤᠯᠠᠨ ᠲᠦᠮᠡᠨ᠎ᠢ ᠠᠪᠤᠷᠠᠨ ᠲᠤᠰᠠᠯᠠᠬᠤ ᠠᠵᠢᠯ᠎ᠢ ᠦᠶᠡᠷ᠎ᠢ ᠰᠡᠷᠭᠡᠶ᠋ᠢᠯᠡᠨ ᠭᠠᠮᠰᠢᠭ᠎ᠠᠴᠠ ᠠᠪᠤᠷᠠᠬᠤ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠨᠢᠭᠡ ᠬᠥᠮᠦᠨ᠎ᠢ ᠴᠦ᠍ ᠬᠣᠴᠣᠷᠤᠭᠤᠯᠬᠤ ᠦᠭᠡᠢ ᠪᠠᠶ᠋ᠢᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠵᠢᠭ᠋ᠠᠬᠠᠨ ᠡᠷᠡᠮᠡᠯᠵᠡᠯ᠎ᠲᠠᠢ ᠯᠡ ᠶᠤᠮ ᠪᠣᠯ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠬᠤ ᠬᠡᠷᠡᠭᠲᠡᠶ᠃ ᠲᠤᠰᠬᠠᠶ ᠮᠡᠷᠭᠡᠵᠢᠯ᠎ᠤᠨ ᠡᠩᠨᠡᠭᠡ ᠪᠣᠯᠤᠨ ᠪᠡᠯᠡᠳᠬᠡᠮᠵᠢ ᠵᠢ ᠴᠠᠭ ᠲᠤᠬᠠᠶ᠎ᠳᠤ᠎ᠨᠢ ᠲᠣᠬᠢᠷᠠᠭᠤᠯᠵᠤ᠂ ᠨᠡᠶ᠋ᠢᠭᠡᠮ᠎ᠤᠨ ᠬᠦᠴᠦᠨ᠎ᠢ ᠲᠡᠢ᠍ᠢ᠍ᠴᠢᠯᠡᠠ᠂ ᠬᠡᠷᠡᠭᠴᠡᠭᠡ᠎ᠲᠠᠢ ᠭᠠᠵᠠᠷ ᠣᠷᠣᠨ᠎ᠤ ᠭᠠᠮᠰᠢᠭ᠎ᠠᠴᠠ ᠠᠪᠤᠷᠠᠨ ᠲᠡᠩᠬᠡᠷᠡᠭᠦᠯᠬᠦ ᠵᠢ ᠳᠡᠮᠵᠢᠬᠦ ᠬᠡᠷᠡᠭᠲᠡᠢ᠃ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠵᠢ ᠦᠨᠡᠨ᠎ᠠᠴᠠ ᠵᠥᠪ᠎ᠢ ᠡᠷᠢᠵᠦ᠂ ᠢᠯᠡ ᠲᠣᠳᠣ ᠨᠡᠢ᠌ᠲᠡᠯᠡᠬᠦ ᠬᠡᠷᠡᠭᠲᠡᠢ ᠭᠡᠵᠡᠢ᠃



     

    ᠯᠢ ᠺᠸ ᠴᠢᠶᠠᠩ ᠬᠡᠯᠡᠬᠦ᠎ᠳᠤ᠎ᠪᠠᠨ᠂ ᠭᠣᠣᠯᠳᠠᠯᠭ᠎ᠠ ᠵᠢ ᠲᠤᠪᠤᠢ᠍ᠢ᠍ᠯᠭ᠋ᠠᠵᠦ᠂ ᠪᠠᠭᠤᠷᠠᠢ ᠭᠣᠭᠴᠣᠭ᠎ᠠ ᠵᠢ ᠴᠢᠩᠭ᠋ᠠᠳᠬᠠᠬᠤ ᠬᠡᠷᠡᠭᠲᠡᠢ᠃ ᠪᠣᠷᠣᠭ᠋ᠠᠨ᠎ᠤ ᠪᠠᠶ᠋ᠢᠳᠠᠯ᠂ ᠦᠶᠡᠷ᠎ᠤᠨ ᠪᠠᠶ᠋ᠢᠳᠠᠯ ᠪᠠ ᠲᠠᠢ᠌ᠹᠸᠩ ᠰᠠᠯᠬᠢ ᠵᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠠᠵᠢᠯ᠎ᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠳᠤᠨ ᠳᠠᠭ᠋ᠠᠬᠤ ᠲᠣᠭᠲᠠᠴᠠ ᠵᠢ ᠴᠢᠩᠭ᠋ᠠᠷᠠᠭᠤᠯᠤᠨ᠂ ᠴᠠᠭ ᠲᠤᠬᠠᠶ᠎ᠳᠤ᠎ᠨᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ᠎ᠳᠤ᠎ᠨᠢ ᠲᠤᠰᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠪᠠ ᠣᠯᠠᠨ ᠲᠦᠮᠡᠨ᠎ᠤ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶ᠋ᠢᠳᠠᠯ ᠳᠣᠣᠷ᠎ᠠ᠂ ᠬᠤᠳᠠ ᠵᠢᠨ ᠬᠦᠨᠳᠦ ᠨᠣᠴᠢᠲᠠᠶ ᠳᠣᠲᠣᠭ᠋ᠠᠳᠤ ᠤᠰᠤᠲᠤᠯ᠎ᠳᠤ ᠴᠢᠭᠯᠡᠭᠦᠯᠦᠨ᠂ ᠤᠯᠠᠨ ᠲᠦᠮᠡᠨ᠎ᠢ ᠴᠠᠭ ᠲᠤᠬᠠᠶ᠎ᠳᠤ᠎ᠨᠢ ᠵᠣᠬᠢᠶᠠᠨ ᠪᠠᠶ᠋ᠢᠭᠤᠯᠤᠨ ᠠᠶᠤᠯ᠎ᠠᠴᠠ ᠵᠠᠶ᠋ᠢᠯᠠᠭᠤᠯᠵᠤ᠂ ᠣᠨᠴᠠᠭ᠋ᠠᠶ ᠠᠵᠢᠯ ᠲᠦᠷᠦᠯ᠎ᠠᠴᠠ ᠪᠤᠰᠤᠳ ᠬᠦᠮᠦᠰ᠎ᠤᠨ ᠠᠵᠢᠯ᠎ᠢ ᠵᠣᠭᠰᠣᠭ᠋ᠠᠬᠤ ᠰᠤᠷᠤᠯᠭ᠎ᠠ ᠵᠢ ᠵᠣᠭᠰᠣᠭ᠋ᠠᠬᠤ ᠵᠢ ᠡᠷᠡᠰ ᠰᠢᠭᠤᠷᠬᠠᠶ᠎ᠪᠠᠷ ᠬᠡᠷᠡᠭᠵᠢᠭᠦᠯᠵᠦ᠂ ᠡᠮᠨᠡᠯᠭᠡ ᠵᠢᠨ ᠬᠣᠷᠢᠶ᠎ᠠ ᠵᠡᠷᠭᠡ ᠴᠢᠬᠤᠯᠠ ᠨᠢᠭᠡᠴᠢ ᠵᠢᠨ ᠴᠠᠬᠢᠯᠭ᠋ᠠᠨ ᠬᠦᠴᠦ᠂ ᠤᠰᠤᠨ᠎ᠤ ᠬᠠᠩᠭ᠋ᠠᠯᠭ᠎ᠠ᠂ ᠴᠢᠮᠡᠭᠡ ᠬᠣᠯᠪᠣᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠶ᠃ ᠢᠯᠠᠩᠭᠤᠶ᠎ᠠ ᠬᠥᠮᠦᠨ᠎ᠤ ᠤᠷᠤᠰᠬᠠᠯ ᠨᠢᠭᠲᠠᠷᠠᠭᠰᠠᠨ ᠬᠤᠳᠠ ᠵᠢᠨ ᠭᠠᠵᠠᠷ ᠳᠣᠣᠷᠠᠬᠢ ᠲᠡᠮᠤᠷ ᠵᠠᠮ᠂ ᠨᠦᠭᠡᠨ ᠵᠠᠮ᠂ ᠭᠠᠵᠠᠷ ᠳᠣᠣᠷᠠᠬᠢ ᠣᠷᠣᠨ ᠵᠠᠶ ᠵᠡᠷᠭᠡ᠎ᠳᠤ ᠤᠯᠠᠨ ᠲᠦᠮᠡᠨ᠎ᠤ ᠠᠮᠤᠷ ᠲᠦᠪᠰᠢᠨ᠎ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠷᠭ᠎ᠠ ᠬᠢᠳᠡᠯ᠎ᠢ ᠪᠠᠬᠠᠨ ᠬᠡᠲᠦᠷᠡᠭᠦᠯᠵᠦ᠂ ᠴᠢᠩᠭ᠎ᠠ ᠪᠠᠢ᠌ᠯᠭ᠋ᠠᠵᠤ ᠪᠠᠢ᠌ᠭ᠋ᠠᠳ ᠵᠣᠭᠰᠣᠭ᠋ᠠᠬᠤ ᠶᠣᠰᠣᠲᠠᠶ ᠵᠢ᠎ᠨᠢ ᠵᠣᠭᠰᠣᠭ᠋ᠠᠵᠤ᠂ ᠪᠢᠲᠡᠭᠦᠮᠵᠢᠯᠡᠬᠦ ᠶᠣᠰᠣᠲᠠᠶ ᠵᠢ᠎ᠨᠢ ᠪᠢᠲᠡᠭᠦᠮᠵᠢᠯᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ᠎ᠠᠴᠠ ᠦᠨᠡᠨ ᠬᠦ᠌ ᠵᠠᠶ᠋ᠢᠯᠠᠰᠬᠢᠬᠦ ᠬᠡᠷᠡᠭᠲᠡᠶ᠃ ᠭᠣᠣᠯᠳᠠᠯᠭ᠎ᠠ᠎ᠲᠠᠢ ᠭᠣᠣᠯ ᠮᠥᠷᠡᠨ᠂ ᠤᠰᠤᠨ ᠴᠥᠭᠥᠷᠥᠮ᠂ ᠳᠠᠯᠠᠩ ᠬᠠᠰᠢᠯᠭ᠎ᠠ᠂ ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠠᠮᠤᠷ ᠲᠦᠪᠰᠢᠨ ᠪᠠ ᠬᠤᠳᠠ ᠵᠢᠨ ᠭᠣᠣᠯᠳᠠᠯᠭ᠎ᠠ᠎ᠲᠠᠢ ᠤᠯᠠᠨ ᠨᠡᠶ᠋ᠢᠲᠡ ᠵᠢᠨ ᠲᠠᠯᠠᠪᠤᠷ᠎ᠤᠨ ᠤᠰᠤᠲᠤᠯ᠎ᠤᠨ ᠰᠡᠷᠭᠡᠢ᠌ᠯᠡᠯᠲᠡ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠣᠭᠣᠷᠢᠨ ᠪᠠᠶ᠋ᠢᠴᠠᠭ᠋ᠠᠵᠤ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠪᠣᠳᠠᠰ ᠮᠠᠲ᠋ᠧᠷᠢᠶᠠᠯ᠎ᠢ ᠭᠦᠢ᠍ᠴᠡᠳ ᠪᠡᠯᠡᠳᠬᠡᠵᠦ᠂ ᠲᠦᠭᠰᠢᠭᠦᠷᠢ ᠲᠤᠯᠭ᠋ᠠᠷᠠᠪᠠᠯ ᠳᠠᠷᠤᠢ᠎ᠳᠤ᠎ᠨᠢ ᠰᠢᠢ᠍ᠳᠪᠦᠷᠢᠯᠡᠵᠦ᠂ ᠥᠴᠦᠬᠡᠨ ᠴᠦ᠍ ᠣᠮᠲᠣᠭ᠋ᠠᠶ᠋ᠢᠯᠠᠵᠤ ᠬᠣᠶ᠋ᠢᠰᠢᠯᠠᠭᠤᠯᠵᠤ ᠪᠣᠯᠬᠤ ᠦᠭᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ᠎ᠢ ᠴᠢᠩᠭ᠎ᠠ ᠰᠡᠷᠭᠡᠢ᠌ᠯᠡᠬᠦ ᠬᠡᠷᠡᠭᠲᠡᠢ ᠭᠡᠵᠡᠢ᠃
    ᠯᠢ ᠺᠸ ᠴᠢᠶᠠᠩ ᠬᠡᠯᠡᠬᠦ᠎ᠳᠤ᠎ᠪᠠᠨ᠂ ᠡᠨᠳᠡᠭᠰᠡᠳ᠎ᠤᠨ ᠭᠡᠷ ᠪᠦᠯᠢ ᠵᠢᠨ᠎ᠬᠢᠨ᠎ᠢ ᠲᠣᠬᠢᠲᠠᠶ ᠲᠣᠬᠣᠨᠢᠭᠤᠯᠵᠤ᠂ ᠭᠠᠮᠰᠢᠭᠳᠠᠭᠰᠠᠨ ᠣᠯᠠᠨ ᠲᠦᠮᠡᠨ ᠪᠠ ᠠᠶᠤᠯ᠎ᠠᠴᠠ ᠵᠠᠢ᠌ᠯᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠶ᠋ᠢᠲᠤᠷ ᠪᠠᠲᠤᠯᠠᠵᠤ᠂ ᠭᠠᠮᠰᠢᠭᠳᠠᠭᠰᠠᠨ ᠣᠷᠣᠨ᠎ᠤ ᠡᠷᠡᠭᠦᠯ ᠬᠠᠮᠠᠭ᠋ᠠᠯᠠᠯ ᠪᠠ ᠬᠢᠵᠢᠭ᠎ᠤᠨ ᠰᠡᠷᠭᠡᠶ᠋ᠢᠯᠡᠯᠲᠡ ᠵᠢ ᠴᠢᠩᠭ᠋ᠠᠳᠬᠠᠨ᠂ ᠤᠰᠤᠲᠤᠯ᠎ᠢ ᠠᠷᠢᠯᠭ᠋ᠠᠨ ᠦᠯᠡᠳᠡᠭᠳᠡᠯ᠎ᠢ ᠴᠡᠪᠡᠷᠯᠡᠬᠦ ᠵᠢ ᠲᠦᠷᠭᠡᠳᠬᠡᠵᠦ᠂ ᠤᠰᠤ ᠴᠠᠬᠢᠯᠭ᠋ᠠᠨ᠎ᠤ ᠬᠠᠩᠭ᠋ᠠᠯᠭ᠎ᠠ ᠪᠠ ᠵᠠᠮ ᠬᠠᠷᠢᠯᠴᠠᠭ᠎ᠠ ᠮᠡᠳᠡᠭᠡ ᠬᠣᠯᠪᠣᠭ᠎ᠠ ᠵᠡᠷᠭᠡ ᠵᠢ ᠲᠦᠷᠭᠡᠬᠡᠨ ᠰᠡᠷᠭᠦᠭᠡᠬᠦ ᠬᠡᠷᠡᠭᠲᠡᠶ᠃ ᠦᠢ᠍ᠯᠡᠳᠪᠦᠷᠢᠯᠡᠯ᠎ᠢ ᠰᠡᠷᠭᠦᠭᠡᠬᠦ ᠪᠠ ᠭᠠᠮᠰᠢᠭ᠎ᠤᠨ ᠳᠠᠷᠠᠭ᠎ᠠ ᠲᠠᠬᠢᠨ ᠪᠦᠳᠦᠭᠡᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠲᠥᠪ᠎ᠤᠨ ᠡᠳ᠋᠎ᠤᠨ ᠵᠠᠰᠠᠭ᠎ᠤᠨ ᠪᠡᠯᠡᠳᠬᠡᠯ ᠵᠠᠷᠤᠳᠠᠯ᠎ᠢ ᠳᠠᠷᠤᠶ᠎ᠳᠤ᠎ᠨᠢ ᠰᠢᠯᠵᠢᠭᠦᠯᠦᠨ ᠬᠡᠷᠡᠭᠯᠡᠵᠦ᠂ ᠤᠷᠢᠳ ᠵᠶ᠋ᠠᠷ ᠬᠡᠳᠦᠨ ᠠᠷᠪᠠᠨ ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠭᠠᠷᠭ᠋ᠠᠵᠤ ᠬᠦᠨᠳᠦ ᠨᠣᠴᠢᠲᠠᠶ ᠭᠠᠮᠰᠢᠭᠳᠠᠭᠰᠠᠨ ᠭᠠᠵᠠᠷ ᠣᠷᠣᠨ᠎ᠢ ᠲᠡᠮᠵᠢᠵᠤ᠂ ᠭᠠᠮᠰᠢᠭ᠎ᠤᠨ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠭᠰᠠᠨ ᠠᠬᠢᠴᠠ ᠵᠢᠨ ᠶᠣᠰᠣᠭ᠋ᠠᠷ ᠳᠡᠮᠵᠢᠬᠦ ᠡᠷᠴᠢᠮ ᠵᠶ᠋ᠠᠨ ᠲᠠᠬᠢᠨ ᠴᠢᠩᠭ᠋ᠠᠷᠠᠭᠤᠯᠬᠤ ᠬᠡᠷᠡᠭᠲᠡᠢ᠃ ᠣᠷᠣᠨ ᠨᠤᠲᠤᠭ᠎ᠤᠨ᠎ᠬᠢᠨ ᠴᠦ᠍ ᠲᠤᠰᠬᠠᠶ ᠪᠡᠯᠡ ᠮᠥᠩᠭᠥ ᠲᠣᠬᠢᠷᠠᠭᠤᠯᠬᠤ ᠬᠡᠷᠡᠭᠲᠡᠶ᠃ ᠡᠭᠦᠨ᠎ᠤ ᠬᠠᠮᠲᠤ ᠨᠡᠶ᠋ᠢᠭᠡᠮ᠎ᠤᠨ ᠲᠤᠰᠠᠯᠠᠮᠵᠢ ᠵᠢᠨ ᠪᠡᠯᠡ ᠮᠥᠩᠭᠥ ᠵᠢ ᠢᠯᠡ ᠲᠣᠳᠣ ᠰᠠᠶ᠋ᠢᠲᠤᠷ ᠬᠡᠷᠡᠭᠯᠡᠬᠦ ᠬᠡᠷᠡᠭᠲᠡᠢ ᠭᠡᠵᠡᠢ᠃
    ᠯᠢ ᠺᠸ ᠴᠢᠶᠠᠩ ᠴᠢᠬᠤᠯᠠᠴᠢᠯᠠᠬᠤ᠎ᠳᠤ᠎ᠪᠠᠨ᠂ ᠡᠯ᠎ᠡ ᠲᠠᠯ᠎ᠠ᠂ ᠡᠯ᠎ᠡ ᠱᠠᠳᠤ ᠳᠠᠪᠬᠤᠷᠭ᠎ᠠ᠂ ᠡᠯ᠎ᠡ ᠭᠣᠭᠴᠣᠭ᠎ᠠ ᠵᠢᠨ ᠬᠠᠷᠢᠭᠤᠴᠠᠯᠭ᠎ᠠ ᠵᠢ ᠨᠠᠷᠢᠯᠢᠭᠵᠢᠭᠤᠯᠤᠨ ᠪᠣᠳᠠᠲᠠᠶ᠋ᠢᠵᠢᠭᠤᠯᠵᠤ᠂ ᠬᠤᠪᠢ ᠬᠥᠮᠥᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠠᠯᠳᠠᠭᠰᠠᠳ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠤᠷᠰᠢᠯᠭ᠎ᠠ ᠰᠤᠷᠭ᠋ᠠᠮᠵᠢ᠎ᠪᠠᠨ ᠬᠢᠨᠠᠮᠠᠭ᠋ᠠᠶ ᠳ᠋ᠦᠩᠨᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠪᠠ ᠬᠣᠯᠪᠣᠭᠳᠠᠯ ᠪᠦᠬᠦᠢ ᠳᠦᠷᠢᠮ᠎ᠢ ᠲᠡᠭᠦᠯᠳᠡᠷᠵᠢᠭᠦᠯᠵᠦ᠂ ᠬᠦᠨᠳᠦ ᠶᠡᠬᠡ ᠭᠡᠨᠡᠳᠲᠡ ᠵᠢᠨ ᠬᠡᠷᠡᠭ᠎ᠢ ᠰᠡᠷᠭᠡᠶ᠋ᠢᠯᠡᠬᠦ ᠪᠠ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠭᠠᠵᠠᠷ ᠣᠷᠣᠨ᠎ᠤ ᠲᠦᠪᠰᠢᠨ ᠠᠮᠤᠭᠤᠯᠠᠩ᠎ᠢ ᠰᠠᠶ᠋ᠢᠲᠤᠷ ᠰᠠᠬᠢᠨ ᠬᠠᠮᠠᠭ᠋ᠠᠯᠠᠵᠤ᠂ ᠠᠵᠤ ᠠᠬᠤᠢ ᠨᠡᠶ᠋ᠢᠭᠡᠮ᠎ᠤᠨ ᠲᠣᠭᠲᠠᠭᠤᠨ ᠮᠥᠷᠲᠡᠭᠡᠨ ᠡᠷᠡᠭᠦᠯ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃
    ᠸᠠᠩ ᠶᠦᠩ᠂ ᠰᠢᠶᠤᠤ ᠵᠢᠶᠸ᠂ ᠡᡁᠸ ᠯᠢ ᠹᠸᠩ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠪᠦᠬᠦ ᠤᠯᠤᠰ᠎ᠤᠨ ᠬᠥᠩᠭᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ᠎ᠳᠤ ᠴᠢᠬᠤᠯᠠ ᠴᠣᠬᠣᠯᠠᠪᠤᠷᠢ ᠥᠭᠪᠡ
ᠰᠢ ᠵᠢᠨ ᠫᠢᠩ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠢᠯᠡᠭᠡᠪᠡ
ᠰᠢ ᠵᠢᠨ ᠫᠢᠩ ᠪᠣᠯᠤᠨ ᠲᠦᠷᠺ᠎ᠤᠨ ᠶᠡᠷᠦᠩᠬᠡᠶ᠋ᠢᠯᠡᠭᠴᠢ ᠠᠢ᠍ᠢ᠍ᠷᠳᠣ᠋ ᠊ ᠠᠨ ᠳᠤᠮᠳᠠᠳᠤ ᠲᠦᠷᠺ᠎ᠤᠨ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠣᠳᠣᠬᠠᠨ᠎ᠳᠤ ᠸᠠᠺᠼᠢᠨ᠎ᠨᠢ ᠳ᠋ᠸᠯᠲ᠋ᠠ ᠣᠨᠳᠣᠣᠰᠢᠭᠰᠠᠨ ᠬᠣᠤᠷᠲᠤ ᠰᠲᠷᠠᠢ᠌ᠨ᠎ᠳᠤ ᠪᠠᠰᠠ ᠦᠢ᠍ᠯᠡᠳᠦᠯ᠎ᠲᠠᠢ ᠦᠦ? ᠨᠠᠮᠤᠷ᠎ᠤᠨ ᠤᠯᠠᠷᠢᠯ᠎ᠳᠤ ᠰᠤᠷᠭ᠋ᠠᠭᠤᠯᠢ ᠬᠡᠪ ᠵᠶ᠋ᠡᠷ ᠡᠬᠢᠯᠡᠨ᠎ᠡ ᠦᠦ? ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠬᠠᠷᠢᠭᠤᠯᠲᠠ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠳᠤ ᠢᠯᠡᠭᠡᠭᠰᠡᠨ ᠪᠠᠶᠠᠷ᠎ᠤᠨ ᠴᠠᠬᠢᠯᠭ᠋ᠠᠨ ᠴᠢᠮᠡᠭᠡ
 
            