ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2021-07-09

      7 ᠰᠠᠷ᠎ᠠ ᠵᠢᠨ 6᠎ᠤ ᠡᠳᠤᠷ᠂ ᠨᠠᠮ᠎ᠤᠨ ᠲᠥᠪ ᠬᠤᠷᠢᠶᠠᠨ᠎ᠤ ᠶᠡᠷᠥᠡᠭᠭᠡᠢ ᠱᠥᠵᠢ᠂ ᠤᠯᠤᠰ᠎ᠤᠨ ᠲᠡᠷᠢᠬᠥᠯᠡᠭᠴᠢ ᠰᠢ ᠵᠢᠨ ᠫᠢᠩ ᠪᠡᠭᠡᠵᠢᠡᠭ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠤᠷᠤᠯᠴᠠᠬᠰᠡᠨ ᠪᠥᠭᠡᠤᠨ ᠭᠣᠣᠯ ᠵᠤᠷᠢᠯᠳᠠᠳᠤ ᠶᠠᠷᠢᠶ᠎ᠠ ᠲᠠᠯᠪᠢᠵᠡᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠤᠸᠠᠢ ᠷᠸᠨ ᠰᠡᠬᠥᠳᠡᠷᠯᠡᠪᠡ


    7 ᠰᠠᠷ᠎ᠠ ᠵᠢᠨ 6᠎ᠤ ᠡᠳᠤᠷ᠂ ᠨᠠᠮ᠎ᠤᠨ ᠲᠥᠪ ᠬᠤᠷᠢᠶᠠᠨ᠎ᠤ ᠶᠡᠷᠥᠡᠭᠭᠡᠢ ᠱᠥᠵᠢ᠂ ᠤᠯᠤᠰ᠎ᠤᠨ ᠲᠡᠷᠢᠬᠥᠯᠡᠭᠴᠢ ᠰᠢ ᠵᠢᠨ ᠫᠢᠩ ᠪᠡᠭᠡᠵᠢᠡᠭ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠤᠷᠤᠯᠴᠠᠬᠰᠡᠨ ᠪᠥᠭᠡᠤᠨ ᠭᠣᠣᠯ ᠵᠤᠷᠢᠯᠳᠠᠳᠤ ᠶᠠᠷᠢᠶ᠎ᠠ ᠲᠠᠯᠪᠢᠵᠡᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠶᠠᠡᠭ ᠰᠡᠬᠥᠳᠡᠷᠯᠡᠪᠡ


      ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 6᠎ᠤ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 6᠎ᠤ ᠡᠳᠦᠷ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠥᠭᠡᠳ 《ᠲᠦᠷᠦ ᠵᠢᠨ ᠨᠠᠮ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ ᠠᠷᠠᠳ ᠲᠦᠮᠡᠨ᠎ᠤ ᠵᠣᠯ ᠵᠢᠷᠭ᠋ᠠᠯ᠎ᠢ ᠬᠠᠮᠲᠤ᠎ᠪᠠᠷ ᠡᠷᠢᠯᠬᠢᠯᠡᠶ᠎ᠡ》 ᠭᠡᠬᠦ ᠰᠡᠳᠦᠪ ᠵᠶ᠋ᠠᠷ ᠭᠣᠣᠯ ᠵᠤᠷᠢᠯᠳᠠᠳᠤ ᠶᠠᠷᠢᠶ᠎ᠠ ᠲᠠᠯᠪᠢᠵᠤ᠂ ᠲᠦᠷᠦ ᠵᠢᠨ ᠨᠠᠮ᠎ᠨᠢ ᠬᠥᠮᠦᠨ ᠲᠥᠷᠥᠯᠬᠢᠲᠡᠨ᠎ᠤ ᠲᠠᠪᠰᠢᠯᠳᠠ ᠵᠢ ᠠᠬᠢᠭᠤᠯᠬᠤ ᠴᠢᠬᠤᠯᠠ ᠬᠦᠴᠦᠨ ᠪᠣᠯᠤᠭᠰᠠᠨ᠎ᠤ ᠬᠤᠪᠢ᠎ᠳᠤ᠂ ᠵᠥᠪ ᠤᠷᠤᠭᠰᠢᠯᠠᠬᠤ ᠴᠢᠭᠯᠡᠯ᠎ᠢ ᠡᠵᠡᠮᠳᠡᠵᠦ᠂ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ᠂ ᠬᠥᠮᠦᠨ ᠲᠥᠷᠥᠯᠬᠢᠲᠡᠨ᠎ᠤ ᠲᠠᠪᠰᠢᠯᠳᠠ ᠵᠢ ᠪᠠᠶᠡᠯᠡᠭᠦᠯᠬᠦ ᠲᠡᠦᠬᠡᠲᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ᠎ᠤᠨ ᠲᠦᠷᠦ ᠵᠢᠨ ᠨᠠᠮ᠎ᠲᠠᠢ ᠬᠠᠮᠲᠤ᠎ᠪᠠᠷ ᠴᠢᠷᠮᠠᠶ᠋ᠢᠵᠤ᠂ ᠢᠮᠠᠭᠲᠠ ᠭᠤᠶ᠋ᠢᠪᠢᠰᠢ ᠦᠭᠡᠢ᠎ᠪᠠᠷ ᠳᠡᠯᠡᠬᠡᠢ ᠵᠢᠨ ᠡᠩᠬᠡ ᠲᠠᠶ᠋ᠢᠪᠤᠩ᠎ᠤᠨ ᠪᠦᠲᠦᠭᠡᠨ ᠪᠠᠶ᠋ᠢᠭᠤᠯᠤᠭᠴᠢ᠂ ᠪᠦᠬᠦ ᠪᠥᠮᠪᠥᠷᠴᠡᠭ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠤᠨ᠎ᠠ ᠭᠡᠵᠦ ᠴᠢᠬᠤᠯᠠᠴᠢᠯᠠᠪᠠ᠃
      ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ 《ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠦᠶ᠎ᠠ᠄ ᠲᠦᠷᠦ ᠵᠢᠨ ᠨᠠᠮ᠎ᠤᠨ ᠬᠠᠷᠢᠭᠤᠴᠠᠯᠭ᠎ᠠ》᠎ᠪᠠᠷ ᠭᠣᠣᠯ ᠰᠡᠳᠦᠪ ᠪᠣᠯᠭ᠋ᠠᠪᠠ᠃ ᠲᠦᠷᠦᠭᠦᠴᠦᠳ᠎ᠤᠨ ᠬᠤᠷᠠᠯ᠎ᠤᠨ ᠭᠤᠤᠯ ᠬᠤᠷᠠᠯ᠎ᠤᠨ ᠲᠠᠯᠠᠪᠠᠶ ᠵᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠲᠠᠨ ᠰᠢᠷᠭ᠋ᠠᠯ ᠶᠡᠬᠡ ᠲᠢᠩᠬᠢᠮ᠎ᠳᠤ ᠲᠣᠬᠢᠷᠠᠭᠤᠯᠪᠠ᠃ ᠠᠯᠲᠠᠨ ᠰᠢᠷᠭ᠋ᠠᠯ ᠶᠡᠬᠡ ᠲᠢᠩᠬᠢᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠲᠣᠭ ᠪᠣᠯᠤᠨ ᠬᠤᠷᠠᠯ᠎ᠳᠤ ᠣᠷᠣᠯᠴᠠᠭᠰᠠᠨ ᠭᠠᠳᠠᠭ᠋ᠠᠳᠤ ᠤᠯᠤᠰ᠎ᠤᠨ ᠲᠥᠷᠥ ᠵᠢᠨ ᠨᠠᠮ᠎ᠤᠨ ᠨᠠᠮ᠎ᠤᠨ ᠲᠣᠭ ᠰᠣᠯᠪᠢᠴᠠᠨ ᠭᠡᠷᠡᠯᠲᠦᠵᠦ᠂ ᠰᠦᠷᠯᠢᠭ ᠰᠠᠶ᠋ᠢᠬᠠᠨ ᠨᠠᠮ᠎ᠤᠨ ᠲᠣᠭ᠎ᠤᠨ ᠵᠢᠭᠰᠠᠭ᠋ᠠᠯ ᠢᠯᠡᠷᠡᠪᠡ᠃ ᠬᠤᠷᠠᠯ᠎ᠤᠨ ᠲᠠᠯᠠᠪᠠᠶ᠎ᠳᠤ ᠲᠠᠪᠤᠨ ᠲᠣᠮᠣ ᠳᠡᠯᠭᠡᠴᠡ ᠲᠤᠬᠢᠷᠠᠭᠤᠯᠵᠤ᠂ ᠳᠡᠯᠡᠬᠡᠶ ᠵᠢᠨ ᠡᠯ᠎ᠡ ᠤᠯᠤᠰ᠎ᠤᠨ ᠲᠥᠷᠥ ᠵᠢᠨ ᠨᠠᠮ᠎ᠤᠨ ᠤᠳᠤᠷᠢᠳᠬᠤ ᠬᠥᠮᠦᠰ᠎ᠤᠨ 《ᠡᠭᠦᠯᠡᠨ ᠲᠠᠪᠴᠠᠩ》᠎ᠳᠤ ᠴᠤᠭᠯᠠᠷᠠᠵᠤ᠂ ᠶᠡᠬᠡ ᠪᠣᠳᠣᠯᠭ᠎ᠠ ᠵᠢ ᠬᠠᠮᠲᠤ᠎ᠪᠠᠷ ᠡᠷᠢᠯᠬᠢᠯᠡᠵᠦ᠂ ᠢᠷᠡᠭᠡᠳᠦᠶ ᠵᠢᠨ ᠲᠤᠬᠠᠶ ᠬᠠᠮᠲᠤ᠎ᠪᠠᠷ ᠶᠠᠷᠢᠯᠴᠠᠭᠰᠠᠨ ᠠᠮᠢᠳᠤᠯᠢᠭ ᠪᠠᠶ᠋ᠢᠳᠠᠯ᠎ᠢ ᠭᠦᠢ᠍ᠴᠡᠳ ᠢᠯᠡᠷᠡᠭᠦᠯᠪᠡ᠃
      ᠰᠢ ᠵᠢᠨ ᠫᠢᠩ ᠡᠩ ᠲᠡᠷᠢᠭᠦᠨ᠎ᠳᠤ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠲᠤᠷᠰᠢ᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠪᠣᠰᠴᠤ ᠵᠣᠭᠰᠣᠭᠰᠠᠨ ᠪᠠ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠠᠬᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ ᠪᠤᠯᠤᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠤ ᠬᠤᠪᠢ ᠵᠠᠶᠠᠭ᠎ᠠ᠎ᠪᠠᠨ ᠬᠠᠮᠲᠤᠳᠬᠠᠬᠤ ᠵᠢ ᠪᠠᠷᠢᠮᠲᠠᠯᠠᠵᠤ᠂ ᠳᠡᠯᠡᠬᠡᠢ ᠵᠢᠨ ᠶᠡᠬᠡ ᠲᠠᠯ᠎ᠠ ᠪᠣᠯᠤᠨ ᠴᠠᠭ ᠦᠶ᠎ᠡ ᠵᠢᠨ ᠤᠷᠤᠰᠬᠠᠯ ᠳᠤᠮᠳᠠ ᠳᠤᠮᠳᠠᠳᠤ ᠤᠯᠤᠰ᠎ᠤᠨ ᠬᠥᠭᠵᠢᠯᠲᠡ ᠵᠢᠨ ᠤᠷᠤᠭᠰᠢᠯᠠᠯᠲᠠ ᠵᠢᠨ ᠴᠢᠭᠯᠡᠯ᠎ᠢ ᠡᠵᠡᠮᠰᠢᠵᠦ᠂ ᠡᠯ᠎ᠡ ᠤᠯᠤᠰ᠎ᠤᠨ ᠬᠠᠮᠲᠤ ᠵᠢᠨ ᠬᠥᠭᠵᠢᠯ ᠴᠡᠴᠡᠭᠯᠡᠯ᠎ᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠨᠥᠳᠦᠷ᠂ ᠬᠥᠮᠦᠨ ᠲᠥᠷᠥᠯᠬᠢᠲᠡᠨ᠎ᠤ ᠨᠡᠶ᠋ᠢᠭᠡᠮ ᠠᠯᠢ ᠵᠠᠮ ᠵᠶ᠋ᠠᠷ ᠶᠠᠪᠤᠬᠤ ᠲᠡᠦᠬᠡ ᠵᠢᠨ ᠴᠠᠭ ᠦᠶ᠎ᠠ᠎ᠳᠤ ᠳᠠᠬᠢᠨᠲᠠ ᠲᠤᠯᠭ᠋ᠠᠷᠠᠪᠠ᠂ ᠰᠤᠨᠭ᠌ᠭᠤᠯᠲᠠ ᠪᠢᠳᠡᠨ᠎ᠤ ᠭᠠᠷ᠎ᠲᠤ ᠪᠠᠢ᠍ᠢ᠍ᠨ᠎ᠠ᠂ ᠬᠠᠷᠢᠭᠤᠴᠠᠯᠭ᠎ᠠ ᠪᠢᠳᠡᠨ᠎ᠤ ᠮᠥᠷᠥᠨ ᠳᠡᠭᠡᠷ᠎ᠡ ᠲᠠᠯᠪᠢᠬᠳᠠᠵᠦ ᠪᠠᠢ᠍ᠢ᠍ᠨ᠎ᠠ᠃ ᠬᠠᠮᠲᠤ ᠵᠢᠨ ᠥᠷᠢᠰᠥᠯᠳᠦᠭᠡᠨ᠎ᠤ ᠡᠮᠦᠨ᠎ᠡ᠂ ᠬᠥᠮᠦᠨ ᠲᠥᠷᠥᠯᠬᠢᠲᠡᠨ᠎ᠳᠤ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠬᠤ ᠭᠠᠭᠴᠠᠬᠠᠨ ᠯᠠ ᠵᠠᠮ ᠪᠠᠶ᠋ᠢᠳᠠᠭ᠃ ᠲᠦᠷᠦ ᠵᠢᠨ ᠨᠠᠮ᠎ᠨᠢ ᠬᠥᠮᠦᠨ ᠲᠥᠷᠥᠯᠬᠢᠲᠡᠨ᠎ᠤ ᠲᠠᠪᠰᠢᠯᠳᠠ ᠵᠢ ᠠᠬᠢᠭᠤᠯᠬᠤ ᠴᠢᠬᠤᠯᠠ ᠬᠦᠴᠦᠨ ᠪᠣᠯᠤᠭᠰᠠᠨ᠎ᠤ ᠬᠤᠪᠢ᠎ᠳᠤ᠂ ᠵᠥᠪ ᠤᠷᠤᠭᠰᠢᠯᠠᠯᠳᠠ ᠵᠢᠨ ᠴᠢᠭᠯᠡᠯ᠎ᠢ ᠡᠵᠡᠮᠳᠡᠵᠦ᠂ ᠲᠡᠦᠬᠡᠲᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠨᠢᠭᠡᠳᠦᠭᠡᠷ᠎ᠲᠤ᠂ ᠪᠢᠳᠠ ᠴᠢᠭᠯᠡᠯ᠎ᠢ ᠬᠦᠳᠦᠯᠦᠨ ᠳᠠᠭ᠋ᠠᠭᠤᠯᠬᠤ ᠬᠠᠷᠢᠭᠤᠴᠠᠯᠭ᠎ᠠ ᠵᠢ ᠡᠭᠦᠷᠭᠡᠯᠡᠵᠦ᠂ ᠬᠥᠮᠦᠨ ᠲᠥᠷᠥᠯᠬᠢᠲᠡᠨ᠎ᠤ ᠬᠠᠮᠲᠤ ᠵᠢᠨ ᠢᠷᠡᠭᠡᠳᠦᠢ ᠵᠢ ᠡᠵᠡᠮᠳᠡᠨ ᠴᠣᠭᠴᠠᠯᠠᠶ᠎ᠠ᠃ ᠶᠡᠬᠡ ᠴᠠᠭ ᠦᠶ᠎ᠡ᠎ᠳᠤ ᠶᠡᠬᠡ ᠪᠠᠶ᠋ᠢᠷᠢᠰᠢᠯ ᠱᠠᠭ᠋ᠠᠷᠳᠠᠭᠳᠠᠨ᠎ᠠ᠂ ᠶᠡᠬᠡ ᠪᠠᠶ᠋ᠢᠷᠢᠰᠢᠯ᠎ᠨᠢ ᠠᠭᠤᠳᠠᠮ ᠪᠠᠬᠳᠠᠭ᠋ᠠᠮᠵᠢᠳᠠᠢ ᠪᠠᠢ᠍ᠢ᠍ᠬᠤ ᠵᠢ ᠤᠷᠢᠶᠠᠯᠠᠨ᠎ᠠ᠃ ᠪᠢᠳᠡ ᠠᠷᠠᠳ ᠲᠦᠮᠡᠨ᠎ᠤ ᠬᠦᠰᠡᠯ ᠰᠠᠨᠠᠭ᠎ᠠ ᠵᠢ ᠰᠣᠨᠣᠰᠴᠤ᠂ ᠴᠠᠭ ᠦᠶ᠎ᠡ ᠵᠢᠨ ᠤᠷᠤᠰᠬᠠᠯ᠎ᠳᠤ ᠵᠤᠬᠢᠴᠠᠨ᠂ ᠡᠯ᠎ᠡ ᠤᠯᠤᠰ᠎ᠤᠨ᠎ᠬᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠠᠬᠢᠭᠤᠯᠵᠤ᠂ ᠲᠤᠰ ᠤᠯᠤᠰ᠎ᠤᠨ ᠵᠶ᠋ᠠᠨ ᠠᠷᠠᠳ ᠲᠦᠮᠡᠨ᠎ᠤ ᠠᠰᠢᠭ ᠲᠤᠰᠠ ᠵᠢ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠤ ᠠᠰᠢᠭ ᠲᠤᠰᠠ᠎ᠲᠠᠢ ᠨᠢᠭᠡᠳᠬᠡᠵᠦ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠴᠢᠭᠯᠡᠯ ᠲᠡᠶ᠋ᠢᠰᠢ ᠤᠷᠤᠭᠰᠢᠯᠠᠶ᠎ᠠ᠃
      ᠬᠣᠶᠠᠳᠤᠭ᠋ᠠᠷ᠎ᠲᠤ᠂ ᠪᠢᠳᠡ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠬᠠᠷᠢᠭᠤᠴᠠᠯᠭ᠎ᠠ ᠵᠢ ᠡᠭᠦᠷᠭᠡᠯᠡᠵᠦ᠂ ᠡᠩᠬᠡ ᠲᠠᠶ᠋ᠢᠪᠤᠩ᠂ ᠬᠥᠭᠵᠢᠯᠲᠡ᠂ ᠲᠥᠪ ᠭᠣᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠷᠢᠮᠲᠠᠯᠠᠨ ᠪᠠᠳᠠᠷᠠᠭᠤᠯᠤᠶ᠎ᠠ᠃ ᠪᠢᠳᠡ ᠬᠥᠮᠦᠨ ᠲᠥᠷᠥᠯᠬᠢᠲᠡᠨ᠎ᠤ ᠢᠷᠡᠭᠡᠳᠦᠢ ᠬᠤᠪᠢ ᠵᠠᠶᠠᠭ᠎ᠠ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ᠂ ᠠᠳᠠᠯᠢ ᠪᠤᠰᠤ ᠪᠣᠯᠪᠠᠰᠤᠨ᠎ᠤ ᠦᠷᠲᠡᠭ᠎ᠤᠨ ᠠᠭᠤᠯᠤᠭᠳᠠᠬᠤᠨ᠎ᠤ ᠲᠤᠬᠠᠢ ᠲᠠᠨᠢᠯᠳᠠ ᠵᠢ ᠠᠭᠤᠳᠠᠮ ᠪᠠᠭᠲᠠᠭ᠋ᠠᠮᠵᠢᠲᠠᠢ᠎ᠪᠠᠷ ᠣᠶ᠋ᠢᠯᠠᠭ᠋ᠠᠵᠤ᠂ ᠠᠳᠠᠯᠢ ᠪᠤᠰᠤ ᠤᠯᠤᠰ᠎ᠤᠨ ᠠᠷᠠᠳ ᠲᠦᠮᠡᠨ᠎ᠤ ᠦᠷᠲᠡᠭ ᠵᠶ᠋ᠠᠨ ᠪᠡᠶᠡᠯᠡᠭᠦᠯᠬᠦ ᠠᠷᠭ᠎ᠠ ᠵᠠᠮ᠎ᠤᠨ ᠬᠠᠶ᠋ᠢᠨ ᠰᠦᠪᠡᠭᠴᠢᠯᠡᠯᠲᠡ ᠵᠢ ᠬᠦᠨᠳᠦᠳᠬᠡᠵᠦ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠲᠡᠭ᠎ᠢ ᠲᠤᠰ ᠤᠯᠤᠰ᠎ᠤᠨ ᠵᠶ᠋ᠠᠨ ᠠᠷᠠᠳ ᠲᠦᠮᠡᠨ᠎ᠤ ᠠᠰᠢᠭ ᠲᠤᠰᠠ ᠵᠢ ᠪᠡᠶᠡᠯᠡᠭᠦᠯᠬᠦ ᠦᠢ᠍ᠯᠡᠳᠦᠯᠭᠡ᠎ᠳᠤ ᠪᠣᠳᠠᠲᠠᠢ ᠪᠦᠭᠡᠳ ᠠᠬᠤᠢ᠍ᠢ᠍ᠴᠢ᠎ᠪᠠᠷ ᠢᠯᠡᠷᠡᠭᠦᠯᠦᠶ᠎ᠠ᠃
      ᠭᠤᠷᠪᠠᠳᠤᠭ᠋ᠠᠷ᠎ᠲᠤ᠂ ᠪᠢᠳᠡ ᠬᠥᠭᠵᠢᠯᠲᠡ ᠵᠢ ᠠᠬᠢᠭᠤᠯᠬᠤ ᠬᠠᠷᠢᠭᠤᠴᠠᠯᠭ᠎ᠠ ᠵᠢ ᠡᠭᠦᠷᠭᠡᠯᠡᠵᠦ᠂ ᠬᠥᠭᠵᠢᠯᠲᠡ ᠵᠢᠨ ᠦᠷ᠎ᠡ ᠪᠦᠲᠦᠭᠡᠯ᠎ᠢ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠨᠡᠩ ᠭᠣᠣᠯᠴᠢ᠎ᠪᠠᠷ ᠬᠦᠷᠲᠡᠭᠡᠶ᠎ᠠ᠃ ᠬᠥᠮᠦᠨ ᠲᠥᠷᠥᠯᠬᠢᠲᠡᠨ᠎ᠤ ᠵᠣᠯ ᠵᠢᠷᠭ᠋ᠠᠯ᠎ᠢ ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ ᠬᠥᠭᠵᠢᠯᠲᠡ ᠵᠢᠨ ᠠᠵᠠ ᠲᠣᠬᠢᠶᠠᠯ ᠪᠠ ᠡᠷᠬᠡ ᠵᠢ ᠡᠷᠬᠡ ᠲᠡᠭᠰᠢ᠎ᠪᠠᠷ ᠡᠳ᠋ᠯᠡᠬᠦ ᠶᠣᠰᠣᠲᠠᠢ ᠶᠤᠮ᠃ ᠪᠤᠰᠤᠳ ᠤᠯᠤᠰ᠎ᠤᠨ ᠬᠥᠭᠵᠢᠯᠲᠡ ᠵᠢ ᠬᠠᠷᠰᠢᠯᠠᠬᠤ᠂ ᠪᠤᠰᠤᠳ ᠤᠯᠤᠰ᠎ᠤᠨ ᠠᠷᠠᠳ ᠲᠦᠮᠡᠨ᠎ᠤ ᠠᠮᠢᠳᠤᠷᠠᠯ᠎ᠢ ᠬᠣᠬᠢᠷᠠᠭᠤᠯᠬᠤ᠎ᠪᠠᠷ ᠬᠢᠬᠠᠬᠰᠠᠨ ᠶᠠᠮᠠᠷᠪᠠ ᠤᠯᠤᠰ ᠲᠦᠷᠦ ᠵᠢᠨ ᠤᠷᠤᠯᠳᠤᠯᠭ᠎ᠠ᠎ᠨᠢ ᠴᠥᠮ ᠬᠥᠮᠦᠨ᠎ᠤ ᠰᠡᠳᠬᠢᠯ᠎ᠢ ᠤᠯᠬᠤ ᠦᠭᠡᠢ ᠪᠥᠭᠡᠳ ᠡᠴᠦᠰ᠎ᠲᠡᠭᠡᠨ ᠲᠠᠯᠠᠭ᠋ᠠᠷ ᠪᠣᠯᠤᠨ᠎ᠠ!
      ᠳᠥᠷᠪᠡᠳᠦᠭᠡᠷ᠎ᠲᠤ᠂ ᠪᠢᠳᠡ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠬᠠᠷᠢᠭᠤᠴᠠᠯᠭ᠎ᠠ ᠵᠢ ᠡᠭᠦᠷᠭᠡᠯᠡᠵᠦ᠂ ᠪᠦᠬᠦ ᠪᠥᠮᠪᠥᠷᠴᠡᠭ᠎ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ᠎ᠢ ᠭᠠᠷ ᠬᠣᠯᠪᠣᠯᠴᠠᠨ ᠠᠷᠭ᠋ᠠᠴᠠᠭ᠋ᠠᠶ᠎ᠠ᠃ ᠪᠢᠳᠡ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠢ ᠰᠠᠨᠠᠭ᠋ᠠᠴᠢᠯᠠᠵᠤ᠂ ᠬᠢᠵᠢᠭ᠎ᠢ ᠤᠯᠤᠰ ᠲᠥᠷᠥᠴᠢᠯᠡᠬᠦ ᠵᠢ ᠡᠰᠡᠷᠭᠦᠴᠡᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠴᠣᠭᠴᠠ ᠵᠢ ᠪᠠᠶ᠋ᠢᠭᠤᠯᠬᠤ ᠵᠢ ᠬᠠᠮᠲᠤ᠎ᠪᠠᠷ ᠠᠬᠢᠭᠤᠯᠤᠶ᠎ᠠ; ᠬᠠᠮᠲᠤᠷᠠᠯᠴᠠᠭ᠎ᠠ᠎ᠪᠠᠷ ᠠᠮᠤᠷ ᠲᠦᠪᠰᠢᠨ᠂ ᠲᠣᠭᠲᠠᠭᠤᠨ ᠪᠠᠶ᠋ᠢᠳᠠᠯ᠎ᠢ ᠪᠣᠳᠣᠯᠬᠢᠯᠠᠵᠤ᠂ ᠠᠮᠤᠷ ᠲᠦᠪᠰᠢᠨ᠎ᠤ 《ᠬᠠᠯᠬᠠᠪᠴᠢ》 ᠵᠢ ᠬᠠᠮᠲᠤ᠎ᠪᠠᠷ ᠰᠠᠶ᠋ᠢᠲᠤᠷ ᠴᠣᠭᠴᠠᠯᠠᠶ᠎ᠠ; ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠵᠢ ᠪᠠᠷᠢᠮᠲᠠᠯᠠᠵᠤ᠂ ᠪᠣᠬᠢᠷᠲᠤᠯ ᠦᠭᠡᠢ ᠭᠡᠷ ᠣᠷᠣᠨ᠎ᠢ ᠬᠠᠮᠲᠤ᠎ᠪᠠᠷ ᠪᠠᠶ᠋ᠢᠭᠤᠯᠤᠶ᠎ᠠ; ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠠᠮ᠎ᠢ ᠬᠠᠮᠲᠤ᠎ᠪᠠᠷ ᠰᠦᠪᠡᠭᠴᠢᠯᠡᠶ᠎ᠠ᠃
      ᠲᠠᠪᠤᠳᠤᠭ᠋ᠠᠷ᠎ᠲᠤ᠂ ᠪᠢᠳᠡ ᠵᠠᠰᠠᠯᠲᠠ ᠵᠢ ᠲᠡᠭᠦᠯᠳᠡᠷᠵᠢᠭᠦᠯᠬᠦ ᠬᠠᠷᠢᠭᠤᠴᠠᠯᠭ᠎ᠠ ᠵᠢ ᠡᠭᠦᠷᠭᠡᠯᠡᠵᠦ᠂ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠳᠬᠠᠶ᠎ᠠ᠃ ᠵᠣᠯ ᠵᠢᠷᠭ᠋ᠠᠯ᠎ᠢ ᠤᠯᠬᠤ ᠵᠠᠮ ᠠᠳᠠᠯᠢ ᠪᠤᠰᠤ ᠪᠠᠢ᠍ᠢ᠍ᠲᠠᠭ᠂ ᠡᠯ᠎ᠡ ᠤᠯᠤᠰ᠎ᠤᠨ ᠠᠷᠠᠳ ᠲᠦᠮᠡᠨ ᠥᠪᠡᠷ᠎ᠤᠨ ᠬᠥᠭᠵᠢᠯᠲᠡ ᠵᠢᠨ ᠵᠠᠮ ᠪᠣᠯᠤᠨ ᠪᠠᠶ᠋ᠢᠭᠤᠯᠤᠯ᠎ᠤᠨ ᠵᠠᠭᠪᠤᠷ ᠵᠶ᠋ᠠᠨ ᠰᠣᠩᠭᠣᠬᠤ ᠡᠷᠬᠡ᠎ᠲᠠᠢ᠂ ᠡᠨᠡ᠎ᠨᠢ ᠳᠠᠷᠤᠢ ᠠᠷᠠᠳ ᠲᠦᠮᠡᠨ᠎ᠤ ᠵᠣᠯ ᠵᠢᠷᠭ᠋ᠠᠯ᠎ᠤᠨ ᠪᠠᠶ᠋ᠢᠪᠠᠰᠤ ᠵᠣᠬᠢᠬᠤ ᠠᠭᠤᠯᠭ᠎ᠠ ᠪᠣᠯᠤᠨ᠎ᠠ᠃ ᠨᠢᠭᠡ ᠤᠯᠤᠰ ᠠᠷᠠᠳᠴᠢᠯᠠᠯ᠎ᠲᠠᠢ ᠡᠰᠡᠭᠦ ᠵᠢ ᠲᠡᠷᠡ ᠤᠯᠤᠰ᠎ᠤᠨ ᠠᠷᠠᠳ ᠲᠦᠮᠠᠠ ᠵᠶ᠋ᠠᠷ ᠦᠨᠡᠯᠡᠭᠦᠯᠬᠦ ᠴᠢᠬᠤᠯᠠᠲᠠᠢ᠂ ᠬᠠᠷᠢᠨ ᠴᠥᠭᠡᠨ ᠲᠣᠭ᠋ᠠᠨ᠎ᠤ ᠬᠥᠮᠦᠨ ᠬᠡᠯᠡᠭᠡᠳ ᠪᠣᠯᠴᠢᠬᠠᠬᠤ ᠪᠢᠰᠢ! ᠪᠢᠳᠡ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭ᠋ᠠᠬᠤ᠎ᠪᠠᠨ ᠴᠢᠩᠭ᠋ᠠᠳᠬᠠᠵᠤ᠂ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠵᠣᠬᠢᠴᠠᠭᠰᠠᠨ ᠠᠷᠠᠳᠴᠢᠯᠠᠭᠰᠠᠨ ᠤᠯᠤᠰ ᠲᠦᠷᠦ ᠵᠢᠨ ᠪᠠᠶ᠋ᠢᠭᠤᠯᠤᠯᠲᠠ ᠵᠢ ᠠᠬᠢᠭᠤᠯᠤᠶ᠎ᠠ᠃
      ᠰᠢ ᠵᠢᠨ ᠫᠢᠩ᠂ ᠲᠤᠮᠲᠠᠲᠤ ᠤᠯᠤᠰ᠎ᠤᠨ ᠤᠴᠢᠷ ᠶᠠᠪᠤᠲᠠᠯ ᠵᠶ᠋ᠠᠨ ᠰᠠᠢ᠍ᠢ᠍ᠨ ᠬᠢᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠰᠠᠶ᠋ᠢᠬᠠᠨ ᠠᠮᠢᠳᠤᠷᠠᠯ᠎ᠢ ᠡᠳ᠋ᠯᠡᠭᠦᠯᠵᠦ᠂ ᠬᠥᠮᠦᠨ ᠲᠥᠷᠥᠯᠬᠢᠲᠡᠨ᠎ᠤ ᠡᠩᠬᠡ ᠲᠠᠶ᠋ᠢᠪᠤᠩ ᠬᠢᠭᠡᠳ ᠬᠥᠭᠵᠢᠯᠲᠡ ᠵᠢᠨ ᠡᠷᠬᠢᠮ ᠳᠡᠭᠡᠳᠦ ᠦᠢ᠍ᠯᠡᠰ᠎ᠢ ᠠᠬᠢᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ ᠵᠠᠢ ᠵᠢᠨ ᠦᠷᠭᠡᠷᠢᠭ᠎ᠠᠴᠠ ᠦᠨᠳᠦᠰᠦᠲᠡᠨ᠎ᠤ ᠰᠡᠷᠭᠦᠨ ᠮᠠᠨᠳᠤᠯᠲᠠ ᠪᠣᠯᠤᠨ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠤᠳᠬ᠎ᠠ ᠬᠦᠨ ᠰᠡᠳᠦᠪ᠎ᠢ ᠪᠣᠳᠣᠯᠬᠢᠯᠠᠵᠤ᠂ ᠡᠯ᠎ᠠ ᠤᠯᠤᠰ᠎ᠤᠨ ᠲᠦᠷᠦ ᠵᠢᠨ ᠨᠠᠮ᠎ᠲᠠᠢ ᠬᠠᠮᠲᠤ᠎ᠪᠠᠷ ᠴᠢᠷᠮᠠᠢ᠍ᠢ᠍ᠵᠦ ᠪᠠᠢ᠍ᠢ᠍ᠭ᠋ᠠᠳ ᠨᠡᠩ ᠰᠠᠢ᠍ᠢ᠍ᠨ ᠰᠠᠶ᠋ᠢᠬᠠᠨ ᠢᠷᠡᠭᠡᠳᠦᠢ ᠵᠢ ᠴᠣᠭᠴᠠᠯᠠᠨ᠎ᠠ ᠭᠡᠵᠦ ᠵᠢᠭ᠋ᠠᠵᠤ ᠭᠠᠷᠭ᠋ᠠᠪᠠ᠃
     — ᠲᠤᠮᠳᠠᠳᠤ ᠤᠯᠤᠰ᠎ᠤᠨ ᠡᠪ ᠬᠠᠮᠲᠤ ᠨᠠᠮ ᠲᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠲᠠᠭ᠋ᠠᠭᠤᠯᠵᠤ ᠲᠤᠮᠳᠠᠳᠤ ᠤᠯᠤᠰ᠎ᠤᠨ ᠤᠨᠴᠠᠯᠢᠭ᠎ᠲᠠᠢ ᠤᠳᠤᠬᠢᠴᠢᠯᠠᠯᠲᠠ ᠵᠢ ᠭᠦᠨᠵᠡᠭᠡᠢ ᠠᠬᠢᠭᠤᠯᠵᠤ᠂ ᠬᠦᠮᠦᠨ ᠲᠦᠷᠦᠯᠬᠢᠲᠡᠨ᠎ᠤ ᠤᠳᠤᠬᠢᠴᠢᠯᠠᠯᠲᠠ ᠵᠢᠨ ᠵᠠᠮ᠎ᠢ ᠬᠠᠢ᠍ᠢ᠍ᠨ ᠰᠦᠪᠡᠭᠴᠢᠯᠡᠬᠦ᠎ᠳᠤ ᠰᠢᠨ᠎ᠠ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ᠎ᠢ ᠰᠦᠪᠡᠭᠴᠢᠯᠡᠨ ᠭᠠᠷᠭ᠋ᠠᠪᠠ᠃ ᠪᠢᠳᠡ ᠡᠨᠡ ᠬᠦ᠌ ᠰᠠᠷᠠᠭᠤᠯ ᠳᠠᠷᠳᠠᠩ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠥᠪᠡᠷ᠎ᠢ᠎ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ᠎ᠳᠤ ᠪᠤᠶᠠᠨ ᠦᠢ᠍ᠯᠡᠳᠦᠨ᠎ᠡ᠃
     — ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ ᠨᠡᠭᠡᠭᠡᠯᠳᠡ ᠵᠢ ᠥᠷᠭᠡᠳᠬᠡᠵᠦ᠂ ᠳᠡᠯᠡᠬᠡᠢ ᠵᠢᠨ ᠡᠯ᠎ᠡ ᠤᠯᠤᠰ᠎ᠤᠨ ᠬᠠᠮᠲᠤ ᠵᠢᠨ ᠬᠥᠭᠵᠢᠯ ᠴᠡᠴᠡᠭᠯᠡᠯ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ᠎ᠤᠨ ᠲᠦᠷᠦ ᠵᠢᠨ ᠨᠠᠮ᠎ᠯᠤᠭ᠎ᠠ ᠤᠯᠤᠯᠴᠠᠭ᠎ᠠ᠎ᠪᠠᠨ ᠴᠢᠩᠭ᠋ᠠᠳᠬᠠᠵᠤ᠂ ᠠᠵᠤ ᠠᠬᠤᠢ ᠵᠢᠨ   ᠳᠡᠯᠡᠬᠡᠶ᠋ᠢᠵᠢᠯᠲᠡ ᠵᠢᠨ   ᠨᠡᠩ   ᠨᠡᠭᠡᠭᠡᠯᠲᠡᠲᠡᠢ  ᠂   ᠪᠠᠭᠲᠠᠭ᠋ᠠᠮᠵᠢᠲᠠᠢ  ᠂   ᠲᠦᠭᠡᠮᠡᠯ   ᠠᠰᠢᠭ   ᠬᠦᠷᠲᠡᠭᠡᠬᠦ  ᠂ ᠲᠡᠩᠴᠡᠭᠦᠷᠢᠲᠡᠢ᠂ ᠬᠠᠮᠲᠤ᠎ᠪᠠᠷ ᠠᠰᠢᠭ ᠬᠦᠷᠳᠡᠬᠦ ᠴᠢᠭᠯᠡᠯ ᠲᠡᠶ᠋ᠢᠰᠢ ᠬᠥᠭᠵᠢᠬᠦ ᠵᠢ ᠬᠠᠮᠲᠤ᠎ᠪᠠᠷ ᠬᠦᠲᠦᠯᠦᠨ ᠵᠢᠯᠣᠭᠣᠳᠤᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠬᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠬᠦ   ᠪᠥᠮᠪᠥᠷᠴᠡᠭ ᠎ᠤᠨ   ᠬᠣᠯᠪᠣᠯᠳᠤᠨ   ᠨᠡᠪᠲᠡᠷᠡᠯᠴᠡᠬᠦ ᠵᠢ   ᠠᠬᠢᠭᠤᠯᠬᠤ ᠎ᠳᠤ   ᠬᠠᠮᠲᠤ ᠎ᠪᠠᠷ   ᠬᠦᠴᠦ ᠨᠡᠮᠡᠷᠢᠯᠡᠵᠦ᠂ ᠨᠡᠩ ᠤᠯᠠᠨ ᠤᠯᠤᠰ᠂ ᠨᠡᠩ   ᠤᠯᠠᠨ   ᠠᠷᠠᠳ ᠲᠦᠮᠡᠨ᠎ᠳᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠨ᠎ᠡ᠃
     — ᠳᠤᠮᠳᠠᠳᠤ   ᠤᠯᠤᠰ ᠎ᠤᠨ   ᠡᠪ   ᠬᠠᠮᠲᠤ   ᠨᠠᠮ   ᠲᠣᠮ᠊᠎ᠤ ᠤᠯᠤᠰ   ᠲᠣᠮᠣ   ᠨᠠᠮ ᠎ᠤᠨ   ᠬᠠᠷᠢᠭᠤᠴᠠᠯᠭ᠎ᠠ ᠵᠢ   ᠭᠦᠢ᠍ᠴᠡᠳᠬᠡᠵᠦ᠂ ᠬᠥᠮᠦᠨ ᠲᠥᠷᠥᠯᠬᠢᠲᠡᠨ᠎ᠤ ᠪᠤᠶᠠᠨ ᠬᠡᠰᠢᠭ᠎ᠢ ᠨᠡᠮᠡᠭᠳᠡᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠶᠠᠳᠠᠭᠤ ᠬᠦᠴᠢᠷᠳᠡᠯ᠎ᠢ ᠠᠷᠢᠯᠭ᠋ᠠᠬᠤ ᠪᠣᠯ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠂ ᠡᠯ᠎ᠡ ᠤᠯᠤᠰ᠎ᠤᠨ ᠲᠦᠷᠦ ᠵᠢᠨ ᠨᠠᠮ᠎ᠤᠨ ᠴᠢᠷᠮᠠᠶ᠋ᠢᠨ ᠪᠡᠶᠡᠯᠡᠭᠦᠯᠬᠦ ᠴᠢᠬᠤᠯᠠ ᠬᠠᠷᠠᠯᠲᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠬᠥᠮᠦᠨ ᠲᠥᠷᠥᠯᠬᠢᠲᠡᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠵᠢ ᠴᠥᠭᠡᠳᠬᠡᠬᠦ ᠠᠬᠢᠴᠠ᠎ᠳᠤ ᠨᠡᠩ ᠤᠯᠠᠨ ᠳᠤᠮᠳᠠᠳᠤ ᠤᠯᠤᠰ᠎ᠤᠨ ᠲᠥᠰᠦᠯ ᠪᠣᠯᠤᠨ ᠳᠤᠮᠳᠠᠳᠤ ᠤᠯᠤᠰ᠎ᠤᠨ ᠬᠦᠴᠦᠨ᠎ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ ᠤᠯᠠᠨ ᠤᠯᠤᠰ᠎ᠤᠨ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠵᠢ ᠪᠦᠬᠦ ᠬᠦᠴᠦ᠎ᠪᠠᠷ ᠵᠶ᠋ᠠᠨ ᠳᠡᠮᠵᠢᠵᠦ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃
     — ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠬᠦ ᠵᠢ ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠭᠠᠷ ᠬᠣᠯᠪᠣᠯᠴᠠᠠ ᠬᠠᠮᠲᠤ ᠵᠢᠨ ᠥᠷᠢᠰᠥᠯᠳᠦᠭᠡᠨ᠎ᠢ ᠠᠷᠭ᠋ᠠᠴᠠᠭ᠋ᠠᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠯᠠᠨ ᠤᠯᠤᠰ᠎ᠤᠨ ᠲᠦᠷᠢᠮ ᠪᠣᠯ ᠳᠡᠯᠡᠬᠡᠢ ᠵᠢᠨ ᠡᠯ᠎ᠡ ᠤᠯᠤᠰ᠎ᠤᠨ   ᠬᠠᠮᠲᠤ ᠎ᠪᠠᠷ   ᠮᠡᠳᠡᠷᠡᠬᠦ   ᠲᠦᠷᠢᠮ   ᠪᠠᠶ᠋ᠢᠬᠤ   ᠶᠣᠰᠣᠲᠠᠢ᠂ ᠬᠠᠷᠢᠨ   ᠴᠥᠭᠡᠨ   ᠲᠣᠭ᠋ᠠᠨ ᠎ᠤ   ᠬᠥᠮᠦᠰ   ᠲᠣᠭᠲᠠᠭ᠋ᠠᠬᠤ ᠪᠢᠰᠢ᠃ ᠪᠢᠳᠡ ᠤᠯᠠᠨ ᠲᠠᠯᠠᠲᠤ ᠦᠵᠡᠯ᠎ᠤᠨ ᠨᠡᠷ᠎ᠡ᠎ᠪᠠᠷ ᠭᠠᠭᠴᠠ ᠲᠠᠯᠠᠲᠤ ᠦᠵᠡᠯ᠎ᠤᠨ ᠪᠣᠳᠠᠲᠤ ᠠᠵᠢᠯᠯᠠᠭ᠎ᠠ ᠬᠢᠬᠦ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠬᠠᠮᠲᠤ᠎ᠪᠠᠷ ᠡᠰᠡᠷᠭᠦᠴᠡᠨ᠎ᠠ᠃ ᠳᠤᠮᠳᠠᠳᠤ ᠤᠯᠤᠰ ᠡᠭᠦᠷᠢᠳᠡ ᠬᠥᠭᠵᠢᠵᠦ ᠪᠠᠶ᠋ᠢᠭ᠎ᠠ ᠤᠯᠤᠰ᠎ᠤᠳ᠎ᠤᠨ ᠶᠡᠬᠡ ᠭᠡᠷ ᠪᠦᠯᠢ ᠵᠢᠨ ᠨᠢᠭᠡ ᠭᠡᠰᠢᠭᠦᠨ ᠮᠥᠨ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠤᠯᠠᠨ ᠤᠯᠤᠰ᠎ᠤᠨ ᠵᠠᠰᠠᠯᠲᠠ ᠵᠢᠨ ᠰᠢᠰᠲ᠋ᠧᠮ᠎ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠵᠢ ᠳᠡᠭᠡᠭᠰᠢᠯᠡᠭᠦᠯᠬᠦ᠎ᠪᠠᠷ ᠡᠷᠡᠰ ᠭᠤᠶ᠋ᠢᠪᠢᠰᠢ ᠦᠭᠡᠢ ᠴᠢᠷᠮᠠᠶ᠋ᠢᠨ᠎ᠠ᠃
      ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ᠎ᠤᠨ ᠲᠦᠷᠦ ᠵᠢᠨ ᠨᠠᠮ ᠪᠣᠯᠤᠨ ᠤᠯᠤᠰ ᠲᠦᠷᠦ ᠵᠢᠨ ᠵᠣᠬᠢᠶᠠᠨ ᠪᠠᠶ᠋ᠢᠭᠤᠯᠤᠯᠲᠠ᠎ᠲᠠᠢ ᠬᠠᠮᠲᠤ᠎ᠪᠠᠷ ᠦᠷᠭᠦᠯᠵᠢᠯᠡᠨ ᠲᠡᠦᠬᠡ ᠵᠢᠨ ᠵᠥᠪ ᠲᠠᠯ᠎ᠠ᠎ᠳᠤ ᠵᠣᠭᠰᠣᠵᠤ᠂ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠲᠠᠯ᠎ᠠ᠎ᠳᠤ ᠵᠣᠭᠰᠣᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠠᠬᠢᠭᠤᠯᠬᠤ᠂ ᠨᠡᠩ ᠦᠵᠡᠰᠭᠦᠯᠡᠩᠲᠤ ᠰᠠᠶ᠋ᠢᠬᠠᠨ ᠳᠡᠯᠡᠬᠡᠢ ᠶᠢᠷᠲᠢᠨᠴᠦ ᠵᠢ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠠ! ᠭᠡᠵᠦ ᠴᠢᠬᠤᠯᠠᠴᠢᠯᠠᠪᠠ᠃
      ᠡᠮᠦᠨᠡᠲᠦ ᠠᠹᠷᠢᠺᠠ ᠵᠢᠨ ᠠᠹᠷᠢᠺᠠᠴᠤᠳ᠎ᠤᠨ ᠤᠯᠤᠰ ᠠᠷᠠᠳ᠎ᠤᠨ ᠶᠡᠬᠡ ᠬᠤᠷᠠᠯ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠯᠠᠮᠠᠹᠦ᠋ᠰᠠ᠂ ᠺᠠᠽᠠᠭᠰᠲ᠋ᠠᠨ᠎ᠤ 《ᠡᠬᠡ ᠤᠯᠤᠰ᠎ᠤᠨ ᠬᠢᠯᠪᠠᠭ᠎ᠠ》 ᠨᠠᠮ᠎ᠤᠨ ᠲᠡᠷᠢᠭᠦᠯᠡᠭᠴᠢ᠂ ᠠᠩᠬᠠᠳᠠᠭᠴᠢ ᠶᠡᠷᠦᠩᠬᠡᠶ᠋ᠢᠯᠡᠭᠴᠢ ᠨᠠᠵᠠᠷᠪᠠᠶᠧᠹ᠂ ᠣᠷᠣᠰ᠎ᠤᠨ ᠨᠢᠭᠡᠳᠦᠭᠰᠡᠨ ᠣᠷᠣᠰ ᠨᠠᠮ᠎ᠤᠨ ᠲᠡᠷᠢᠭᠦᠯᠡᠭᠴᠢ᠂ ᠣᠷᠣᠰ᠎ᠤᠨ ᠬᠣᠯᠪᠣᠭ᠋ᠠᠨ᠎ᠤ ᠠᠮᠤᠷ ᠲᠦᠪᠰᠢᠨ᠎ᠤ ᠬᠤᠷᠠᠯ᠎ᠤᠨ ᠳᠡᠳ᠋ ᠲᠡᠷᠢᠭᠦᠯᠡᠭᠴᠢ ᠮᠸᠢᠢ᠍ᠳ᠋ᠸᠸᠢᠵᠢᠶᠧᠹ᠂ ᠠᠷᠭᠧᠨ᠋ᠲ᠋ᠢᠨ᠎ᠤ ᠰᠢᠳᠤᠷᠭᠤ ᠶᠣᠰᠣ ᠨᠠᠮ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠹᠸᠷᠨᠠᠨᠳ᠋ᠸᠰ᠂ ᠸᠢᠶᠧᠲᠨᠠᠮ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ ᠷᠤᠸᠠᠨ ᠹᠦ᠋ ᠵᠥᠩ᠂ ᠺᠦᠪᠠ ᠵᠢᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠢᠭᠡᠳᠦᠭᠡᠷ ᠱᠦᠵᠢ᠂ ᠤᠯᠤᠰ᠎ᠤᠨ ᠲᠡᠷᠢᠭᠦᠯᠡᠭᠴᠢ ᠳ᠋ᠢᠶᠠᠰ — ᠺᠠᠨᠧᠯ᠂ ᠹᠢᠯᠢᠫᠢᠨ᠎ᠤ ᠠᠷᠠᠳᠴᠢᠯᠠᠭᠰᠠᠨ ᠠᠷᠠᠳ᠎ᠤᠨ ᠬᠦᠴᠦᠨ ᠨᠠᠮ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠳ᠋ᠦᠲᠸᠷᠳ᠋ᠸ᠂ ᠺᠠᠮᠪᠣᠵᠠ ᠵᠢᠨ ᠠᠷᠠᠳ᠎ᠤᠨ ᠨᠠᠮ᠎ᠤᠨ ᠲᠡᠷᠢᠭᠦᠯᠡᠭᠴᠢ᠂ ᠲᠡᠷᠢᠭᠦᠨ ᠰᠠᠶ᠋ᠢᠳ ᠬᠤᠩᠰᠸᠨ᠂ ᠽᠢᠮᠪᠠᠪᠦ᠋ᠸᠧᠢ ᠵᠢᠨ ᠠᠹᠷᠢᠺᠠ ᠵᠢᠨ ᠦᠨᠳᠦᠰᠦᠲᠡᠨ᠎ᠤ ᠬᠣᠯᠪᠣᠭ᠎ᠠ — ᠡᠭᠡ ᠤᠷᠤᠨᠴᠢ ᠹᠷᠣᠨᠲ᠎ᠤᠨ ᠲᠡᠷᠢᠭᠦᠯᠡᠭᠴᠢ ᠪᠥᠭᠡᠳ ᠨᠢᠭᠡᠳᠦᠭᠡᠷ ᠱᠦᠵᠢ᠂ ᠶᠡᠷᠦᠩᠬᠡᠶ᠋ᠢᠯᠡᠭᠴᠢ ᠮᠦᠨᠠᠨᠵᠢᠶᠠᠬᠦ᠋ᠸᠠ᠂ ᠫᠠᠯᠸᠰᠲ᠋ᠠᠢ᠍ᠢ᠍ᠨ᠎ᠤ ᠹᠠᠲ᠋ᠠᠾ ᠵᠢᠨ ᠲᠡᠷᠢᠭᠦᠯᠡᠭᠴᠢ᠂ ᠶᠡᠷᠦᠩᠬᠡᠶ᠋ᠢᠯᠡᠭᠴᠢ ᠠᠪᠠᠰ᠂ ᠰᠸᠷᠪᠢᠶ᠎ᠠ ᠵᠢᠨ ᠤᠷᠤᠭᠰᠢᠯᠠᠯᠲᠠ ᠨᠠᠮ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠥᠴᠢᠴᠢ᠂ ᠫᠠᠺᠢᠰᠲ᠋ᠠᠨ᠎ᠤ ᠰᠢᠳᠤᠷᠭᠤ ᠶᠣᠰᠣᠨ᠎ᠤ ᠬᠥᠳᠡᠯᠭᠡᠭᠡᠨ ᠨᠠᠮ᠎ᠤᠨ ᠲᠡᠷᠢᠭᠦᠯᠡᠭᠴᠢ᠂ ᠶᠡᠷᠦᠩᠬᠡᠶ ᠰᠠᠶ᠋ᠢᠳ ᠢᠮᠦ᠋ᠯᠠᠨ · ᠬᠠᠨ᠂ ᠮᠣᠽᠠᠮᠪᠢᠺ᠎ᠤᠨ ᠴᠢᠯᠥᠭᠡᠯᠡᠯᠲᠡ ᠵᠢᠨ ᠹᠷᠣᠨᠲ ᠨᠠᠮ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠨᠢᠦ᠋ᠰᠢ᠂ ᠨᠠᠮᠢᠪᠢᠶ᠎ᠠ ᠵᠢᠨ ᠪᠠᠷᠠᠭᠤᠨ ᠡᠮᠦᠨᠡᠳᠤ ᠠᠹᠷᠢᠺᠠ ᠵᠢᠨ ᠠᠷᠠᠳ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠲᠡᠷᠢᠭᠦᠯᠡᠭᠴᠢ᠂ ᠶᠡᠷᠦᠩᠬᠡᠶ᠋ᠢᠯᠡᠭᠴᠢ ᠭ᠋ᠸᠨᠭᠸᠪᠦ᠋᠂ ᠺᠣᠩᠭᠣ᠋ ᠵᠢᠨ ᠬᠥᠳᠡᠯᠮᠦᠷᠢᠴᠢᠨ᠎ᠤ ᠨᠠᠮ᠎ᠤᠨ ᠲᠡᠷᠢᠭᠦᠯᠡᠭᠴᠢ᠂ ᠺᠣᠩᠭᠣ᠋ (ᠪᠦ᠊) ᠵᠢᠨ ᠶᠡᠷᠦᠩᠬᠡᠶ᠋ᠢᠯᠡᠭᠴᠢ ᠰᠠᠰᠦ᠋᠂ ᠰᠷᠢ ᠯᠠᠨᠺᠠ ᠵᠢᠨ ᠠᠷᠠᠳ᠎ᠤᠨ ᠹᠷᠤᠨᠲ ᠨᠠᠮ᠎ᠤᠨ ᠤᠳᠤᠷᠢᠳᠤᠭᠴᠢ᠂ ᠶᠡᠷᠦᠩᠬᠡᠶ ᠰᠠᠶ᠋ᠢᠳ ᠮᠠᠰᠢᠨᠳᠠ · ᠯᠠᠵᠢᠶᠠᠫᠠᠺᠸᠰᠠ᠂ ᠪᠤᠯᠢᠸᠢᠶ᠎ᠠ ᠵᠢᠨ ᠨᠡᠶ᠋ᠢᠭᠡᠮ ᠵᠢᠷᠤᠮ᠎ᠤᠨ ᠬᠥᠳᠡᠯᠭᠡᠭᠡᠨ᠎ᠤ ᠲᠡᠷᠢᠭᠦᠯᠡᠭᠴᠢ᠂ ᠤᠤᠯ᠎ᠤᠨ ᠶᠡᠷᠦᠩᠬᠡᠶ᠋ᠢᠯᠡᠭᠴᠢ ᠮᠣᠯᠠᠯᠠᠶ᠋ᠢᠰ᠂ ᠮᠤᠷᠤᠺᠺᠤ ᠵᠢᠨ ᠲᠥᠪ ᠭᠤᠤᠯᠴᠢ ᠪᠠ ᠬᠥᠭᠵᠢᠭᠦᠯᠦᠯᠲᠡ ᠨᠠᠮ᠎ᠤᠨ ᠶᠡᠷᠦᠩᠬᠡᠶ ᠱᠦᠵᠢ᠂ ᠲᠡᠷᠢᠭᠦᠨ ᠰᠠᠶ᠋ᠢᠳ ᠣᠰᠮᠠᠠᠨᠢ᠂ ᠡᠮᠦᠨᠡᠲᠦ ᠰᠦᠳᠠᠨ᠎ᠤ ᠰᠦᠳᠠᠨ᠎ᠤ ᠠᠷᠠᠳ᠎ᠤᠨ ᠴᠢᠯᠥᠭᠡᠯᠡᠯᠲᠡ ᠵᠢᠨ ᠬᠥᠳᠡᠯᠭᠡᠭᠡᠨ᠎ᠤ ᠲᠡᠷᠢᠭᠦᠯᠡᠭᠴᠢ᠂ ᠶᠡᠷᠦᠩᠬᠡᠶ᠋ᠢᠯᠡᠭᠴᠢ ᠺᠢᠷ᠂ ᠨᠡᠶ᠋ᠢᠭᠡᠮ ᠨᠠᠮ᠎ᠤᠨ ᠤᠯᠠᠨ ᠤᠯᠤᠰ᠎ᠤᠨ ᠲᠡᠷᠢᠭᠦᠯᠡᠭᠴᠢ ᠫᠠᠫᠠᠨᠳ᠋ᠷᠢᠣ᠋᠂ ᠢᠰᠫᠠᠨᠢ ᠵᠢᠨ ᠡᠪ ᠬᠠᠮᠲᠤ ᠨᠠᠮ᠎ᠤᠨ ᠲᠡᠷᠢᠭᠦᠯᠡᠭᠴᠢ ᠰᠸᠨ᠋ᠲᠷᠢᠶ᠎ᠠ ᠨᠠᠷ ᠲᠦᠷᠦᠭᠦᠴᠦᠳ᠎ᠤᠨ ᠬᠤᠷᠠᠯ ᠳᠡᠭᠡᠷ᠎ᠡ ᠪᠠᠶᠠᠷ᠎ᠤᠨ ᠦᠭᠡ ᠬᠡᠯᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ᠎ᠳᠤ ᠬᠠᠯᠠᠭᠤᠨ ᠪᠠᠶᠠᠷ ᠬᠦᠷᠭᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠶᠡᠷᠦ ᠪᠤᠰᠤ ᠵᠢᠨ ᠥᠩᠭᠡᠷᠡᠯᠲᠡ ᠵᠢ ᠳᠡᠭᠡᠳᠦ ᠬᠡᠮᠵᠢᠶ᠎ᠡ᠎ᠪᠠᠷ ᠦᠨᠡᠯᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠵᠶ᠋ᠠᠷ ᠭᠤᠤᠯ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠡᠯ᠎ᠡ ᠬᠦᠷᠢᠶᠡᠨ᠎ᠳᠤ ᠣᠯᠤᠭᠰᠠᠨ ᠲᠡᠦᠬᠡᠲᠦ ᠴᠢᠨᠠᠷᠲᠠᠢ ᠬᠥᠭᠵᠢᠯᠲᠡ ᠵᠢᠨ ᠠᠮᠵᠢᠯᠲᠠ ᠪᠠ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠵᠢ ᠬᠠᠯᠠᠭᠤᠨ ᠵᠶ᠋ᠠᠷ ᠮᠠᠭᠳᠠᠨ ᠰᠠᠢ᠍ᠢ᠍ᠰᠢᠶᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠭᠤᠤᠯ ᠵᠤᠷᠢᠯᠳᠠᠳᠦ ᠶᠠᠷᠢᠶᠠᠨ᠎ᠳᠤ ᠳᠤᠷᠠᠳᠤᠭᠰᠠᠨ ᠲᠥᠷᠥ ᠵᠢᠨ ᠪᠣᠳᠣᠯᠭ᠎ᠠ ᠵᠢᠨ ᠰᠠᠨᠠᠭ᠋ᠠᠴᠢᠯᠠᠭ᠎ᠠ ᠵᠢ ᠢᠳᠡᠪᠬᠢᠲᠡᠶ ᠴᠤᠤᠷᠢᠶᠠᠳᠤᠨ ᠳᠠᠭ᠋ᠠᠵᠤ᠂ ᠲᠥᠷᠥ ᠵᠢᠨ ᠨᠠᠮ᠎ᠨᠢ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ ᠬᠠᠷᠢᠭᠤᠴᠠᠯᠭ᠎ᠠ ᠵᠢ ᠡᠭᠦᠷᠭᠡᠯᠡᠪᠡᠯ ᠵᠤᠬᠢᠨ᠎ᠠ᠂ ᠳᠤᠷᠠᠳᠠᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠬᠠᠮᠲᠤ᠎ᠪᠠᠷ ᠨᠡᠩ ᠰᠠᠢ᠍ᠢ᠍ᠨ ᠰᠠᠶ᠋ᠢᠬᠠᠨ ᠵᠣᠯ ᠵᠢᠷᠭ᠋ᠠᠯᠲᠤ ᠳᠡᠯᠡᠬᠡᠢ ᠶᠢᠷᠲᠢᠨᠴᠦ ᠵᠢ ᠪᠠᠶ᠋ᠢᠭᠤᠯᠤᠨ᠎ᠠ ᠭᠡᠵᠤ ᠢᠯᠡᠳᠭᠡᠵᠡᠭᠡᠪᠡ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠸᠠᠩ ᠬᠤ᠌ ᠨᠢᠩ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ ᠳ᠋ᠢᠩ ᠰᠢᠤᠸᠠᠢ ᠰᠢᠶᠠᠩ᠂ ᠶᠠᠩ ᠵᠢᠶᠸ ᠊ᠤᠤᠢ᠂ ᠶᠠᠩ ᠰᠢᠶᠤᠤ ᠳ᠋ᠦ᠋᠂ ᠴᠧᠨ ᠰᠢ᠂ ᠬᠤᠸᠠᠩ ᠺᠦᠨ ᠮᠢᠩ᠂ ᠼᠠᠢ ᠴᠢ ᠲᠦᠷᠦᠭᠦᠴᠦᠳ᠎ᠤᠨ ᠬᠤᠷᠠᠯ᠎ᠳᠤ ᠣᠷᠣᠯᠴᠠᠵᠠᠢ᠃
     160 ᠭᠠᠷᠤᠢ ᠤᠯᠤᠰ᠎ᠤᠨ 500 ᠭᠠᠷᠤᠢ ᠲᠦᠷᠦ ᠵᠢᠨ ᠨᠠᠮ ᠪᠣᠯᠤᠨ ᠤᠯᠤᠰ ᠲᠦᠷᠦ ᠵᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠥᠮᠦᠰ᠂ ᠲᠦᠷᠦ ᠵᠢᠨ ᠨᠠᠮ ᠪᠣᠯᠤᠨ ᠡᠯ᠎ᠡ ᠡᠲᠡᠭᠡᠳ᠎ᠤᠨ ᠲᠦᠮᠠ ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃ 100 ᠭᠠᠷᠤᠶ ᠤᠯᠤᠰ᠎ᠤᠨ ᠲᠥᠷᠥ ᠵᠢᠨ ᠨᠠᠮ ᠲᠣᠰ ᠤᠯᠤᠰ᠎ᠲᠠᠭᠠᠨ ᠨᠡᠶ᠋ᠢᠲᠡ 200 ᠰᠢᠬᠠᠮ ᠬᠠᠮᠲᠤ ᠵᠢᠨ ᠬᠤᠷᠠᠯ᠎ᠤᠨ ᠲᠠᠯᠠᠪᠠᠶ ᠲᠤᠬᠢᠷᠠᠭᠤᠯᠵᠤ᠂ ᠲᠣᠰ ᠨᠠᠮ᠎ᠤᠨ ᠵᠶ᠋ᠠᠨ ᠲᠥᠯᠥᠭᠡᠯᠡᠭᠴᠢ ᠵᠢ ᠵᠣᠬᠢᠶᠠᠨ ᠪᠠᠶ᠋ᠢᠭᠤᠯᠵᠤ ᠲᠣᠰ ᠤᠳᠠᠭ᠋ᠠᠨ᠎ᠤ ᠲᠦᠷᠦᠭᠦᠴᠦᠳ᠎ᠤᠨ ᠬᠤᠷᠠᠯ᠎ᠳᠤ ᠣᠷᠣᠯᠴᠠᠭᠤᠯᠪᠠ᠃ ᠱᠠᠩᠬᠠᠢ᠂ ᠱᠠᠨᠰᠢ ᠵᠢᠨ ᠶᠠᠨ ᠠᠨ᠂ ᠭᠤᠸᠠᠩᠳᠦ᠋ᠩ᠎ᠤᠨ ᠱᠧᠨᠵᠧᠨ᠂ ᠹᠦᠵᠢᠶᠠᠨ᠎ᠤ ᠨᠢᠩᠳ᠋ᠸ᠂ ᠵᠧᠵᠢᠶᠠᠩ᠎ᠤᠨ ᠠᠨᠵᠢ ᠵᠡᠷᠭᠡ ᠭᠠᠵᠠᠷ᠎ᠲᠤ ᠤᠯᠤᠰ᠎ᠤᠨ ᠳᠣᠲᠣᠭ᠋ᠠᠳᠤ ᠵᠢᠨ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠤ᠂ ᠣᠷᠣᠨ ᠨᠤᠲᠤᠭ᠎ᠤᠨ ᠬᠡᠰᠡᠭ ᠨᠠᠮ᠎ᠤᠨ ᠭᠡᠰᠢᠭᠦᠨ ᠺᠠᠳ᠋ᠷ ᠲᠦᠷᠦᠭᠦᠴᠦᠳ᠎ᠤᠨ ᠬᠤᠷᠠᠯ᠎ᠤᠨ ᠦᠪᠡᠳᠡᠭᠰᠢ ᠪᠠᠶ᠋ᠢᠳᠠᠯ᠎ᠢ ᠦᠵᠡᠪᠡ᠃ ᠲᠦᠷᠦᠭᠦᠴᠦᠳ᠎ᠤᠨ ᠬᠤᠷᠠᠯ᠎ᠠᠴᠠ ᠬᠠᠮᠲᠤ ᠵᠢᠨ ᠰᠠᠨᠠᠭ᠋ᠠᠴᠢᠯᠠᠭ᠎ᠠ ᠨᠡᠶ᠋ᠢᠲᠡᠯᠡᠵᠦ᠂ ᠬᠤᠷᠠᠯ᠎ᠳᠤ ᠣᠷᠣᠯᠴᠠᠭᠰᠠᠨ ᠲᠦᠷᠦ ᠵᠢᠨ ᠨᠠᠮ᠎ᠤᠨ ᠳᠡᠯᠡᠬᠡᠢ ᠵᠢᠨ ᠡᠩᠬᠡ ᠲᠠᠶ᠋ᠢᠪᠤᠩ ᠬᠥᠭᠵᠢᠯᠲᠡ ᠵᠢ ᠬᠠᠮᠠᠭ᠋ᠠᠯᠠᠬᠤ᠂ ᠠᠷᠠᠳ ᠲᠦᠮᠡᠨ᠎ᠤ ᠵᠤᠯ ᠵᠢᠷᠭ᠋ᠠᠯ᠎ᠢ ᠨᠡᠮᠡᠭᠳᠡᠭᠦᠯᠬᠦ ᠬᠠᠮᠲᠤ ᠵᠢᠨ ᠬᠦᠰᠡᠯ ᠡᠷᠡᠮᠡᠯᠵᠡᠯ᠎ᠢ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠲᠦᠷᠦ ᠵᠢᠨ ᠨᠠᠮ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ ᠠᠷᠠᠳ ᠲᠦᠮᠡᠨ᠎ᠤ ᠵᠣᠯ ᠵᠢᠷᠭ᠋ᠠᠯ᠎ᠢ ᠬᠠᠮᠲᠤ᠎ᠪᠠᠷ ᠡᠷᠢᠯᠬᠢᠯᠡᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠡᠯᠡᠬᠡᠢ ᠵᠢᠨ ᠲᠦᠷᠦ ᠵᠢᠨ ᠨᠠᠮ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ
ᠰᠢ ᠵᠢᠨ ᠫᠢᠩ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢᠨ ᠲᠤᠰᠠᠯᠠᠮᠵᠢ ᠵᠢᠨ ᠰᠠᠭᠤᠷᠢ ᠮᠦᠩᠭᠦ ᠪᠤᠯᠤᠨ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠠᠮᠲᠤᠷᠠᠯᠴᠠᠭ᠎ᠠ ᠬᠢᠭᠡᠳ ᠬᠦᠭᠵᠢᠯᠲᠡ ᠵᠢᠨ ᠲᠡᠭᠡᠲᠦ ᠰᠤᠷᠭ᠋ᠠᠭᠤᠯᠢ ᠪᠠᠢ᠍ᠢ᠍ᠭᠤᠯᠤᠭᠲᠠᠭᠰᠠᠠ 5 ᠵᠢᠯ᠎ᠤᠨ ᠤᠢ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠪᠤᠯᠤᠨ ᠰᠣᠯᠣᠩᠭᠤᠰ ᠎ᠤᠨ ᠬᠠᠮᠤᠭ ᠎ᠤᠨ ᠳᠡᠭᠡᠳᠦ ᠤᠳᠤᠷᠢᠳᠬᠤ ᠬᠥᠮᠦᠨ ᠵᠢᠨ ᠵᠧᠩ ᠧᠨ 《ᠳᠤᠮᠳᠠᠳᠤ ᠰᠣᠯᠣᠩᠭᠤᠰ᠎ᠤᠨ ᠨᠥᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠨ ᠲᠤᠰᠠᠯᠠᠬᠤ ᠭᠡᠷ᠎ᠡ》 ᠲᠣᠭᠲᠠᠭᠰᠠᠨ 60 ᠵᠢᠯ᠎ᠤᠨ ᠤᠢ᠎ᠳᠤ ᠵᠣᠷᠢᠭᠤᠯᠵᠦ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠠᠢ
ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠰᠢ ᠵᠢᠨ ᠫᠢᠩ ᠪᠠᠷᠪᠠᠳᠤᠰ᠎ᠤᠨ ᠶᠡᠷᠦᠩᠬᠡᠢ ᠰᠠᠶ᠋ᠢᠳ ᠮᠤᠲᠸᠯᠢ᠎ᠲᠠᠢ ᠤᠲᠠᠰᠤ᠎ᠪᠠᠷ ᠶᠠᠷᠢᠯᠴᠠᠪᠠ
 
            