ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠨᠡᠶ᠋ᠢᠲᠡᠯᠡᠭᠰᠡᠨ ᠴᠠᠭ᠄ 2021-07-05

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ   ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠬᠰᠠᠨ᠎ᠨᠢ
      ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠢᠳᠤᠰ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨ ᠪᠠᠶ᠋ᠢᠭᠤᠯᠵᠤ᠂ ᠦᠨᠡᠨ ᠶᠣᠰᠣ ᠵᠢ ᠪᠠᠷᠢᠮᠲᠠᠯᠠᠬᠤ᠂ ᠬᠦᠰᠡᠯᠡᠩ ᠵᠶ᠋ᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠂ ᠡᠷᠡᠯᠬᠡᠭ ᠪᠠᠭ᠋ᠠᠲᠤᠷᠯᠢᠭ ᠵᠶ᠋ᠠᠷ ᠲᠡᠮᠡᠴᠡᠬᠦ᠂ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠦᠷᠢᠯᠳᠦᠭᠦᠯᠦᠭᠰᠡᠨ ᠪᠠᠢ᠍ᠢ᠍ᠨ᠎ᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠶᠤᠨ ᠰᠠᠨᠠᠭ᠋ᠠᠨ᠎ᠤ ᠡᠬᠢ ᠰᠤᠷᠪᠤᠯᠵᠢ ᠮᠥᠨ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠷᠳᠤ ᠬᠤᠭᠤᠴᠠᠭ᠋ᠠᠨ᠎ᠤ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠴᠠᠳᠢᠭ᠎ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠵᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠲᠡᠦᠬᠡ ᠵᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠵᠢᠨ ᠦᠶ᠎ᠡ᠎ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭ᠋ᠠᠮᠵᠢᠯᠠᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠡᠭᠦᠷᠢᠳᠡ ᠵᠠᠯᠭ᠋ᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ
      ᠯᠢ ᠺᠸ ᠴᠢᠶᠠᠩ ᠬᠤᠷᠠᠯ᠎ᠢ ᠡᠷᠬᠢᠯᠡᠵᠦ   ᠯᠢ ᠵᠠᠨ ᠱᠤ᠌   ᠸᠠᠩ ᠶᠠᠩ   ᠸᠠᠩ ᠬᠤ᠌ ᠨᠢᠩ   ᠵᠤᠤ ᠯᠸ ᠵᠢᠢ   ᠬᠠᠨ ᠵᠧᠩ   ᠸᠠᠩ ᠴᠢ ᠱᠠᠨ   ᠬᠤ᠌ ᠵᠢᠨ ᠲᠤᠤ ᠣᠷᠣᠯᠴᠠᠵᠠᠢ


      ᠵᠠᠭᠤᠨ ᠵᠢᠯ᠎ᠤᠨ ᠠᠶᠠᠨ ᠰᠦᠷ ᠳᠠᠯᠠᠶ᠋ᠢᠴᠠᠲᠠᠢ ᠶᠠᠪᠤᠭᠳᠠᠵᠤ᠂ ᠵᠠᠭᠤᠨ ᠵᠢᠯ᠎ᠤᠨ ᠤᠬ ᠰᠠᠨᠠᠭ᠎ᠠ ᠶᠠᠪᠤᠬᠤ ᠲᠤᠳᠤᠮ ᠪᠡᠬᠢᠵᠢᠪᠡ᠃ 7 ᠰᠠᠷ᠎ᠠ ᠵᠢᠨ 1᠎ᠤ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠪᠡᠭᠡᠵᠢᠩ᠎ᠤᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠵᠤ᠂ ᠡᠯ᠎ᠡ ᠡᠲᠡᠭᠡᠳ᠎ᠤᠨ ᠲᠥᠯᠥᠭᠡᠯᠡᠭᠴᠢ 7 ᠲᠦᠮᠡ ᠭᠠᠷᠤᠶ ᠬᠥᠮᠦᠨ ᠦᠪᠡᠳᠡᠭᠰᠢ ᠶᠡᠬᠡ ᠶᠣᠰᠣᠯᠠᠯ ᠵᠶ᠋ᠠᠷ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ᠎ᠤᠨ ᠣᠶ ᠵᠢ ᠪᠠᠶᠠᠷᠯᠠᠨ ᠪᠡᠯᠭᠡᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠩᠭᠡᠷᠡᠭᠰᠡᠨ ᠵᠠᠭᠤᠨ ᠵᠢᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠤ᠂ ᠲᠡᠦᠬᠡ᠎ᠳᠤ ᠨᠢᠭᠡᠨ ᠬᠤᠪᠢ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃ ᠤᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠠᠶᠠᠨ᠎ᠳᠤ ᠳᠠᠬᠢᠨ ᠮᠤᠷᠳᠠᠯ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠵᠢᠨ ᠦᠨᠳᠦᠰᠦᠲᠡᠨ᠎ᠤ ᠮᠢᠨᠭ᠌ᠭ᠋ᠠᠨ ᠤᠨ᠎ᠤ ᠠᠭᠤᠤ ᠦᠢ᠍ᠯᠡᠰ᠎ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ᠎ᠲᠠᠢ ᠴᠠᠬ ᠦᠶ᠎ᠡ ᠮᠦᠨ᠃ ᠥᠩᠭᠡᠷᠡᠭᠰᠡᠨ ᠵᠶ᠋ᠠᠨ ᠡᠷᠭᠢᠴᠡᠭᠦᠯᠵᠦ ᠢᠷᠡᠭᠡᠳᠦᠶ᠎ᠪᠠᠨ ᠪᠠᠷᠠᠯᠠᠬᠤᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠲᠠ ᠪᠦᠯᠬᠦᠮᠳᠡᠯ ᠪᠠᠢ᠍ᠢ᠍ᠬᠰᠠᠨ ᠴᠠᠭ᠎ᠲᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠯᠠᠪᠲᠠᠶ ᠪᠡᠶᠡᠯᠡᠭᠳᠡᠨ᠎ᠡ ᠬᠡᠵᠥ ᠴᠢᠬᠤᠯᠠᠴᠢᠯᠠᠪᠠ᠃

     7 ᠰᠠᠷ᠎ᠠ ᠵᠢᠨ 1᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠍ᠢ᠍ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠪᠡᠭᠡᠵᠢᠩ᠎ᠤᠨ ᠲᠢᠶᠠᠨ ᠠᠨ ᠮᠧᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠳᠠᠯᠪᠢᠵᠠᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠡᠭ ᠰᠡᠭᠦᠳᠡᠷᠯᠡᠪᠡ

      ᠰᠢ ᠵᠢᠨ ᠫᠢᠩ ᠨᠠᠮ ᠪᠣᠯᠤᠨ ᠠᠷᠠᠳ ᠲᠦᠮᠡᠨ᠎ᠢ ᠲᠦᠯᠦᠭᠡᠯᠡᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠠᠰᠤᠷᠠᠯᠳᠠ ᠦᠭᠡᠢ ᠴᠢᠷᠮᠠᠢ᠍ᠢ᠍ᠨ ᠲᠡᠮᠡᠴᠡᠬᠦ᠎ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠵᠢᠨ ᠡᠬᠡ ᠭᠠᠵᠠᠷ᠎ᠲᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠲᠤᠢ᠍ᠢ᠍ᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠣᠮᠣᠭ ᠲᠡᠭᠦᠯᠳᠡᠷ ᠤᠷᠤᠭᠰᠢᠯᠠᠵᠤ ᠪᠠᠶ᠋ᠢᠨ᠎ᠠ᠃ ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠠᠭᠤᠤ ᠶᠡᠬᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠭᠤᠤ ᠶᠡᠬᠡ ᠢᠷᠠᠭᠤ ᠠᠯᠳᠠᠷ ᠮᠥᠨ ᠭᠡᠵᠦ ᠲᠥᠪ ᠴᠢᠩᠭ᠎ᠠ᠎ᠪᠠᠷ ᠲᠤᠩᠬᠠᠭᠯᠠᠪᠠ᠃
      ᠨᠠᠮ᠎ᠤᠨ ᠲᠥᠪ ᠬᠣᠷᠢᠶᠠᠨ᠎ᠤ ᠡᠣᠯᠣᠰ ᠳᠣᠢ᠍ᠷᠦ ᠵᠢᠨ ᠲᠣᠪᠴᠢᠶᠠᠨ᠎ᠤ ᠪᠠᠢ᠍ᠢ᠍ᠩᠭᠤ ᠵᠢᠨ ᠭᠡᠰᠢᠭᠦᠨ ᠯᠢ ᠺᠸ ᠴᠢᠶᠠᠩ ᠪᠡᠯᠬᠡᠯᠡᠬᠦ ᠶᠡᠬᠡ ᠬᠤᠷᠠᠯ᠎ᠢ ᠡᠷᠬᠢᠯᠡᠪᠡ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠤᠯᠤᠰ᠎ᠤᠨ ᠳᠡᠳ᠋ ᠲᠡᠷᠢᠭᠦᠯᠡᠭᠴᠢ ᠸᠠᠩ ᠴᠢ ᠱᠠᠨ ᠣᠷᠣᠯᠴᠠᠪᠠ᠃
      ᠬᠤᠪᠢᠯᠭ᠋ᠠᠨ ᠣᠷᠣᠨ᠎ᠤ ᠡᠬᠡ ᠭᠠᠵᠠᠷ ᠴᠡᠴᠡᠭᠯᠡᠨ ᠬᠥᠭᠵᠢᠵᠦ᠂ ᠲᠦᠮᠡᠨ ᠦᠵᠡᠮᠵᠢ ᠪᠦᠷᠢᠳᠦᠨ᠂ ᠨᠡᠶ᠋ᠢᠰᠯᠡᠯ ᠪᠡᠭᠡᠵᠢᠩ᠎ᠳᠤ ᠬᠤᠸᠠᠷ ᠴᠡᠴᠡᠭ ᠮᠢᠷᠠᠯᠵᠠᠨ ᠳᠡᠯᠭᠡᠷᠡᠵᠥ ᠳᠤᠬ ᠳᠠᠯᠪᠠᠭ᠎ᠠ ᠨᠠᠮᠢᠷᠠᠨ᠎ᠠ᠃ ᠠᠭᠤᠤ ᠶᠡᠬᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠤᠢ᠍ᠢ᠍ᠷ᠎ᠠ ᠦᠶ᠎ᠡ᠎ᠠᠴᠠ ᠨᠠᠭ᠋ᠠᠰᠢ ᠤᠷᠳᠤ ᠬᠤᠭᠤᠴᠠᠭ᠎ᠠ᠎ᠪᠠᠷ ᠬᠠᠯᠠ ᠵᠣᠪᠠᠯᠠᠩ ᠠᠮᠰᠠᠭᠰᠠᠨ ᠳᠤᠮᠳᠠᠳᠤ ᠵᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠢᠷᠠᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠴᠤᠬ ᠵᠤᠯᠢ ᠪᠠᠳᠠᠷᠠᠩᠭᠤᠢ᠎ᠪᠠᠷ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠰᠦᠷ ᠵᠢᠪᠬᠤᠯᠠᠩᠲᠤ ᠠᠶᠠᠨ ᠵᠠᠮ ᠵᠶ᠋ᠠᠷ ᠵᠠᠮᠨᠠᠪᠠ᠃

    7 ᠰᠠᠷ᠎ᠠ ᠵᠢᠨ 1᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠍ᠢ᠍ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠪᠡᠭᠡᠵᠢᠩ᠎ᠤᠨ ᠲᠢᠶᠠᠨ ᠠᠨ ᠮᠧᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ᠂ ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠣ᠌ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ᠂ ᠬᠣ᠌ ᠵᠢᠨ ᠳᠤᠤ ᠨᠠᠷ ᠶᠡᠭᠡ ᠬᠤᠷᠠᠯ᠎ᠳᠤ ᠤᠷᠤᠯᠴᠠᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠢᠨ ᠪᠦᠧᠧ ᠬᠦ᠋ ᠰᠡᠭᠦᠳᠡᠷᠯᠡᠪᠡ

      ᠲᠢᠶᠠᠨ ᠠᠨ ᠮᠸᠨ ᠠᠰᠠᠷ ᠳᠦᠪ ᠶᠡᠬᠡᠮᠰᠦᠭ ᠰᠦᠷ ᠵᠢᠪᠬᠤᠯᠠᠩᠲᠠᠶ ᠪᠠᠢ᠍ᠢ᠍ᠵᠥ᠂ ᠠᠰᠠᠷ᠎ᠤᠨ ᠤᠯᠠᠭ᠋ᠠᠨ ᠬᠡᠷᠡᠮ᠎ᠤᠨ ᠲᠦᠪ ᠳᠤᠮᠳᠠ ᠮᠠᠤ ᠽᠸ ᠳ᠋ᠦᠩ᠎ᠤᠨ ᠪᠤᠳᠤᠭᠳᠤ ᠲᠣᠮᠣ ᠵᠢᠷᠤᠮᠡᠯ ᠬᠥᠷᠥᠭ᠎ᠢ ᠡᠯᠭᠦᠵᠡᠶ᠃ ᠲᠢᠶᠠᠨ ᠠᠨ ᠮᠸᠨ ᠠᠭᠤᠳᠠᠮ ᠲᠠᠯᠠᠪᠠᠢ᠎ᠳᠤ᠂ ᠠᠷᠠᠳ᠎ᠤᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠰᠡᠬᠦᠶ᠋ᠢᠨ ᠰᠦᠨᠳᠡᠷᠯᠡᠨ᠎ᠡ᠃ ᠳᠤᠷᠠᠰᠬᠠᠯ᠎ᠤᠨ ᠬᠥᠰᠢᠶ᠎ᠡ ᠵᠢᠨ ᠬᠣᠶ᠋ᠢᠲᠤ ᠲᠠᠯ᠎ᠠ᠎ᠳᠤ᠂ 7.1 ᠮᠸᠲᠷ ᠥᠨᠳᠥᠷ᠂ 7.1 ᠮᠸᠲᠷ ᠥᠷᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠦᠯᠳᠡ ᠪᠣᠯᠤᠨ 《1921》 《2021》 ᠭᠡᠬᠦ ᠳᠡᠮᠳᠡᠭ ᠦᠰᠦᠭ ᠣᠨᠴᠠ ᠵᠢᠨ ᠢᠯᠡ᠎ᠲᠠᠢ ᠬᠠᠷᠠᠭᠳᠠᠨ᠎ᠠ᠃ ᠠᠭᠤᠳᠠᠮ ᠲᠠᠯᠠᠪᠠᠢ ᠵᠢᠨ ᠵᠡᠭᠦᠨ ᠪᠠᠷᠠᠭᠤᠨ ᠬᠣᠶᠠᠷ ᠲᠠᠯ᠎ᠠ᠎ᠳᠤ᠂ 100 ᠤᠯᠠᠭ᠋ᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ᠃
      ᠣᠭᠲᠠᠷᠭᠤᠢ᠎ᠠᠴᠠ ᠪᠠᠷᠠᠯᠠᠬᠤᠶ᠎ᠠ᠂ ᠲᠢᠶᠠᠨ ᠠᠨ ᠮᠸᠨ ᠠᠭᠤᠳᠠᠮ ᠲᠠᠯᠠᠪᠠᠢ ᠵᠢᠨ 《ᠲᠤᠮᠤ ᠬᠥᠯᠭᠡ ᠤᠩᠭᠤᠴᠠ ᠠᠶᠠᠯᠠᠯ ᠵᠶ᠋ᠠᠨ ᠡᠬᠢᠯᠡᠭᠦᠯᠤᠯ᠎ᠠ》 ᠭᠡᠬᠦ ᠳᠦᠷᠰᠦ ᠪᠦᠲᠦᠭᠡᠯᠲᠡ ᠠᠤᠭ᠎ᠠ ᠰᠦᠷᠯᠢᠭ ᠬᠠᠷᠠᠬᠳᠠᠵᠤ᠂ ᠶᠠᠭ ᠰᠠᠯᠬᠢ ᠳᠠᠪᠠᠯᠭ᠋ᠠᠨ᠎ᠢ ᠵᠦᠰᠦᠨ ᠳᠠᠷᠪᠠᠭᠤᠯ ᠬᠡᠶ᠋ᠢᠰᠬᠡᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠭᠡᠷᠡᠯ ᠰᠠᠴᠤᠷᠠᠩᠭᠤᠢ ᠢᠷᠡᠭᠡᠳᠦᠢ ᠵᠦᠭ ᠤᠷᠤᠭᠰᠢᠯᠠᠨ᠎ᠠ᠃
     《ᠨᠤᠳᠤᠭ᠎ᠤᠨ   ᠳᠠᠭᠤᠤ᠎ᠪᠠᠨ ᠨᠠᠮ᠎ᠳᠠᠭᠠᠨ ᠡᠷᠬᠦᠶ᠎ᠠ》 《ᠰᠠᠷᠠᠭᠤᠯ   ᠳᠠᠷᠳᠠᠩ   ᠵᠠᠮ ᠵᠶ᠋ᠠᠷ   ᠤᠷᠤᠭᠰᠢᠯᠠᠨᠡᠮ》    《ᠰᠢᠨ᠎ᠡ ᠶᠢᠷᠲᠢᠨᠴᠦ》 《ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ》 ᠁ ᠪᠡᠯᠭᠡᠯᠡᠬᠦ ᠶᠡᠬᠡ ᠬᠤᠷᠠᠯ ᠡᠬᠢᠯᠡᠬᠦ᠎ᠠᠴᠠ ᠡᠮᠦᠨ᠎ᠡ᠂ ᠲᠠᠯᠠᠪᠠᠢ ᠳᠠᠶᠠᠭ᠋ᠠᠷ ᠵᠶ᠋ᠠᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠭᠰᠠᠨ ᠰᠣᠩᠭᠣᠳᠠᠭ ᠳᠠᠭᠤᠤ ᠵᠢ ᠬᠠᠩᠭᠢᠨᠠᠲᠠᠯ᠎ᠠ ᠳᠠᠭᠤᠯᠠᠵᠤ᠂ ᠨᠠᠮ᠎ᠳᠠᠭᠠᠨ ᠬᠠᠶ᠋ᠢᠷᠠᠲᠠᠢ ᠪᠠᠶ᠋ᠢᠬᠤ ᠰᠡᠳᠬᠢᠯᠬᠡ᠎ᠪᠠᠨ ᠢᠯᠡᠳᠬᠡᠭᠰᠡᠨ ᠪᠠ ᠬᠦᠰᠡᠯ ᠵᠥᠩᠨᠡᠯ ᠵᠶ᠋ᠠᠨ ᠳᠡᠪᠰᠢᠭᠦᠯᠪᠡ᠃
      ᠦᠳᠡ ᠵᠢᠨ ᠡᠮᠦᠨᠡᠬᠢ 7 ᠴᠠᠭ 53 ᠮᠢᠨᠦ᠋ᠲ᠎ᠲᠤ᠂ ᠪᠠᠶᠠᠷ ᠪᠠᠶᠠᠰᠬᠤᠯᠠᠩᠲᠤ ᠬᠥᠭᠵᠢᠮ᠎ᠤᠨ ᠠᠶᠠᠰ ᠳᠤᠮᠳᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ ᠲᠢᠶᠠᠨ ᠠᠨ ᠮᠸᠨ ᠠᠰᠠᠷ᠎ᠤᠨ ᠲᠡᠷᠢᠭᠦᠯᠡᠭᠴᠢ ᠵᠢᠨ ᠲᠠᠶ᠋ᠢᠰᠠᠨ᠎ᠳᠤ ᠬᠦᠷᠴᠤ ᠢᠷᠡᠬᠦ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃
      ᠡᠷᠡᠯᠬᠡᠭ ᠪᠦᠷᠬᠦᠳ ᠵᠢᠬᠦᠷ ᠳᠡᠯᠭᠡᠨ ᠤᠭᠳᠠᠷᠭᠤᠢ᠎ᠳᠤ ᠳᠡᠬᠦᠯᠢᠨ᠎ᠠ᠃ 7 ᠴᠠᠭ 55 ᠮᠢᠨᠦ᠋ᠲ᠎ᠤᠨ ᠦᠶ᠎ᠡ᠎ᠪᠠᠷ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ 71 ᠪᠠᠶ᠋ᠢᠯᠳᠤᠭ᠋ᠠᠨ᠎ᠤ ᠨᠢᠰᠬᠡᠯ ᠲᠢᠶᠠᠨ ᠠᠨ ᠮᠸᠨ ᠠᠭᠤᠳᠠᠮ ᠲᠠᠯᠠᠪᠠᠢ ᠵᠢ ᠴᠢᠭᠯᠡᠨ ᠨᠢᠰᠴᠤ᠂ ᠨᠠᠮ᠎ᠳᠠᠭᠠᠨ ᠬᠦᠨᠳᠦᠳᠬᠡᠯ ᠳᠡᠪᠰᠢᠭᠦᠯᠵᠦ᠂ ᠡᠬᠡ ᠤᠯᠤᠰ᠎ᠲᠠᠭᠠᠨ ᠬᠦᠨᠳᠦᠳᠬᠡᠯ ᠳᠡᠪᠰᠢᠭᠦᠯᠵᠦ᠂ ᠠᠷᠠᠳ ᠲᠦᠮᠡᠨ᠎ᠳᠡᠭᠡᠨ ᠬᠦᠨᠳᠦᠳᠬᠡᠯ ᠳᠡᠪᠰᠢᠭᠦᠯᠪᠡ᠃ ᠲᠤᠭ ᠬᠠᠮᠠᠭ᠋ᠠᠯᠠᠬᠤ ᠠᠭ᠋ᠠᠷ᠎ᠤᠨ ᠱᠠᠲᠤᠯᠵᠢᠨ ᠠᠩᠬᠢ ᠵᠢᠨ᠎ᠬᠢᠨ ᠨᠢᠰᠦᠯᠲᠡ ᠵᠢᠨ ᠲᠣᠭᠯᠠᠯᠲᠠ ᠵᠢᠨ ᠬᠥᠰᠢᠭᠡ ᠵᠢ ᠰᠡᠬᠦᠵᠦ᠂ 5 ᠡᠭᠴᠡ ᠪᠤᠰᠬᠤ ᠨᠢᠰᠬᠡᠯ ᠲᠤᠰ ᠲᠤᠰ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠲᠤᠭ ᠪᠤᠯᠤᠨ 《ᠠᠭᠤᠤ ᠶᠡᠬᠡ ᠳᠤᠮᠳᠠᠳᠤ ᠤᠯᠤᠰ᠎ᠤᠨ ᠡᠪ ᠬᠠᠮᠲᠤ ᠨᠠᠮ ᠮᠠᠨᠳᠤᠲᠤᠭ᠋ᠠᠢ》 《ᠠᠭᠤᠤ ᠶᠡᠬᠡ ᠳᠤᠮᠳᠠᠳᠤ ᠤᠯᠤᠰ᠎ᠤᠨ ᠠᠷᠠᠳ ᠲᠦᠮᠡᠨ ᠮᠠᠨᠳᠤᠲᠤᠭ᠋ᠠᠢ》 《ᠠᠭᠤᠤ ᠶᠡᠬᠡ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠮᠠᠨᠳᠤᠲᠤᠭ᠋ᠠᠢ》 《ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ ᠮᠠᠨᠳᠤᠲᠤᠭ᠋ᠠᠢ》 ᠭᠡᠮᠡᠬᠦ ᠪᠢᠴᠢᠭᠡᠰᠦ ᠵᠢ ᠡᠯᠭᠦᠵᠦ ᠠᠶᠠᠷᠬᠠᠨ ᠤᠷᠤᠭᠰᠢᠯᠠᠨ᠎ᠠ᠃ ᠵᠠᠯᠭ᠋ᠠᠭ᠋ᠠᠳ᠂ ᠡᠭᠴᠡ ᠪᠤᠰᠬᠤ ᠨᠢᠰᠬᠡᠯ᠂ ᠪᠠᠶ᠋ᠢᠯᠳᠤᠭ᠋ᠠᠨ᠎ᠤ ᠨᠢᠰᠬᠡᠯ ᠲᠤᠰ ᠪᠦᠷᠢ 《100》 《71》 ᠭᠡᠬᠦ ᠦᠰᠦᠭ᠎ᠢ ᠪᠦᠷᠢᠯᠳᠦᠭᠦᠯᠦᠨ ᠤᠬᠳᠠᠷᠭᠤᠢ᠎ᠪᠠᠷ ᠨᠢᠰᠤᠨ ᠦᠩᠭᠡᠷᠡᠵᠦ᠂ 15 《ᠰᠥᠨᠥᠭᠡᠭᠴᠢ — 20》 ᠨᠢᠰᠬᠡᠯ 3 ᠱᠠᠲᠤᠯᠵᠢᠨ ᠠᠩᠬᠢ ᠪᠤᠯᠵᠦ ᠱᠤᠤᠬᠢᠨ ᠥᠩᠭᠡᠷᠡᠵᠦ᠂ ᠳᠠᠰᠬᠠᠯᠵᠢᠭᠤᠯᠤᠭᠴᠢ ᠨᠢᠰᠬᠡᠯ 10 ᠵᠤᠷᠪᠤᠰ ᠰᠤᠯᠤᠩᠭ᠋ᠠᠨ ᠤᠳᠤᠭ᠎ᠠ ᠲᠠᠲᠠᠭᠤᠯᠤᠨ ᠦᠩᠬᠡᠷᠡᠨ᠎ᠡ᠂ ᠡᠳᠡᠭᠡᠷ   ᠭᠣᠶ᠋ᠢᠳᠠ   ᠰᠠᠶ᠋ᠢᠬᠠᠨ   ᠲᠣᠭᠯᠠᠯᠲᠠ ᠎ᠨᠤᠭᠤᠳ ᠎ᠨᠢ   ᠦᠵᠡᠭᠴᠢᠳ ᠎ᠤᠨ   ᠰᠡᠳᠬᠢᠯ ᠎ᠢ   ᠬᠦᠭᠵᠢᠭᠡᠵᠦ ᠪᠠᠢ᠍ᠢ᠍ᠯ᠎ᠠ᠃
      ᠲᠢᠶᠠᠨ ᠠᠨ ᠮᠧᠨ ᠠᠭᠤᠳᠠᠮ ᠲᠠᠯᠠᠪᠠᠢ ᠳᠡᠭᠡᠷᠡᠬᠢ ᠲᠣᠮᠣ ᠬᠡᠯᠪᠡᠷᠢ ᠵᠢᠨ ᠡᠯᠧᠺᠲᠷᠣᠨ ᠳᠡᠯᠭᠡᠴᠡ᠎ᠳᠤ ᠳᠡᠭᠦᠵᠢᠩ ᠴᠠᠭ᠎ᠤᠨ ᠵᠢᠷᠤᠭ ᠢᠯᠡᠷᠡᠪᠡ᠃ 1921᠂ 1931᠂ 1941 ᠁ 2021᠂ ᠴᠠᠭ᠎ᠤᠨ ᠳᠡᠭᠦᠵᠢᠩ᠎ᠢ ᠳᠠᠭ᠋ᠠᠯᠳᠤᠨ ᠣᠨ᠎ᠤ ᠲᠣᠭ᠎ᠠ ᠲᠠᠷᠠᠭ᠋ᠠᠯᠠᠨ ᠰᠤᠯᠢᠭᠳᠠᠨ᠎ᠠ᠃ 8 ᠴᠠᠭ᠎ᠲᠤ᠂ ᠲᠤᠮᠤ ᠬᠥᠯᠭᠡ ᠣᠩᠭᠣᠴᠠ ᠵᠢᠨ ᠠᠶᠠᠯᠠᠯ ᠡᠬᠢᠯᠡᠭᠰᠡᠨ᠎ᠢ ᠪᠡᠯᠭᠡᠳᠡᠭᠰᠡᠨ ᠠᠭᠤᠷ᠎ᠤᠨ ᠱᠤᠤᠭᠢᠯ ᠳᠤᠤᠭ᠋ᠠᠷᠴᠤ᠂ ᠪᠡᠯᠭᠡᠯᠡᠬᠦ ᠶᠡᠬᠡ ᠬᠤᠷᠠᠯ ᠡᠬᠢᠯᠡᠭᠰᠡᠨ ᠪᠠᠢ᠍ᠢ᠍ᠨ᠎ᠠ᠃
      ᠪᠦᠭᠦᠳᠡᠭᠡᠷ ᠵᠶ᠋ᠠᠨ ᠲᠥᠪ ᠵᠣᠭᠰᠣᠵᠤ᠂ ᠶᠣᠰᠣᠯᠠᠯ᠎ᠤᠨ ᠫᠤᠤ 100 ᠳᠤᠤᠭ᠋ᠠᠷᠴᠤ ᠠᠭ᠋ᠠᠷ ᠲᠡᠭᠷᠢ ᠵᠢ ᠲᠤᠷᠭᠢᠭᠤᠯᠵᠤ᠂ ᠤᠯᠤᠰ ᠎ᠤᠨ   ᠲᠤᠭ᠎ᠢ   ᠬᠠᠮᠠᠭ᠋ᠠᠯᠠᠬᠤ   ᠠᠩᠬᠢ ᠵᠢᠨ   ᠳᠠᠷᠤᠭ᠎ᠠ   ᠪᠠᠶ᠋ᠢᠯᠳᠤᠭᠴᠢᠳ   ᠲᠠᠪᠤᠨ   ᠣᠳᠣᠲᠤ   ᠤᠯᠠᠭ᠋ᠠᠨ ᠲᠤᠭ᠎ᠢ ᠬᠠᠮᠠᠭ᠋ᠠᠯᠠᠵᠤ᠂ ᠢᠳᠡᠷᠡᠭᠦᠨ ᠠᠯᠬᠤᠭ᠎ᠠ᠎ᠪᠠᠷ ᠠᠷᠠᠳ᠎ᠤᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠠᠴᠠ ᠠᠭᠤᠳᠠᠮ ᠲᠠᠯᠠᠪᠠᠢ ᠵᠢᠨ ᠬᠣᠶ᠋ᠢᠲᠤ ᠲᠠᠯ᠎ᠠ ᠵᠢᠨ ᠲᠤᠭ ᠮᠠᠨᠳᠤᠭᠤᠯᠬᠤ ᠲᠤᠭᠤᠷᠢᠭ᠎ᠲᠤ ᠬᠦᠷᠪᠡ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠬᠠᠮᠲᠤᠷᠠᠭᠰᠠᠨ ᠴᠡᠷᠢᠭ᠎ᠤᠨ ᠬᠥᠭᠵᠢᠮ᠎ᠤᠨ ᠠᠩᠬᠢ ᠰᠦᠷ ᠵᠢᠪᠬᠤᠯᠠᠩᠲᠤ 《ᠵᠢᠷᠤᠮ᠎ᠤᠨ ᠴᠡᠷᠢᠭ᠎ᠤᠨ ᠤᠷᠤᠭᠰᠢᠯᠠᠯᠲᠠ ᠵᠢᠨ ᠳᠠᠭᠤᠤ》 ᠵᠢ ᠬᠥᠭᠵᠢᠮᠳᠡᠵᠦ᠂ ᠲᠠᠯᠠᠪᠠᠢ ᠳᠠᠶᠠᠭ᠋ᠠᠷ ᠵᠶ᠋ᠠᠨ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠣᠭ ᠲᠠᠪᠤᠨ ᠣᠳᠣᠲᠤ ᠤᠯᠠᠭ᠋ᠠᠨ ᠲᠤᠭ ᠠᠯᠭᠤᠷᠬᠠᠨ ᠮᠠᠨᠳᠤᠵᠤ᠂ ᠲᠢᠶᠠᠨ ᠠᠨ ᠮᠸᠨ ᠲᠠᠯᠠᠪᠠᠢ ᠵᠢᠨ ᠣᠭᠲᠠᠷᠭᠤᠢ᠎ᠳᠤ ᠰᠠᠯᠬᠢᠨ᠎ᠤ ᠠᠶ᠎ᠠ᠎ᠪᠠᠷ ᠨᠠᠮᠢᠷᠠᠨ᠎ᠠ᠃
      ᠡᠯ᠎ᠡ ᠠᠷᠠᠳᠴᠢᠯᠠᠭᠰᠠᠨ ᠨᠠᠮ ᠪᠦᠯᠦᠭ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠪᠣᠯᠤᠨ ᠨᠠᠮ ᠪᠦᠯᠦᠭ᠎ᠤᠨ ᠪᠤᠰᠤ ᠬᠥᠮᠦᠰ ᠬᠠᠮᠲᠤᠷᠠᠨ ᠪᠠᠶᠠᠷ᠎ᠤᠨ ᠦᠭᠡ ᠬᠡᠯᠡᠵᠦ᠂ ᠭᠣᠮᠢᠨᠳᠠᠩ᠎ᠤᠨ ᠬᠤᠪᠢᠰᠬᠠᠯᠳᠤ ᠬᠤᠷᠢᠶ᠎ᠠ ᠵᠢᠨ ᠲᠥᠪ ᠬᠣᠷᠢᠶᠠᠨ᠎ᠤ ᠲᠡᠷᠢᠭᠦᠯᠡᠭᠴᠢ ᠸᠠᠨ ᠧ ᠰᠢᠶᠠᠩ ᠪᠠᠶᠠᠷ᠎ᠤᠨ ᠦᠭᠡ ᠤᠩᠰᠢᠵᠤ᠂ ᠳᠤᠮᠳᠠᠳᠤ ᠤᠯᠤᠰ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠣᠣᠯᠯᠠᠭᠴᠢ — ᠠᠭᠤᠤ ᠶᠡᠬᠡ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠬᠠᠮᠤᠭ᠎ᠤᠨ ᠡᠷᠬᠢᠮ ᠳᠡᠭᠡᠳᠦ ᠬᠦᠨᠳᠦᠳᠬᠡᠯ ᠪᠣᠯᠤᠨ ᠬᠠᠮᠤᠭ᠎ᠤᠨ ᠴᠢᠩ ᠰᠡᠳᠬᠢᠯ᠎ᠤᠨ ᠪᠠᠶᠠᠷ ᠵᠦᠩᠨᠡᠯ ᠵᠶ᠋ᠠᠨ ᠳᠡᠪᠰᠢᠬᠦᠯᠪᠡ᠃ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠢᠯᠠᠯᠲᠠ ᠵᠢ ᠲᠡᠮᠡᠴᠡᠨ ᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
      ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠭᠡᠰᠢᠭᠦᠨ ᠪᠤᠯᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠨ᠎ᠤ ᠲᠦᠯᠦᠭᠡᠯᠡᠭᠴᠢ ᠬᠠᠮᠳᠦ᠎ᠪᠠᠷ ᠪᠠᠶᠠᠷ᠎ᠤᠨ ᠦᠭᠡ ᠬᠡᠯᠡᠵᠤ᠂ ᠨᠠᠮ᠎ᠳᠠᠭᠠᠨ ᠵᠠᠯᠠᠭᠤ ᠨᠠᠰᠤᠨ᠎ᠤ ᠮᠠᠭᠳᠠᠭ᠋ᠠᠯ ᠳᠡᠪᠰᠢᠭᠦᠯᠵᠤ᠂ 《ᠨᠠᠮ ᠮᠠᠨᠢ ᠰᠠᠨᠠᠭ᠎ᠠ ᠠᠮᠤᠷ ᠪᠠᠢ᠍ᠢ᠍ᠭ᠋ᠠᠷᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢᠳᠠ ᠪᠤᠢ》 ᠭᠡᠵᠤ ᠪᠠᠳᠤ ᠴᠢᠩᠭ᠎ᠠ᠎ᠪᠠᠷ ᠳᠠᠩᠭ᠋ᠠᠷᠢᠭᠯᠠᠪᠠ᠃
      ᠬᠠᠯᠠᠭᠤᠨ ᠠᠯᠠᠭ᠎ᠠ ᠲᠠᠰᠢᠯᠳᠠ ᠵᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠡᠳᠦᠷ ᠪᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷ᠎ᠡ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠳᠡᠭᠡᠷ᠎ᠡ ᠴᠥᠮ ᠲᠤᠶ᠋ᠢᠯ᠎ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠡᠨᠳᠡ ᠦᠪᠡᠳᠡᠭᠰᠢ ᠴᠤᠭᠯᠠᠭ᠋ᠠᠨ ᠪᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠡᠷᠭᠢᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠢ ᠵᠢ ᠪᠠᠷᠠᠯᠠᠵᠤ ᠪᠠᠢ᠍ᠢ᠍ᠨ᠎ᠠ ᠭᠡᠵᠦ ᠢᠯᠡᠳᠭᠡᠪᠡ᠃ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠭᠡᠰᠢᠭᠦᠳ᠎ᠲᠤ ᠪᠠᠶᠠᠷ᠎ᠤᠨ ᠡᠳᠦᠷ᠎ᠤᠨ ᠬᠠᠯᠠᠭᠤᠨ ᠮᠡᠨᠳᠤᠴᠢᠯᠡᠯ ᠳᠡᠪᠰᠢᠬᠦᠯᠪᠡ᠃
      ᠰᠢ ᠵᠢᠨ ᠫᠢᠩ᠂ ᠳᠤᠮᠳᠠᠳᠤ ᠤᠯᠤᠰ᠎ᠲᠤ ᠡᠪ ᠬᠠᠮᠲᠤ ᠨᠠᠮ ᠮᠠᠨᠳᠤᠯᠠᠪᠠ᠂ ᠡᠨᠡ ᠪᠣᠯ ᠤᠷᠢᠳ ᠡᠮᠦᠨ᠎ᠠ ᠭᠠᠷᠤᠭ᠎ᠠ ᠦᠭᠡᠢ ᠶᠡᠬᠡ ᠬᠡᠷᠡᠭ ᠬᠤᠪᠢᠰᠤᠯ ᠪᠤᠯᠤᠨ᠎ᠠ᠂ ᠡᠨᠡ᠎ᠨᠢ ᠣᠷᠴᠢᠨ ᠦᠶ᠎ᠡ᠎ᠠᠴᠠ ᠨᠠᠭ᠋ᠠᠰᠢᠬᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠴᠢᠭᠯᠡᠯ ᠪᠠ ᠠᠬᠢᠴᠠ ᠵᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠤᠯᠤᠨ ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ ᠪᠠ ᠬᠤᠪᠢ ᠵᠠᠶᠠᠭ᠎ᠠ ᠵᠢ ᠭᠦᠨᠵᠡᠭᠡᠢ ᠬᠤᠪᠢᠷᠠᠭᠤᠯᠵᠤ᠂ ᠳᠡᠯᠡᠬᠡᠢ ᠵᠢᠨ ᠬᠥᠭᠵᠢᠯᠲᠡ ᠵᠢᠨ ᠬᠠᠨᠳᠤᠰᠢ ᠪᠠ ᠪᠠᠶ᠋ᠢᠷᠢᠰᠢᠯ᠎ᠢ ᠭᠦᠨᠵᠡᠭᠡᠢ ᠬᠤᠪᠢᠷᠠᠭᠤᠯᠵᠠᠢ᠃
      ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠮᠡᠭᠴᠡ᠎ᠪᠠᠨ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠬᠦᠯᠵᠤ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠥᠪᠡᠷ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠪᠠ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠵᠢ ᠬᠤᠷᠢᠶᠠᠩᠭᠤᠶ᠋ᠢᠯᠠᠪᠠᠯ᠄ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠨᠢᠭᠡ ᠭᠣᠣᠯ ᠰᠡᠳᠦᠪ ᠪᠣᠯᠤᠨ᠎ᠠ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠴᠢᠰᠤ ᠤᠷᠤᠰᠬᠠᠨ ᠪᠠᠢ᠍ᠢ᠍ᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ; ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠨ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠨᠡᠶ᠋ᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ; ᠦᠵᠡᠯ ᠰᠠᠨᠠᠭ᠎ᠠ᠎ᠪᠠᠨ ᠴᠢᠯᠥᠭᠡᠯᠡᠨ᠂ ᠵᠤᠷᠢᠬᠳᠠᠢ᠎ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠳᠤᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ; ᠢᠲᠡᠭᠡᠯ ᠲᠡᠭᠦᠯᠳᠡᠷ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠵᠦ᠂ ᠲᠥᠪ ᠶᠣᠰᠣ ᠵᠢ ᠡᠷᠬᠢᠮᠯᠡᠨ ᠰᠢᠨ᠎ᠡ ᠵᠢ ᠡᠭᠦᠳᠴᠦ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢ᠍ᠯᠡᠰ᠂ ᠠᠭᠤᠤ ᠶᠡᠬᠡ ᠬᠦᠰᠡᠯ ᠵᠡᠭᠦᠳᠦ ᠵᠢ ᠶᠡᠷᠦᠩᠬᠡᠶ᠋ᠢᠯᠡᠨ ᠡᠵᠡᠮᠳᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠵᠢ ᠡᠭᠦᠳᠦᠭᠰᠡᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭ᠋ᠠᠲᠤᠷᠯᠢᠭ ᠨᠤᠭᠤᠷᠠᠰᠢ ᠦᠭᠡᠢ ᠲᠡᠮᠡᠴᠡᠯ ᠵᠶ᠋ᠠᠷ᠂ ᠳᠤᠮᠳᠠᠳᠤ ᠵᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ᠎ᠳᠤ ᠣᠷᠣᠪᠠ ᠭᠡᠵᠤ ᠲᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭᠯᠠᠪᠠ ᠭᠡᠵᠦ ᠴᠢᠬᠤᠯᠠᠴᠢᠯᠠᠵᠠᠢ᠃
      ᠰᠢ ᠵᠢᠨ ᠫᠢᠩ᠂ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ 《ᠨᠠᠨᠳᠢᠨ ᠠᠮᠢ᠎ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ᠂ ᠨᠡᠷᠡᠨ ᠰᠠᠷᠠᠨ᠎ᠢ ᠵᠢᠭ᠋ᠠᠨ ᠵᠠᠬᠢᠷᠴᠤ ᠰᠢᠨ᠎ᠡ ᠣᠷᠴᠢᠯᠠᠩ ᠪᠤᠯᠭ᠋ᠠᠬᠤ》 ᠣᠮᠣᠭ ᠵᠣᠷᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠲᠡᠦᠬᠡᠨ ᠳᠡᠭᠡᠷᠡᠬᠢ ᠬᠠᠮᠤᠭ᠎ᠤᠨ ᠭᠠᠢ᠍ᠢ᠍ᠬᠠᠮᠰᠢᠬᠳᠦ ᠲᠤᠤᠯᠢᠰ᠎ᠢ ᠪᠢᠴᠢᠭᠯᠡᠪᠡ᠃ ᠡᠨᠡ ᠬᠦ᠌ ᠵᠠᠭᠤᠨ ᠵᠢᠯ᠎ᠤᠨ ᠲᠤᠷᠰᠢ ᠨᠡᠭᠡᠭᠡᠭᠰᠡᠨ ᠠᠭᠤᠤ ᠶᠡᠬᠡ ᠵᠠᠮ᠂ ᠴᠤᠬ᠍ᠴᠠᠯᠠᠬᠰᠠᠨ ᠠᠭᠤᠤ ᠶᠡᠬᠡ ᠦᠢ᠍ᠯᠡᠰ᠂ ᠣᠯᠤᠭᠰᠠᠨ ᠠᠭᠤᠤ ᠶᠡᠬᠡ ᠠᠮᠵᠢᠯᠲᠠ᠎ᠨᠢ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠬᠥᠭᠵᠢᠯᠲᠡ ᠵᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ᠎ᠨᠢ ᠯᠠᠪᠲᠠᠢ ᠶᠤᠮ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠵᠠᠭᠤᠨ ᠵᠢᠯ᠎ᠤᠨ ᠲᠤᠷᠰᠢ᠂ ᠮᠠᠨ᠎ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠂ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ ᠵᠢᠨ ᠦᠨᠳᠦᠰᠦᠲᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠮᠠᠤ ᠽᠸ ᠳ᠋ᠦᠩ ᠨᠥᠬᠥᠷ᠂ ᠳ᠋ᠧᠩ ᠰᠢᠶᠤᠤ ᠫᠢᠩ ᠨᠥᠬᠥᠷ᠂ ᠵᠢᠶᠠᠩ ᠽᠸ ᠮᠢᠨ ᠨᠥᠬᠥᠷ᠂ ᠬᠤ᠌ ᠵᠢᠨ ᠲᠤᠤ ᠨᠥᠬᠥᠷ ᠵᠶ᠋ᠠᠷ ᠭᠣᠣᠯ ᠲᠥᠯᠥᠭᠡᠯᠡᠭᠴᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠦᠯᠦᠭᠡ ᠲᠡᠦᠬᠡ ᠰᠤᠳᠤᠷ᠎ᠢ ᠭᠡᠶ᠋ᠢᠭᠦᠯᠦᠭᠰᠡᠨ ᠠᠭᠤᠤ ᠶᠡᠬᠡ ᠭᠠᠪᠢᠶ᠎ᠠ ᠵᠢᠳᠬᠦᠯ᠎ᠢ ᠪᠠᠶ᠋ᠢᠭᠤᠯᠪᠠ᠂ ᠪᠢᠳᠡ ᠲᠡᠳᠡᠨ᠎ᠳᠤ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ ᠭᠡᠵᠦ ᠢᠯᠡᠳᠭᠡᠪᠡ᠃
      ᠰᠢ ᠵᠢᠨ ᠫᠢᠩ᠂ ᠡᠨᠡ ᠬᠦ᠌ ᠴᠠᠭ ᠮᠥᠴᠡ᠎ᠳᠤ᠂ ᠪᠢᠳᠡ ᠳᠤᠮᠳᠠᠳᠤ ᠤᠯᠤᠰ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠶ᠋ᠢᠭᠤᠯᠬᠤ᠂ ᠪᠡᠬᠢᠵᠢᠭᠦᠯᠬᠦ᠂ ᠬᠥᠭᠵᠢᠭᠦᠯᠬᠦ ᠵᠢᠨ ᠲᠥᠯᠥᠭᠡ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠮᠠᠤ ᠽᠸ ᠳ᠋ᠦᠩ᠂ ᠵᠧᠦ ᠡᠸᠨ ᠯᠠᠢ᠂ ᠯᠢᠦ ᠱᠤᠤ ᠴᠢ᠂ ᠵᠤ᠌ ᠳ᠋ᠸ᠂ ᠳ᠋ᠧᠩ ᠰᠢᠶᠤᠤ ᠫᠢᠩ᠂ ᠴᠧᠨ ᠶᠦᠨ ᠨᠥᠬᠥᠷ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ᠂ ᠬᠠᠮᠠᠭ᠋ᠠᠯᠠᠬᠤ᠂ ᠪᠦᠳᠦᠭᠡᠨ ᠪᠠᠶ᠋ᠢᠭᠤᠯᠬᠤ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠪᠡᠶ᠎ᠡ ᠦᠷᠡᠭᠳᠡᠭᠰᠡᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠭᠡ ᠡᠷᠡᠯᠬᠡᠭ ᠪᠠᠭ᠋ᠠᠲᠤᠷᠯᠢᠭ ᠵᠶ᠋ᠠᠷ ᠠᠮᠢ ᠪᠡᠶ᠎ᠡ᠎ᠪᠠᠨ ᠵᠣᠷᠢᠭᠤᠯᠤᠭᠰᠠᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠭᠦᠨ ᠮᠥᠷᠥᠭᠡᠳᠦᠨ ᠰᠠᠨᠠᠭ᠋ᠠᠯᠵᠠᠵᠤ᠂ ᠤᠢ᠍ᠢ᠍ᠷ᠎ᠠ ᠦᠶ᠎ᠡ᠎ᠠᠴᠠ ᠨᠠᠭ᠋ᠠᠰᠢᠬᠢ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ᠎ᠢ ᠬᠦᠨ ᠮᠦᠷᠤᠬᠡᠳᠤᠨ ᠰᠠᠨᠠᠭ᠋ᠠᠯᠵᠠᠵᠤ ᠪᠠᠢ᠍ᠢ᠍ᠨ᠎ᠠ᠃ ᠲᠡᠳᠡᠨ᠎ᠤ ᠡᠬᠡ ᠤᠯᠤᠰ ᠪᠣᠯᠤᠨ ᠦᠨᠳᠦᠰᠦᠲᠡᠨ᠎ᠤ᠎ᠪᠠᠨ ᠲᠥᠯᠥᠭᠡ ᠪᠠᠶ᠋ᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ᠎ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ! ᠲᠡᠳᠡᠨ᠎ᠤ ᠡᠷᠬᠢᠮ ᠳᠡᠭᠡᠳᠦ ᠵᠣᠷᠢᠭ ᠰᠠᠨᠠᠭ᠎ᠠ᠎ᠨᠢ ᠠᠷᠠᠳ ᠲᠦᠮᠡᠨ᠎ᠤ ᠰᠡᠳᠬᠢᠯ᠎ᠳᠤ ᠡᠭᠦᠷᠢᠳᠡ ᠬᠠᠳᠠᠩᠰᠢᠬᠤ ᠶᠤᠮ! ᠭᠡᠵᠦ ᠢᠯᠡᠳᠭᠡᠪᠡ᠃
      ᠰᠢ ᠵᠢᠨ ᠫᠢᠩ᠂ ᠠᠷᠠᠳ ᠲᠦᠮᠡᠨ ᠪᠣᠯ ᠲᠡᠦᠬᠡ ᠵᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭ᠋ᠠᠲᠤᠷ ᠮᠥᠨ᠃ ᠪᠢ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠭᠡᠲᠡᠨ᠂ ᠡᠯ᠎ᠡ   ᠠᠷᠠᠳᠴᠢᠯᠠᠭᠰᠠᠨ   ᠨᠠᠮ   ᠪᠦᠯᠦᠭ   ᠪᠣᠯᠤᠨ   ᠨᠠᠮ   ᠪᠦᠯᠦᠭ ᠎ᠤᠨ   ᠪᠤᠰᠤ ᠬᠥᠮᠦᠰ᠂ ᠡᠯ᠎ᠡ ᠠᠷᠠᠳ᠎ᠤᠨ ᠪᠦᠯᠬᠦᠮ᠂ ᠡᠯ᠎ᠡ ᠡᠲᠡᠭᠡᠳ᠎ᠤᠨ ᠡᠬᠡ ᠣᠷᠣᠨᠴᠢ ᠬᠥᠮᠦᠰ᠂ ᠠᠷᠠᠳ᠎ᠤᠨ ᠴᠢᠯᠥᠭᠡᠯᠡᠬᠦ ᠴᠡᠷᠢᠭ᠎ᠤᠨ ᠵᠢᠯᠤᠭᠤᠳᠤᠬ᠍ᠴᠢ ᠪᠠᠶ᠋ᠢᠯᠳᠤᠭᠴᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠳᠠᠷᠤᠭ᠎ᠠ ᠪᠠᠶ᠋ᠢᠯᠳᠤᠭᠴᠢ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠬᠢ ᠵᠢᠨ ᠵᠢᠯᠤᠭᠤᠳᠤᠬ᠍ᠴᠢ ᠪᠠᠶ᠋ᠢᠯᠳᠤᠭᠴᠢ᠂ ᠪᠦᠬᠦ ᠨᠡᠶ᠋ᠢᠭᠡᠮ ᠵᠢᠷᠤᠮ᠎ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠢ᠍ᠢ᠍ᠨ᠎ᠠ᠃ ᠰᠢᠶᠠᠩᠭ᠋ᠠᠩ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠣᠣᠮᠧᠨ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ ᠪᠣᠯᠤᠨ ᠲᠠᠶ᠋ᠢᠸᠠᠨ᠎ᠤ ᠠᠬ᠎ᠠ ᠳᠡᠭᠦᠦ ᠨᠡᠷ ᠵᠢᠴᠢ ᠥᠷᠭᠡᠨ ᠤᠯᠠᠨ ᠳᠤᠮᠳᠠᠳᠤ ᠵᠢᠨ ᠬᠠᠷᠢᠶᠠᠲᠤ ᠨᠡᠷ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠦᠶ᠎ᠡ᠃ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠨᠥᠬᠥᠷᠰᠡᠭ ᠵᠶ᠋ᠠᠷ ᠶᠠᠪᠤᠯᠴᠠᠵᠤ᠂ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ᠎ᠤᠨ ᠠᠷᠠᠳ   ᠲᠦᠮᠡᠨ   ᠪᠠ   ᠨᠠᠶ᠋ᠢᠵᠠ   ᠨᠠᠷ ᠎ᠲᠤ   ᠴᠢᠩ   ᠰᠡᠳᠬᠢᠯ ᠎ᠤᠨ   ᠲᠠᠯᠠᠷᠬᠠᠯ ᠵᠶ᠋ᠠᠨ   ᠳᠡᠪᠰᠢᠭᠦᠯᠦᠶ᠎ᠡ ᠭᠡᠵᠦ ᠢᠯᠡᠳᠭᠡᠪᠡ᠃
      ᠰᠢ ᠵᠢᠨ ᠫᠢᠩ᠂ ᠤᠭ ᠰᠠᠨᠠᠭ᠎ᠠ ᠵᠢ ᠲᠤᠬᠳᠠᠭ᠋ᠠᠬᠤ᠎ᠳᠤ ᠬᠢᠯᠪᠠᠷ᠂ ᠢᠮᠠᠭᠲᠠ ᠪᠠᠷᠢᠮᠳᠠᠯᠠᠬᠤ᠎ᠳᠤ ᠬᠦᠴᠢᠷ᠃ ᠲᠡᠦᠬᠡ᠎ᠪᠠᠷ ᠲᠤᠯᠢ ᠪᠣᠯᠭ᠋ᠠᠪᠠᠯ᠂ ᠲᠦᠷᠦ ᠭᠦᠷᠦᠨ᠎ᠤ ᠮᠠᠨᠳᠤᠵᠤ ᠮᠥᠬᠥᠬᠦ ᠰᠤᠯᠢᠬᠳᠠᠬᠤ ᠶᠤᠰᠤ ᠵᠢ ᠮᠡᠳᠡᠵᠦ ᠪᠣᠯᠤᠨ᠎ᠠ᠃ ᠪᠢᠳᠡ ᠲᠡᠦᠬᠡ᠎ᠪᠠᠷ ᠤᠳᠤᠬᠢ ᠵᠢ ᠲᠤᠯᠢᠳᠠᠵᠦ᠂ ᠢᠷᠡᠭᠡᠳᠦᠢ ᠵᠢ ᠪᠠᠷᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠠᠴᠠ ᠥᠩᠭᠡᠷᠡᠭᠰᠡᠨ᠎ᠳᠤ ᠪᠢᠳᠡ ᠶᠠᠭ᠋ᠠᠬᠢᠭ᠋ᠠᠳ ᠠᠮᠵᠢᠯᠲᠠ ᠣᠯᠵᠤ ᠴᠢᠳᠠᠭᠰᠠᠨ᠎ᠢ ᠲᠣᠳᠣᠷᠬᠠᠢ ᠲᠠᠨᠢᠵᠤ᠂ ᠢᠷᠡᠭᠡᠳᠦᠢ᠎ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠵᠢ ᠲᠣᠳᠣᠷᠬᠠᠢ ᠣᠶ᠋ᠢᠯᠠᠭ᠋ᠠᠵᠤ᠂ ᠡᠭᠦᠨ᠎ᠤ ᠤᠯᠠᠮ ᠵᠶ᠋ᠠᠷ ᠰᠢᠨ᠎ᠡ ᠠᠶᠠᠨ᠎ᠳᠠᠭᠠᠨ ᠨᠡᠩ ᠡᠷᠡᠰ ᠪᠠᠲᠤ᠂ ᠨᠡᠩ ᠤᠬᠠᠮᠰᠠᠷ᠎ᠠᠴᠠ᠎ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠢ᠍ᠢ᠍ᠨ ᠰᠠᠶ᠋ᠢᠬᠠᠨ ᠢᠷᠡᠭᠡᠳᠦᠢ᠎ᠪᠠᠨ ᠴᠣᠭᠴᠠᠯᠠᠬᠤ ᠬᠡᠷᠡᠭᠲᠡᠢ᠃ ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠵᠢ ᠨᠡᠭᠡᠭᠡᠬᠦ᠎ᠳᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠵᠢ ᠪᠠᠷᠢᠮᠲᠠᠯᠠᠵᠦ᠂ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠵᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ ᠨᠠᠮ᠎ᠠᠴᠠ ᠪᠥᠬᠥ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠵᠢ ᠤᠳᠤᠷᠢᠳᠬᠤ ᠭᠤᠤᠯᠯᠠᠭᠴᠢ ᠵᠢᠨ ᠦᠢ᠍ᠯᠡᠳᠦᠯ᠎ᠢ ᠭᠦᠶᠴᠡᠳ ᠪᠠᠳᠠᠷᠠᠭᠤᠯᠬᠤ ᠬᠡᠷᠡᠭᠲᠡᠶ; ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠵᠤ᠂ ᠠᠷᠠᠳ ᠲᠦᠮᠡᠨ᠎ᠳᠤ ᠴᠢᠩᠭ᠎ᠠ ᠲᠦᠰᠢᠭᠯᠡᠨ ᠲᠡᠦᠬᠡ ᠵᠢ ᠡᠭᠦᠳᠦᠨ ᠪᠦᠲᠦᠭᠡᠵᠦ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠦᠨ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠂ ᠪᠦᠬᠦ ᠠᠷᠠᠳ ᠲᠦᠮᠡᠨ᠎ᠤ ᠬᠠᠮᠲᠤ ᠵᠢᠨ ᠴᠢᠨᠡᠭᠡᠯᠢᠭᠵᠢᠯ᠎ᠢ ᠨᠡᠩ ᠢᠯᠡᠷᠬᠡᠢ ᠪᠤᠳᠠᠳᠤ ᠠᠬᠢᠴᠠ᠎ᠲᠠᠢ ᠪᠣᠯᠭ᠋ᠠᠬᠤ ᠬᠡᠷᠡᠭᠲᠡᠢ; ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠦᠷᠭᠦᠯᠵᠢᠯᠡᠨ ᠠᠬᠢᠭᠤᠯᠵᠤ᠂ ᠮᠠᠷᠺᠰ᠎ᠤᠨ ᠦᠵᠡᠯ᠎ᠤᠨ ᠦᠨᠳᠦᠰᠦᠨ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠮᠠᠷᠺᠰ᠎ᠤᠨ ᠦᠵᠡᠯ ᠵᠶ᠋ᠠᠷ ᠴᠠᠭ ᠦᠶ᠎ᠡ ᠵᠢ ᠠᠵᠢᠠᠠᠯᠠᠵᠦ᠂ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠦᠳᠦᠯᠦᠨ ᠳᠠᠭ᠋ᠠᠭᠤᠯᠵᠤ᠂ ᠤᠳᠤ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠦᠷᠭᠦᠯᠵᠢᠯᠡᠨ ᠬᠥᠭᠵᠢᠭᠦᠯᠬᠦ ᠬᠡᠷᠡᠭᠲᠡᠢ; ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠵᠦ᠂ ᠨᠠᠮ᠎ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ ᠴᠢᠭᠯᠡᠯᠲᠡ ᠵᠢ ᠪᠠᠷᠢᠮᠲᠠᠯᠠᠵᠦ᠂ ᠥᠪᠡᠷ᠎ᠤᠨ ᠰᠣᠩᠭᠣᠭᠰᠠᠨ ᠵᠠᠮ ᠵᠶ᠋ᠠᠷ ᠵᠶ᠋ᠠᠨ ᠴᠡᠭᠡᠵᠢ ᠲᠡᠨᠢᠢ᠍ᠨ ᠲᠤᠮᠤ ᠠᠯᠬᠤᠮ ᠵᠶ᠋ᠠᠷ ᠤᠷᠤᠭᠰᠢᠯᠠᠵᠤ᠂ ᠳᠤᠮᠳᠠᠳᠤ ᠤᠯᠤᠰ᠎ᠤᠨ ᠬᠥᠭᠵᠢᠯᠲᠡ ᠲᠠᠪᠰᠢᠯᠳᠠ ᠵᠢᠨ ᠬᠤᠪᠢ ᠵᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠬᠦ ᠭᠡᠷᠡᠭᠲᠡᠢ; ᠡᠷᠬᠡᠪᠰᠢ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢ ᠲᠦᠷᠭᠡᠳᠬᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ᠎ᠤᠨ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠵᠤ᠂ ᠠᠷᠠᠳ᠎ᠤᠨ ᠴᠡᠷᠢᠭ ᠠᠩᠬᠢ ᠵᠢ ᠳᠡᠯᠡᠬᠡᠢ ᠵᠢᠨ ᠲᠡᠷᠢᠭᠦᠨ ᠵᠡᠷᠭᠡ ᠵᠢᠨ ᠴᠡᠷᠢᠭ ᠠᠩᠬᠢ ᠪᠣᠯᠭ᠋ᠠᠨ ᠪᠠᠶ᠋ᠢᠭᠤᠯᠵᠤ᠂ ᠨᠡᠩ ᠬᠦᠴᠦᠷᠬᠡᠭ ᠶᠡᠬᠡ ᠴᠢᠳᠠᠪᠤᠷᠢ᠂ ᠨᠡᠩ ᠨᠠᠶ᠋ᠢᠳᠠᠪᠤᠷᠢᠲᠠᠢ ᠠᠷᠭ᠎ᠠ ᠪᠠᠷᠢᠯ ᠵᠶ᠋ᠠᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ; ᠡᠷᠬᠡᠪᠰᠢ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠭᠥᠷᠳᠡᠬᠦ ᠲᠣᠭ᠎ᠢ ᠥᠨᠳᠥᠷ ᠮᠠᠨᠳᠤᠭᠤᠯᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠨᠠᠶ᠋ᠢᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠨ᠎ᠡ ᠬᠡᠯᠪᠡᠷᠢ ᠵᠢᠨ ᠣᠯᠠᠨ ᠤᠯᠤᠰ᠎ᠤᠨ ᠬᠠᠷᠢᠯᠴᠠᠭ᠎ᠠ ᠵᠢ ᠪᠠᠶ᠋ᠢᠭᠤᠯᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠲᠡᠦᠬᠡ ᠵᠢᠨ ᠬᠦᠷᠳᠦ ᠵᠢᠨ ᠭᠡᠭᠡᠨ ᠰᠠᠷᠠᠭᠤᠯ ᠬᠠᠷᠠᠯᠲᠠ ᠲᠡᠶ᠋ᠢᠰᠢ ᠤᠷᠤᠭᠰᠢᠯᠠᠬᠤ ᠵᠢ ᠠᠬᠢᠭᠤᠯᠬᠤ ᠭᠡᠷᠡᠭᠲᠡᠢ; ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ᠎ᠲᠠᠢ ᠠᠭᠤᠤ ᠶᠡᠬᠡ ᠲᠡᠮᠡᠴᠡᠯ᠎ᠢ ᠬᠢᠵᠤ᠂ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠢᠮᠠᠭᠲᠠ ᠠᠮᠤᠷ ᠲᠦᠪᠰᠢᠨ ᠪᠠᠶ᠋ᠢᠬᠤ ᠦᠶ᠎ᠡ᠎ᠳᠡᠭᠡᠨ ᠠᠶᠤᠯ ᠲᠦᠭᠰᠢᠭᠦᠷᠢ ᠵᠢ ᠦᠯᠦ ᠮᠠᠷᠳᠠᠵᠤ᠂ ᠤᠯᠤᠰ᠎ᠤᠨ ᠶᠡᠷᠦᠩᠬᠡᠢ ᠴᠤᠭᠴᠠ ᠵᠢᠨ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭ᠋ᠠᠷᠠᠪᠠᠯ ᠬᠥᠭᠥᠷᠭᠡ ᠳᠠᠯᠪᠢᠵᠦ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ᠎ᠢ ᠵᠣᠷᠢᠭᠲᠠᠢ᠎ᠪᠠᠷ ᠢᠯᠠᠨ ᠳᠠᠪᠠᠬᠤ ᠬᠡᠷᠡᠭᠲᠡᠢ; ᠳᠤᠮᠳᠠᠳᠤ ᠵᠢᠨ ᠬᠥᠪᠡᠭᠦᠳ ᠥᠬᠢᠳ᠎ᠤᠨ ᠶᠡᠬᠡ ᠪᠦᠯᠬᠦᠮᠳᠡᠯ᠎ᠢ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠶᠡᠬᠡ ᠬᠦᠴᠦᠨ᠎ᠢ ᠨᠢᠭᠲᠠᠷᠠᠭᠤᠯᠬᠤ ᠬᠡᠷᠡᠭᠲᠡᠢ; ᠡᠷᠬᠡᠪᠰᠢ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠵᠤ᠂ ᠲᠡᠮᠦᠷ᠎ᠢ ᠳᠠᠪᠲᠠᠬᠤ᠎ᠳᠤ ᠥᠪᠡᠷ ᠵᠶ᠋ᠠᠨ ᠵᠠᠪᠠᠯ ᠬᠠᠲᠠᠭᠤ ᠪᠠᠶ᠋ᠢᠬᠤ ᠬᠡᠷᠡᠭᠲᠡᠶ ᠭᠡᠬᠦ ᠶᠣᠰᠣ ᠤᠴᠢᠷ᠎ᠢ ᠪᠠᠲᠤ ᠴᠡᠭᠡᠵᠢᠯᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠡᠭᠦᠷᠢᠳᠡ ᠵᠤᠬᠰᠤᠰᠢ ᠦᠭᠡᠶ ᠬᠢᠬᠦ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠨᠠᠮ᠎ᠤᠨ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ᠎ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠪᠢᠳᠡ 《ᠨᠢᠭᠡ ᠤᠯᠤᠰ᠎ᠲᠤ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠨᠭ᠌ᠴᠤᠳ ᠰᠢᠶᠠᠩᠭ᠋ᠠᠩ ᠵᠶ᠋ᠠᠨ ᠵᠠᠰᠠᠬᠤ》᠂ 《ᠣᠣᠮᠧᠨᠴᠤᠳ ᠣᠣᠮᠧᠨ ᠵᠶ᠋ᠠᠨ ᠵᠠᠰᠠᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠬᠦ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ᠎ᠠᠴᠠ ᠰᠢᠶᠠᠩᠭ᠋ᠠᠩ᠂ ᠣᠣᠮᠧᠨ᠎ᠤ ᠤᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠢ ᠪᠦᠬᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠵᠢ ᠨᠠᠶ᠋ᠢᠳᠠᠪᠤᠷᠢᠵᠢᠭᠤᠯᠵᠤ᠂ ᠰᠢᠶᠠᠩᠭ᠋ᠠᠩ᠂ ᠣᠣᠮᠧᠨ ᠎ᠤ   ᠤᠷᠳᠤ   ᠬᠤᠭᠤᠴᠠᠭ᠋ᠠᠨ ᠎ᠤ   ᠬᠥᠭᠵᠢᠯ   ᠴᠡᠴᠡᠭᠯᠡᠯ   ᠪᠠ   ᠲᠣᠭᠲᠠᠭᠤᠨ   ᠪᠠᠢ᠍ᠢ᠍ᠳᠠᠯ᠎ᠢ ᠪᠠᠲᠤᠯᠠᠬᠤ ᠬᠡᠷᠡᠭᠳᠡᠢ᠃ ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠵᠤ᠂ ᠡᠬᠡ ᠤᠯᠤᠰ ᠵᠶ᠋ᠠᠨ ᠨᠠᠶ᠋ᠢᠷᠠᠮᠳᠠᠯ ᠵᠶ᠋ᠠᠷ ᠨᠢᠭᠡᠳᠬᠡᠬᠦ ᠠᠬᠢᠴᠠ ᠵᠢ ᠠᠬᠢᠭᠤᠯᠬᠤ ᠬᠡᠷᠡᠭᠲᠡᠶ᠃ ᠲᠠᠶ᠋ᠢᠸᠠᠨ ᠬᠣᠭᠣᠯᠠᠶ ᠵᠢᠨ ᠬᠣᠶᠠᠷ ᠬᠦᠪᠡᠬᠡᠨ᠎ᠤ ᠠᠬ᠎ᠠ ᠳᠡᠭᠦᠦ ᠨᠡᠷ᠎ᠢ ᠪᠠᠭᠲᠠᠭ᠋ᠠᠭᠰᠠᠨ ᠪᠤᠢ ᠪᠦᠬᠦᠢ ᠳᠤᠮᠳᠠᠳᠤ ᠵᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠠᠯᠢᠪᠠ ᠭᠤᠷᠢᠳᠠᠯᠭ᠎ᠠ ᠵᠢ ᠡᠷᠡᠰ ᠪᠤᠳᠠ ᠨᠢᠷᠭᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠢ᠍ᠢ᠍ᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠬᠡᠷᠡᠭᠲᠡᠶ᠃ ᠶᠠᠮᠠᠷᠪᠠ ᠬᠥᠮᠦᠨ ᠭᠡᠳ ᠳᠤᠮᠳᠠᠳᠤ ᠤᠯᠤᠰ᠎ᠤᠨ ᠠᠷᠠᠳ ᠲᠦᠮᠡᠨ᠎ᠤ ᠤᠯᠤᠰ ᠣᠷᠣᠨ᠎ᠤ ᠡᠷᠬᠡ ᠮᠡᠳᠡᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠬᠡ ᠴᠢᠳᠠᠪᠤᠷᠢ ᠵᠢ ᠪᠠᠰᠤᠮᠵᠢᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠢᠷᠡᠭᠡᠳᠦᠶ ᠪᠣᠯ ᠵᠠᠯᠠᠭᠤᠴᠤᠳ᠎ᠤᠨ᠎ᠬᠢ ᠶᠤᠮ᠂ ᠬᠦᠰᠡᠯ ᠡᠷᠡᠮᠡᠯᠵᠡᠯ ᠵᠶ᠋ᠠᠨ ᠵᠠᠯᠠᠭᠤᠴᠤᠳ᠎ᠲᠤ ᠨᠠᠶ᠋ᠢᠳᠠᠶ᠎ᠡ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠳᠤᠮᠳᠠᠳᠤ ᠤᠯᠤᠰ᠎ᠤᠨ ᠬᠥᠮᠦᠨ ᠪᠤᠯᠤᠬᠰᠠᠨ᠎ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠵᠶ᠋ᠠᠨ ᠨᠡᠮᠡᠭᠳᠡᠭᠦᠯᠵᠦ᠂ ᠴᠠᠭ ᠦᠶ᠎ᠡ ᠵᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠢ᠍ᠢ᠍ᠬᠠᠨ ᠴᠠᠬ᠎ᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ᠎ᠤ ᠨᠠᠨᠳᠢᠨ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠥᠩᠭᠡᠷᠡᠭᠰᠡᠨ ᠵᠠᠭᠤᠨ ᠵᠢᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠂ ᠲᠡᠦᠬᠡ᠎ᠳᠤ ᠨᠢᠭᠡᠨ ᠬᠤᠪᠢ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠭᠰᠠᠨ ᠶᠤᠮ᠃ ᠤᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠠᠶᠠᠨ᠎ᠳᠤ ᠳᠠᠬᠢᠨ ᠮᠤᠷᠳᠠᠯ᠎ᠠ ᠭᠡᠵᠦ ᠴᠢᠬᠤᠯᠠᠴᠢᠯᠠᠪᠠ᠃ ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ ᠪᠦᠬᠦᠢ᠍ᠢ᠍ᠯᠡ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠭᠡᠰᠢᠬᠦᠨ᠎ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠤᠨ ᠵᠣᠷᠢᠯᠲᠠ ᠵᠢ ᠦᠢ᠍ᠯᠡᠳᠦᠯᠭᠡᠵᠢᠭᠦᠯᠵᠦ᠂ ᠠᠷᠠᠳ ᠤᠯᠠᠨ᠎ᠯᠤᠭ᠎ᠠ ᠵᠢᠨ ᠮᠢᠬ᠎ᠠ ᠴᠢᠰᠤᠨ᠎ᠤ ᠪᠠᠷᠢᠯᠳᠤᠯᠭ᠎ᠠ᠎ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ᠎ᠲᠠᠢ ᠪᠤᠳᠤᠯ ᠵᠶ᠋ᠠᠨ ᠨᠢᠭᠡᠳᠬᠡᠵᠦ᠂ ᠬᠦᠴᠦ᠎ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ ᠵᠢᠨ ᠲᠥᠯᠥᠭᠡ ᠦᠷᠭᠦᠯᠵᠢᠯᠡᠨ ᠴᠥᠬᠥᠷᠡᠰᠢ ᠦᠭᠡᠢ ᠴᠢᠷᠮᠠᠶ᠋ᠢᠵᠤ᠂ ᠨᠠᠮ ᠪᠣᠯᠤᠨ ᠠᠷᠠᠳ ᠲᠦᠮᠡᠨ᠎ᠳᠤ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ ᠴᠢᠷᠮᠠᠶ᠋ᠢᠰᠤᠭ᠋ᠠᠢ ᠭᠡᠵᠦ ᠤᠷᠢᠶᠠᠯᠠᠪᠠ᠃ (ᠶᠠᠷᠢᠶᠠᠨ᠎ᠤ ᠪᠦᠬᠦ ᠠᠭᠤᠯᠭ᠎ᠠ ᠵᠢ ᠠᠰᠳᠠᠭ᠋ᠠᠨ ᠨᠡᠢ᠍ᠢ᠍ᠳᠡᠯᠡᠨ᠎ᠠ)
      ᠰᠢ ᠵᠢᠨ ᠫᠢᠩ᠎ᠤᠨ ᠶᠠᠷᠢᠶ᠎ᠠ ᠲᠡᠭᠦᠰᠬᠦ᠎ᠳᠤ ᠲᠠᠯᠠᠪᠠᠢ ᠳᠠᠶᠠᠭ᠋ᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃
      ᠶᠡᠬᠡ ᠬᠤᠷᠠᠯ ᠰᠦᠷ ᠵᠢᠪᠬᠤᠯᠠᠩᠲᠤ ᠢᠨᠲᠸᠷᠨᠠᠼᠢᠤᠨᠠᠯ᠎ᠤᠨ ᠳᠠᠭᠤᠤ ᠵᠢᠨ ᠳᠤᠮᠳᠠ ᠲᠡᠭᠦᠰᠪᠡ᠃
      ᠣᠮᠣᠭ ᠪᠠᠳᠠᠷᠠᠩᠭᠤᠢ ᠬᠥᠭᠵᠢᠮ᠎ᠤᠨ ᠠᠶᠠᠰ ᠬᠠᠩᠭᠢᠨᠠᠬᠤ᠎ᠳᠤ᠂ ᠲᠠᠯᠠᠪᠠᠢ ᠳᠠᠶᠠᠭ᠋ᠠᠷ ᠵᠶ᠋ᠠᠨ 《ᠡᠬᠡ ᠤᠯᠤᠰ ᠵᠶ᠋ᠠᠨ ᠮᠠᠭᠲᠠᠨ ᠳᠠᠭᠤᠯᠠᠶ᠎ᠠ》 ᠭᠡᠮᠡᠬᠦ ᠳᠠᠭᠤᠤ ᠵᠢ ᠬᠠᠩᠭᠢᠨᠠᠲᠠᠯ᠎ᠠ ᠳᠠᠭᠤᠯᠠᠵᠠᠭ᠋ᠠᠪᠠ᠃ 10 ᠲᠦᠮᠡᠨ ᠡᠩᠬᠡ ᠲᠠᠶ᠋ᠢᠪᠤᠩ᠎ᠤᠨ ᠲᠠᠭᠲᠠᠭ᠎ᠠ   ᠵᠢᠭᠦᠷ ᠵᠶ᠋ᠠᠨ   ᠳᠡᠯᠭᠡᠨ   ᠥᠨᠳᠥᠷ ᠎ᠲᠤ   ᠨᠢᠰᠴᠦ᠂  10   ᠲᠦᠮᠡᠨ   ᠥᠩᠭᠡᠲᠦ ᠬᠡᠶ᠋ᠢᠲᠦ ᠪᠥᠮᠪᠥᠭᠡ ᠠᠭ᠋ᠠᠷ᠎ᠲᠤ ᠳᠡᠭᠳᠡᠪᠡ᠃ ᠲᠢᠶᠠᠨ ᠠᠨ ᠮᠸᠨ ᠠᠭᠤᠳᠠᠮ ᠲᠠᠯᠠᠪᠠᠢ᠎ᠳᠠᠬᠢ ᠡᠯ᠎ᠡ ᠡᠲᠡᠭᠡᠳ᠎ᠤᠨ ᠤᠯᠠᠨ ᠲᠦᠮᠡᠨ ᠲᠢᠶᠠᠨ ᠠᠨ ᠮᠸᠨ ᠠᠰᠠᠷ ᠵᠦᠭ ᠪᠠᠶᠠᠷᠯᠠᠨ ᠤᠤᠬᠠᠢ᠍ᠢ᠍ᠯᠠᠵᠤ ᠬᠦᠨᠳᠦᠳᠬᠡᠯ ᠳᠡᠪᠰᠢᠭᠦᠯᠬᠦ᠎ᠳᠤ᠂ ᠰᠢ ᠵᠢᠨ ᠫᠢᠩ ᠨᠡᠷ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠪᠡ᠃ ᠠᠰᠠᠷ᠎ᠤᠨ ᠳᠡᠭᠡᠷ᠎ᠡ ᠳᠣᠣᠷ᠎ᠠ ᠴᠢᠩ ᠰᠡᠳᠬᠢᠯ᠎ᠤᠨ ᠠᠭᠤᠰᠤᠯᠴᠠᠯ᠎ᠤᠨ ᠬᠦᠬᠦᠷᠬᠡ ᠨᠡᠪᠲᠡᠷᠡᠵᠦ᠂ ᠠᠭᠤᠳᠠᠮ ᠲᠠᠯᠠᠪᠠᠢ ᠵᠢᠨ ᠳᠤᠳᠤᠨ᠎ᠠ ᠭᠠᠳᠠᠨ᠎ᠠ ᠪᠠᠶᠠᠷ ᠬᠦᠷ ᠵᠶ᠋ᠠᠷ ᠪᠢᠯᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠤᠢ ᠵᠢ ᠬᠠᠮᠲᠤ᠎ᠪᠠᠷ ᠪᠡᠯᠭᠡᠯᠡᠵᠦ᠂ ᠡᠬᠡ ᠤᠯᠤᠰ ᠪᠣᠯᠤᠨ ᠳᠡᠯᠡᠬᠡᠢ ᠵᠢᠨ ᠮᠠᠷᠭ᠋ᠠᠰᠢ ᠨᠡᠩ ᠰᠠᠢ᠍ᠢ᠍ᠨ ᠰᠠᠶ᠋ᠢᠬᠠᠨ ᠪᠣᠯᠬᠤ ᠵᠢ ᠬᠠᠮᠲᠤ᠎ᠪᠠᠷ ᠬᠦᠰᠡᠨ ᠵᠥᠩᠨᠡᠭᠰᠡᠨ ᠪᠠᠢ᠍ᠢ᠍ᠨ᠎ᠠ᠃
      ᠪᠡᠯᠭᠡᠯᠡᠬᠦ ᠶᠡᠬᠡ ᠬᠤᠷᠠᠯ᠎ᠳᠤ ᠣᠷᠣᠯᠴᠠᠭᠰᠠᠳ᠎ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠴᠢᠶᠠᠩ᠂ ᠯᠢ ᠬᠣᠩ ᠵᠥᠩ᠂ ᠶᠠᠩ ᠵᠢᠶᠧ ᠊ᠤᠣᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠌ ᠴᠦᠨ ᠬᠤᠸᠠ   ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠬᠤ᠌ ᠵᠢᠨ ᠲᠤᠤ᠂ ᠯᠢ ᠷᠦᠢ ᠬᠤᠸᠠᠨ᠂ ᠡᠦ ᠪᠠᠩ ᠭᠦᠸᠸ᠂ ᠸᠸᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ ᠯᠠᠨ ᠴᠢᠩ᠂ ᠽᠸᠩ ᠴᠢᠩ ᠬᠣᠩ᠂ ᠡᠤ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ ᠯᠢ᠂ ᠶᠢᠤ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ ᠪᠢᠩ ᠰᠢᠤᠸᠠᠨ᠂ ᠠᠢ᠍ᠢ᠍ᠯᠢᠭ᠌ᠸᠩ · ᠢᠮᠢᠨᠭ᠌ᠪᠠᠬᠠᠢ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠨᠭ᠍ᠯᠠᠢ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠧᠩ᠂ ᠡᠤ ᠸᠧᠶ ᠬᠤᠸᠠ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ · ᠭ᠋ᠸᠯᠸᠭᠨᠡᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭ᠋ᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠣᠶ᠂ ᠵᠧᠩ ᠵᠢᠶᠠᠨ ᠪᠠᠩ᠂ ᠭᠦ᠋ ᠱᠸᠩ ᠽᠦ᠍᠂ ᠯᠢᠦ ᠰᠢᠨ ᠴᠧᠩ᠂ ᠾᠧ ᠸᠧᠶ᠂ ᠱᠤᠤ ᠬᠣᠩ᠂ ᠭᠤᠤ ᠶᠦᠨ ᠯᠦᠩ ᠪᠣᠯᠤᠨ ᡂᠢ ᠬᠤᠤ ᠲᠢᠶᠠᠨ᠂ ᠵᠢᠶᠠᠩ ᠴᠦᠨ ᠶᠦᠨ᠂ ᠸᠠᠩ ᠯᠸ ᠴᠢᠤᠸᠠᠨ᠂ ᠸᠠᠩ ᠵᠣᠤ ᠭᠦᠸᠧ᠂ ᠬᠤᠶ ᠯᠢᠶᠠᠩ ᠢᠦᠶ᠂ ᠯᠢᠦ ᠴᠢ᠂ ᠡᠦ ᠢ᠂ ᠼᠤᠤ ᠭᠠᠩ ᠴᠤᠸᠠᠡ᠂ ᠽᠸᠩ ᠫᠸᠢ ᠶᠠᠨ᠂ ᠸᠠᠩ ᠭᠠᠩ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ ᠭᠦᠸᠧ᠂ ᠹᠠᠨ ᠴᠠᠩ ᠯᠦᠩ᠂ ᠮᠸᠩ ᠵᠢᠶᠠᠨ ᠵᠤ᠌᠂ ᠬᠦᠸᠧ ᠵᠢᠨ ᠯᠦᠩ᠂ ᠸᠠᠩ ᠬᠠᠨ ᠪᠢᠨ᠂ ᠾᠧ ᠶᠦᠩ᠂ ᠳ᠋ᠦ᠋ ᠴᠢᠩ ᠯᠢᠨ᠂ ᠵᠣᠤ ᠬᠣᠩ ᠵᠤ᠌᠂ ᠫᠧᠩ ᠫᠸᠢ ᠶᠦᠨ᠂ ᠯᠢ ᠲᠢᠶᠸ ᠶᠢᠩ᠂ ᠾᠧ ᠯᠦ᠍ ᠯᠢ᠂ ᠵᠢᠶᠠᠩ ᠵᠧᠩ ᠬᠤᠸᠠ᠂ ᠬᠥ᠋ ᠰᠢᠤ ᠯᠢᠶᠠᠨ᠂ ᠷᠸᠳᠢ᠂ ᠤᠶᠤᠨᠴᠢᠮᠡᠭ᠂ ᠴᠧᠨ ᡁᠢ ᠯᠢ᠂ ᠵᠧᠦ ᠲᠢᠶᠸ ᠨᠦᠩ᠂ ᠵᠢᠶᠠᠩ ᠱᠤ᠌ ᠱᠧᠩ᠂ ᠰᠠᠩ ᠭᠦᠸᠧ ᠸᠧᠶ᠂ ᠸᠠᠩ ᠱᠧᠩ ᠵᠢᠶᠦ᠋ᠨ᠂ ᠴᠧᠨ ᠴᠠᠩ ᡁᠢ᠂ ᠶᠠᠨ ᠵᠢᠶᠦ᠋ᠨ ᠴᠢ᠂ ᠵᠠᠩ ᠫᠢᠩ᠂ ᠵᠠᠮᠪᠠᠯᠫᠤᠩᠰᠤᠭ᠂ ᠳ᠋ᠠᠶ ᠪᠢᠩ ᠭᠦᠸᠧ᠂ ᠴᠠᠩ ᠸᠠᠨ ᠴᠢᠤᠸᠠᠨ᠂ ᠬᠠᠨ ᠵᠤ᠌ ᠪᠢᠨ᠂ ᠵᠢᠶᠠ ᠴᠦᠨ ᠸᠠᠩ᠂ ᠰᠦᠩ ᠵᠢᠶᠠᠨ᠂ ᠬᠤ᠌ ᠴᠢ ᠯᠢ᠂ ᠸᠠᠩ ᠵᠥᠩ ᠢᠦᠶ᠂ ᠬᠤᠤ ᠵᠢᠶᠠᠨ ᠰᠢᠤ᠂ ᠰᠢᠤᠢ ᠺᠤᠸᠠᠩ ᠳ᠋ᠢ᠂ ᠵᠠᠩ ᠬᠤᠸᠠᠢ ᠰᠢ᠂ ᠯᠢ ᠮᠸᠩ᠂ ᠯᠢᠶᠣᠤ ᠬᠣᠶ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠢ᠍ᠢ᠍ᠲ᠋ᠢ · ᠠᠪᠦ᠋ᠳᠦ᠋ᠷᠸᠰᠢᠲ᠋ᠢ᠂ ᠯᠢ ᠵᠣᠣ ᠵᠦᠸᠸ᠂ ᠬᠤᠸᠠᠩ ᠮᠸᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠍᠂ ᠰᠦᠨ ᠵᠢᠶᠠ ᠵᠧᠩ᠂ ᠯᠢ ᠵᠢᠨ ᠬᠤᠸᠠ᠂ ᠵᠧᠩ ᠸᠠᠨ ᠲᠦᠩ᠂ ᠳ᠋ᠧᠩ ᠫᠦ᠋ ᠹᠠᠩ᠂ ᠴᠧᠨ ᠽᠦᠩ ᠰᠢᠩ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠤ ᠰᠢᠶᠣᠤ ᠴᠤᠸᠠᠨ᠂ ᠸᠠᠩ ᠵᠢᠶᠠ ᠷᠦᠢ᠂ ᠴᠢ ᠰᠢᠦᠢ ᠴᠦᠨ᠂ ᠮᠠ ᠫᠸᠢ ᠬᠤᠸᠠ᠂ ᠯᠢᠦ ᠰᠢᠶᠤᠤ ᠹᠸᠩ᠂ ᠸᠠᠩ ᠴᠢᠨ ᠮᠢᠨ᠂ ᠵᠢᠴᠢ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠹᠦ᠋ ᠴᠢᠤᠸᠠᠨ ᠶᠢᠦ᠂ ᠢᠦᠶ ᠶᠦᠩ ᠪᠥᠸᠧ᠂ ᠸᠠᠩ ᠺᠧ᠂ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ ᠶᠤᠸᠠᠨ᠂ ᠵᠣᠣ ᠺᠧ ᠱ᠌ᠢ᠂ ᠡᠤ ᠱᠧᠩ ᠯᠢ᠂ ᠮᠠ ᠰᠢᠶᠣᠤ ᠲᠢᠶᠠᠨ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠾᠧ ᠢ ᠴᠧᠩ ᠨᠠᠷ ᠪᠤᠢ᠃
      ᠪᠡᠭᠡᠵᠢᠩ᠎ᠳᠤ ᠪᠠᠶ᠋ᠢᠭ᠎ᠠ ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠪᠦᠯᠬᠦᠮ᠎ᠤᠨ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠠᠬᠠᠮᠠᠳ ᠨᠥᠬᠥᠳ᠎ᠤᠨ ᠲᠥᠯᠥᠭᠡᠯᠡᠭᠴᠢ᠂ ᠪᠡᠭᠡᠵᠢᠩ᠎ᠳᠠᠬᠢ ᠲᠥᠪ᠎ᠠᠴᠠ ᠬᠠᠮᠢᠶᠠᠷᠴᠦ ᠪᠠᠢ᠍ᠢ᠍ᠭ᠎ᠠ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠪᠡᠭᠡᠵᠢᠩ᠎ᠳᠤ ᠪᠠᠶ᠋ᠢᠭ᠎ᠠ ᠲᠥᠪ ᠬᠣᠷᠢᠶᠠᠨ᠎ᠤ ᠭᠡᠰᠢᠭᠦᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠭᠡᠰᠢᠭᠦᠨ᠂ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠭᠡᠰᠢᠭᠦᠨ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠰᠢᠶᠠᠩᠭ᠋ᠠᠩ ᠣᠣᠮᠧᠨ ᠲᠠᠶ᠋ᠢᠸᠠᠨ᠎ᠤ ᠠᠬ᠎ᠠ ᠳᠡᠭᠦᠦ ᠨᠡᠷ᠂ ᠭᠠᠳᠠᠭ᠋ᠠᠳᠤ᠎ᠳᠤ ᠰᠠᠭᠤᠭ᠎ᠠ ᠳᠤᠮᠳᠠᠳᠤ ᠵᠢᠨ ᠬᠠᠷᠢᠶᠠᠲᠤ ᠨᠡᠷ᠎ᠤᠨ ᠲᠥᠯᠥᠭᠡᠯᠡᠭᠴᠢ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶᠠᠨ᠎ᠤ ᠪᠡᠭᠡᠵᠢᠩ᠎ᠳᠤ ᠪᠠᠶ᠋ᠢᠭ᠎ᠠ ᠭᠡᠰᠢᠭᠦᠳ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠤᠭ᠎ᠠ ᠵᠢᠨ ᠪᠡᠭᠡᠵᠢᠩ᠎ᠳᠤ ᠪᠠᠶ᠋ᠢᠭ᠎ᠠ ᠭᠦᠢ᠍ᠴᠡᠳᠬᠡᠬᠦ ᠭᠡᠰᠢᠭᠦᠨ ᠪᠠ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭᠴᠢ᠂ ᠪᠡᠭᠡᠵᠢᠩ ᠬᠣᠲᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠤᠯᠤᠰ᠎ᠤᠨ ᠭᠠᠪᠢᠶᠠᠨ ᠲᠡᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠲᠡᠭᠴᠢ᠂ 《ᠪᠥᠬᠥ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ᠂ 《ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ》᠂ 《ᠰᠠᠨᠰᠠᠷ᠎ᠤᠨ   ᠠᠶᠠᠯᠠᠯ ᠎ᠤᠨ ᠪᠠᠭ᠋ᠠᠲᠤᠷ》᠂     《ᠪᠠᠭ᠋ᠠᠲᠤᠷ ᠰᠠᠨᠰᠠᠷᠴᠢᠨ》᠎ᠤ ᠴᠤᠯᠠ ᠬᠦᠷᠲᠡᠭᠴᠢ᠂ ᠪᠦᠬᠦ ᠤᠯᠤᠰ᠎ᠤᠨ ᠲᠡᠷᠢᠭᠦᠨ᠎ᠤ ᠵᠢᠱ᠌ᠢᠶᠡᠴᠢ ᠬᠥᠮᠦᠰ᠎ᠤᠨ ᠲᠥᠯᠥᠭᠡᠯᠡᠭᠴᠢ᠂ ᠠᠷᠪᠠᠨ ᠨᠢᠭᠡᠳᠦᠭᠡᠷ ᠳᠦᠷᠢ ᠵᠢᠨ ᠪᠠᠨᠴᠢᠡᠡᠷᠳᠡᠨᠢ · ᠴᠣᠶ᠋ᠢᠵᠢᠨᠵᠠᠪ᠂ ᠪᠦᠬᠦ ᠤᠯᠤᠰ᠎ᠤᠨ ᠴᠢᠨᠠᠷᠲᠠᠶ ᠱᠠᠰᠢᠨ ᠰᠤᠷᠲᠠᠬᠤᠨ᠎ᠤ ᠪᠦᠯᠬᠦᠮ᠎ᠤᠨ ᠭᠤᠤᠯ ᠬᠠᠷᠢᠭᠤᠴᠠᠯᠭ᠋ᠠᠲᠠᠨ᠂ ᠪᠡᠭᠡᠵᠢᠩ᠎ᠳᠤ ᠪᠠᠶ᠋ᠢᠭ᠎ᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠭᠠᠳᠠᠭ᠋ᠠᠳᠤ᠎ᠳᠤ ᠰᠤᠷᠤᠯᠴᠠᠭ᠋ᠠᠳ ᠤᠯᠤᠰ᠎ᠲᠠᠭᠠᠨ ᠪᠤᠴᠠᠭᠰᠠᠨ ᠰᠢᠯᠢᠳᠡᠭ ᠴᠢᠳᠠᠪᠤᠷᠢᠲᠠᠨ᠎ᠤ ᠲᠥᠯᠥᠭᠡᠯᠡᠭᠴᠢ᠂ ᠨᠠᠰᠤ ᠪᠠᠷᠠᠭᠰᠠᠨ ᠬᠡᠰᠡᠭ ᠠᠬᠠᠮᠠᠳ ᠨᠥᠬᠥᠳ᠎ᠤᠨ ᠲᠦᠷᠦᠯ ᠰᠠᠳᠤᠨ᠂ ᠦᠷᠡᠭᠳᠡᠭᠰᠡᠨ ᠪᠠᠭ᠋ᠠᠲᠤᠷ ᠵᠢᠴᠢ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠬᠥᠮᠦᠰ᠎ᠤᠨ ᠭᠡᠷ ᠪᠦᠯᠢ ᠵᠢᠨ᠎ᠬᠢᠨ᠂ 《ᠨᠠᠮ᠎ᠤᠨ ᠭᠡᠰᠢᠭᠦᠨ ᠪᠤᠯᠤᠭᠰᠠᠨ ᠢᠷᠠᠭᠤ ᠠᠯᠳᠠᠷ᠎ᠲᠠᠢ 50 ᠵᠢᠯ》᠎ᠤᠨ ᠳᠤᠷᠠᠰᠬᠠᠯ᠎ᠤᠨ ᠲᠡᠮᠳᠡᠭ ᠬᠦᠷᠲᠡᠭᠰᠡᠳ᠎ᠤᠨ ᠲᠥᠯᠥᠭᠡᠯᠡᠭᠴᠢ᠂ 2021 ᠣᠨ᠎ᠳᠤ ᠰᠢᠨ᠎ᠡ᠎ᠪᠠᠷ ᠡᠯᠰᠡᠭᠳᠡᠭᠰᠡᠨ ᠨᠠᠮ᠎ᠤᠨ ᠭᠡᠰᠢᠭᠦᠨ᠎ᠤ ᠲᠥᠯᠥᠭᠡᠯᠡᠭᠴᠢ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠥᠯᠥᠭᠡᠯᠡᠭᠴᠢ᠂ ᠪᠦᠬᠦ ᠤᠯᠤᠰ᠎ᠤᠨ ᠭᠣᠣᠯᠳᠠᠯᠭ᠎ᠠ᠎ᠲᠠᠢ ᠬᠠᠷᠠᠭ᠋ᠠᠯᠵᠠᠬᠤ ᠡᠲᠡᠭᠡᠳ᠂ ᠨᠡᠶ᠋ᠢᠰᠯᠡᠯ᠎ᠤᠨ ᠡᠯ᠎ᠡ ᠡᠲᠡᠭᠡᠳ᠎ᠤᠨ ᠤᠯᠠᠨ ᠲᠦᠮᠡᠨ᠎ᠤ ᠲᠥᠯᠥᠭᠡᠯᠡᠭᠴᠢ᠂ ᠪᠡᠭᠡᠵᠢᠩ᠎ᠳᠤ ᠰᠠᠭᠤᠭ᠎ᠠ ᠴᠡᠷᠢᠭ ᠠᠩᠬᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢ ᠶᠡᠬᠡ ᠬᠤᠷᠠᠯ᠎ᠳᠤ ᠣᠷᠣᠯᠴᠠᠪᠠ᠃
      ᠪᠡᠭᠡᠵᠢᠩ᠎ᠳᠤ ᠪᠠᠶ᠋ᠢᠭ᠎ᠠ ᠳᠤᠮᠳᠠᠳᠤ ᠤᠯᠤᠰ᠎ᠲᠤ ᠰᠠᠭᠤᠭ᠎ᠠ ᠡᠯ᠎ᠡ ᠤᠯᠤᠰ᠎ᠤᠨ ᠡᠯᠴᠢᠨ ᠰᠠᠶ᠋ᠢᠳ ᠪᠣᠯᠤᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭᠴᠢ᠂ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ ᠴᠦ᠍ ᠤᠷᠢᠯᠭ᠎ᠠ᠎ᠪᠠᠷ ᠶᠡᠬᠡ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠰᠢ ᠵᠢᠨ ᠫᠢᠩ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠲᠠᠢ ᠲᠦᠷᠦᠭᠦᠴᠦᠳ᠎ᠤᠨ ᠸᠢᠳᠢᠣ᠋ ᠬᠤᠷᠠᠯ ᠬᠤᠷᠠᠯᠳᠤᠭᠤᠯᠪᠠ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠠᠢ
ᠲᠦᠷᠦ ᠵᠢᠨ ᠨᠠᠮ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ ᠠᠷᠠᠳ ᠲᠦᠮᠡᠨ᠎ᠤ ᠵᠣᠯ ᠵᠢᠷᠭ᠋ᠠᠯ᠎ᠢ ᠬᠠᠮᠲᠤ᠎ᠪᠠᠷ ᠡᠷᠢᠯᠬᠢᠯᠡᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ
ᠰᠢ ᠵᠢᠨ ᠫᠢᠩ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠩᠭᠦ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠲᠡᠭᠡᠲᠦ ᠰᠤᠷᠭ᠋ᠠᠭᠤᠯᠢ ᠪᠠᠢ᠍ᠢ᠍ᠭᠤᠯᠤᠭᠲᠠᠭᠰᠠᠠ 5 ᠵᠢᠯ᠎ᠤᠨ ᠤᠢ᠎ᠳᠤ ᠪᠠᠶᠠᠷ᠎ᠤᠨ ᠵᠠᠬᠢᠳᠠᠯ ᠢᠯᠡᠭᠡᠪᠡ
 
            