ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ᠎ᠠᠴᠠ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠶ᠎ᠡ
ᠨᠡᠶ᠋ᠢᠲᠡᠯᠡᠭᠰᠡᠨ ᠴᠠᠭ᠄ 2021-08-17

      ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠮᠥᠨ᠃ ᠶᠡᠷᠦᠩᠬᠡᠶ ᠱᠦᠵᠢ ᠰᠢ ᠵᠢᠨ ᠫᠢᠩ ᠵᠢᠭ᠋ᠠᠬᠤ᠎ᠳᠤ᠎ᠪᠠᠨ᠄ 《ᠡᠨᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠰᠠᠶ᠋ᠢᠲᠤᠷ ᠬᠢᠵᠦ᠂ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠬᠥᠭᠵᠢᠯᠲᠡ ᠵᠢᠨ ᠠᠩᠬᠠᠨ᠎ᠤ ᠠᠯᠬᠤᠮ᠎ᠢ ᠰᠠᠶ᠋ᠢᠲᠤᠷ ᠠᠯᠬᠤᠬᠤ ᠪᠣᠯ ᠲᠤᠶ᠋ᠢᠯ᠎ᠤᠨ ᠴᠢᠬᠤᠯᠠ ᠶᠤᠮ᠃ ᠨᠢᠭᠡᠳᠦᠭᠡᠷ ᠠᠯᠬᠤᠮ᠎ᠳᠤ ᠣᠨᠣᠴᠠᠲᠠᠢ ᠯᠠᠪᠳᠠᠭᠤᠨ ᠠᠯᠬᠤᠵᠤ᠂ ᠰᠢᠨ᠎ᠡ ᠳᠦᠷᠰᠦ ᠪᠠᠶ᠋ᠢᠳᠠᠯ᠎ᠢ ᠪᠤᠶ ᠪᠣᠯᠭ᠋ᠠᠵᠤ᠂ ᠰᠢᠨ᠎ᠡ ᠦᠷ᠎ᠡ ᠪᠦᠲᠦᠮᠵᠢ ᠵᠢ ᠣᠯᠬᠤ ᠬᠡᠷᠡᠭᠲᠡᠶ》 ᠭᠡᠵᠡᠶ᠃ ᠡᠨᠡ ᠵᠢᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷᠯᠢᠭ ᠬᠥᠭᠵᠢᠯᠲᠡ ᠵᠢ ᠠᠬᠢᠭᠤᠯᠵᠤ᠂ ᠠᠵᠤ ᠠᠬᠤᠢ ᠦᠷᠭᠦᠯᠵᠢᠯᠡᠨ ᠲᠣᠭᠲᠠᠭᠤᠨ ᠵᠶ᠋ᠠᠷ ᠰᠡᠷᠭᠦᠨ ᠰᠠᠢ᠌ᠵᠢᠷᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠯᠠᠪᠳᠠᠭᠤᠨ ᠪᠠᠲᠤᠲᠠᠢ᠎ᠪᠠᠷ ᠡᠬᠢᠯᠡᠵᠡᠢ᠃ 《ᠰᠣᠨᠢᠨ ᠮᠡᠳᠡᠭᠡᠨ᠎ᠤ ᠨᠡᠪᠲᠡᠷᠡᠭᠦᠯᠭᠡ》 ᠵᠢᠨ ᠰᠢᠷᠢᠰ ᠮᠡᠳᠡᠭᠡᠯᠡᠯ 《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》᠎ᠤᠨ ᠭᠤᠷᠪᠠᠳᠤᠭ᠋ᠠᠷ ᠪᠦᠯᠦᠭ 《ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ᠎ᠠᠴᠠ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠴᠣᠭᠴᠠᠯᠠᠶ᠎ᠠ》 ᠵᠢ ᠥᠨᠥᠳᠦᠷ (8 ᠳ᠋ᠤᠭ᠋ᠠᠷ ᠰᠠᠷ᠎ᠠ ᠵᠢᠨ 11᠎ᠤ ᠡᠳᠦᠷ) ᠨᠡᠪᠲᠡᠷᠡᠭᠦᠯᠪᠡ᠃
      ᠶᠡᠷᠦᠩᠬᠡᠶ ᠱᠦᠵᠢ ᠰᠢ ᠵᠢᠨ ᠫᠢᠩ ᠵᠢᠭ᠋ᠠᠬᠤ᠎ᠳᠤ᠎ᠪᠠᠨ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠢ᠌ᠭᠤᠯᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠯ ᠣᠳᠣᠬᠠᠨ᠎ᠤ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠪᠥᠬᠥ ᠨᠠᠮ ᠪᠥᠬᠥ ᠤᠯᠤᠰ᠎ᠤᠨ ᠡᠷᠬᠡᠪᠰᠢ ᠴᠢᠩᠭ᠎ᠠ ᠪᠥᠭᠡᠳ ᠰᠠᠶ᠋ᠢᠲᠤᠷ ᠠᠳᠬᠤᠬᠤ ᠴᠢᠬᠤᠯᠠᠲᠠᠢ ᠠᠵᠢᠯ ᠮᠥᠨ ᠭᠡᠵᠡᠢ᠃
      ᠡᠨᠡ ᠵᠢᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠮᠠᠨ᠎ᠤ ᠤᠯᠤᠰ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠬᠤ ᠡᠨᠡ ᠬᠦ᠌ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠮᠠᠭ᠋ᠠᠳᠯᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ ᠭᠡᠬᠦ ᠡᠨᠡ ᠬᠦ᠌ ᠰᠢᠰᠲ᠋ᠧᠮᠲᠦ ᠤᠨᠤᠯ᠎ᠤᠨ ᠲᠣᠭᠲᠠᠯᠴᠠᠭ᠎ᠠ ᠵᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ ᠭᠣᠣᠯᠳᠠᠯᠭ᠎ᠠ᠎ᠲᠠᠢ ᠴᠢᠬᠤᠯᠠᠴᠢᠯᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠡᠨᠡ ᠬᠦ᠌ ᠮᠠᠨ᠎ᠤ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠬᠣᠯᠪᠣᠭᠳᠠᠬᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢ ᠢᠮᠠᠭᠲᠠ ᠠᠳᠬᠤᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠠᠶᠠᠯᠠᠯ᠎ᠤᠨ ᠣᠩᠭᠣᠴᠠ ᠵᠢ ᠵᠢᠯᠣᠭᠣᠳᠤᠨ ᠰᠠᠯᠬᠢ ᠳᠠᠪᠠᠯᠭ᠋ᠠᠨ᠎ᠢ ᠰᠥᠷᠥᠨ ᠯᠠᠪᠳᠠᠭᠤᠨ ᠲᠣᠭᠲᠠᠭᠤᠨ ᠵᠶ᠋ᠠᠷ ᠤᠷᠤᠭᠰᠢᠯᠠᠭᠤᠯᠪᠠ᠃
     7 ᠳ᠋ᠤᠭ᠋ᠠᠷ ᠰᠠᠷ᠎ᠠ ᠵᠢᠨ 15᠎ᠤ ᠡᠳᠦᠷ᠂ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠤᠨ ᠳᠤᠮᠳᠠᠳᠤ ᠤᠯᠤᠰ᠎ᠤᠨ ᠠᠵᠤ ᠠᠬᠤᠶ ᠵᠢᠨ ᠮᠡᠳᠡᠭᠦᠯᠦᠯᠲᠡ ᠵᠢᠨ ᠬᠦᠰᠦᠨᠦᠭᠲᠦ ᠵᠢ ᠨᠡᠶ᠋ᠢᠲᠡᠯᠡᠵᠦ᠂ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.7%᠎ᠪᠠᠷ ᠨᠡᠮᠡᠭᠳᠡᠵᠦ᠂ ᠳᠡᠯᠡᠬᠡᠢ ᠵᠢᠨ ᠠᠵᠤ ᠠᠬᠤᠢ ᠵᠢᠨ ᠪᠠᠭᠤᠷᠠᠢ ᠰᠡᠷᠭᠦᠯᠲᠡ ᠵᠢᠨ ᠠᠬᠤᠢ ᠪᠠᠶ᠋ᠢᠳᠠᠯ ᠳᠣᠣᠷ᠎ᠠ᠂ ᠡᠨᠡ ᠪᠣᠯ ᠬᠢᠯᠪᠡᠷ ᠪᠤᠰᠤ᠎ᠪᠠᠷ ᠣᠯᠤᠭᠰᠠᠨ ᠠᠮᠵᠢᠯᠲᠠ ᠵᠢᠨ ᠬᠠᠭᠤᠳᠠᠰᠤ ᠪᠣᠯᠤᠨ᠎ᠠ᠃
      ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠣᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠪᠠ ᠤᠯᠠᠨ ᠤᠯᠤᠰ᠎ᠤᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶᠠᠨ᠎ᠠᠴᠠ ᠲᠣᠭᠲᠠᠭ᠋ᠠᠭᠰᠠᠨ ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ ᠮᠥᠨ᠃
      ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠪᠣᠯ ᠥᠨᠳᠥᠷ ᠲᠦᠪᠰᠢᠨ᠎ᠠᠴᠠ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠯ᠎ᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠭᠤᠸᠠᠩᠰᠢ ᠵᠢᠨ ᠯᠢᠦ ᠬᠦᠩ ᠪᠦᠯᠦᠭᠯᠡᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠂ ᠰᠢᠨ᠎ᠡ ᠵᠢ ᠡᠭᠦᠳᠬᠦ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠦᠷᠭᠦᠯᠵᠢᠯᠡᠨ ᠴᠢᠩᠭ᠋ᠠᠷᠠᠪᠠ᠃ ᠳᠡᠭᠡᠳᠦ ᠮᠡᠷᠭᠡᠵᠢᠯ᠎ᠤᠨ ᠦᠢ᠍ᠯᠡᠳᠬᠡᠯ᠎ᠤᠨ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 22.6%᠎ᠪᠠᠷ ᠨᠡᠮᠡᠭᠳᠡᠵᠦ᠂ ᠪᠥᠬᠥ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠠᠴᠠ 6.7 ᠵᠠᠭᠤᠨ᠎ᠤ ᠴᠡᠭ ᠲᠦᠷᠭᠡᠨ ᠪᠣᠯᠪᠠ᠃
      ᠡᠨᠡ ᠵᠢᠯ᠎ᠠᠴᠠ ᠨᠠᠭ᠋ᠠᠰᠢ᠂ 《ᠲᠢᠶᠠᠨ ᠸᠸᠨ ᠨᠢᠭᠡᠳᠦᠭᠡᠷ》 ᠭᠠᠯ ᠭᠠᠷᠠᠭ᠎ᠲᠤ ᠠᠮᠵᠢᠯᠲᠠ᠎ᠲᠠᠢ᠎ᠪᠠᠷ ᠪᠠᠭᠤᠭᠰᠠᠨ᠎ᠠᠴᠠ ᠳᠤᠮᠳᠠᠳᠤ ᠤᠯᠤᠰ᠎ᠤᠨ ᠬᠥᠮᠦᠨ ᠠᠩᠬ᠎ᠠ ᠤᠳᠠᠭ᠎ᠠ ᠥᠪᠡᠷ᠎ᠤᠨ ᠰᠠᠨᠰᠠᠷ᠎ᠤᠨ ᠦᠷᠳᠡᠭᠡ᠎ᠳᠤ᠎ᠪᠠᠨ ᠣᠷᠣᠬᠤ ᠬᠦᠷᠲᠡᠯ᠎ᠡ᠂ ᡀᠠᠰᠠ— ᠯᠢᠨ ᡁᠢ ᠲᠡᠮᠦᠷ ᠵᠠᠮ ᠨᠡᠪᠲᠡᠷᠡᠵᠦ ᠠᠰᠢᠭᠯᠠᠯᠲᠠ᠎ᠳᠤ ᠣᠷᠣᠭᠰᠠᠨ᠎ᠠᠴᠠ ᠵᠢᠨ ᠱᠠ ᠵᠢᠶᠠᠩ ᠮᠥᠷᠡᠨ᠎ᠤ ᠪᠠᠢ ᠡᡁᠸ ᠲᠠᠨ ᠤᠰᠤᠨ ᠴᠠᠬᠢᠯᠭ᠋ᠠᠨ ᠦᠷᠳᠡᠭᠡ ᠵᠢᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ ᠠᠰᠢᠭᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠬᠤ ᠬᠦᠷᠲᠡᠯ᠎ᠡ᠂ ᠶᠡᠷᠦᠩᠬᠡᠢ ᠱᠦᠵᠢ ᠢᠮᠠᠭᠲᠠ ᠥᠨᠳᠥᠷ ᠲᠦᠪᠰᠢᠨ᠎ᠠᠴᠠ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠴᠢᠭᠯᠡᠯ᠎ᠢ ᠲᠣᠳᠣᠷᠬᠠᠢ ᠵᠢᠭ᠋ᠠᠨ ᠥᠭᠴᠡᠢ᠃
      ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠤᠶ ᠪᠣᠯᠭ᠋ᠠᠬᠤ ᠵᠢᠨ ᠵᠠᠩᠭᠢᠯᠠᠭ᠎ᠠ᠎ᠨᠢ ᠠᠵᠤ ᠠᠬᠤᠶ ᠵᠢᠨ ᠣᠷᠴᠢᠯ᠎ᠤᠨ ᠰᠠᠭ᠋ᠠᠳ ᠦᠭᠡᠶ ᠨᠡᠪᠲᠡᠷᠡᠬᠦ᠎ᠳᠤ ᠪᠠᠢ᠌ᠳᠠᠭ᠂ ᠡᠭᠦᠨ᠎ᠳᠤ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠪᠣᠯ ᠭᠣᠣᠯᠯᠠᠬᠤ ᠦᠢ᠍ᠯᠡᠳᠦᠯ ᠦᠵᠡᠭᠦᠯᠵᠦ ᠪᠠᠶ᠋ᠢᠭ᠎ᠠ ᠶᠤᠮ᠃
      ᠡᠨᠡ ᠵᠢᠯ᠎ᠠᠴᠠ ᠨᠠᠭ᠋ᠠᠰᠢ᠂ ᠶᠡᠷᠦᠩᠬᠡᠢ ᠱᠦᠵᠢ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠦᠲᠦᠮᠵᠢᠲᠡᠢ ᠪᠠᠢ᠌ᠭᠤᠯᠤᠯ᠎ᠢ ᠪᠠᠶ᠋ᠢᠭᠤᠯᠵᠤ᠂ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ᠎ᠢ ᠪᠠᠳᠠᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠠᠩᠭ᠋ᠠᠬᠤ ᠪᠠ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠬᠤ ᠵᠢ ᠨᠡᠩ ᠳᠤᠪᠤᠢ᠍ᠢ᠍ᠮ᠎ᠠ ᠪᠠᠶ᠋ᠢᠷᠢᠨ᠎ᠳᠤ ᠲᠠᠯᠪᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠳᠠᠬᠢ ᠳᠣᠲᠣᠭ᠋ᠠᠳᠤ ᠬᠡᠷᠡᠭᠴᠡᠭᠡ ᠵᠢᠨ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ 80.9%᠎ᠳᠤ ᠬᠦᠷᠴᠡᠢ᠃
      ᠡᠨᠡ ᠵᠢᠯ᠎ᠠᠴᠠ ᠨᠠᠭ᠋ᠠᠰᠢ ᠶᠡᠷᠦᠩᠬᠡᠢ ᠱᠦᠵᠢ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠳᠡ᠎ᠪᠠᠨ ᠥᠷᠭᠡᠳᠬᠡᠵᠦ᠂ ᠳᠤᠮᠳᠠᠳᠤ ᠤᠯᠤᠰ᠎ᠤᠨ ᠰᠢᠨ᠎ᠡ ᠬᠥᠭᠵᠢᠯᠲᠡ᠎ᠪᠠᠷ ᠳᠡᠯᠡᠬᠡᠢ ᠳ᠋ᠠᠬᠢᠨ᠎ᠳᠤ ᠰᠢᠨ᠎ᠡ ᠠᠵᠠ ᠲᠣᠬᠢᠶᠠᠯ ᠬᠠᠩᠭ᠋ᠠᠬᠤ ᠪᠣᠯᠣᠨ᠎ᠠ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ᠎ᠤᠨ 5 ᠳ᠋ᠤᠭ᠋ᠠᠷ ᠰᠠᠷ᠎ᠠ᠎ᠳᠤ᠂ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭᠯᠡᠭᠡᠨ᠎ᠤ ᠵᠦᠢ᠍ᠯ᠎ᠤᠨ ᠦᠵᠡᠰᠬᠦᠯᠡᠩ ᠬᠠᠶ᠋ᠢᠨᠠᠨ᠎ᠳᠤ ᠶᠠᠪᠤᠭᠳᠠᠪᠠ᠂ ᠡᠨᠡ ᠪᠣᠯ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠎ᠤᠨ ᠳᠠᠷᠠᠭ᠋ᠠᠬᠢ ᠳᠤᠮᠳᠠᠳᠤ ᠤᠯᠤᠰ᠎ᠤᠨ ᠵᠣᠬᠢᠶᠠᠨ ᠪᠠᠶ᠋ᠢᠭᠤᠯᠤᠭᠰᠠᠨ ᠪᠠᠰᠠ ᠨᠢᠭᠡᠨ ᠬᠠᠷᠢᠯᠴᠠᠨ ᠠᠰᠢᠭᠲᠠᠢ ᠬᠠᠮᠲᠤᠷᠠᠯᠴᠠᠭ᠋ᠠᠨ᠎ᠤ ᠲᠠᠪᠴᠠᠩ ᠪᠣᠯᠤᠨ᠎ᠠ᠃ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠶᠡᠷᠦᠩᠬᠡᠢ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 27.1%᠎ᠪᠠᠷ ᠨᠡᠮᠡᠭᠳᠡᠵᠦ᠂ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠬᠡᠪᠴᠢᠶ᠎ᠡ ᠲᠡᠦᠬᠡ ᠵᠢᠨ ᠠᠳᠠᠯᠢ ᠬᠤᠭᠤᠴᠠᠭ᠋ᠠᠨ᠎ᠤ ᠬᠠᠮᠤᠭ᠎ᠤᠨ ᠰᠠᠢ᠌ᠨ ᠬᠢᠷᠢ ᠪᠦᠲᠦᠮᠵᠢ ᠵᠢ ᠡᠭᠦᠳᠪᠡ᠃
      ᠡᠨᠡ ᠵᠢᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠰᠠᠨᠠᠯ ᠨᠡᠢ᠌ᠲᠡᠯᠡᠵᠦ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ᠂ ᠫᠦᠳᠦ᠋ᠩ ᠰᠢᠨ᠎ᠡ ᠲᠣᠭᠣᠷᠢᠭ᠎ᠤᠨ ᠥᠨᠳᠥᠷ ᠬᠢᠷᠢ ᠲᠦᠪᠰᠢᠨ ᠪᠥᠬᠥᠶ ᠥᠭᠡᠷᠡᠴᠢᠯᠡᠯᠲᠡ ᠨᠡᠭᠡᠭᠡᠯᠲᠡ ᠵᠢ ᠳᠡᠮᠵᠢᠬᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠪᠥᠲᠥᠭᠡᠨ ᠪᠠᠶ᠋ᠢᠭᠤᠯᠤᠯᠲᠠ ᠵᠢᠨ ᠬᠥᠲᠥᠯᠦᠨ ᠳᠠᠭ᠋ᠠᠭᠤᠯᠬᠤ ᠣᠷᠣᠨ᠎ᠢ ᠴᠣᠭᠴᠠᠯᠠᠨ ᠪᠠᠢ᠌ᠭᠤᠯᠬᠤ᠂ ᠵᠧᠵᠢᠶᠠᠩ᠎ᠤᠨ ᠴᠢᠨᠠᠷᠯᠢᠭ ᠵᠶ᠋ᠠᠷ ᠬᠥᠭᠵᠢᠭᠦᠯᠦᠨ ᠬᠠᠮᠲᠤ᠎ᠪᠠᠷ ᠴᠢᠨᠡᠭᠡᠯᠢᠭᠵᠢᠬᠦ ᠵᠢᠱ᠌ᠢᠶ᠎ᠡ ᠦᠵᠡᠭᠦᠯᠬᠦ ᠣᠷᠣᠨ᠎ᠢ ᠪᠥᠲᠥᠭᠡᠨ ᠪᠠᠶ᠋ᠢᠭᠤᠯᠬᠤ ᠵᠢ ᠳᠡᠮᠵᠢᠬᠦ᠎ᠪᠠᠷ ᠲᠣᠭᠲᠠᠪᠠ᠃ ᠶᠡᠷᠦᠩᠬᠡᠢ ᠱᠦᠵᠢ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷᠯᠢᠭ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠡᠳᠡᠭᠡᠷ ᠪᠣᠯ ᠴᠥᠮ ᠵᠣᠬᠢᠴᠠᠩᠭᠤᠶ ᠬᠥᠭᠵᠢᠯᠲᠡ ᠵᠢ ᠠᠬᠢᠭᠤᠯᠬᠤ᠂ ᠬᠥᠭᠵᠢᠯᠲᠡ ᠵᠢ ᠬᠠᠮᠲᠤ᠎ᠪᠠᠷ ᠡᠳ᠋ᠯᠡᠬᠦ ᠴᠢᠬᠤᠯᠠ ᠪᠠᠶ᠋ᠢᠷᠢᠯᠠᠭᠤᠯᠤᠯᠲᠠ ᠮᠥᠨ᠃
      ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ᠎ᠳᠤ᠎ᠪᠠᠨ᠂ ᠡᠷᠬᠡᠪᠰᠢ ᠶᠡᠬᠡ ᠬᠦᠴᠦ ᠵᠠᠷᠤᠴᠠᠭᠤᠯᠵᠤ ᠪᠠᠶ᠋ᠢᠭ᠋ᠠᠳ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠶᠡᠷᠦᠩᠬᠡᠶ ᠱᠦᠵᠢ ᠴᠢᠬᠤᠯᠠᠴᠢᠯᠠᠬᠤ᠎ᠳᠤ᠎ᠪᠠᠨ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠶ᠃ ᠨᠠᠮ᠎ᠤᠨ ᠲᠥᠪ ᠬᠣᠷᠢᠶ᠎ᠠ᠎ᠠᠴᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ᠎ᠤᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠵᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠵᠢᠨ ᠬᠥᠭᠵᠢᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠬᠡᠷᠡᠭᠲᠡᠢ ᠭᠡᠵᠡᠢ᠃ ᠡᠨᠡ ᠵᠢᠯ᠎ᠤᠨ 7 ᠳ᠋ᠤᠭ᠋ᠠᠷ ᠰᠠᠷ᠎ᠠ᠎ᠳᠤ᠂ ᠪᠥᠬᠥ ᠳᠡᠯᠡᠬᠡᠶ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ ᠪᠣᠯᠤᠭᠰᠠᠨ᠎ᠤ ᠬᠤᠪᠢ᠎ᠳᠤ᠂ ᠪᠥᠬᠥ ᠤᠯᠤᠰ᠎ᠤᠨ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ᠎ᠤᠨ ᠰᠦᠯᠵᠢᠶᠡᠨ ᠳᠡᠭᠡᠷᠡᠬᠢ ᠠᠷᠠᠯᠵᠢᠶ᠎ᠠ ᠵᠢ ᠵᠢᠩᠬᠢᠨᠢ᠎ᠪᠠᠷ ᠡᠬᠢᠯᠡᠭᠦᠯᠪᠡ᠃
      ᠡᠨᠡ ᠵᠢᠯ᠎ᠤᠨ 7 ᠳ᠋ᠤᠭ᠋ᠠᠷ ᠰᠠᠷ᠎ᠠ ᠵᠢᠨ 9᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠬᠣᠷᠢᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠎ᠠᠴᠠ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠥᠷᠭᠡᠳᠬᠡᠨ ᠪᠠᠶ᠋ᠢᠭᠤᠯᠬᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠬᠢᠭᠰᠡᠨ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ᠎ᠪᠠᠷ ᠬᠠᠶ᠋ᠢᠨ ᠰᠦᠪᠡᠭᠴᠢᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠬᠦ᠂ ᠠᠵᠤ ᠠᠬᠤᠢ ᠵᠢᠨ ᠣᠷᠴᠢᠯ ᠰᠠᠭ᠋ᠠᠳ ᠦᠭᠡᠢ ᠨᠡᠪᠲᠡᠷᠡᠬᠦ ᠵᠢ ᠠᠬᠢᠭᠤᠯᠬᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ᠂ ᠥᠨᠳᠥᠷ ᠲᠦᠪᠰᠢᠨ ᠵᠶ᠋ᠠᠷ ᠭᠠᠳᠠᠭ᠋ᠠᠳᠤ ᠨᠡᠬᠡᠬᠡᠯᠳᠡ ᠬᠢᠬᠦ ᠵᠢ ᠬᠡᠷᠡᠭᠵᠢᠭᠦᠯᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠵᠦ᠂ ᠰᠠᠢ᠍ᠢ᠍ᠨ ᠡᠬᠢᠯᠡᠯᠲᠡ᠎ᠲᠠᠢ ᠪᠣᠯᠵᠠᠢ ᠭᠡᠵᠦ ᠵᠢᠭ᠋ᠠᠵᠤ ᠭᠠᠷᠭ᠋ᠠᠪᠠ᠃
      ᠶᠡᠷᠦᠩᠬᠡᠢ ᠱᠦᠵᠢ ᠴᠢᠬᠤᠯᠠᠴᠢᠯᠠᠬᠤ᠎ᠳᠤ᠎ᠪᠠᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠪᠣᠯ ᠡᠷᠡᠰ ᠬᠠᠲᠠᠭᠤ ᠲᠡᠮᠡᠴᠡᠯ᠎ᠤᠨ ᠵᠣᠷᠢᠭ ᠪᠣᠯᠤᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠷᠢᠮᠲᠠᠯᠠᠬᠤ ᠴᠢᠬᠤᠯᠠᠲᠠᠢ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠂ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ ᠪᠣᠯᠤᠨ᠎ᠠ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠳᠠᠶ᠎ᠠ ᠡᠨᠡ ᠬᠦ᠌ ᠵᠠᠩᠭᠢᠯᠠᠭ᠎ᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠨᠠᠮ ᠲᠥᠷᠥ ᠵᠢᠨ ᠦᠢ᠍ᠯᠡᠰ᠎ᠤᠨ ᠬᠥᠭᠵᠢᠯᠲᠡ ᠵᠢᠨ ᠲᠡᠦᠬᠡᠨ ᠳᠡᠭᠡᠷᠡᠬᠢ ᠰᠠᠨᠠᠭ᠋ᠠᠴᠢᠯᠠᠭ᠋ᠠᠲᠤ ᠡᠷᠬᠡ ᠵᠢ ᠢᠮᠠᠭᠲᠠ ᠪᠠᠲᠤ ᠡᠵᠡᠮᠰᠢᠬᠦ ᠪᠣᠯᠤᠨ᠎ᠠ ᠭᠡᠵᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ 《ᠤᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢᠳ᠎ᠲᠤ ᠬᠠᠷᠢᠭᠤ ᠵᠠᠬᠢᠳᠠᠯ ᠢᠯᠡᠭᠡᠪᠡ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠷᠠᠭ᠋ᠠᠨ ᠡᠭᠦᠯᠡ ᠪᠦᠷᠬᠦᠭᠰᠡᠨ ᠴᠦ᠍ ᠲᠠᠢ᠌ᠪᠤᠭᠤᠬᠠᠨ ᠪᠠᠢ᠌ᠳᠠᠯ ᠵᠶ᠋ᠠᠨ ᠪᠠᠲᠤᠯᠠᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠵᠢ ᠱᠠᠭ᠋ᠠᠷᠳᠠᠪᠠ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
 
            