ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ
ᠨᠡᠶ᠋ᠢᠲᠡᠯᠡᠭᠰᠡᠨ ᠴᠠᠭ᠄ 2021-07-05

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ

      ᠶᠡᠬᠡ ᠬᠤᠷᠠᠯ ᠳᠡᠭᠡᠷᠡᠬᠢ ᠶᠠᠷᠢᠶ᠎ᠠ
                     (2021 ᠣᠨ᠎ᠤ 7 ᠰᠠᠷ᠎ᠠ ᠵᠢᠨ 1᠎ᠤ ᠡᠳᠦᠷ)
                                  ᠰᠢ ᠵᠢᠨ ᠫᠢᠩ


ᠨᠥᠬᠥᠳ ᠡ᠂ ᠨᠠᠶ᠋ᠢᠵᠠ ᠨᠠᠷ ᠡ᠄
      ᠡᠨᠡ ᠡᠳᠦᠷ ᠪᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷ᠎ᠡ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠳᠡᠭᠡᠷ᠎ᠡ ᠴᠥᠮ ᠲᠤᠶ᠋ᠢᠯ᠎ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠡᠨᠳᠡ ᠦᠪᠡᠳᠡᠭᠰᠢ ᠴᠤᠭᠯᠠᠭ᠋ᠠᠨ ᠪᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠡᠷᠭᠢᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠢ ᠵᠢ ᠪᠠᠷᠠᠯᠠᠵᠤ ᠪᠠᠢ᠍ᠢ᠍ᠨ᠎ᠠ᠃
      ᠡᠩ ᠲᠡᠷᠢᠭᠦᠨ᠎ᠳᠤ᠂ ᠪᠢ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠭᠡᠰᠢᠭᠦᠳ᠎ᠲᠤ ᠪᠠᠶᠠᠷ᠎ᠤᠨ ᠡᠳᠦᠷ᠎ᠤᠨ ᠬᠠᠯᠠᠭᠤᠨ ᠪᠠᠶᠠᠷ ᠬᠦᠷᠭᠡᠵᠦ ᠪᠠᠶ᠋ᠢᠨ᠎ᠠ!
      ᠡᠨᠳᠡ᠂ ᠪᠢ ᠨᠠᠮ ᠪᠣᠯᠤᠨ ᠠᠷᠠᠳ ᠲᠦᠮᠡᠨ᠎ᠤ ᠡᠮᠦᠨ᠎ᠡ᠎ᠠᠴᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠠᠰᠤᠷᠠᠯᠳᠠ ᠦᠭᠡᠢ ᠴᠢᠷᠮᠠᠢ᠍ᠢ᠍ᠨ ᠲᠡᠮᠡᠴᠡᠬᠦ᠎ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠵᠢᠨ ᠡᠬᠡ ᠭᠠᠵᠠᠷ᠎ᠲᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠲᠤᠢ᠍ᠢ᠍ᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢ᠍ᠢ᠍ᠭᠤᠯᠬᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠣᠮᠣᠭ ᠲᠡᠭᠦᠯᠳᠡᠷ ᠤᠷᠤᠭᠰᠢᠯᠠᠵᠤ ᠪᠠᠶ᠋ᠢᠨ᠎ᠠ ᠭᠡᠵᠦ ᠲᠥᠪ ᠴᠢᠩᠭ᠎ᠠ᠎ᠪᠠᠷ ᠲᠤᠩᠬᠠᠭᠯᠠᠶ᠎ᠠ᠃ ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠢᠷᠠᠭᠤ ᠠᠯᠳᠠᠷ ᠮᠥᠨ! ᠡᠨᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠠᠭᠤᠤ ᠶᠡᠬᠡ ᠢᠷᠠᠭᠤ ᠠᠯᠳᠠᠷ ᠮᠥᠨ! ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠭᠤᠤ ᠶᠡᠬᠡ ᠢᠷᠠᠭᠤ ᠠᠯᠳᠠᠷ ᠮᠥᠨ!
      ᠨᠥᠬᠥᠳ ᠡ᠂ ᠨᠠᠶ᠋ᠢᠵᠠ ᠨᠠᠷ ᠡ!
      ᠳᠤᠮᠳᠠᠳᠤ ᠵᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠬᠡ ᠦᠨᠳᠦᠰᠦᠲᠡᠨ ᠮᠥᠨ᠂ 5000 ᠭᠠᠷᠤᠢ ᠵᠢᠯ᠎ᠤᠨ ᠥᠨᠢ ᠤᠳᠠᠭ᠋ᠠᠨ ᠪᠤᠯᠪᠠᠰᠤᠨ ᠲᠡᠦᠬᠡ᠎ᠲᠠᠢ ᠶᠤᠮ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠳᠠᠪᠰᠢᠯᠲᠠ᠎ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠶᠤᠮ᠃ 1840 ᠣᠨ᠎ᠤ ᠬᠠᠷ᠎ᠠ ᠲᠠᠮᠠᠬᠢ ᠵᠢᠨ ᠲᠠᠢ᠍ᠢ᠍ᠨ᠎ᠤ ᠲᠠᠷᠠᠭ᠎ᠠ᠂ ᠳᠤᠮᠳᠠᠳᠤ ᠤᠯᠤᠰ ᠠᠯᠬᠤᠮ ᠠᠯᠬᠤᠮ ᠵᠶ᠋ᠠᠷ ᠬᠠᠭ᠋ᠠᠰ ᠺᠣᠯᠣᠨᠢ ᠬᠠᠭ᠋ᠠᠰ ᠹᠸᠤᠳᠠᠯ᠎ᠤᠨ ᠨᠡᠶ᠋ᠢᠭᠡᠮ᠎ᠳᠤ ᠤᠷᠤᠵᠤ᠂ ᠤᠯᠤᠰ ᠭᠦᠷᠦᠨ ᠭᠤᠳᠤᠭ᠋ᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠭᠠᠮᠰᠢᠭ ᠵᠣᠪᠠᠯᠠᠩ᠎ᠳᠤ ᠤᠨᠠᠵᠤ᠂ ᠰᠤᠶᠤᠯ ᠪᠣᠯᠪᠠᠰᠤᠨ ᠲᠣᠭᠣᠰᠣ ᠲᠤᠷᠳᠤᠭ᠎ᠲᠤ ᠳᠠᠷᠤᠭᠳᠠᠵᠤ᠂ ᠳᠤᠮᠳᠠᠳᠤ ᠵᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠤᠪᠠᠯᠠᠩ᠎ᠳᠤ ᠤᠴᠠᠷᠠᠪᠠ᠃ ᠲᠡᠷᠡ ᠦᠶ᠎ᠡ᠎ᠠᠴᠠ ᠡᠬᠢᠯᠡᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠨᠢ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠠᠭᠤᠤ ᠶᠡᠬᠡ ᠬᠦᠰᠡᠯ ᠵᠡᠭᠦᠳᠦ ᠪᠣᠯᠵᠠᠢ᠃
      ᠦᠨᠳᠦᠰᠦᠲᠡᠨ ᠵᠶ᠋ᠠᠨ ᠮᠥᠬᠥᠯ᠎ᠤᠨ ᠠᠶᠤᠯ᠎ᠠᠴᠠ ᠠᠪᠤᠷᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠠᠷᠠᠳ ᠲᠦᠮᠡᠨ ᠪᠠᠭ᠋ᠠᠲᠤᠷᠯᠢᠭ ᠵᠶ᠋ᠠᠷ ᠡᠰᠡᠷᠭᠦᠴᠡᠵᠦ᠂ ᠴᠢᠩ ᠵᠤᠷᠢᠭᠳᠠᠨ ᠪᠤᠰᠤᠯᠴᠠᠨ ᠬᠠᠰᠬᠢᠷᠤᠯᠳᠤᠵᠤ᠂᠎ᠲᠠᠢ ᠫᠢᠩ ᠲᠢᠶᠠᠨ ᠭᠦᠸᠸ ᠵᠢᠨ ᠬᠥᠳᠡᠯᠭᠡᠭᠡᠨ᠂ ᠰᠢᠷ᠎ᠠ ᠨᠣᠬᠠᠢ ᠵᠢᠯ᠎ᠤᠨ ᠬᠠᠤᠯᠢ ᠵᠢᠨ ᠥᠭᠡᠷᠡᠴᠢᠯᠡᠯᠲᠡ᠂ ᠢ ᠾᠧ ᠲᠤᠸᠠᠨ᠎ᠤ ᠬᠥᠳᠡᠯᠭᠡᠭᠡᠨ᠂ ᠴᠠᠭ᠋ᠠᠭᠴᠢᠨ ᠭᠠᠬᠠᠢ ᠵᠢᠯ᠎ᠤᠨ ᠬᠤᠪᠢᠰᠬᠠᠯ ᠵᠠᠯᠭ᠋ᠠᠭ᠎ᠠ᠎ᠪᠠᠷ ᠥᠷᠨᠢᠵᠦ᠂ ᠡᠯ᠎ᠠ ᠵᠦᠢ᠍ᠯ᠎ᠤᠨ ᠤᠯᠤᠰ ᠵᠶ᠋ᠠᠨ ᠠᠪᠤᠷᠠᠬᠤ ᠲᠥᠰᠦᠯ ᠵᠠᠯᠭ᠋ᠠᠭ᠎ᠠ᠎ᠪᠠᠷ ᠭᠠᠷᠤᠭᠰᠠᠨ ᠪᠣᠯᠪᠠᠴᠤ ᠴᠥᠮ ᠢᠯᠠᠭᠳᠠᠯ ᠵᠶ᠋ᠠᠷ ᠲᠡᠭᠦᠰᠪᠡ᠃ ᠳᠤᠮᠳᠠᠳᠤ ᠤᠯᠤᠰ ᠰᠢᠨ᠎ᠡ ᠦᠵᠡᠯ ᠰᠠᠨᠠᠭ᠎ᠠ᠎ᠪᠠᠷ ᠤᠯᠤᠰ ᠵᠶ᠋ᠠᠨ ᠠᠪᠤᠷᠠᠬᠤ ᠬᠥᠳᠡᠯᠭᠡᠭᠡᠨ᠎ᠢ ᠬᠦᠲᠦᠯᠦᠨ ᠳᠠᠭ᠋ᠠᠭᠤᠯᠬᠤ ᠵᠢ ᠲᠤᠯᠭ᠋ᠠᠮ ᠱᠠᠭ᠋ᠠᠷᠳᠠᠵᠤ᠂ ᠰᠢᠨ᠎ᠡ ᠵᠣᠬᠢᠶᠠᠨ ᠪᠠᠶ᠋ᠢᠭᠤᠯᠤᠯᠲᠠ᠎ᠪᠠᠷ ᠬᠤᠪᠢᠰᠬᠠᠯ᠎ᠤᠨ ᠬᠦᠴᠦᠨ᠎ᠢ ᠨᠢᠭᠲᠠᠷᠠᠭᠤᠯᠬᠤ ᠵᠢ ᠲᠤᠯᠭ᠋ᠠᠮ ᠱᠠᠭ᠋ᠠᠷᠳᠠᠵᠤ ᠪᠠᠢ᠍ᠢ᠍ᠪᠠ᠃
      ᠠᠷᠪᠠᠨ ᠰᠠᠷ᠎ᠠ ᠵᠢᠨ ᠬᠤᠪᠢᠰᠬᠠᠯ᠎ᠤᠨ ᠫᠤᠤ ᠵᠢᠨ ᠲᠠᠭᠤᠨ ᠳᠤᠮᠳᠠᠳᠤ ᠤᠯᠤᠰ᠎ᠲᠤ ᠮᠠᠷᠺᠰ ᠯᠧᠨᠢᠨ᠎ᠤ ᠦᠵᠡᠯ᠎ᠢ ᠠᠪᠴᠢᠷᠠᠵᠤ ᠥᠭᠪᠡ᠃ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠭᠡᠭᠡᠷᠡᠯᠳᠡ ᠵᠢᠨ ᠶᠠᠪᠤᠴᠠ᠎ᠳᠤ᠂ ᠮᠠᠷᠺᠰ ᠯᠧᠨᠢᠨ᠎ᠤ ᠦᠵᠡᠯ ᠪᠤᠯᠤᠨ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ ᠨᠢᠭᠲᠠ ᠤᠶᠠᠯᠳᠤᠬᠤ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠴᠠᠭ᠎ᠤᠨ ᠪᠠᠢ᠍ᠢ᠍ᠳᠠᠯ᠎ᠢ᠎ᠲᠠᠭᠠᠨ ᠮᠡᠨᠳᠦᠯᠡᠵᠡᠢ᠃ ᠳᠤᠮᠳᠠᠳᠤ ᠤᠯᠤᠰ᠎ᠲᠤ ᠡᠪ ᠬᠠᠮᠲᠤ ᠨᠠᠮ ᠮᠡᠨᠳᠦᠯᠡᠪᠠ᠂ ᠡᠨᠡ ᠪᠣᠯ ᠤᠷᠢᠳ ᠡᠮᠦᠨ᠎ᠡ ᠭᠠᠷᠤᠭ᠎ᠠ ᠦᠬᠡᠢ ᠶᠡᠬᠡ ᠬᠡᠷᠡᠭ ᠬᠤᠪᠢᠰᠤᠯ ᠪᠤᠯᠤᠨ᠎ᠠ᠂ ᠡᠨᠡ᠎ᠨᠢ ᠣᠷᠴᠢᠨ ᠦᠶ᠎ᠡ᠎ᠠᠴᠠ ᠨᠠᠭ᠋ᠠᠰᠢᠬᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠴᠢᠭᠯᠡᠯ ᠪᠠ ᠠᠬᠢᠴᠠ ᠵᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠤᠯᠤᠨ ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ ᠪᠠ ᠬᠤᠪᠢ ᠵᠠᠶᠠᠭ᠎ᠠ ᠵᠢ ᠭᠦᠨᠵᠡᠭᠡᠢ ᠬᠤᠪᠢᠷᠠᠭᠤᠯᠵᠤ᠂ ᠳᠡᠯᠡᠬᠡᠢ ᠵᠢᠨ ᠬᠥᠭᠵᠢᠯᠲᠡ ᠵᠢᠨ ᠬᠠᠨᠳᠤᠰᠢ ᠪᠠ ᠪᠠᠶ᠋ᠢᠷᠢᠰᠢᠯ᠎ᠢ ᠭᠦᠨᠵᠡᠭᠡᠢ ᠬᠤᠪᠢᠷᠠᠭᠤᠯᠵᠠᠢ᠃
      ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠮᠡᠭᠴᠡ᠎ᠪᠠᠨ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠬᠦᠯᠵᠤ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠥᠪᠡᠷ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠪᠠ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠵᠢ ᠬᠤᠷᠢᠶᠠᠩᠭᠤᠶ᠋ᠢᠯᠠᠪᠠᠯ᠄ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠨᠢᠭᠡ ᠭᠣᠣᠯ ᠰᠡᠳᠦᠪ ᠪᠣᠯᠤᠨ᠎ᠠ᠃
     — ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠴᠢᠰᠤ ᠤᠷᠤᠰᠬᠠᠨ ᠪᠠᠢ᠍ᠢ᠍ᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠪᠢᠳᠡ ᠤᠮᠠᠷᠠᠰᠢ ᠳᠠᠶ᠋ᠢᠯᠠᠬᠤ ᠲᠠᠢ᠍ᠢ᠍ᠨ᠂ ᠭᠠᠵᠠᠷ ᠲᠠᠷᠢᠶᠠᠨ᠎ᠤ ᠬᠤᠪᠢᠰᠬᠠᠯᠲᠤ ᠲᠠᠢ᠍ᠢ᠍ᠨ᠂ ᠶᠠᠫᠣᠨ᠎ᠢ ᠡᠰᠡᠷᠭᠦᠴᠡᠬᠦ ᠲᠠᠢ᠍ᠢ᠍ᠨ᠂ ᠴᠢᠯᠥᠭᠡᠯᠡᠬᠦ ᠲᠠᠢ᠍ᠢ᠍ᠨ᠎ᠢ ᠥᠩᠭᠡᠷᠡᠭᠡᠵᠦ᠂ ᠵᠡᠪᠰᠡᠭᠲᠦ ᠬᠤᠪᠢᠰᠬᠠᠯ ᠵᠶ᠋ᠠᠷ ᠵᠡᠪᠰᠡᠭᠲᠦ ᠬᠤᠪᠢᠰᠬᠠᠯ᠎ᠤᠨ ᠡᠰᠡᠷᠭᠦᠴᠦᠳ᠎ᠢ ᠡᠰᠡᠷᠭᠦᠴᠡᠵᠦ᠂ ᠡᠵᠡᠷᠬᠡᠭ ᠲᠦᠷᠢᠮᠡᠬᠡᠢ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠬᠡ ᠠᠭᠤᠯᠠ ᠵᠢ ᠲᠦᠯᠬᠢᠨ ᠤᠨᠠᠭ᠋ᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠢ ᠪᠠᠶ᠋ᠢᠭᠤᠯᠵᠤ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠥᠭᠡᠯᠡᠯᠲᠡ ᠵᠢ ᠪᠡᠶᠡᠯᠡᠭᠦᠯᠪᠡ᠃ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠢᠯᠠᠯᠲᠠ᠎ᠨᠢ ᠬᠠᠭᠤᠴᠢᠨ ᠳᠤᠮᠳᠠᠳᠤ ᠤᠯᠤᠰ᠎ᠤᠨ ᠬᠠᠭ᠋ᠠᠰ ᠺᠣᠯᠣᠨᠢ ᠬᠠᠭ᠋ᠠᠰ ᠹᠸᠤᠳᠠᠯ᠎ᠤᠨ ᠨᠡᠶ᠋ᠢᠭᠡᠮ᠎ᠤᠨ ᠲᠡᠦᠬᠡ ᠵᠢ ᠲᠤᠶ᠋ᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ ᠤᠯᠤᠰ᠎ᠤᠨ ᠲᠠᠷᠠᠬᠠᠶ ᠪᠤᠲᠠᠷᠬᠠᠶ ᠪᠠᠶ᠋ᠢᠳᠠᠯ᠎ᠢ ᠲᠤᠶ᠋ᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ᠎ᠤᠳ᠎ᠤᠨ ᠳᠤᠮᠳᠠᠳᠤ ᠤᠯᠤᠰ᠎ᠲᠤ ᠠᠯᠪᠠ᠎ᠪᠠᠷ ᠲᠤᠯᠭ᠋ᠠᠭᠰᠠᠨ ᠲᠡᠭᠰᠢ ᠪᠤᠰᠤ ᠭᠡᠷ᠎ᠡ ᠪᠣᠯᠤᠨ ᠡᠵᠡᠷᠬᠡᠭ ᠲᠦᠷᠢᠮᠡᠬᠡᠶ ᠶᠣᠰᠣᠨ᠎ᠤ ᠳᠤᠮᠳᠠᠳᠤ ᠤᠯᠤᠰ᠎ᠲᠠᠬᠢ ᠠᠯᠢᠪᠠ ᠣᠨᠴᠠ ᠡᠷᠬᠡ ᠵᠢ ᠲᠤᠶ᠋ᠢᠯᠪᠤᠷᠢᠲᠠᠶ ᠤᠰᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠦᠨᠳᠦᠰᠦᠨ ᠨᠡᠶ᠋ᠢᠭᠡᠮ᠎ᠤᠨ ᠨᠥᠬᠥᠴᠡᠯ᠎ᠢ ᠪᠦᠷᠢᠯᠳᠦᠭᠦᠯᠵᠦ ᠥᠭᠴᠡᠶ᠃ ᠳᠤᠮᠳᠠᠳᠤ ᠤᠯᠤᠰ᠎ᠤᠨ ᠡᠪ   ᠬᠠᠮᠲᠤ   ᠨᠠᠮ   ᠪᠣᠯᠤᠨ   ᠳᠤᠮᠳᠠᠳᠤ   ᠤᠯᠤᠰ ᠎ᠤᠨ   ᠠᠷᠠᠳ   ᠲᠦᠮᠡᠨ   ᠡᠷᠡᠯᠬᠡᠭ   ᠪᠠᠭ᠋ᠠᠲᠤᠷᠯᠢᠭ   ᠨᠤᠭᠤᠷᠠᠰᠢ ᠦᠭᠡᠢ ᠲᠡᠮᠡᠴᠡᠯ ᠵᠶ᠋ᠠᠷ᠂ ᠳᠤᠮᠳᠠᠳᠤ ᠤᠯᠤᠰ᠎ᠤᠨ ᠠᠷᠠᠳ ᠲᠦᠮᠡᠨ ᠪᠣᠰᠴᠤ ᠵᠣᠭᠰᠣᠯ᠎ᠠ᠂ ᠳᠤᠮᠳᠠᠳᠤ ᠵᠢᠨ ᠦᠨᠳᠦᠰᠦᠲᠡᠨ ᠬᠥᠮᠦᠨ ᠪᠦᠬᠦᠨ᠎ᠳᠤ ᠳᠠᠷᠤᠯᠠᠭᠳᠠᠵᠤ᠂ ᠳᠠᠷᠤᠯᠠᠯ ᠲᠤᠷᠤᠮᠵᠢᠯᠠᠯ᠎ᠢ ᠬᠠᠰᠢᠷᠠᠲᠠᠯ᠎ᠠ ᠠᠮᠰᠠᠭᠰᠠᠨ ᠴᠠᠭ ᠦᠶ᠎ᠡ ᠪᠤᠴᠠᠯᠲᠠ ᠦᠭᠡᠢ ᠡᠴᠦᠰᠯᠡᠵᠡᠢ ᠭᠡᠵᠤ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠪᠠ!
     — ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠨ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠨᠡᠶ᠋ᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠪᠢᠳᠡ ᠨᠡᠶ᠋ᠢᠭᠡᠮ ᠵᠢᠷᠤᠮᠲᠤ ᠬᠤᠪᠢᠰᠬᠠᠯ ᠬᠢᠵᠦ᠂ ᠳᠤᠮᠳᠠᠳᠤ ᠤᠯᠤᠰ᠎ᠲᠤ ᠬᠡᠳᠦᠨ ᠮᠢᠩᠭ᠋ᠠᠨ ᠵᠢᠯ ᠦᠷᠭᠦᠯᠵᠢᠯᠡᠭᠰᠡᠨ ᠹᠸᠤᠳᠠᠯ᠎ᠤᠨ ᠲᠠᠷᠤᠯᠠᠯ ᠮᠦᠯᠵᠢᠯᠳᠤ ᠪᠠᠶ᠋ᠢᠭᠤᠯᠤᠯ᠎ᠢ ᠤᠰᠠᠳᠬᠠᠵᠤ᠂ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠎ᠢ ᠲᠣᠭᠲᠠᠭ᠋ᠠᠵᠤ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠡᠵᠡᠷᠬᠡᠭ ᠲᠦᠷᠢᠮᠡᠬᠡᠢ ᠶᠣᠰᠣ᠂ ᠡᠵᠡᠷᠬᠡᠬᠦ ᠦᠵᠡᠯ᠎ᠤᠨ ᠨᠤᠷᠠᠭ᠋ᠠᠯᠲᠠ ᠡᠪᠳᠡᠯᠡᠭᠡ ᠪᠠ ᠵᠡᠪᠰᠡᠭᠲᠦ ᠥᠳᠥᠭᠡᠯᠭᠡ ᠵᠢ ᠢᠯᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶ᠋ᠢᠭᠡᠮ᠎ᠤᠨ ᠬᠤᠪᠢᠰᠤᠯᠲᠠ ᠵᠢ ᠪᠡᠶᠡᠯᠡᠭᠦᠯᠵᠦ᠂ ᠶᠠᠳᠠᠭᠤ ᠬᠣᠭᠣᠰᠣᠨ᠂ ᠬᠥᠮᠦᠨ ᠠᠮᠠ ᠤᠯᠠᠨ ᠳᠣᠷᠣᠨᠠᠳᠠᠬᠢᠨ᠎ᠤ ᠶᠡᠬᠡ ᠤᠯᠤᠰ ᠲᠤᠮᠤ ᠠᠯᠬᠤᠮ ᠵᠶ᠋ᠠᠷ ᠨᠡᠶ᠋ᠢᠭᠡᠮ ᠵᠢᠷᠤᠮᠲᠤ ᠨᠡᠶ᠋ᠢᠭᠡᠮ᠎ᠳᠤ ᠲᠠᠪᠰᠢᠨ ᠤᠷᠤᠬᠰᠠᠨ ᠠᠭᠤᠤ ᠶᠡᠬᠡ ᠦᠰᠦᠷᠦᠯᠲᠡ ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠦᠨᠳᠦᠰᠦᠨ ᠤᠯᠤᠰ ᠲᠦᠷᠦ ᠵᠢᠨ ᠤᠷᠢᠲᠠᠯ ᠪᠠ ᠪᠠᠶ᠋ᠢᠭᠤᠯᠤᠯ᠎ᠤᠨ ᠰᠠᠭᠤᠷᠢ ᠵᠢ ᠲᠠᠯᠪᠢᠵᠤ ᠥᠭᠴᠡᠢ᠃ ᠳᠤᠮᠳᠠᠳᠤ ᠤᠯᠤᠰ᠎ᠤᠨ ᠡᠪ   ᠬᠠᠮᠲᠤ   ᠨᠠᠮ   ᠪᠣᠯᠤᠨ   ᠳᠤᠮᠳᠠᠳᠤ   ᠤᠯᠤᠰ ᠎ᠤᠨ   ᠠᠷᠠᠳ   ᠲᠦᠮᠡᠨ   ᠡᠷᠡᠯᠬᠡᠭ   ᠪᠠᠭ᠋ᠠᠲᠤᠷᠯᠢᠭ   ᠨᠤᠭᠤᠷᠠᠰᠢ ᠦᠭᠡᠢ ᠲᠡᠮᠡᠴᠡᠯ ᠵᠶ᠋ᠠᠷ᠂ ᠳᠤᠮᠳᠠᠳᠤ ᠤᠯᠤᠰ᠎ᠤᠨ ᠠᠷᠠᠳ ᠲᠦᠮᠡᠨ ᠬᠠᠭᠤᠴᠢᠨ ᠶᠢᠷᠲᠢᠨᠴᠦ ᠵᠢ ᠡᠪᠳᠡᠬᠦ᠎ᠳᠡᠭᠡᠨ ᠴᠢᠳᠠᠮᠠᠭ᠋ᠠᠢ ᠪᠠᠶ᠋ᠢᠬᠤ᠎ᠪᠠᠷ ᠪᠠᠷᠠᠬᠤ ᠦᠭᠡᠢ ᠪᠠᠰᠠ ᠰᠢᠨ᠎ᠡ ᠶᠢᠷᠲᠢᠨᠴᠦ ᠵᠢ ᠪᠠᠶ᠋ᠢᠭᠤᠯᠬᠤ᠎ᠳᠠᠭᠠᠨ ᠴᠤ᠌ ᠴᠢᠳᠠᠮᠠᠭ᠋ᠠᠢ ᠪᠠᠢ᠍ᠢ᠍ᠭ᠎ᠠ ᠶᠤᠮ᠂ ᠭᠠᠭᠴᠠ ᠬᠦ᠌ ᠨᠡᠶ᠋ᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭᠴᠠ ᠬᠦ᠌ ᠨᠡᠶ᠋ᠢᠭᠡᠮ ᠵᠢᠷᠤᠮ   ᠰᠠᠶᠢ   ᠳᠤᠮᠳᠠᠳᠤ   ᠤᠯᠤᠰ ᠎ᠢ   ᠬᠥᠭᠵᠢᠭᠦᠯᠵᠦ   ᠴᠢᠳᠠᠨ᠎ᠠ   ᠭᠡᠵᠤ   ᠲᠡᠯᠡᠭᠡᠢ   ᠳ᠋ᠠᠬᠢᠨ ᠎ᠳᠤ   ᠲᠦᠪ ᠴᠢᠨᠭᠭ᠎ᠡ᠎ᠪᠠᠷ ᠲᠤᠨᠭ᠌ᠬᠠᠬᠯᠠᠪᠠ!
     — ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠨ᠂ ᠵᠤᠷᠢᠬᠳᠠᠢ᠎ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠳᠤᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠪᠢᠳᠡ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠨᠠᠮ᠎ᠤᠨ ᠲᠡᠦᠬᠡᠨ ᠳᠡᠭᠡᠷᠡᠬᠢ ᠠᠯᠤᠰ ᠬᠡᠳᠦ ᠵᠢᠨ ᠠᠴᠢ ᠬᠣᠯᠪᠣᠭᠳᠠᠯ᠎ᠲᠠᠢ ᠠᠭᠤᠤ ᠶᠡᠬᠡ ᠡᠷᠭᠢᠯᠲᠡ ᠵᠢ ᠪᠡᠶᠡᠯᠡᠭᠦᠯᠵᠤ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠨᠠᠮ᠎ᠤᠨ ᠦᠨᠳᠦᠰᠦᠨ ᠱᠤᠭᠤᠮ᠎ᠢ ᠲᠣᠭᠲᠠᠭ᠋ᠠᠵᠤ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ᠎ᠪᠠᠷ ᠠᠬᠢᠭᠤᠯᠵᠤ᠂ ᠡᠯ᠎ᠡ ᠲᠠᠯ᠎ᠠ ᠵᠢᠨ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠡᠭᠦᠳᠦᠨ ᠪᠠᠢ᠍ᠢ᠍ᠭᠤᠯᠵᠤ᠂ ᠪᠠᠷᠢᠮᠲᠠᠯᠠᠵᠦ᠂ ᠬᠠᠮᠠᠭ᠋ᠠᠯᠠᠵᠤ᠂ ᠬᠥᠭᠵᠢᠭᠦᠯᠵᠤ᠂ ᠳᠡᠭᠡᠳᠦ ᠬᠡᠮᠵᠢᠶ᠎ᠡ᠎ᠪᠠᠷ ᠲᠥᠪᠯᠡᠷᠡᠭᠰᠡᠨ ᠲᠥᠯᠥᠪᠯᠡᠭᠡᠲᠦ ᠠᠵᠤ ᠠᠬᠤᠶ ᠵᠢᠨ ᠪᠠᠶ᠋ᠢᠭᠤᠯᠤᠮᠵᠢ᠎ᠠᠴᠠ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠮᠵᠢ ᠬᠦᠷᠲᠡᠯ᠎ᠡ᠂ ᠲᠦᠭᠵᠢᠮᠡᠯ ᠬᠠᠭ᠋ᠠᠰ ᠲᠦᠭᠵᠢᠮᠡᠯ ᠪᠠᠶ᠋ᠢᠳᠠᠯ᠎ᠠᠴᠠ ᠪᠦᠬᠦ ᠲᠠᠯ᠎ᠠ᠎ᠪᠠᠷ ᠨᠡᠭᠡᠭᠡᠯᠲᠡ ᠬᠢᠬᠦ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠤ᠂ ᠦᠢ᠍ᠯᠡᠳᠪᠦᠷᠢᠯᠡᠯ᠎ᠤᠨ ᠬᠦᠴᠦᠨ ᠬᠠᠷᠢᠴᠠᠩᠭᠤᠶ᠎ᠪᠠᠷ ᠬᠣᠴᠣᠷᠤᠩᠭᠤᠶ ᠪᠠᠶ᠋ᠢᠭᠰᠠᠨ᠎ᠠᠴᠠ᠎ᠪᠠᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠳᠡᠯᠡᠬᠡᠶ ᠵᠢᠨ ᠬᠣᠶᠠᠳᠤᠭ᠋ᠠᠷ᠎ᠲᠤ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠵᠢ ᠪᠡᠶᠡᠯᠡᠭᠦᠯᠤᠨ᠂ ᠠᠷᠠᠳ᠎ᠤᠨ ᠠᠮᠢᠳᠤᠷᠠᠯ ᠢᠳᠡᠵᠦ ᠡᠮᠦᠰᠬᠦ᠎ᠳᠡᠭᠡᠨ ᠵᠥᠪ ᠦᠭᠡᠢ ᠪᠠᠶ᠋ᠢᠭᠰᠠᠨ᠎ᠠᠴᠠ ᠶᠡᠷᠦᠩᠬᠡᠶ᠎ᠳᠡᠭᠡᠨ ᠴᠢᠨᠡᠭᠡᠯᠢᠭ ᠪᠣᠯᠬᠤ᠂ ᠪᠦᠬᠦ ᠲᠠᠯ᠎ᠠ᠎ᠪᠠᠷ ᠴᠢᠨᠡᠭᠡᠯᠢᠭᠵᠢᠬᠦ ᠲᠡᠦᠬᠡᠲᠦ ᠴᠢᠨᠠᠷᠲᠠᠶ ᠳᠠᠪᠠᠯᠲᠠ ᠵᠢ ᠪᠡᠶᠡᠯᠡᠭᠦᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠰᠢᠨ᠎ᠡ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠠᠶ᠋ᠢᠭᠤᠯᠤᠮᠵᠢ ᠵᠢᠨ ᠪᠠᠲᠤᠯᠠᠭ᠎ᠠ ᠪᠠ ᠲᠦᠷᠭᠡᠨ ᠬᠥᠭᠵᠢᠬᠦ ᠪᠣᠳᠠᠰ᠎ᠤᠨ ᠨᠥᠬᠥᠴᠡᠯ᠎ᠢ ᠬᠠᠩᠭ᠋ᠠᠪᠠ᠃ ᠳᠤᠮᠳᠠᠳᠤ ᠤᠯᠤᠰ᠎ᠤᠨ ᠡᠪ   ᠬᠠᠮᠲᠤ   ᠨᠠᠮ   ᠪᠣᠯᠤᠨ   ᠳᠤᠮᠳᠠᠳᠤ   ᠤᠯᠤᠰ᠎ᠤᠨ   ᠠᠷᠠᠳ   ᠲᠦᠮᠡᠨ   ᠡᠷᠡᠯᠬᠡᠭ   ᠪᠠᠭ᠋ᠠᠲᠤᠷᠯᠢᠭ   ᠨᠤᠭᠤᠷᠠᠰᠢ   ᠦᠭᠡᠢ ᠲᠡᠮᠡᠴᠡᠯ ᠵᠶ᠋ᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠢᠷᠡᠭᠡᠳᠦᠢ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠵᠡᠢ ᠭᠡᠵᠦ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠪᠠ!
     — ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠢᠲᠡᠭᠡᠯ ᠲᠡᠭᠦᠯᠳᠡᠷ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠵᠦ᠂ ᠲᠥᠪ ᠶᠣᠰᠣ ᠵᠢ ᠡᠷᠬᠢᠮᠯᠠᠨ ᠰᠢᠨ᠎ᠡ ᠵᠢ ᠡᠭᠦᠳᠴᠦ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢ᠍ᠯᠡᠰ᠂ ᠠᠭᠤᠤ ᠶᠡᠬᠡ ᠬᠦᠰᠡᠯ ᠵᠡᠭᠦᠳᠦ ᠵᠢ ᠶᠡᠷᠦᠩᠬᠡᠶ᠋ᠢᠯᠡᠨ ᠡᠵᠡᠮᠳᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠪᠢᠳᠡ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠤ᠂ ᠤᠯᠤᠰ᠎ᠤᠨ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠲᠦᠷᠢᠮ ᠲᠣᠭᠲᠠᠭ᠋ᠠᠯ ᠶᠣᠰᠣᠭ᠋ᠠᠷ ᠨᠠᠮ᠎ᠢ ᠵᠠᠰᠠᠬᠤ ᠵᠢ ᠪᠠᠷᠢᠮᠲᠠᠯᠠᠵᠤ᠂ ᠨᠡᠯᠢᠶᠡᠳ ᠪᠦᠷᠢᠨ ᠲᠡᠭᠦᠯᠳᠡᠷ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠦᠷᠢᠯᠳᠦᠭᠦᠯᠵᠤ᠂ ᠠᠯᠢ ᠣᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠠᠶ᠋ᠢᠯᠳᠤᠬᠤ ᠪᠤᠳᠤᠯᠭ᠎ᠠ ᠵᠢᠨ ᠲᠤᠬᠢᠷᠠᠭᠤᠯᠤᠯᠳᠠ ᠵᠢ ᠲᠣᠳᠣᠷᠬᠠᠶ᠋ᠢᠯᠠᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠠᠩ ᠪᠦᠷᠢᠨ ᠲᠡᠭᠦᠯᠳᠡᠷ ᠳᠦᠷᠢᠮ᠎ᠤᠨ ᠪᠠᠲᠤᠯᠠᠭ᠎ᠠ᠂ ᠨᠠᠩ ᠪᠠᠲᠤ ᠪᠡᠬᠢ ᠪᠣᠳᠠᠰ᠎ᠤᠨ ᠰᠠᠭᠤᠷᠢ᠂ ᠨᠠᠩ ᠰᠠᠨᠠᠭ᠋ᠠᠴᠢᠯᠠᠭ᠋ᠠᠳᠤ ᠣᠶᠤᠨ ᠰᠠᠨᠠᠭ᠋ᠠᠨ᠎ᠤ ᠬᠦᠴᠦᠨ᠎ᠢ ᠬᠠᠩᠭ᠋ᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭ᠋ᠠᠲᠤᠷᠯᠢᠭ ᠨᠤᠭᠤᠷᠠᠰᠢ ᠦᠭᠡᠢ ᠲᠡᠮᠡᠴᠡᠯ ᠵᠶ᠋ᠠᠷ᠂ ᠳᠤᠮᠳᠠᠳᠤ ᠵᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠡᠶᠡᠯᠡᠭᠳᠡᠭᠦ᠎ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ ᠭᠡᠵᠤ ᠲᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠪᠠ᠃
      ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ 《ᠨᠠᠨᠳᠢᠨ ᠠᠮᠢ᠎ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ᠂ ᠨᠡᠷᠡᠨ ᠰᠠᠷᠠᠨ᠎ᠢ ᠵᠢᠭ᠋ᠠᠨ ᠵᠠᠬᠢᠷᠴᠤ ᠰᠢᠨ᠎ᠡ ᠣᠷᠴᠢᠯᠠᠩ ᠪᠤᠯᠭ᠋ᠠᠬᠤ》 ᠣᠮᠣᠭ ᠵᠣᠷᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠲᠡᠦᠬᠡᠨ ᠳᠡᠭᠡᠷᠡᠬᠢ ᠬᠠᠮᠤᠭ᠎ᠤᠨ ᠭᠠᠢ᠍ᠢ᠍ᠬᠠᠮᠰᠢᠬᠳᠦ ᠲᠤᠤᠯᠢᠰ᠎ᠢ ᠪᠢᠴᠢᠭᠯᠡᠪᠡ᠃ ᠡᠨᠡᠬᠦ ᠵᠠᠭᠤᠨ ᠵᠢᠯ᠎ᠤᠨ ᠲᠤᠷᠰᠢ ᠨᠡᠭᠡᠭᠡᠭᠰᠡᠨ ᠠᠭᠤᠤ ᠶᠡᠬᠡ ᠵᠠᠮ᠂ ᠴᠤᠬ᠍ᠴᠠᠯᠠᠬᠰᠠᠨ ᠠᠭᠤᠤ ᠶᠡᠬᠡ ᠦᠢ᠍ᠯᠡᠰ᠂ ᠣᠯᠤᠭᠰᠠᠨ ᠠᠭᠤᠤ ᠶᠡᠬᠡ ᠠᠮᠵᠢᠯᠲᠠ᠎ᠨᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠬᠥᠭᠵᠢᠯᠲᠡ ᠵᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ᠎ᠨᠢ ᠯᠠᠪᠲᠠᠢ ᠶᠤᠮ!
      ᠨᠥᠬᠥᠳ ᠡ᠂ ᠨᠠᠶ᠋ᠢᠵᠠ ᠨᠠᠷ ᠡ!
      ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠢᠳᠤᠰ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨ ᠪᠠᠶ᠋ᠢᠭᠤᠯᠵᠤ᠂ ᠦᠨᠡᠨ ᠶᠣᠰᠣ ᠵᠢ ᠪᠠᠷᠢᠮᠲᠠᠯᠠᠬᠤ᠂ ᠬᠦᠰᠡᠯᠡᠩ ᠵᠶ᠋ᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠂ ᠡᠷᠡᠯᠬᠡᠭ ᠪᠠᠭ᠋ᠠᠲᠤᠷᠯᠢᠭ ᠵᠶ᠋ᠠᠷ ᠲᠡᠮᠡᠴᠡᠬᠦ᠂ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠦᠷᠢᠯᠳᠦᠭᠦᠯᠦᠭᠰᠡᠨ ᠪᠠᠢ᠍ᠢ᠍ᠨ᠎ᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠶᠤᠨ ᠰᠠᠨᠠᠭ᠋ᠠᠨ᠎ᠤ ᠡᠬᠢ ᠰᠤᠷᠪᠤᠯᠵᠢ ᠮᠥᠨ᠃
      ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠷᠳᠤ ᠬᠤᠭᠤᠴᠠᠭ᠋ᠠᠨ᠎ᠤ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠴᠠᠳᠢᠭ᠎ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠵᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠲᠡᠦᠬᠡ ᠵᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠵᠢᠨ ᠦᠶ᠎ᠡ᠎ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭ᠋ᠠᠮᠵᠢᠯᠠᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠡᠭᠦᠷᠢᠳᠡ ᠵᠠᠯᠭ᠋ᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ!
      ᠨᠥᠬᠥᠳ ᠡ᠂ ᠨᠠᠶ᠋ᠢᠵᠠ ᠨᠠᠷ ᠡ!
      ᠵᠠᠭᠤᠨ   ᠵᠢᠯ ᠎ᠤᠨ   ᠲᠤᠷᠰᠢ  ᠂ ᠮᠠᠨ᠎ᠤ ᠣᠯᠤᠭᠰᠠᠨ   ᠠᠯᠢᠪᠠ ᠠᠮᠵᠢᠯᠲᠠ   ᠪᠣᠯ   ᠳᠤᠮᠳᠠᠳᠤ   ᠤᠯᠤᠰ᠎ᠤᠨ ᠡᠪ ᠬᠠᠮᠲᠤᠴᠤᠳ᠂ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ ᠵᠢᠨ ᠦᠨᠳᠦᠰᠦᠲᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠮᠠᠤ ᠽᠸ ᠳ᠋ᠦᠩ ᠨᠥᠬᠥᠷ᠂ ᠳ᠋ᠧᠩ ᠰᠢᠶᠤᠤ ᠫᠢᠩ ᠨᠥᠬᠥᠷ᠂ ᠵᠢᠶᠠᠩ ᠽᠸ ᠮᠢᠨ ᠨᠥᠬᠥᠷ᠂ ᠬᠤ᠌ ᠵᠢᠨ ᠲᠤᠤ ᠨᠥᠬᠥᠷ ᠵᠶ᠋ᠠᠷ ᠭᠣᠣᠯ ᠲᠥᠯᠥᠭᠡᠯᠡᠭᠴᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠦᠯᠦᠭᠡ ᠲᠡᠦᠬᠡ ᠰᠤᠳᠤᠷ᠎ᠢ ᠭᠡᠶ᠋ᠢᠭᠦᠯᠦᠭᠰᠡᠨ ᠠᠭᠤᠤ   ᠶᠡᠬᠡ   ᠭᠠᠪᠢᠶ᠎ᠠ   ᠵᠢᠳᠬᠦᠯ   ᠪᠠᠶ᠋ᠢᠭᠤᠯᠪᠠ  !   ᠪᠢᠳᠡ   ᠲᠡᠳᠡᠨ ᠎ᠳᠤ   ᠡᠷᠬᠢᠮ   ᠳᠡᠭᠡᠳᠦ   ᠬᠦᠨᠳᠦᠳᠬᠡᠯ ᠵᠶ᠋ᠠᠨ ᠳᠡᠪᠰᠢᠭᠦᠯᠦᠶ᠎ᠡ!
      ᠡᠨᠡ ᠬᠦ᠌ ᠴᠠᠭ ᠮᠥᠴᠡ᠎ᠳᠤ᠂ ᠪᠢᠳᠡ ᠳᠤᠮᠳᠠᠳᠤ ᠤᠯᠤᠰ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠶ᠋ᠢᠭᠤᠯᠬᠤ᠂ ᠪᠡᠬᠢᠵᠢᠭᠦᠯᠬᠦ᠂ ᠬᠥᠭᠵᠢᠭᠦᠯᠬᠦ ᠵᠢᠨ ᠲᠥᠯᠥᠭᠡ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠮᠠᠤ ᠽᠸ ᠳ᠋ᠦᠩ᠂ ᠵᠧᠦ ᠡᠸᠨ ᠯᠠᠢ᠂ ᠯᠢᠦ ᠱᠤᠤ ᠴᠢ᠂ ᠵᠤ᠌ ᠳ᠋ᠸ᠂ ᠳ᠋ᠧᠩ ᠰᠢᠶᠤᠤ ᠫᠢᠩ᠂ ᠴᠧᠨ ᠶᠦᠨ ᠨᠥᠬᠥᠷ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ᠂ ᠬᠠᠮᠠᠭ᠋ᠠᠯᠠᠬᠤ᠂ ᠪᠦᠳᠦᠭᠡᠨ ᠪᠠᠶ᠋ᠢᠭᠤᠯᠬᠤ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠭᠰᠡᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠠᠮᠢ ᠪᠡᠶ᠎ᠡ᠎ᠪᠠᠨ ᠵᠣᠷᠢᠭᠤᠯᠤᠭᠰᠠᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠤᠢ᠍ᠢ᠍ᠷ᠎ᠠ ᠦᠶ᠎ᠡ᠎ᠠᠴᠠ ᠨᠠᠭ᠋ᠠᠰᠢᠬᠢ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ᠎ᠢ ᠬᠦᠨ ᠮᠦᠷᠤᠬᠡᠳᠤᠨ ᠰᠠᠨᠠᠭ᠋ᠠᠯᠵᠠᠵᠤ ᠪᠠᠢ᠍ᠢ᠍ᠨ᠎ᠠ᠃ ᠲᠡᠳᠡᠨ᠎ᠤ ᠡᠬᠡ ᠤᠯᠤᠰ ᠪᠣᠯᠤᠨ ᠦᠨᠳᠦᠰᠦᠲᠡᠨ᠎ᠤ᠎ᠪᠠᠨ ᠲᠥᠯᠥᠭᠡ ᠪᠠᠶ᠋ᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ᠎ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ! ᠲᠡᠳᠡᠨ᠎ᠤ ᠡᠷᠬᠢᠮ ᠳᠡᠭᠡᠳᠦ ᠵᠣᠷᠢᠭ ᠰᠠᠨᠠᠭ᠎ᠠ᠎ᠨᠢ ᠠᠷᠠᠳ ᠲᠦᠮᠡᠨ᠎ᠤ ᠰᠡᠳᠬᠢᠯ᠎ᠳᠤ ᠡᠭᠦᠷᠢᠳᠡ ᠬᠠᠳᠠᠩᠰᠢᠬᠤ ᠶᠤᠮ!
      ᠠᠷᠠᠳ ᠲᠦᠮᠡᠨ ᠪᠣᠯ ᠲᠡᠦᠬᠡ ᠵᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭ᠋ᠠᠲᠤᠷ ᠮᠥᠨ᠃ ᠪᠢ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ᠎ᠤᠨ ᠪᠤᠰᠤ ᠬᠥᠮᠦᠰ᠂ ᠡᠯ᠎ᠡ ᠠᠷᠠᠳ᠎ᠤᠨ ᠪᠦᠯᠬᠦᠮ᠂ ᠡᠯ᠎ᠡ ᠡᠲᠡᠭᠡᠳ᠎ᠤᠨ ᠡᠬᠡ ᠣᠷᠣᠨᠴᠢ ᠬᠥᠮᠦᠰ᠂ ᠠᠷᠠᠳ᠎ᠤᠨ ᠴᠢᠯᠥᠭᠡᠯᠡᠬᠦ ᠴᠡᠷᠢᠭ᠎ᠤᠨ ᠵᠢᠯᠤᠭᠤᠳᠤᠬ᠍ᠴᠢ ᠪᠠᠶ᠋ᠢᠯᠳᠤᠭᠴᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠳᠠᠷᠤᠭ᠎ᠠ ᠪᠠᠶ᠋ᠢᠯᠳᠤᠭᠴᠢ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶ᠋ᠢᠯᠡᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠠᠩᠬᠢ ᠵᠢᠨ ᠵᠢᠯᠤᠭᠤᠳᠤᠬ᠍ᠴᠢ ᠪᠠᠶ᠋ᠢᠯᠳᠤᠭᠴᠢ᠂ ᠪᠦᠬᠦ ᠨᠡᠶ᠋ᠢᠭᠡᠮ ᠵᠢᠷᠤᠮ᠎ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠦᠶ᠎ᠠ! ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ ᠪᠣᠯᠤᠨ ᠲᠠᠶ᠋ᠢᠸᠠᠨ᠎ᠤ ᠠᠬ᠎ᠠ ᠳᠡᠭᠦᠦ ᠨᠡᠷ ᠵᠢᠴᠢ ᠥᠷᠭᠡᠨ ᠤᠯᠠᠨ ᠳᠤᠮᠳᠠᠳᠤ ᠵᠢᠨ ᠬᠠᠷᠢᠶᠠᠲᠤ ᠨᠡᠷ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠦᠶ᠎ᠡ! ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠨᠥᠬᠥᠷᠰᠡᠭ ᠵᠶ᠋ᠠᠷ ᠶᠠᠪᠤᠯᠴᠠᠵᠤ᠂ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ᠎ᠤᠨ ᠠᠷᠠᠳ ᠲᠦᠮᠡᠨ ᠪᠠ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠨᠥᠬᠥᠳ ᠡ᠂ ᠨᠠᠶ᠋ᠢᠵᠠ ᠨᠠᠷ ᠡ!
      ᠤᠭ ᠰᠠᠨᠠᠭ᠎ᠠ ᠵᠢ ᠲᠤᠬᠳᠠᠭ᠋ᠠᠬᠤ᠎ᠳᠤ ᠬᠢᠯᠪᠠᠷ᠂ ᠢᠮᠠᠭᠲᠠ ᠵᠢᠷᠤᠮᠯᠠᠬᠤ᠎ᠳᠤ ᠬᠦᠴᠢᠷ᠃ ᠲᠡᠦᠬᠡ᠎ᠪᠠᠷ ᠲᠤᠯᠢ ᠪᠣᠯᠭ᠋ᠠᠪᠠᠯ᠂ ᠲᠦᠷᠦ ᠭᠦᠷᠦᠨ᠎ᠤ ᠮᠠᠨᠳᠤᠵᠤ ᠮᠥᠬᠥᠬᠦ ᠰᠤᠯᠢᠬᠳᠠᠬᠤ ᠶᠤᠰᠤ ᠵᠢ ᠮᠡᠳᠡᠵᠦ ᠪᠣᠯᠤᠨ᠎ᠠ᠃ ᠪᠢᠳᠡ ᠲᠡᠦᠬᠡ᠎ᠪᠠᠷ ᠤᠳᠤᠬᠢ ᠵᠢ ᠲᠤᠯᠢᠳᠠᠵᠦ᠂ ᠢᠷᠡᠭᠡᠳᠦᠢ ᠵᠢ ᠪᠠᠷᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠥᠩᠭᠡᠷᠡᠭᠰᠡᠨ᠎ᠳᠤ ᠪᠢᠳᠡ ᠶᠠᠭ᠋ᠠᠬᠢᠭ᠋ᠠᠳ ᠠᠮᠵᠢᠯᠲᠠ ᠣᠯᠵᠤ ᠴᠢᠳᠠᠭᠰᠠᠨ᠎ᠢ ᠲᠣᠳᠣᠷᠬᠠᠢ ᠲᠠᠨᠢᠵᠤ᠂ ᠢᠷᠡᠭᠡᠳᠦᠢ᠎ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠵᠢ ᠲᠣᠳᠣᠷᠬᠠᠢ ᠣᠶ᠋ᠢᠯᠠᠭ᠋ᠠᠵᠤ᠂ ᠡᠭᠦᠨ᠎ᠤ ᠤᠯᠠᠮ ᠵᠶ᠋ᠠᠷ ᠰᠢᠨ᠎ᠡ ᠠᠶᠠᠨ᠎ᠳᠠᠭᠠᠨ ᠨᠡᠩ ᠡᠷᠡᠰ ᠪᠠᠲᠤ᠂ ᠨᠡᠩ ᠤᠬᠠᠮᠰᠠᠷ᠎ᠠᠴᠠ᠎ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠢ᠍ᠢ᠍ᠨ ᠰᠠᠶ᠋ᠢᠬᠠᠨ ᠢᠷᠡᠭᠡᠳᠦᠢ᠎ᠪᠠᠨ ᠴᠣᠭᠴᠠᠯᠠᠬᠤ ᠬᠡᠷᠡᠭᠲᠡᠢ᠃
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ᠎ᠨᠢ ᠨᠠᠮ᠎ᠳᠤ ᠪᠤᠢ᠃ ᠳᠤᠮᠳᠠᠳᠤ ᠵᠢᠨ ᠦᠨᠳᠦᠰᠦᠲᠡᠨ᠎ᠤ ᠤᠢ᠍ᠢ᠍ᠷ᠎ᠠ ᠦᠶ᠎ᠡ᠎ᠠᠴᠠ ᠨᠠᠭ᠋ᠠᠰᠢᠬᠢ 180 ᠭᠠᠷᠤᠢ ᠵᠢᠯ᠎ᠤᠨ ᠲᠡᠦᠬᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ 100 ᠵᠢᠯ᠎ᠤᠨ ᠲᠡᠦᠬᠡ᠂ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ 70 ᠭᠠᠷᠤᠢ ᠵᠢᠯ᠎ᠤᠨ ᠲᠡᠦᠬᠡ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠢ᠍ᠢ᠍ᠵᠦ ᠴᠢᠳᠠᠬᠤ ᠦᠭᠡᠢ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠠᠶ᠋ᠢᠵᠤ ᠴᠢᠳᠠᠬᠤ ᠦᠭᠡᠢ ᠭᠡᠳᠡᠭ᠎ᠢ ᠭᠦᠢ᠍ᠴᠡᠳ ᠭᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠤᠭ᠎ᠤᠨ ᠢᠯᠠ ᠲᠤᠳᠤ ᠮᠥᠨ ᠴᠢᠨᠠᠷ᠎ᠤᠨ ᠣᠨᠴᠠᠯᠢᠭ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠬᠠᠮᠤᠭ᠎ᠤᠨ ᠶᠡᠬᠡ ᠳᠠᠪᠠᠭᠤᠯᠢᠭ ᠮᠥᠨ᠂ ᠨᠠᠮ ᠪᠣᠯᠤᠨ ᠤᠯᠤᠰ᠎ᠤᠨ ᠦᠨᠳᠦᠰᠦ ᠰᠠᠭᠤᠷᠢ᠂ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠰᠢᠭ ᠲᠤᠰᠠ᠂ ᠬᠤᠪᠢ ᠵᠠᠶᠠᠭ᠎ᠠ᠎ᠲᠠᠢ ᠬᠣᠯᠪᠣᠭᠳᠠᠵᠤ ᠪᠠᠶ᠋ᠢᠭ᠎ᠠ ᠶᠤᠮ᠃
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ   ᠤᠳᠤᠷᠢᠳᠤᠯᠭ᠎ᠠ ᠵᠢ   ᠲᠠᠰᠤᠷᠠᠯᠲᠠ   ᠥᠬᠡᠶ   ᠲᠡᠭᠦᠯᠳᠡᠷᠵᠢᠭᠦᠯᠦᠨ᠂ 《ᠳᠥᠷᠪᠡᠨ   ᠤᠬᠠᠮᠰᠠᠷ》 ᠵᠶ᠋ᠠᠨ ᠴᠢᠩᠭ᠋ᠠᠳᠬᠠᠵᠤ᠂     《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠨᠠᠮ᠎ᠤᠨ ᠰᠢᠨᠵᠢᠯᠡᠬᠦ ᠤᠬᠠᠭ᠋ᠠᠨᠴᠢ᠎ᠪᠠᠷ ᠲᠥᠷᠥ ᠪᠠᠷᠢᠬᠤ᠂ ᠠᠷᠠᠳᠴᠢᠯᠠᠯ ᠵᠶ᠋ᠠᠷ ᠲᠥᠷᠥ ᠪᠠᠷᠢᠬᠤ᠂ ᠬᠠᠤᠯᠢ ᠶᠣᠰᠣᠭ᠋ᠠᠷ ᠲᠥᠷᠥ ᠪᠠᠷᠢᠬᠤ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ᠎ᠤᠨ ᠪᠥᠬᠥ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠵᠤ ᠤᠳᠤᠷᠢᠳᠬᠤ ᠭᠤᠤᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ᠃ ᠲᠥᠷᠥ ᠵᠠᠰᠠᠭ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠵᠠᠰᠠᠭ ᠮᠦᠨ᠂ ᠲᠥᠷᠥ ᠵᠠᠰᠠᠭ᠎ᠢ ᠪᠠᠶ᠋ᠢᠭᠤᠯᠬᠤ᠂ ᠲᠥᠷᠥ ᠵᠠᠰᠠᠭ᠎ᠢ ᠰᠠᠬᠢᠬᠤ᠎ᠨᠢ ᠠᠷᠠᠳ ᠲᠦᠮᠡᠨ᠎ᠤ ᠰᠡᠳᠬᠢᠯ᠎ᠢ ᠰᠠᠬᠢᠵᠦ ᠪᠠᠢ᠍ᠢ᠍ᠭ᠎ᠠ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠭᠤᠷᠢ᠎ᠨᠢ ᠠᠷᠠᠳ ᠲᠦᠮᠡᠨ᠎ᠳᠤ ᠪᠤᠢ᠂ ᠠᠮᠢᠨ ᠰᠤᠳᠠᠰᠤ᠎ᠨᠢ ᠠᠷᠠᠳ ᠲᠦᠮᠡᠨ᠎ᠳᠤ ᠪᠤᠢ᠂ ᠬᠦᠴᠦᠨ ᠴᠢᠳᠠᠯ᠎ᠨᠢ ᠠᠷᠠᠳ ᠲᠦᠮᠡᠨ᠎ᠳᠤ ᠪᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠲᠥᠯᠥᠭᠡᠯᠡᠵᠦ᠂ ᠠᠷᠠᠳ ᠲᠦᠮᠡᠨ᠎ᠲᠠᠢ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠦᠬᠦᠵᠦ ᠰᠡᠭᠡᠬᠦ᠎ᠪᠠᠨ ᠬᠠᠮᠲᠤᠳᠬᠠᠵᠤ ᠪᠠᠶ᠋ᠢᠭ᠎ᠠ ᠶᠤᠮ᠂ ᠶᠠᠮᠠᠷ ᠴᠤ᠌ ᠥᠪᠡᠷ᠎ᠤᠨ ᠣᠨᠴᠠᠭ᠋ᠠᠢ ᠠᠰᠢᠭ ᠲᠤᠰᠠ ᠭᠡᠵᠦ ᠪᠠᠶ᠋ᠢᠬᠤ ᠦᠭᠡᠢ᠂ ᠶᠡᠷᠦ᠎ᠠᠴᠠ ᠶᠠᠮᠠᠷᠪᠠ ᠠᠰᠢᠭ ᠲᠤᠰᠠ ᠵᠢᠨ ᠪᠦᠯᠦᠭᠯᠡᠯ᠂ ᠶᠠᠮᠠᠷᠪᠠ ᠡᠷᠬᠡ ᠰᠦᠷᠲᠦ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠵᠢᠨ ᠠᠰᠢᠭ ᠲᠤᠰᠠ ᠵᠢ ᠲᠥᠯᠥᠭᠡᠯᠡᠳᠡᠭ ᠦᠭᠡᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠤᠮᠳᠠᠳᠤ ᠤᠯᠤᠰ᠎ᠤᠨ ᠠᠷᠠᠳ ᠲᠦᠮᠡᠨ᠎ᠠᠴᠠ ᠰᠠᠯᠭ᠋ᠠᠵᠤ᠂ ᠡᠰᠡᠷᠭᠦᠴᠡᠯᠳᠦᠭᠦᠯᠬᠦ ᠭᠡᠰᠡᠨ ᠶᠠᠮᠠᠷᠪᠠ ᠤᠷᠤᠯᠳᠤᠯᠭ᠎ᠠ ᠪᠣᠯ ᠴᠥᠮ ᠪᠡᠶᠡᠯᠡᠭᠳᠡᠰᠢ ᠦᠭᠡᠢ ᠶᠤᠮ! ᠡᠭᠦᠨ᠎ᠢ 9500 ᠭᠠᠷᠤᠢ ᠲᠦᠮᠡᠨ ᠳᠤᠮᠳᠠᠳᠤ ᠤᠯᠤᠰ᠎ᠤᠨ ᠡᠪ ᠬᠠᠮᠲᠤᠴᠤᠳ ᠵᠥᠪᠰᠢᠶᠡᠷᠡᠬᠦ ᠦᠭᠡᠢ ᠶᠤᠮ! 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠴᠦ᠍ ᠵᠥᠪᠰᠢᠶᠡᠷᠡᠬᠦ ᠦᠭᠡᠢ ᠶᠤᠮ!
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠠᠷᠠᠳ ᠲᠦᠮᠡᠨ᠎ᠳᠤ ᠴᠢᠩᠭ᠎ᠠ ᠲᠦᠰᠢᠭᠯᠡᠨ ᠲᠡᠦᠬᠡ ᠵᠢ ᠡᠭᠦᠳᠦᠨ ᠪᠦᠲᠦᠭᠡᠵᠦ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠨ᠂ ᠠᠷᠠᠳ ᠲᠦᠮᠡᠨ᠎ᠤ ᠵᠣᠭᠰᠣᠯᠲᠠ᠎ᠳᠤ ᠪᠠᠲᠤ ᠵᠣᠭᠰᠣᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠤᠨ᠂ ᠠᠷᠠᠳ ᠲᠦᠮᠡᠨ᠎ᠤ ᠡᠭᠦᠳᠦᠨ ᠪᠦᠳᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠦᠨ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠨ᠂ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ ᠪᠠ ᠠᠷᠠᠳ ᠤᠯᠠᠨ᠎ᠤ ᠲᠤᠯᠭ᠋ᠠᠮ ᠱᠠᠭ᠋ᠠᠷᠳᠠᠵᠦ ᠪᠠᠢ᠍ᠢ᠍ᠭ᠎ᠠ ᠬᠦᠴᠢᠷᠳᠡᠵᠦ ᠪᠠᠢ᠍ᠢ᠍ᠭ᠎ᠠ ᠬᠦᠰᠡᠨ ᠬᠦᠯᠢᠶᠡᠵᠦ ᠪᠠᠶ᠋ᠢᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠂ ᠪᠦᠬᠦ ᠠᠷᠠᠳ ᠲᠦᠮᠡᠨ᠎ᠤ ᠬᠠᠮᠲᠤ ᠵᠢᠨ ᠴᠢᠨᠡᠭᠡᠯᠢᠭᠵᠢᠯ᠎ᠢ ᠨᠡᠩ ᠢᠯᠡᠷᠬᠡᠢ ᠪᠤᠳᠠᠳᠤ ᠠᠬᠢᠴᠠ᠎ᠲᠠᠢ ᠪᠣᠯᠭ᠋ᠠᠬᠤ ᠬᠡᠷᠡᠭᠲᠡᠢ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠠᠷᠺᠰ᠎ᠤᠨ ᠦᠵᠡᠯ ᠪᠣᠯ ᠮᠠᠨ᠎ᠤ ᠨᠠᠮ ᠪᠠᠶ᠋ᠢᠭᠤᠯᠬᠤ ᠤᠯᠤᠰ ᠪᠠᠶ᠋ᠢᠭᠤᠯᠬᠤ ᠵᠢᠨ ᠦᠨᠳᠦᠰᠦᠨ ᠵᠢᠯᠣᠭᠣᠳᠬᠤ ᠦᠵᠡᠯ ᠰᠠᠨᠠᠭ᠎ᠠ ᠮᠥᠨ᠂ ᠮᠠᠨ᠎ᠤ ᠨᠠᠮ᠎ᠤᠨ ᠰᠦᠭ ᠰᠦᠨᠡᠰᠦ ᠪᠠ ᠲᠤᠭ ᠲᠡᠮᠳᠡᠭ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠨ ᠶᠣᠰᠣ ᠵᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠨ᠂ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠠᠴᠠ ᠡᠭᠦᠰᠴᠦ᠂ ᠴᠠᠭ ᠦᠶ᠎ᠡ ᠵᠢᠨ ᠶᠡᠬᠡ ᠬᠠᠨᠳᠤᠰᠢ ᠵᠢ ᠨᠡᠪᠲᠡ ᠠᠵᠢᠵᠤ᠂ ᠲᠡᠦᠬᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ᠂ ᠰᠢᠷᠭ᠋ᠠᠭᠤ ᠬᠠᠲᠠᠭᠤᠵᠢᠯᠲᠠᠢ᠎ᠪᠠᠷ ᠬᠠᠶ᠋ᠢᠨ ᠰᠦᠪᠡᠭᠴᠢᠯᠡᠵᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠢᠯᠣᠭᠣᠳᠤᠨ ᠠᠭᠤᠤ ᠶᠡᠬᠡ ᠨᠡᠶ᠋ᠢᠭᠡᠮ᠎ᠤᠨ ᠬᠤᠪᠢᠰᠬᠠᠯ᠎ᠢ ᠲᠠᠰᠤᠷᠠᠯᠲᠠ ᠦᠭᠡᠢ ᠠᠬᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ ᠰᠠᠶ᠋ᠢᠨ ᠪᠠᠶ᠋ᠢᠬᠤ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢ᠍ᠢ᠍ᠨ ᠪᠠᠶ᠋ᠢᠭᠰᠠᠨ᠎ᠠᠴᠠ ᠪᠣᠯᠤᠭᠰᠠᠨ ᠶᠤᠮ!
      ᠰᠢᠨ᠎ᠡ ᠠᠶᠠᠨ᠎ᠳᠠᠭᠠᠨ᠂ ᠪᠢᠳᠠ ᠡᠷᠬᠡᠪᠰᠢ ᠮᠠᠷᠺᠰ ᠯᠧᠨᠢᠨ᠎ᠤ ᠦᠵᠡᠯ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠠᠷᠺᠰ᠎ᠤᠨ ᠦᠵᠡᠯ᠎ᠤᠨ ᠦᠨᠳᠦᠰᠦᠨ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠮᠠᠷᠺᠰ᠎ᠤᠨ ᠦᠵᠡᠯ ᠵᠶ᠋ᠠᠷ ᠴᠠᠭ ᠦᠶ᠎ᠡ ᠵᠢ ᠠᠵᠢᠠᠠᠯᠠᠵᠦ᠂ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠦᠳᠦᠯᠦᠨ ᠳᠠᠭ᠋ᠠᠭᠤᠯᠵᠤ᠂ ᠤᠳᠤ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠦᠷᠭᠦᠯᠵᠢᠯᠡᠨ ᠬᠥᠭᠵᠢᠭᠦᠯᠬᠦ ᠬᠡᠷᠡᠭᠲᠡᠢ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠥᠪᠡᠷ᠎ᠤᠨ ᠵᠠᠮ ᠵᠶ᠋ᠠᠷ ᠵᠶ᠋ᠠᠨ ᠵᠠᠮᠨᠠᠬᠤ ᠪᠣᠯ ᠨᠠᠮ᠎ᠤᠨ ᠪᠦᠬᠦ ᠤᠨᠤᠯ ᠪᠠ ᠦᠢ᠍ᠯᠡᠳᠦᠯᠭᠡ ᠵᠢᠨ ᠵᠣᠭᠰᠣᠴᠠ ᠮᠥᠨ᠂ ᠨᠡᠩ ᠴᠤ᠌ ᠨᠠᠮ᠎ᠤᠨ ᠵᠠᠭᠤᠨ ᠵᠢᠯ᠎ᠤᠨ ᠲᠡᠮᠡᠴᠡᠯ ᠵᠶ᠋ᠠᠷ ᠳᠠᠮᠵᠢᠨ ᠣᠯᠤᠭᠰᠠᠨ ᠲᠡᠦᠬᠡᠨ ᠳ᠋ᠦᠩᠨᠡᠯᠲᠡ ᠮᠥᠨ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠤ ᠲᠦᠮᠡᠨ ᠪᠡᠷᠬᠡ ᠮᠢᠩᠭ᠋ᠠᠨ ᠵᠣᠪᠠᠭᠤᠷᠢ ᠵᠢ ᠲᠤᠭᠤᠯᠵᠤ᠂ ᠯᠤᠲᠤ ᠶᠡᠬᠡ ᠦᠷᠡᠭᠳᠡᠯ ᠭᠠᠷᠭ᠋ᠠᠵᠤ ᠪᠠᠶ᠋ᠢᠭ᠋ᠠᠳ ᠣᠯᠤᠭᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠥᠪ ᠵᠠᠮ ᠮᠥᠨ᠃ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠵᠦ᠂ ᠪᠣᠳᠠᠰ᠎ᠤᠨ ᠪᠣᠯᠪᠠᠰᠤᠨ᠂ ᠤᠯᠤᠰ ᠲᠦᠷᠦ ᠵᠢᠨ ᠪᠣᠯᠪᠠᠰᠤᠨ᠂ ᠤᠶᠤᠨ᠎ᠤ ᠪᠣᠯᠪᠠᠰᠤᠨ᠂ ᠨᠡᠶ᠋ᠢᠭᠡᠮ᠎ᠤᠨ ᠪᠣᠯᠪᠠᠰᠤᠨ᠂ ᠠᠮᠢ ᠠᠬᠤᠢ ᠵᠢᠨ ᠪᠣᠯᠪᠠᠰᠤᠨ᠎ᠤ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠵᠠᠮ᠎ᠢ ᠨᠡᠬᠡᠭᠡᠵᠦ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠰᠢᠨ᠎ᠡ ᠬᠡᠯᠪᠡᠷᠢ ᠪᠠᠢ᠍ᠢ᠍ᠳᠠᠯ᠎ᠢ ᠪᠤᠢ ᠪᠤᠯᠭ᠋ᠠᠵᠠᠢ᠃
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠨᠠᠮ᠎ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ ᠴᠢᠭᠯᠡᠯᠲᠡ ᠵᠢ ᠪᠠᠷᠢᠮᠲᠠᠯᠠᠵᠦ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠦ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠦ᠂ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠵᠦ᠂ ᠠᠷᠠᠳ ᠲᠦᠮᠡᠨ᠎ᠤ ᠡᠷᠬᠡ ᠮᠡᠳᠡᠵᠦ ᠡᠵᠡᠨ ᠰᠠᠭᠤᠬᠤ ᠵᠢ ᠪᠠᠲᠤᠯᠠᠨ᠂ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠨ᠂ ᠨᠡᠶ᠋ᠢᠭᠡᠮ ᠵᠢᠷᠤᠮ᠎ᠤᠨ ᠭᠣᠣᠯᠯᠠᠬ᠍ᠴᠢ ᠥᠷᠳᠡᠭ᠎ᠤᠨ ᠰᠢᠰᠲ᠋ᠧᠮ᠎ᠢ ᠪᠠᠷᠢᠮᠲᠠᠯᠠᠵᠦ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠨ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠵᠢ ᠪᠠᠷᠢᠮᠲᠠᠯᠠᠵᠦ᠂ ᠠᠷᠠᠳ ᠲᠦᠮᠡᠨ᠎ᠢ ᠴᠢᠨᠡᠭᠡᠯᠢᠭᠵᠢᠬᠦᠯᠬᠦ᠂ ᠤᠯᠤᠰ ᠬᠦᠷᠦᠨ᠎ᠢ ᠬᠦᠴᠦᠷᠭᠡᠭᠵᠢᠬᠦᠯᠬᠦ᠂ ᠳᠤᠮᠳᠠᠳᠤ ᠤᠯᠤᠰ᠎ᠢ ᠦᠵᠡᠰᠬᠦᠯᠡᠩᠳᠦ ᠰᠠᠢ᠍ᠢ᠍ᠬᠠᠨ ᠪᠤᠯᠭ᠋ᠠᠬᠤ ᠵᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠳᠤ 5000 ᠭᠠᠷᠤᠢ ᠵᠢᠯ᠎ᠤᠨ ᠲᠡᠦᠬᠡ ᠵᠢᠨ ᠤᠯᠠᠷᠢᠯ ᠬᠤᠪᠢᠰᠤᠯ᠎ᠤᠨ ᠳᠤᠮᠳᠠ ᠪᠦᠷᠢᠯᠳᠦᠭᠰᠡᠨ ᠭᠡᠷᠡᠯ ᠰᠠᠴᠤᠷᠠᠩᠭᠤᠢ ᠪᠣᠯᠪᠠᠰᠤᠨ᠎ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠵᠠᠭᠤᠨ ᠵᠢᠯ᠎ᠤᠨ ᠲᠡᠮᠡᠴᠡᠯ᠎ᠤᠨ ᠦᠢ᠍ᠯᠡᠳᠦᠯᠭᠡ ᠪᠣᠯᠤᠨ 70 ᠭᠠᠷᠤᠢ ᠵᠢᠯ᠎ᠤᠨ ᠲᠦᠷᠦ ᠪᠠᠷᠢᠵᠤ ᠤᠯᠤᠰ ᠵᠶ᠋ᠠᠨ ᠮᠠᠨᠳᠤᠭᠤᠯᠤᠭᠰᠠᠠ ᠲᠤᠷᠰᠢᠯᠭ᠎ᠠ᠎ᠲᠠᠢ ᠶᠤᠮ᠂ ᠪᠢᠳᠡ ᠬᠥᠮᠦᠨ ᠲᠥᠷᠥᠯᠬᠢᠲᠡᠨ᠎ᠤ ᠪᠣᠯᠪᠠᠰᠤᠨ᠎ᠤ ᠠᠰᠢᠭᠲᠠᠢ ᠦᠷ᠎ᠡ ᠪᠦᠲᠦᠭᠡᠯ ᠪᠦᠬᠦᠨ᠎ᠢ ᠢᠳᠡᠪᠬᠢᠲᠡᠢ ᠰᠤᠷᠤᠯᠴᠠᠨ ᠲᠡᠭᠦᠨ ᠵᠶ᠋ᠠᠷ ᠲᠤᠯᠢ ᠪᠣᠯᠭ᠋ᠠᠵᠤ᠂ ᠠᠰᠢᠭᠲᠠᠢ ᠰᠠᠨᠠᠭᠤᠯᠭ᠎ᠠ ᠪᠠ ᠰᠠᠢ᠍ᠢ᠍ᠨ ᠰᠠᠨᠠᠭ᠋ᠠᠨ᠎ᠤ ᠰᠢᠭᠦᠮᠵᠢᠯᠡᠯ ᠪᠦᠬᠦᠨ᠎ᠢ ᠪᠠᠶᠠᠷᠯᠠᠨ ᠤᠭᠲᠤᠨ᠎ᠠ᠂ ᠭᠡᠪᠡᠴᠦ ᠪᠢᠳᠡ ᠶᠠᠭ᠋ᠠᠬᠢᠭᠰᠠᠨ ᠴᠤ᠌ 《ᠪᠠᠭᠰᠢᠳᠠᠨ》 ᠵᠶ᠋ᠠᠷ ᠠᠪᠤᠷᠢᠯᠠᠨ ᠵᠢᠭ᠋ᠠᠵᠤ ᠲᠤᠬᠢᠬᠤ ᠰᠤᠷᠭ᠋ᠠᠯ᠎ᠢ ᠤᠭᠲᠤ ᠬᠦᠯᠢᠶᠡᠬᠦ ᠦᠭᠡᠢ! ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠰᠣᠩᠭᠣᠭᠰᠠᠨ ᠵᠠᠮ ᠵᠶ᠋ᠠᠷ ᠵᠶ᠋ᠠᠨ ᠴᠡᠭᠡᠵᠢ ᠲᠡᠨᠢᠢ᠍ᠨ ᠲᠤᠮᠤ ᠠᠯᠬᠤᠮ ᠵᠶ᠋ᠠᠷ ᠤᠷᠤᠭᠰᠢᠯᠠᠵᠤ᠂ ᠳᠤᠮᠳᠠᠳᠤ ᠤᠯᠤᠰ᠎ᠤᠨ ᠬᠥᠭᠵᠢᠯᠲᠡ ᠲᠠᠪᠰᠢᠯᠳᠠ ᠵᠢᠨ ᠬᠤᠪᠢ ᠵᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠨ᠎ᠠ!
     — ᠲᠡᠤᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢ ᠲᠦᠷᠭᠡᠳᠬᠡᠬᠦ ᠬᠡᠷᠡᠭᠲᠡᠢ᠃ ᠤᠯᠤᠰ ᠬᠦᠷᠦᠨ ᠵᠶ᠋ᠠᠨ ᠬᠦᠴᠦᠷᠬᠡᠭᠵᠢᠭᠦᠯᠬᠦ᠎ᠳᠤ ᠡᠷᠬᠡᠪᠰᠢ ᠴᠡᠷᠢᠭ᠎ᠢ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠣᠯ ᠰᠠᠶᠢ ᠤᠯᠤᠰ ᠬᠦᠷᠦᠨ ᠠᠮᠤᠷ ᠲᠠᠢ᠍ᠢ᠍ᠪᠤᠩ ᠪᠠᠶ᠋ᠢᠵᠤ ᠴᠢᠳᠠᠨ᠎ᠠ᠃ ᠨᠠᠮ᠎ᠠᠴᠠ ᠵᠡᠪᠰᠡᠭ᠎ᠢ ᠵᠢᠯᠤᠭᠤᠳᠬᠤ᠂ ᠥᠪᠡᠷ᠎ᠤᠨ ᠠᠷᠠᠳ᠎ᠤᠨ ᠴᠡᠷᠢᠭ ᠠᠡᠭᠬᠢ᠎ᠪᠠᠨ ᠪᠠᠶ᠋ᠢᠭᠤᠯᠬᠤ ᠵᠢ ᠪᠠᠷᠢᠮᠲᠠᠯᠠᠬᠤ ᠪᠣᠯ ᠨᠠᠮ᠎ᠤᠨ ᠴᠢᠰᠤᠲᠤ ᠲᠡᠮᠡᠴᠡᠯ᠎ᠤᠨ ᠳᠤᠮᠳᠠ᠎ᠠᠴᠠ ᠣᠯᠤᠭᠰᠠᠨ ᠨᠢᠴᠤᠭ᠋ᠠᠭᠳᠠᠰᠢ ᠤᠢ᠍ᠭᠡᠢ ᠦᠨᠡᠨ ᠶᠣᠰᠣ ᠮᠥᠨ᠃ ᠠᠷᠠᠳ᠎ᠤᠨ ᠴᠡᠷᠢᠭ ᠠᠩᠬᠢ᠎ᠨᠢ ᠨᠠᠮ ᠪᠣᠯᠤᠨ ᠠᠷᠠᠳ ᠲᠦᠮᠡᠨ᠎ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶ᠋ᠢᠭᠤᠯᠤᠭᠰᠠᠨ ᠶᠤᠮ᠂ ᠡᠨᠡ ᠪᠣᠯ ᠬᠤᠪᠢᠰᠬᠠᠯᠲᠤ ᠲᠦᠷᠦ ᠵᠠᠰᠠᠭ᠎ᠢ ᠬᠠᠮᠠᠭ᠋ᠠᠯᠠᠬᠤ᠂ ᠦᠨᠳᠦᠰᠦᠲᠡᠨ᠎ᠤ ᠨᠡᠷ᠎ᠡ ᠬᠦᠨᠳᠦ ᠵᠢ ᠬᠠᠮᠠᠭ᠋ᠠᠯᠠᠬᠤ ᠪᠠᠲᠤ ᠴᠢᠩᠭ᠎ᠠ ᠲᠤᠯᠭ᠋ᠠᠭᠤᠷᠢ ᠮᠥᠨ᠂ ᠪᠠᠰᠠ ᠴᠤ᠌ ᠭᠠᠵᠠᠷ ᠣᠷᠣᠨ ᠪᠣᠯᠤᠨ ᠳᠡᠯᠡᠬᠡᠢ ᠵᠢᠨ ᠡᠩᠬᠡ ᠲᠠᠶ᠋ᠢᠪᠤᠩ᠎ᠢ ᠬᠠᠮᠠᠭ᠋ᠠᠯᠠᠬᠤ ᠬᠦᠴᠦᠷᠬᠡᠭ ᠶᠡᠬᠡ ᠬᠦᠴᠦᠨ ᠮᠥᠨ᠃
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠰᠢᠨ᠎ᠡ ᠴᠠᠭ ᠦᠶ᠎ᠡ ᠵᠢᠨ ᠨᠠᠮ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠤᠳᠤᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠤᠨ᠂ ᠠᠷᠠᠳ᠎ᠤᠨ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠴᠡᠷᠢᠭ᠎ᠢ ᠬᠦᠴᠦᠷᠬᠡᠭᠵᠢᠭᠦᠯᠬᠦ ᠵᠠᠮ ᠵᠶ᠋ᠠᠷ ᠵᠠᠮᠨᠠᠬᠤ ᠵᠢ ᠪᠠᠷᠢᠮᠲᠠᠯᠠᠨ᠂ ᠤᠯᠤᠰ ᠲᠦᠷᠦ᠎ᠪᠠᠷ ᠴᠡᠷᠢᠭ᠎ᠢ ᠪᠠᠶ᠋ᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ ᠶᠤᠰᠤᠭ᠋ᠠᠷ ᠴᠡᠷᠢᠭ᠎ᠢ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠠᠷᠠᠳ᠎ᠤᠨ ᠴᠡᠷᠢᠭ ᠠᠩᠬᠢ ᠵᠢ ᠳᠡᠯᠡᠬᠡᠢ ᠵᠢᠨ ᠲᠡᠷᠢᠭᠦᠨ ᠵᠡᠷᠭᠡ ᠵᠢᠨ ᠴᠡᠷᠢᠭ ᠠᠩᠬᠢ ᠪᠣᠯᠭ᠋ᠠᠨ ᠪᠠᠶ᠋ᠢᠭᠤᠯᠵᠤ᠂ ᠨᠡᠩ ᠬᠦᠴᠦᠷᠬᠡᠭ ᠶᠡᠬᠡ ᠴᠢᠳᠠᠪᠤᠷᠢ᠂ ᠨᠡᠩ ᠨᠠᠶ᠋ᠢᠳᠠᠪᠤᠷᠢᠲᠠᠢ ᠠᠷᠭ᠎ᠠ ᠪᠠᠷᠢᠯ ᠵᠶ᠋ᠠᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠬᠡᠬᠡᠬᠦ᠎ᠳᠤ᠂ ᠡᠷᠬᠡᠪᠰᠢ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠡᠩᠬᠡ ᠲᠠᠶ᠋ᠢᠪᠤᠩ᠂ ᠡᠶ᠎ᠡ ᠨᠠᠶ᠋ᠢᠷᠠᠮᠳᠠᠭᠤ᠂ ᠡᠶ᠎ᠡ ᠵᠣᠬᠢᠴᠠᠨᠭ᠌ᠭᠤᠢ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ᠎ᠤ 5000 ᠭᠠᠷᠤᠢ ᠵᠢᠯ᠎ᠤᠨ ᠲᠤᠷᠰᠢ ᠬᠥᠭᠡᠭᠡᠴᠡᠯᠳᠦᠭᠰᠡᠭᠡᠷ ᠢᠷᠡᠭᠰᠡᠨ ᠪᠥᠭᠡᠳ ᠵᠠᠯᠭ᠋ᠠᠮᠵᠢᠯᠠᠭᠰᠠᠭ᠋ᠠᠷ ᠢᠷᠡᠭᠰᠡᠨ ᠣᠶ᠋ᠢᠯᠠᠭ᠋ᠠᠭᠳᠠᠬᠤᠨ ᠮᠥᠨ᠂ ᠳᠤᠮᠳᠠᠳᠤ ᠵᠢᠨ ᠦᠨᠳᠦᠰᠦᠲᠡᠨ᠎ᠤ ᠴᠢᠰᠤᠨ᠎ᠳᠤ ᠪᠤᠰᠤᠳ᠎ᠢ ᠲᠦᠷᠢᠮᠡᠬᠡᠶ᠋ᠢᠯᠡᠬᠦ᠂ ᠡᠵᠡᠨ ᠮᠡᠳᠡᠵᠤ ᠡᠵᠡᠷᠬᠡᠨ ᠠᠭ᠋ᠠᠰᠢᠯᠠᠬᠤ ᠤᠳᠤᠮᠰᠢᠯ ᠬᠡᠵᠤ ᠪᠠᠶ᠋ᠢᠬᠤ ᠦᠭᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠬᠥᠮᠦᠨ ᠲᠥᠷᠥᠯᠬᠢᠲᠡᠨ᠎ᠤ ᠢᠷᠡᠭᠡᠳᠦᠢ ᠵᠢᠨ ᠬᠤᠪᠢ ᠵᠠᠶᠠᠭ᠎ᠠ ᠵᠢ ᠠᠩᠬᠠᠷᠴᠤ᠂ ᠳᠡᠯᠡᠬᠡᠢ ᠳᠡᠭᠡᠷᠡᠬᠢ ᠠᠯᠢᠪᠠ ᠳᠠᠪᠰᠢᠩᠭᠤᠢ ᠬᠦᠴᠦᠨ᠎ᠲᠠᠢ ᠭᠠᠷ ᠬᠣᠯᠪᠣᠨ ᠤᠷᠤᠭᠰᠢᠯᠠᠨ᠎ᠠ᠂ ᠳᠤᠮᠳᠠᠳᠤ ᠤᠯᠤᠰ ᠢᠮᠠᠭᠲᠠ ᠳᠡᠯᠡᠬᠡᠢ ᠵᠢᠨ ᠡᠩᠬᠡ ᠲᠠᠶ᠋ᠢᠪᠤᠩ᠎ᠤᠨ ᠪᠦᠲᠦᠭᠡᠨ ᠪᠠᠶ᠋ᠢᠭᠤᠯᠤᠭᠴᠢ᠂ ᠪᠦᠬᠦ ᠪᠥᠮᠪᠥᠷᠴᠡᠭ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠤᠨ᠎ᠠ!
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠭᠥᠷᠳᠡᠬᠦ ᠲᠣᠭ᠎ᠢ ᠥᠨᠳᠥᠷ ᠮᠠᠨᠳᠤᠭᠤᠯᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠨᠠᠶ᠋ᠢᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠩᠬᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠰᠢᠨ᠎ᠡ ᠬᠡᠯᠪᠡᠷᠢ ᠵᠢᠨ ᠣᠯᠠᠨ ᠤᠯᠤᠰ᠎ᠤᠨ ᠬᠠᠷᠢᠯᠴᠠᠭ᠎ᠠ ᠵᠢ ᠪᠠᠶ᠋ᠢᠭᠤᠯᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠰᠢᠨ᠎ᠡ ᠬᠥᠭᠵᠢᠯᠲᠡ᠎ᠪᠠᠷ ᠳᠡᠯᠡᠬᠡᠶ ᠳ᠋ᠠᠬᠢᠨ᠎ᠳᠤ ᠰᠢᠨ᠎ᠡ ᠠᠵᠠ ᠲᠣᠬᠢᠶᠠᠯ ᠤᠯᠭᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠦᠷᠭᠦᠯᠵᠢᠯᠡᠨ ᠡᠩᠬᠡ ᠲᠠᠶ᠋ᠢᠪᠤᠩ᠎ᠢ ᠡᠷᠬᠢᠮᠯᠡᠳᠡᠭ ᠠᠯᠢᠪᠠ ᠤᠯᠤᠰ ᠪᠠ ᠠᠷᠠᠳ ᠲᠦᠮᠡᠨ᠎ᠲᠠᠢ ᠬᠠᠮᠲᠤ᠎ᠪᠠᠷ ᠡᠩᠬᠡ ᠲᠠᠶ᠋ᠢᠪᠤᠩ᠂ ᠬᠥᠭᠵᠢᠯᠲᠡ᠂ ᠲᠥᠪ ᠭᠣᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ᠎ᠲᠠᠢ ᠪᠦᠬᠥ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ᠂ ᠬᠠᠮᠲᠤᠷᠠᠯᠴᠠᠬᠤ᠎ᠠᠴᠠ ᠪᠢᠰᠢ ᠡᠰᠡᠷᠭᠦᠴᠡᠯᠳᠦᠬᠦ ᠦᠭᠡᠢ᠂ ᠨᠡᠭᠡᠭᠡᠯᠳᠡ ᠬᠢᠬᠦ᠎ᠠᠴᠠ ᠪᠢᠰᠢ ᠡᠬᠦᠳᠡ᠎ᠪᠠᠨ ᠲᠦᠭᠵᠢᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠬᠠᠷᠢᠯᠴᠠᠨ ᠠᠰᠢᠭᠳᠠᠢ ᠬᠠᠮᠲᠤ᠎ᠪᠠᠷ ᠠᠰᠢᠬ ᠬᠥᠷᠳᠡᠬᠥ ᠵᠢ ᠪᠠᠷᠢᠮᠲᠠᠯᠠᠨ᠂ ᠲᠡᠭ ᠨᠡᠢ᠍ᠢ᠍ᠯᠡᠪᠤᠷᠢ ᠵᠢᠨ ᠦᠵᠡᠯᠴᠡᠭᠡᠨ᠎ᠢ ᠬᠢᠬᠦ ᠦᠭᠡᠢ᠂ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠤ ᠵᠢ ᠡᠰᠡᠷᠭᠦᠴᠡᠵᠦ᠂ ᠲᠡᠦᠬᠡ ᠵᠢᠨ ᠬᠦᠷᠳᠦ ᠵᠢᠨ ᠭᠡᠭᠡᠨ ᠰᠠᠷᠠᠭᠤᠯ ᠬᠠᠷᠠᠯᠲᠠ ᠲᠡᠶ᠋ᠢᠰᠢ ᠤᠷᠤᠭᠰᠢᠯᠠᠬᠤ ᠵᠢ ᠠᠬᠢᠭᠤᠯᠤᠨ᠎ᠠ!
      ᠳᠤᠮᠳᠠᠳᠤ ᠤᠯᠤᠰ᠎ᠤᠨ ᠠᠷᠠᠳ ᠲᠦᠮᠡᠨ ᠪᠣᠯ ᠰᠢᠳᠤᠷᠭᠤ ᠶᠣᠰᠣ ᠵᠢ ᠡᠷᠬᠢᠮᠯᠡᠵᠦ᠂ ᠬᠦᠴᠦᠷᠬᠡᠭᠯᠡᠯ᠎ᠠᠴᠠ ᠰᠦᠷᠳᠡᠳᠡᠭ ᠦᠭᠡᠢ ᠠᠷᠠᠳ ᠲᠦᠮᠡᠨ ᠮᠥᠨ᠂ ᠳᠤᠮᠳᠠᠳᠤ ᠵᠢᠨ ᠦᠨᠳᠦᠰᠦᠲᠡᠨ ᠪᠣᠯ ᠪᠠᠲᠤ ᠴᠢᠩᠭ᠎ᠠ ᠦᠨᠳᠦᠰᠦᠲᠡᠨ᠎ᠤ ᠤᠮᠤᠬᠰᠢᠯᠳᠦ ᠰᠡᠳᠬᠢᠯᠭᠡ ᠪᠠ ᠢᠲᠡᠭᠡᠯ ᠵᠣᠷᠢᠭ᠎ᠲᠠᠢ ᠦᠨᠳᠦᠰᠦᠲᠡᠨ ᠮᠥᠨ᠃ ᠳᠤᠮᠳᠠᠳᠤ ᠤᠯᠤᠰ᠎ᠤᠨ ᠠᠷᠠᠳ ᠲᠦᠮᠡᠨ ᠶᠡᠷᠦ᠎ᠠᠴᠠ ᠪᠤᠰᠤᠳ ᠤᠯᠤᠰ᠎ᠤᠨ ᠠᠷᠠᠳ ᠲᠦᠮᠡᠨ᠎ᠢ ᠲᠤᠷᠤᠮᠵᠢᠯᠠᠵᠤ᠂ ᠳᠠᠷᠤᠯᠠᠵᠤ᠂ ᠪᠣᠭᠣᠯᠴᠢᠯᠠᠵᠤ ᠥᠩᠭᠡᠷᠡᠭᠰᠡᠨ ᠦᠭᠡᠢ᠂ ᠦᠩᠭᠡᠷᠡᠭᠰᠡᠨ᠎ᠳᠤ ᠪᠠᠢ᠍ᠢ᠍ᠬᠤ ᠦᠭᠡᠢ᠂ ᠤᠳᠤ ᠴᠤ᠌ ᠪᠠᠢ᠍ᠢ᠍ᠬᠤ ᠦᠭᠡᠢ᠂ ᠢᠷᠡᠭᠡᠳᠦᠢ᠎ᠳᠤ ᠴᠦ᠍ ᠪᠠᠢ᠍ᠢ᠍ᠬᠤ ᠦᠭᠡᠢ ᠶᠤᠮ᠃ ᠡᠭᠦᠨ᠎ᠤ ᠬᠠᠮᠲᠤ᠂ ᠳᠤᠮᠳᠠᠳᠤ ᠤᠯᠤᠰ᠎ᠤᠨ ᠠᠷᠠᠳ ᠲᠦᠮᠡᠨ ᠪᠠᠰᠠ ᠶᠠᠮᠠᠷᠪᠠ ᠭᠠᠳᠠᠭ᠋ᠠᠳᠤ ᠵᠢᠨ ᠬᠦᠴᠦᠨ᠎ᠤ ᠪᠢᠳᠡᠨ᠎ᠢ ᠲᠤᠷᠤᠮᠵᠢᠯᠠᠵᠤ᠂ ᠳᠠᠷᠤᠯᠠᠵᠤ᠂ ᠪᠣᠭᠣᠯᠴᠢᠯᠠᠬᠤ ᠵᠢ ᠤᠬᠳᠤ ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ᠎ᠪᠠᠷ ᠭᠣᠷᠢᠳᠠᠪᠠᠯ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠴᠢᠰᠤ ᠮᠢᠬ᠎ᠠ᠎ᠪᠠᠷ ᠵᠶ᠋ᠠᠨ ᠴᠣᠭᠴᠠᠯᠠᠭᠰᠠᠨ ᠪᠤᠯᠤᠳ ᠲᠡᠮᠤᠷ ᠮᠠᠳᠤ ᠤᠷᠳᠤ ᠴᠠᠭ᠋ᠠᠨ ᠬᠡᠷᠡᠮ᠎ᠤᠨ ᠡᠮᠦᠨ᠎ᠡ ᠲᠤᠬᠤ ᠲᠤᠯᠤᠭ᠋ᠠᠢ᠎ᠪᠠᠨ ᠬᠠᠭ᠋ᠠᠷᠠᠳᠠᠯ᠎ᠠ ᠴᠤᠬᠢᠭᠳᠠᠬᠤ᠎ᠨᠢ ᠯᠠᠪᠲᠠᠢ ᠶᠤᠮ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ᠎ᠲᠠᠢ ᠠᠭᠤᠤ ᠶᠡᠬᠡ ᠲᠡᠮᠡᠴᠡᠯ᠎ᠢ ᠬᠢᠬᠦ ᠬᠡᠷᠡᠭᠲᠡᠢ᠃ ᠵᠣᠷᠢᠭᠲᠠᠢ᠎ᠪᠠᠷ ᠲᠡᠮᠡᠴᠡᠯ ᠬᠢᠵᠦ᠂ ᠵᠣᠷᠢᠭᠲᠠᠢ᠎ᠪᠠᠷ ᠢᠯᠠᠯᠲᠠ ᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠯᠠᠭᠳᠠᠰᠢ ᠦᠭᠡᠢ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ ᠮᠥᠨ᠃ ᠠᠭᠤᠤ ᠶᠡᠬᠡ ᠬᠦᠰᠡᠯ ᠵᠡᠭᠦᠳᠦ ᠵᠢ ᠲᠡᠷᠭᠡᠯᠰᠢᠭᠦᠯᠬᠦ᠎ᠳᠤ ᠠᠮᠢ ᠴᠦᠯᠡᠨ ᠲᠡᠮᠡᠴᠡᠵᠤ᠂ ᠴᠥᠬᠥᠷᠡᠰᠢ ᠦᠭᠡᠢ ᠲᠡᠮᠡᠴᠡᠬᠦ ᠬᠡᠷᠡᠭᠲᠡᠢ᠃ ᠥᠨᠥᠳᠦᠷ᠂ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠠᠷᠠᠯᠲᠠ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠣᠶ᠋ᠢᠷᠠᠳᠴᠤ᠂ ᠡᠨᠡ ᠬᠦ᠌ ᠬᠠᠷᠠᠯᠳᠠ ᠵᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠤᠬᠡ ᠵᠢᠨ ᠠᠯᠢ ᠴᠦ᠍ ᠦᠶ᠎ᠡ᠎ᠠᠴᠠ ᠢᠯᠡᠭᠦᠦ ᠴᠢᠨᠭ᠌ᠭ᠋ᠠᠷᠠᠵᠠᠢ᠂ ᠡᠭᠦᠨ᠎ᠤ ᠬᠠᠮᠲᠤ ᠡᠷᠬᠡᠪᠰᠢ ᠨᠡᠩ ᠬᠦᠴᠢᠷ ᠪᠡᠷᠬᠡᠰᠢᠶᠡᠯ᠎ᠲᠠᠢ᠂ ᠨᠡᠩ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠬᠤ᠎ᠪᠠᠷ ᠪᠡᠯᠡᠳᠬᠡᠬᠦ ᠬᠡᠷᠡᠭᠲᠡᠢ᠃
      ᠰᠢᠨ᠎ᠡ ᠠᠶᠠᠨ᠎ᠳᠠᠭᠠᠨ᠂ ᠪᠢᠳᠡ ᠡᠷᠬᠡᠪᠰᠢ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠢᠮᠠᠭᠲᠠ ᠠᠮᠤᠷ ᠲᠦᠪᠰᠢᠨ ᠪᠠᠶ᠋ᠢᠬᠤ ᠦᠶ᠎ᠡ᠎ᠳᠡᠭᠡᠨ ᠠᠶᠤᠯ ᠲᠦᠭᠰᠢᠭᠦᠷᠢ ᠵᠢ ᠦᠯᠦ ᠮᠠᠷᠳᠠᠵᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠪᠦᠬᠦ ᠲᠠᠯ᠎ᠠ ᠪᠠ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠮᠠᠨ᠎ᠤ ᠤᠯᠤᠰ᠎ᠤᠨ ᠨᠡᠶ᠋ᠢᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ᠎ᠠᠴᠠ ᠪᠣᠯᠤᠭᠰᠠᠨ ᠰᠢᠨ᠎ᠡ ᠣᠨᠴᠠᠯᠢᠭ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ ᠤᠯᠤᠰ᠎ᠤᠨ ᠣᠷᠴᠢᠨ ᠲᠤᠭᠤᠷᠢᠨ᠎ᠠᠴᠠ ᠪᠣᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ᠎ᠢ ᠭᠦᠨᠵᠡᠭᠡᠢ ᠲᠠᠨᠢᠵᠤ᠂ ᠵᠣᠷᠢᠭᠲᠠᠢ᠎ᠪᠠᠷ ᠲᠡᠮᠡᠴᠡᠵᠦ᠂ ᠴᠢᠳᠠᠮᠠᠭ᠋ᠠᠢ᠎ᠪᠠᠷ ᠲᠡᠮᠡᠴᠡᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭ᠋ᠠᠷᠠᠪᠠᠯ ᠬᠥᠭᠥᠷᠭᠡ ᠲᠠᠯᠪᠢᠵᠤ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ᠎ᠢ ᠵᠣᠷᠢᠭᠲᠠᠢ᠎ᠪᠠᠷ ᠢᠯᠠᠨ ᠳᠠᠪᠠᠬᠤ ᠬᠡᠷᠡᠭᠲᠡᠢ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠵᠢᠨ ᠬᠥᠪᠡᠭᠦᠳ ᠥᠬᠢᠳ᠎ᠤᠨ ᠶᠡᠬᠡ ᠪᠦᠯᠬᠦᠮᠳᠡᠯ᠎ᠢ ᠴᠢᠩᠭ᠋ᠠᠳᠬᠠᠬᠤ ᠬᠡᠷᠡᠭᠲᠡᠢ᠃ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠨᠢᠭᠡᠳᠦᠮᠡᠯ ᠹᠷᠣᠨᠲ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠂ ᠳᠠᠶ᠋ᠢᠴᠢᠯᠠᠵᠤ ᠪᠣᠯᠬᠤ ᠢᠳᠡᠪᠬᠢ ᠬᠦᠴᠦᠨ ᠵᠦᠢ᠍ᠯ ᠪᠦᠬᠦᠨ᠎ᠢ ᠳᠠᠶ᠋ᠢᠴᠢᠯᠠᠵᠤ᠂ ᠬᠠᠮᠲᠤ᠎ᠪᠠᠷ ᠲᠡᠮᠡᠴᠡᠬᠦ ᠬᠦᠴᠦᠨ᠎ᠢ ᠬᠠᠮᠤᠭ᠎ᠤᠨ ᠶᠡᠬᠡ ᠬᠡᠮᠵᠢᠶ᠎ᠠ᠎ᠪᠠᠷ ᠨᠢᠭᠲᠠᠷᠠᠭᠤᠯᠪᠠ᠃ ᠤᠯᠤᠰ ᠵᠶ᠋ᠠᠨ ᠬᠠᠢ᠍ᠢ᠍ᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠠᠬᠢ ᠪᠦᠬᠦ ᠳᠤᠮᠳᠠᠳᠤ ᠵᠢᠨ ᠬᠥᠪᠡᠭᠦᠳ ᠥᠬᠢᠳ᠎ᠢ ᠪᠦᠯᠬᠦᠮᠳᠡᠭᠦᠯᠦᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠢᠬᠤᠯᠠ ᠡᠷᠳᠡᠨᠢ ᠮᠥᠨ᠃
      ᠰᠢᠨ᠎ᠡ ᠠᠶᠠᠨ᠎ᠳᠠᠭᠠᠨ᠂ ᠪᠢᠳᠠ ᠡᠷᠬᠡᠪᠰᠢ ᠶᠡᠬᠡ ᠪᠦᠯᠬᠦᠮᠳᠡᠯ ᠶᠡᠬᠡ ᠬᠣᠯᠪᠣᠭ᠋ᠠᠯᠠᠯ᠎ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠎ᠪᠠᠷ ᠬᠦᠲᠦᠯᠦᠨ ᠲᠠᠭ᠋ᠠᠭᠤᠯᠬᠤ ᠵᠢ ᠴᠢᠩᠭ᠋ᠠᠳᠬᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠠᠷ ᠴᠤᠭᠯᠠᠭᠤᠯᠵᠤ᠂ ᠬᠠᠮᠤᠭ᠎ᠤᠨ ᠶᠡᠬᠡ ᠶᠡᠷᠦᠩᠬᠡᠢ ᠬᠤᠷᠢᠶᠠᠭᠴᠢ ᠲᠣᠭ᠎ᠠ ᠵᠢ ᠴᠢᠷᠮᠠᠶ᠋ᠢᠨ ᠡᠷᠢᠯᠬᠢᠯᠡᠵᠦ᠂ ᠬᠠᠮᠤᠭ᠎ᠤᠨ ᠶᠡᠬᠡ ᠢᠵᠢᠯᠢ ᠲᠥᠪᠳᠤ ᠲᠣᠭᠣᠷᠢᠭ᠎ᠢ ᠵᠢᠷᠤᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠶᠡᠬᠡ ᠬᠦᠴᠦᠨ᠎ᠢ ᠨᠢᠭᠲᠠᠷᠠᠭᠤᠯᠬᠤ ᠬᠡᠷᠡᠭᠲᠡᠢ!
     — ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠵᠣᠷᠢᠭᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤᠳ ᠲᠦᠷᠦ ᠵᠢᠨ ᠨᠠᠮ᠎ᠠᠴᠠ ᠢᠯᠭ᠋ᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠮᠠᠨ᠎ᠤ ᠨᠠᠮ ᠵᠠᠭᠤᠨ ᠪᠡᠷᠬᠡ ᠮᠢᠩᠭ᠋ᠠᠨ ᠪᠠᠷᠳᠠᠭ᠎ᠠ ᠵᠢ ᠲᠠᠪᠠᠬᠰᠠᠨ ᠴᠤ᠌ ᠴᠤᠭ ᠰᠦᠯᠳᠡ ᠪᠠᠳᠠᠷᠠᠩᠭᠤᠢ ᠪᠠᠢ᠍ᠢ᠍ᠳᠠᠭ᠎ᠤᠨ ᠨᠢᠭᠡᠨ ᠮᠠᠰᠢ ᠴᠢᠬᠤᠯᠠ ᠰᠢᠯᠲᠠᠭ᠋ᠠᠨ ᠪᠣᠯ ᠪᠢᠳᠡ ᠨᠠᠮ᠎ᠨᠢ ᠨᠠᠮ᠎ᠢ ᠬᠠᠮᠢᠶᠠᠷᠴᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠵᠢᠨ ᠵᠶ᠋ᠠᠨ ᠡᠯ᠎ᠡ ᠲᠡᠦᠬᠡᠨ ᠴᠠᠭ ᠦᠶ᠎ᠡ᠎ᠳᠤ ᠲᠤᠯᠭ᠋ᠠᠷᠠᠭᠰᠠᠨ ᠠᠶᠤᠯ ᠲᠦᠭᠰᠢᠭᠦᠷᠢ ᠪᠠ ᠰᠢᠯᠭ᠋ᠠᠯᠲᠠ ᠵᠢ ᠲᠠᠰᠤᠷᠠᠯᠲᠠ ᠦᠭᠡᠢ ᠰᠠᠶ᠋ᠢᠲᠤᠷ ᠠᠷᠭ᠋ᠠᠴᠠᠭ᠋ᠠᠵᠤ᠂ ᠮᠠᠨ᠎ᠤ ᠨᠠᠮ᠎ᠤᠨ ᠳᠡᠯᠡᠬᠡᠢ ᠵᠢᠨ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ ᠪᠠᠶ᠋ᠢᠭ᠎ᠠ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠶᠠᠪᠤᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯ᠎ᠡ ᠵᠦᠢ᠍ᠯ᠎ᠤᠨ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠠᠷᠭ᠋ᠠᠴᠠᠭ᠋ᠠᠬᠤ ᠲᠡᠦᠬᠡᠨ ᠠᠬᠢᠴᠠ ᠳᠤᠮᠳᠠ ᠢᠮᠠᠭᠲᠠ ᠪᠦᠬᠦ ᠤᠯᠤᠰ᠎ᠤᠨ ᠠᠷᠠᠳ ᠲᠦᠮᠡᠨ᠎ᠤ ᠲᠦᠰᠢᠭ ᠲᠤᠯᠭ᠋ᠠᠭᠤᠷᠢ ᠪᠣᠯᠬᠤ ᠵᠢ ᠦᠨᠡᠨ ᠬᠦ᠌ ᠪᠠᠲᠤᠯᠠᠭᠰᠠᠨ᠎ᠳᠤ ᠪᠠᠶ᠋ᠢᠨ᠎ᠠ!
      ᠰᠢᠨ᠎ᠡ ᠠᠶᠠᠨ᠎ᠳᠠᠭᠠᠨ᠂ ᠪᠢᠳᠡ ᠲᠡᠮᠦᠷ᠎ᠢ ᠳᠠᠪᠲᠠᠬᠤ᠎ᠳᠤ ᠥᠪᠡᠷ ᠵᠶ᠋ᠠᠨ ᠵᠠᠪᠠᠯ ᠬᠠᠲᠠᠭᠤ ᠪᠠᠶ᠋ᠢᠬᠤ ᠬᠡᠷᠡᠭᠲᠡᠶ ᠭᠡᠬᠦ ᠶᠣᠰᠣ ᠤᠴᠢᠷ᠎ᠢ ᠪᠠᠲᠤ ᠴᠡᠭᠡᠵᠢᠯᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠡᠭᠦᠷᠢᠳᠡ ᠵᠤᠬᠰᠤᠰᠢ ᠦᠭᠡᠶ ᠬᠢᠬᠦ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠲᠠᠰᠤᠷᠠᠯᠲᠠ ᠦᠭᠡᠶ ᠨᠢᠭᠲᠠᠷᠠᠭᠤᠯᠵᠤ᠂ ᠮᠣᠷᠠᠯ ᠴᠢᠳᠠᠪᠤᠷᠢ ᠬᠣᠣᠰᠯᠠᠭᠰᠠᠨ ᠥᠨᠳᠥᠷ ᠬᠡᠪ ᠪᠣᠯᠪᠠᠰᠤᠷᠠᠯ᠎ᠲᠠᠢ ᠺᠠᠳ᠋ᠷᠴᠤᠳ᠎ᠤᠨ ᠡᠩᠨᠡᠭᠡ ᠵᠢ ᠬᠦᠴᠦᠯᠡᠨ ᠪᠠᠶ᠋ᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠶ᠋ᠢᠪᠢᠰᠢ ᠦᠭᠡᠶ᠎ᠪᠠᠷ ᠠᠬᠢᠭᠤᠯᠵᠤ᠂ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠦᠴᠦᠨ ᠵᠦᠢ᠍ᠯ᠎ᠢ ᠡᠷᠡᠰ ᠠᠷᠢᠯᠭ᠋ᠠᠵᠤ᠂ ᠨᠠᠮ᠎ᠤᠨ ᠡᠷᠡᠭᠦᠯ ᠴᠣᠭᠴᠠ ᠵᠢ ᠬᠣᠣᠷᠳᠠᠭᠤᠯᠬᠤ ᠠᠯᠢᠪᠠ ᠸᠢᠷᠦ᠋ᠰ᠎ᠢ ᠠᠷᠢᠯᠭ᠋ᠠᠵᠤ᠂ ᠨᠠᠮ᠎ᠤᠨ ᠴᠢᠨᠠᠷ ᠬᠤᠪᠢᠷᠠᠬᠤ ᠦᠭᠡᠢ᠂ ᠦᠨᠭᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠶ᠋ᠢᠬᠤ ᠵᠢ ᠪᠠᠲᠤᠯᠠᠵᠤ᠂ ᠨᠠᠮ᠎ᠤᠨ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ᠎ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠣᠯᠬᠤ ᠵᠢ ᠪᠠᠲᠤᠯᠠᠬᠤ ᠬᠡᠷᠡᠭᠲᠡᠢ!
      ᠨᠥᠬᠥᠳ ᠡ᠂ ᠨᠠᠶ᠋ᠢᠵᠠ ᠨᠠᠷ ᠡ!
      ᠪᠢᠳᠡ 《ᠨᠢᠭᠡ ᠤᠯᠤᠰ᠎ᠲᠤ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠨᠭ᠌ᠴᠤᠳ ᠰᠢᠶᠠᠩᠭ᠋ᠠᠩ ᠵᠶ᠋ᠠᠨ ᠵᠠᠰᠠᠬᠤ》᠂ 《ᠣᠣᠮᠧᠨᠴᠤᠳ ᠣᠣᠮᠧᠨ ᠵᠶ᠋ᠠᠨ ᠵᠠᠰᠠᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠬᠦ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ᠎ᠠᠴᠠ ᠰᠢᠶᠠᠩᠭ᠋ᠠᠩ᠂ ᠣᠣᠮᠧᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠢ ᠪᠦᠬᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠵᠢ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠲᠦᠷᠢᠮ ᠪᠠ ᠭᠦᠢ᠍ᠴᠡᠳᠬᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠵᠤ᠂ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠵᠤ᠂ ᠰᠢᠶᠠᠩᠭ᠋ᠠᠩ᠂ ᠣᠣᠮᠧᠨ᠎ᠤ ᠤᠷᠳᠤ ᠬᠤᠭᠤᠴᠠᠭ᠋ᠠᠨ᠎ᠤ ᠬᠥᠭᠵᠢᠯ ᠴᠡᠴᠡᠭᠯᠡᠯ ᠪᠠ ᠲᠣᠭᠲᠠᠭᠤᠨ ᠪᠠᠢ᠍ᠢ᠍ᠳᠠᠯ᠎ᠢ ᠪᠠᠲᠤᠯᠠᠬᠤ ᠬᠡᠷᠡᠭᠳᠡᠢ᠃
      ᠲᠠᠶ᠋ᠢᠸᠠᠨ᠎ᠤ ᠠᠰᠠᠭᠤᠳᠠᠯ᠎ᠢ ᠰᠢᠢ᠍ᠳᠪᠦᠷᠢᠯᠡᠵᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠶ᠋ᠢᠪᠢᠰᠢ ᠦᠭᠡᠢ ᠲᠡᠦᠬᠡᠨ ᠡᠭᠦᠷᠭᠡ ᠮᠥᠨ᠂ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠬᠠᠮᠲᠤ ᠵᠢᠨ ᠬᠦᠰᠡᠯ ᠡᠷᠡᠮᠡᠯᠵᠡᠯ ᠮᠥᠨ᠃ ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠵᠤ᠂ ᠡᠬᠡ ᠤᠯᠤᠰ ᠵᠶ᠋ᠠᠨ ᠨᠠᠶ᠋ᠢᠷᠠᠮᠳᠠᠯ ᠵᠶ᠋ᠠᠷ ᠨᠢᠭᠡᠳᠬᠡᠬᠦ ᠠᠬᠢᠴᠠ ᠵᠢ ᠠᠬᠢᠭᠤᠯᠬᠤ ᠬᠡᠷᠡᠭᠲᠡᠶ᠃ ᠲᠠᠶ᠋ᠢᠸᠠᠨ ᠬᠣᠭᠣᠯᠠᠶ ᠵᠢᠨ ᠬᠣᠶᠠᠷ ᠬᠦᠪᠡᠬᠡᠨ᠎ᠤ ᠠᠬ᠎ᠠ ᠳᠡᠭᠦᠦ ᠨᠡᠷ᠎ᠢ ᠪᠠᠭᠲᠠᠭ᠋ᠠᠭᠰᠠᠨ ᠪᠤᠢ ᠪᠦᠬᠦᠢ ᠳᠤᠮᠳᠠᠳᠤ ᠵᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂      《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠠᠯᠢᠪᠠ ᠭᠤᠷᠢᠳᠠᠯᠭ᠎ᠠ ᠵᠢ ᠡᠷᠡᠰ ᠪᠤᠳᠠ ᠨᠢᠷᠭᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠢ᠍ᠢ᠍ᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠬᠡᠷᠡᠭᠲᠡᠶ᠃ ᠶᠠᠮᠠᠷᠴᠤ ᠬᠥᠮᠦᠨ ᠳᠤᠮᠳᠠᠳᠤ ᠤᠯᠤᠰ᠎ᠤᠨ ᠠᠷᠠᠳ ᠲᠦᠮᠡᠨ᠎ᠤ ᠤᠯᠤᠰ ᠣᠷᠣᠨ᠎ᠤ ᠡᠷᠬᠡ ᠮᠡᠳᠡᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠬᠡ ᠴᠢᠳᠠᠪᠤᠷᠢ ᠵᠢ ᠪᠠᠰᠤᠮᠵᠢᠯᠠᠵᠤ ᠪᠣᠯᠬᠤ ᠦᠭᠡᠢ!
      ᠨᠥᠬᠥᠳ ᠡ᠂ ᠨᠠᠶ᠋ᠢᠵᠠ ᠨᠠᠷ ᠡ!
      ᠢᠷᠡᠭᠡᠳᠦᠶ ᠪᠣᠯ ᠵᠠᠯᠠᠭᠤᠴᠤᠳ᠎ᠤᠨ᠎ᠬᠢ ᠶᠤᠮ᠂ ᠬᠦᠰᠡᠯ ᠡᠷᠡᠮᠡᠯᠵᠡᠯ ᠵᠶ᠋ᠠᠨ ᠵᠠᠯᠠᠭᠤᠴᠤᠳ᠎ᠲᠤ ᠨᠠᠶ᠋ᠢᠳᠠᠶ᠎ᠡ᠃ ᠵᠠᠭᠤᠨ ᠵᠢᠯ᠎ᠤᠨ ᠡᠮᠦᠨ᠎ᠡ᠂ ᠨᠢᠭᠡ ᠪᠦᠯᠦᠭ ᠰᠢᠨ᠎ᠡ ᠵᠠᠯᠠᠭᠤᠴᠤᠳ ᠮᠠᠷᠺᠰ᠎ᠤᠨ ᠦᠵᠡᠯ᠎ᠤᠨ ᠦᠵᠡᠯ ᠰᠠᠨᠠᠭ᠋ᠠᠨ᠎ᠤ ᠭᠠᠯ ᠪᠠᠮᠪᠠᠷ᠎ᠢ ᠥᠨᠳᠥᠷ ᠮᠠᠨᠳᠤᠭᠤᠯᠵᠤ᠂ ᠰᠠᠯᠬᠢᠨ ᠪᠤᠷᠤᠭ᠋ᠠᠨᠳᠤ ᠬᠠᠷᠠᠩᠭᠤᠢ ᠪᠦᠷᠦᠩᠭᠦᠢ ᠳᠤᠮᠳᠠᠳᠤ ᠤᠯᠤᠰ᠎ᠲᠤ ᠨᠢᠬᠡ ᠯᠡ ᠰᠡᠳᠬᠢᠯ ᠵᠶ᠋ᠠᠷ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠢᠷᠡᠭᠡᠳᠦᠢ ᠵᠢ ᠡᠷᠢᠯᠬᠢᠯᠡᠪᠡ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ᠎ᠤᠨ ᠳᠣᠣᠷ᠎ᠠ᠂ ᠦᠶ᠎ᠡ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠵᠠᠯᠠᠭᠤ ᠨᠠᠰᠤᠨ᠎ᠤ ᠲᠡᠮᠡᠴᠡᠯ ᠵᠶ᠋ᠠᠨ ᠨᠠᠮ ᠪᠠ ᠠᠷᠠᠳ ᠲᠦᠮᠡᠨ᠎ᠤ ᠦᠢ᠍ᠯᠡᠰ᠎ᠲᠤ ᠠᠭᠤᠰᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠣᠰᠢᠭᠤᠴᠢ ᠬᠦᠴᠦᠨ ᠪᠣᠯᠤᠭᠰᠠᠨ ᠪᠠᠶ᠋ᠢᠨ᠎ᠠ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠳᠤᠮᠳᠠᠳᠤ ᠤᠯᠤᠰ᠎ᠤᠨ ᠬᠥᠮᠦᠨ ᠪᠤᠯᠤᠬᠰᠠᠨ᠎ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠵᠶ᠋ᠠᠨ ᠨᠡᠮᠡᠭᠳᠡᠭᠦᠯᠵᠦ᠂ ᠴᠠᠭ ᠦᠶ᠎ᠡ ᠵᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠢ᠍ᠢ᠍ᠬᠠᠨ ᠴᠠᠬ ᠵᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ᠎ᠤ ᠨᠠᠨᠳᠢᠨ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠲᠡᠢ!
      ᠨᠥᠬᠥᠳ ᠡ᠂ ᠨᠠᠶ᠋ᠢᠵᠠ ᠨᠠᠷ ᠡ!
      ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠬᠤ ᠦᠶ᠎ᠡ᠎ᠳᠤ 50 ᠭᠠᠷᠤᠶ᠋ᠢᠬᠠᠨ ᠨᠠᠮ᠎ᠤᠨ ᠭᠡᠰᠢᠭᠦᠨ᠎ᠲᠠᠢ ᠪᠠᠶ᠋ᠢᠪᠠ᠂ ᠥᠨᠥᠳᠦᠷ ᠨᠢᠭᠡᠨᠲᠡ 9500 ᠭᠠᠷᠤᠢ ᠲᠦᠮᠡᠨ ᠨᠠᠮ᠎ᠤᠨ ᠭᠡᠰᠢᠭᠦᠨ᠎ᠲᠠᠢ᠂ 14 ᠳ᠋ᠦᠩᠰᠢᠭᠤᠷ ᠭᠠᠷᠤᠢ ᠬᠥᠮᠦᠨ ᠠᠮᠠ᠎ᠲᠠᠢ ᠲᠤᠮᠤ ᠤᠯᠤᠰ᠎ᠢ ᠤᠳᠤᠷᠢᠳᠤᠭᠰᠠᠨ᠂ ᠪᠦᠬᠦ ᠳᠡᠯᠡᠬᠡᠢ ᠵᠢᠨ ᠴᠢᠬᠤᠯᠠ ᠶᠡᠬᠡ ᠨᠥᠯᠥᠭᠡᠯᠡᠬᠦ ᠬᠦᠴᠦᠨ᠎ᠲᠠᠢ ᠳᠡᠯᠡᠬᠡᠢ ᠵᠢᠨ ᠨᠢᠭᠡᠳᠦᠭᠡᠷ ᠲᠤᠮᠤ ᠲᠦᠷᠦ ᠪᠠᠷᠢᠭᠴᠢ ᠨᠠᠮ ᠪᠣᠯᠵᠠᠢ᠃
      ᠵᠠᠭᠤᠨ ᠵᠢᠯ᠎ᠤᠨ ᠡᠮᠦᠨ᠎ᠡ᠂ ᠳᠡᠯᠡᠬᠡᠶ ᠳ᠋ᠠᠬᠢᠨ᠎ᠤ ᠬᠠᠷᠠᠭ᠋ᠠᠨ᠎ᠳᠤ ᠢᠯᠡᠷᠡᠭᠰᠡᠨ ᠲᠤᠮᠳᠠᠳᠤ ᠵᠢᠨ ᠦᠨᠳᠦᠰᠦᠳᠡᠨ᠎ᠤ ᠲᠦᠷᠢ ᠲᠦᠷᠬᠦ᠎ᠨᠢ ᠲᠡᠢ᠍ᠢ᠍ᠮᠦ ᠯᠡ ᠦᠭᠡᠳᠡ ᠦᠭᠡᠢ ᠪᠠᠢ᠍ᠢ᠍ᠯ᠎ᠠ᠃ ᠥᠨᠥᠳᠦᠷ᠂ ᠳᠤᠮᠳᠠᠳᠤ ᠵᠢᠨ ᠦᠨᠳᠦᠰᠦᠲᠡᠨ ᠳᠡᠯᠡᠬᠡᠢ ᠳ᠋ᠠᠬᠢᠨ᠎ᠳᠤ ᠬᠥᠭᠵᠢᠨ ᠴᠡᠴᠡᠭᠯᠡᠭᠰᠡᠨ ᠪᠠᠢ᠍ᠢ᠍ᠳᠠᠯ᠎ᠢ ᠢᠯᠡᠷᠡᠭᠦᠯᠵᠦ᠂ ᠬᠤᠷᠢᠬᠯᠠᠬᠳᠠᠰᠢ ᠦᠭᠡᠢ ᠠᠯᠬᠤᠭ᠎ᠠ᠎ᠪᠠᠷ ᠠᠭᠤᠤ ᠶᠡᠬᠡ ᠰᠡᠷᠭᠦᠨ ᠮᠠᠨᠳᠤᠯᠲᠠ ᠲᠡᠢ᠍ᠢ᠍ᠰᠢ ᠤᠷᠤᠭᠰᠢᠯᠠᠵᠤ ᠪᠠᠶ᠋ᠢᠨ᠎ᠠ᠃
      ᠥᠩᠭᠡᠷᠡᠭᠰᠡᠨ ᠵᠠᠭᠤᠨ ᠵᠢᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠡᠭᠡᠨ᠂ ᠲᠡᠦᠬᠡᠨ᠎ᠳᠤ ᠨᠢᠭᠡᠨ ᠬᠤᠪᠢ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃ ᠤᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠠᠶᠠᠨ᠎ᠳᠤ ᠮᠤᠷᠳᠠᠯ᠎ᠠ᠃
      ᠳᠤᠮᠳᠠᠳᠤ   ᠤᠯᠤᠰ ᠎ᠤᠨ   ᠡᠪ   ᠬᠠᠮᠲᠤ   ᠨᠠᠮ ᠎ᠤᠨ   ᠪᠦᠬᠦ   ᠭᠡᠰᠢᠭᠦᠳ   ᠡ! ᠨᠠᠮ ᠎ᠤᠨ   ᠲᠦᠪ   ᠬᠤᠷᠢᠶ᠎ᠠ ᠎ᠠᠴᠠ ᠲᠡ ᠨᠡᠷ᠎ᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠤᠨ ᠵᠣᠷᠢᠯᠲᠠ ᠵᠢ ᠦᠢ᠍ᠯᠡᠳᠦᠯᠭᠡᠵᠢᠭᠦᠯᠵᠦ᠂ ᠠᠷᠠᠳ ᠤᠯᠠᠨ᠎ᠯᠤᠭ᠎ᠠ ᠵᠢᠨ ᠮᠢᠬ᠎ᠠ ᠴᠢᠰᠤᠨ᠎ᠤ ᠪᠠᠷᠢᠯᠳᠤᠯᠭ᠎ᠠ᠎ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ᠎ᠲᠠᠢ ᠪᠤᠳᠤᠯ ᠵᠶ᠋ᠠᠨ ᠨᠢᠭᠡᠳᠬᠡᠵᠦ᠂ ᠬᠦᠴᠦ᠎ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ ᠵᠢᠨ ᠲᠥᠯᠥᠭᠡ ᠦᠷᠭᠦᠯᠵᠢᠯᠡᠨ ᠴᠥᠬᠥᠷᠡᠰᠢ ᠦᠭᠡᠢ ᠴᠢᠷᠮᠠᠶ᠋ᠢᠵᠤ᠂ ᠨᠠᠮ ᠪᠣᠯᠤᠨ ᠠᠷᠠᠳ ᠲᠦᠮᠡᠨ᠎ᠳᠤ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ ᠴᠢᠷᠮᠠᠶ᠋ᠢᠰᠤᠭ᠋ᠠᠢ ᠭᠡᠵᠦ ᠤᠷᠢᠶᠠᠯᠠᠵᠤ ᠪᠠᠶ᠋ᠢᠨ᠎ᠠ!
      ᠨᠥᠬᠥᠳ ᠡ᠂ ᠨᠠᠶ᠋ᠢᠵᠠ ᠨᠠᠷ ᠡ!
      ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠵᠢᠨ ᠦᠨᠳᠦᠰᠦᠲᠡᠨ᠎ᠤ ᠮᠢᠨᠭ᠌ᠭ᠋ᠠᠨ ᠤᠨ᠎ᠤ ᠠᠭᠤᠤ ᠦᠢ᠍ᠯᠡᠰ᠎ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ᠎ᠲᠠᠢ ᠴᠠᠬ ᠦᠶ᠎ᠡ ᠮᠦᠨ! ᠥᠩᠭᠡᠷᠡᠭᠰᠡᠨ ᠵᠶ᠋ᠠᠨ ᠡᠷᠭᠢᠴᠡᠭᠦᠯᠵᠦ ᠢᠷᠡᠭᠡᠳᠦᠶ᠎ᠪᠠᠨ ᠪᠠᠷᠠᠯᠠᠬᠤᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠲᠠ ᠪᠦᠯᠬᠦᠮᠳᠡᠯ ᠪᠠᠢ᠍ᠢ᠍ᠬᠰᠠᠨ ᠬᠤᠢ᠍ᠢ᠍ᠨ᠎ᠠ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠯᠠᠪᠲᠠᠶ ᠪᠡᠶᠡᠯᠡᠭᠳᠡᠨ᠎ᠡ!
      ᠠᠭᠤᠤ ᠶᠡᠬᠡ᠂ ᠢᠷᠠᠭᠤ   ᠠᠯᠳᠠᠷ ᠎ᠲᠠᠢ᠂ ᠵᠥᠪ   ᠣᠨᠣᠪᠴᠢᠲᠠᠶ   ᠳᠤᠮᠳᠠᠳᠤ   ᠤᠯᠤᠰ ᠎ᠤᠨ   ᠡᠪ   ᠬᠠᠮᠲᠤ   ᠨᠠᠮ ᠮᠠᠨᠳᠤᠲᠤᠭ᠋ᠠᠶ!
      ᠠᠭᠤᠤ ᠶᠡᠬᠡ᠂ ᠢᠷᠠᠭᠤ ᠠᠯᠳᠠᠷ᠎ᠲᠠᠢ᠂ ᠡᠷᠡᠯᠬᠡᠭ ᠪᠠᠭ᠋ᠠᠲᠤᠷᠯᠢᠭ ᠳᠤᠮᠳᠠᠳᠤ ᠤᠯᠤᠰ᠎ᠤᠨ ᠠᠷᠠᠳ ᠲᠦᠮᠡᠨ ᠮᠠᠨᠳᠤᠲᠤᠭ᠋ᠠᠶ!

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠰᠢ ᠵᠢᠨ ᠫᠢᠩ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠲᠠᠢ ᠲᠦᠷᠦᠭᠦᠴᠦᠳ᠎ᠤᠨ ᠸᠢᠳᠢᠣ᠋ ᠬᠤᠷᠠᠯ ᠬᠤᠷᠠᠯᠳᠤᠭᠤᠯᠪᠠ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠠᠢ
ᠲᠦᠷᠦ ᠵᠢᠨ ᠨᠠᠮ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ ᠠᠷᠠᠳ ᠲᠦᠮᠡᠨ᠎ᠤ ᠵᠣᠯ ᠵᠢᠷᠭ᠋ᠠᠯ᠎ᠢ ᠬᠠᠮᠲᠤ᠎ᠪᠠᠷ ᠡᠷᠢᠯᠬᠢᠯᠡᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ
 
            