ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ 《ᠤᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢᠳ᠎ᠲᠤ ᠬᠠᠷᠢᠭᠤ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-08-17

      ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 8 ᠰᠠᠷ᠎ᠠ ᠵᠢᠨ 10᠎ᠤ ᠡᠳᠦᠷ 《ᠤᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢᠳ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ᠎ᠤ ᠳᠤᠮᠳᠠᠳᠤ ᠤᠯᠤᠰ᠎ᠤᠨ ᠡᠯ᠎ᠡ ᠭᠠᠵᠠᠷ᠎ᠲᠤ ᠢᠳᠡᠪᠬᠢᠲᠡᠢ ᠬᠦᠷᠴᠦ ᠰᠤᠷᠪᠤᠯᠵᠢᠯᠠᠨ᠂ ᠳᠤᠮᠳᠠᠳᠤ ᠤᠯᠤᠰ᠎ᠤᠨ ᠲᠤᠬᠠᠢ ᠣᠶ᠋ᠢᠯᠠᠭ᠋ᠠᠯᠲᠠ᠎ᠪᠠᠨ ᠭᠦᠨᠵᠡᠭᠡᠶ᠋ᠢᠷᠡᠭᠦᠯᠦᠭᠰᠡᠨ᠎ᠢ ᠮᠠᠭᠲᠠᠨ ᠰᠠᠶ᠋ᠢᠰᠢᠶᠠᠵᠤ᠂ ᠲᠡᠳᠡᠨ᠎ᠢ ᠰᠣᠯᠢᠯᠴᠠᠭ᠎ᠠ ᠲᠤᠯᠢᠳᠠᠯ ᠵᠶ᠋ᠠᠨ ᠴᠢᠩᠭ᠋ᠠᠳᠬᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠵᠣᠷᠢᠭᠵᠢᠭᠤᠯᠪᠠ᠃
      ᠰᠢ ᠵᠢᠨ ᠫᠢᠩ ᠵᠠᠬᠢᠳᠠᠯ᠎ᠳᠠᠭᠠᠨ᠂ ᠲᠠ ᠨᠠᠷ ᠴᠥᠮ ᠳᠤᠮᠳᠠᠳᠤ ᠤᠯᠤᠰ᠎ᠲᠤ ᠰᠤᠷᠤᠯᠴᠠᠵᠤ᠂ ᠠᠵᠢᠯᠯᠠᠵᠤ᠂ ᠠᠮᠢᠳᠤᠷᠠᠵᠤ ᠪᠠᠢ᠍ᠢ᠍ᠨ᠎ᠡ᠂ ᠡᠨᠡ ᠤᠳᠠᠭ᠎ᠠ ᠵᠠᠪᠰᠢᠶᠠᠨ ᠵᠶ᠋ᠠᠷ ᠡᠯ᠎ᠡ ᠭᠠᠵᠠᠷ ᠵᠶ᠋ᠠᠷ ᠭᠦᠨᠵᠡᠭᠡᠶ᠋ᠢᠷᠡᠨ ᠠᠶ᠋ᠢᠯᠴᠢᠯᠠᠵᠤ᠂ ᠳᠤᠮᠳᠠᠳᠤ ᠤᠯᠤᠰ᠎ᠤᠨ ᠲᠤᠬᠠᠢ ᠲᠠᠨᠢᠯᠲᠠ ᠪᠠ ᠣᠶ᠋ᠢᠯᠠᠭ᠋ᠠᠯᠲᠠ᠎ᠪᠠᠨ ᠭᠦᠨᠵᠡᠭᠡᠶ᠋ᠢᠷᠡᠭᠦᠯᠦᠭᠰᠡᠨ᠎ᠳᠤ ᠪᠢ ᠮᠠᠰᠢ ᠪᠠᠶᠠᠷᠯᠠᠵᠤ ᠪᠠᠢ᠍ᠢ᠍ᠨ᠎ᠡ ᠭᠡᠵᠤ ᠬᠡᠯᠡᠪᠡ᠃
      ᠰᠢ ᠵᠢᠨ ᠫᠢᠩ᠂ ᠲᠠ ᠨᠠᠷ᠎ᠤᠨ ᠢᠷᠡᠭᠦᠯᠦᠭᠰᠡᠨ ᠵᠠᠬᠢᠳᠠᠯ᠎ᠳᠠᠭᠠᠨ ᠬᠡᠯᠡᠭᠰᠡᠨᠴᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠤᠶᠤᠨ ᠤᠬᠠᠭ᠋ᠠᠨ ᠪᠣᠯᠤᠨ ᠬᠦᠴᠦ ᠬᠥᠯᠥᠰᠥ᠎ᠳᠡᠭᠡᠨ ᠲᠦᠰᠢᠭᠯᠡᠵᠦ᠂ ᠳᠤᠮᠳᠠᠳᠤ ᠵᠢᠨ ᠡᠬᠡ ᠭᠠᠵᠠᠷ ᠳᠡᠭᠡᠷ᠎ᠡ ᠪᠠᠶᠠᠨ ᠲᠠᠩᠰᠤᠭ ᠦᠵᠡᠰᠬᠦᠯᠡᠩᠲᠦ ᠰᠠᠶ᠋ᠢᠬᠠᠨ ᠭᠡᠷ ᠣᠷᠣᠨ ᠵᠶ᠋ᠠᠨ ᠪᠦᠳᠦᠭᠡᠨ ᠪᠠᠶ᠋ᠢᠭᠤᠯᠵᠤ᠂ ᠪᠠᠶᠠᠯᠢᠭ ᠰᠠᠶ᠋ᠢᠬᠠᠨ ᠰᠣᠶᠣᠯ᠎ᠢ ᠡᠭᠦᠳᠴᠦ᠂ ᠬᠦᠰᠡᠨ ᠮᠥᠷᠥᠭᠡᠳᠴᠦ ᠪᠠᠶ᠋ᠢᠭᠰᠠᠨ ᠴᠢᠨᠡᠭᠡᠯᠢᠭ ᠠᠮᠢᠳᠤᠷᠠᠯ ᠵᠶ᠋ᠠᠨ ᠪᠡᠶᠡᠯᠡᠭᠦᠯᠪᠡ᠃ ᠵᠣᠯ ᠵᠢᠷᠭ᠋ᠠᠯ᠎ᠲᠠᠢ ᠠᠮᠢᠳᠤᠷᠠᠶ᠎ᠠ ᠭᠡᠪᠡᠯ ᠲᠡᠮᠡᠴᠡᠬᠦ ᠬᠡᠷᠡᠭᠲᠡᠶ᠃ ᠳᠤᠮᠳᠠᠳᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠮᠦᠨ ᠠᠮᠠ ᠤᠯᠠᠨ ᠪᠣᠯᠬᠣᠷ ᠬᠥᠭᠵᠢᠭᠦᠯᠦᠨ ᠮᠠᠨᠳᠤᠭᠤᠯᠬᠤ ᠭᠡᠪᠡᠯ ᠬᠠᠮᠤᠭ᠎ᠤᠨ ᠴᠢᠬᠤᠯᠠ᠎ᠨᠢ ᠤᠯᠤᠰ᠎ᠤᠨ   ᠪᠠᠶ᠋ᠢᠳᠠᠯ ᠎ᠳᠠᠭᠠᠨ   ᠰᠠᠭᠤᠷᠢᠯᠠᠵᠤ᠂ ᠥᠪᠡᠷ᠎ᠤᠨ ᠵᠠᠮ ᠵᠶ᠋ᠠᠷ ᠵᠶ᠋ᠠᠨ ᠵᠠᠮᠨᠠᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠵᠠᠮ ᠶᠠᠪᠤᠬᠤ ᠲᠤᠲᠤᠮ ᠥᠷᠭᠡᠨ ᠠᠭᠤᠳᠠᠮ ᠪᠣᠯᠵᠣ᠂ ᠲᠣᠰ ᠪᠡᠶ᠎ᠡ᠎ᠪᠠᠨ ᠨᠠᠩ ᠰᠠᠢ᠍ᠢ᠍ᠨ ᠬᠥᠭᠵᠢᠭᠦᠯᠵᠦ᠂ ᠳᠡᠯᠡᠬᠡᠶ ᠳ᠋ᠠᠬᠢᠨ᠎ᠳᠤ ᠪᠤᠶᠠᠨ ᠦᠢ᠍ᠯᠡᠳᠬᠦ ᠪᠣᠯᠤᠨ᠎ᠠ ᠭᠡᠳᠡᠭ᠎ᠢ ᠦᠢ᠍ᠯᠡᠳᠦᠯᠭᠡ ᠬᠡᠷᠡᠴᠢᠯᠡᠵᠤ ᠪᠠᠢ᠍ᠢ᠍ᠨ᠎ᠡ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠵᠠᠯᠠᠭᠤ ᠨᠠᠰᠤ ᠬᠡᠵᠢᠶᠡᠳᠡ ᠬᠦᠰᠡᠯ ᠵᠡᠭᠦᠳᠦ ᠪᠢᠯᠬᠠᠮ᠎ᠡ ᠪᠠᠶ᠋ᠢᠳᠠᠭ᠃ ᠳᠤᠮᠳᠠᠳᠤ ᠤᠯᠤᠰ᠎ᠤᠨ ᠡᠪ ᠬᠠᠮᠲᠤ ᠨᠠᠮ ᠵᠠᠭᠤᠨ ᠵᠢᠯ᠎ᠤᠨ ᠲᠡᠮᠡᠴᠡᠯ᠎ᠤᠨ ᠶᠠᠪᠤᠴᠠ ᠵᠢ ᠥᠩᠭᠡᠷᠡᠭᠦᠯᠦᠭᠰᠡᠨ ᠪᠣᠯᠪᠠᠴᠤ ᠪᠢᠳᠡᠨ᠎ᠤ ᠤᠭ ᠰᠠᠨᠠᠭ᠎ᠠ ᠪᠣᠯᠤᠨ ᠬᠦᠰᠡᠯ ᠵᠡᠭᠦᠳᠦ ᠶᠠᠪᠤᠬᠤ ᠲᠤᠳᠤᠮ ᠪᠡᠬᠢᠵᠢᠪᠡ᠃ ᠵᠠᠭᠤᠨ ᠵᠢᠯ ᠪᠣᠯ ᠶᠠᠭ ᠴᠤᠭ ᠵᠢᠪᠬᠤᠭ᠎ᠠ ᠪᠠᠳᠠᠷᠠᠩᠭᠤᠶ᠃ ᠰᠢᠨ᠎ᠡ ᠠᠶᠠᠨ᠎ᠳᠤ᠂ ᠪᠢᠳᠡ ᠦᠷᠭᠦᠯᠵᠢᠯᠡᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠬᠥᠮᠦᠨ ᠲᠥᠷᠥᠯᠬᠢᠲᠡᠨ᠎ᠤ ᠬᠥᠭᠵᠢᠯᠲᠡ ᠲᠠᠪᠰᠢᠯᠳᠠ ᠵᠢ ᠠᠬᠢᠭᠤᠯᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ᠃ ᠪᠢᠳᠡ ᠨᠡᠩ ᠤᠯᠠᠨ ᠤᠯᠤᠰ᠎ᠤᠨ ᠵᠠᠯᠠᠭᠤᠴᠤᠳ᠎ᠤᠨ ᠳᠤᠮᠳᠠᠳᠤ ᠤᠯᠤᠰ᠎ᠲᠤ ᠢᠷᠡᠵᠤ ᠰᠣᠯᠢᠯᠴᠠᠬᠤ ᠵᠢ ᠪᠠᠶᠠᠷᠯᠠᠨ ᠤᠭᠲᠤᠵᠤ ᠪᠠᠢ᠍ᠢ᠍ᠨ᠎ᠡ᠂ ᠳᠤᠮᠳᠠᠳᠤ ᠭᠠᠳᠠᠭ᠋ᠠᠳᠤ ᠵᠢᠨ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠵᠦ᠂ ᠨᠥᠬᠥᠷᠯᠡᠯ ᠵᠶ᠋ᠠᠨ ᠵᠤᠵᠠᠭ᠋ᠠᠳᠬᠠᠵᠤ᠂ ᠬᠠᠮᠲᠤ᠎ᠪᠠᠷ ᠦᠰᠦᠨ ᠪᠣᠶ᠋ᠢᠵᠢᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠍ᠢ᠍ᠨ᠎ᠡ ᠭᠡᠵᠤ ᠢᠯᠡᠳᠭᠡᠪᠡ᠃
     《ᠣᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠥᠷᠥᠯ ᠵᠦᠢ᠍ᠯ ᠪᠣᠯ ᠳᠤᠮᠳᠠᠳᠤ ᠤᠯᠤᠰ᠎ᠤᠨ ᠣᠶᠤᠨ᠎ᠤ ᠬᠥᠮᠥᠷᠭᠡ ᠵᠢᠨ ᠪᠠᠶ᠋ᠢᠭᠤᠯᠤᠮᠵᠢ᠎ᠠᠴᠠ ᠡᠭᠦᠰᠭᠡᠭᠰᠡᠨ ᠳᠤᠮᠳᠠᠳᠤ ᠭᠠᠳᠠᠭ᠋ᠠᠳᠤ ᠵᠢᠨ ᠵᠠᠯᠠᠭᠤᠴᠤᠳ᠎ᠤᠨ ᠰᠣᠯᠢᠯᠴᠠᠭ᠋ᠠᠨ᠎ᠤ ᠲᠣᠭᠲᠠᠴᠠ ᠪᠣᠯᠤᠨ᠎ᠠ᠃ ᠤᠢ᠍ᠢ᠍ᠷ᠎ᠠ ᠵᠢᠨ ᠡᠳᠦᠷ᠂ 28 ᠤᠯᠤᠰ᠎ᠠᠴᠠ ᠢᠷᠡᠭᠰᠡᠨ 36 ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢ ᠰᠢ ᠵᠢᠨ ᠫᠢᠩ ᠎ᠳᠤ   ᠵᠠᠬᠢᠳᠠᠯ ᠢᠯᠡᠭᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠍ᠢ᠍ᠭᠤᠯᠤᠬᠳᠠᠬᠰᠡᠨ ᠵᠠᠭᠤᠨ ᠵᠢᠯ᠎ᠤᠨ ᠤᠢ᠎ᠳᠤ ᠪᠠᠶᠠᠷ ᠬᠦᠷᠭᠡᠵᠦ᠂ ᠲᠡᠳᠡᠨ᠎ᠤ ᠳᠤᠮᠳᠠᠳᠤ ᠤᠯᠤᠰ᠎ᠤᠨ ᠡᠯ᠎ᠡ ᠭᠠᠵᠠᠷ᠎ᠲᠤ ᠠᠶ᠋ᠢᠯᠴᠢᠯᠠᠭᠰᠠᠨ ᠲᠦᠷᠦᠭᠳᠡᠯ ᠵᠶ᠋ᠠᠨ ᠶᠠᠷᠢᠵᠤ᠂ ᠬᠥᠭᠥᠷᠭᠡ ᠵᠢᠨ ᠦᠢ᠍ᠯᠡᠳᠦᠯ ᠵᠶ᠋ᠠᠨ ᠪᠠᠳᠠᠷᠠᠭᠤᠯᠵᠤ᠂ ᠳᠤᠮᠳᠠᠳᠤ ᠭᠠᠳᠠᠭ᠋ᠠᠳᠤ ᠵᠢᠨ ᠰᠣᠯᠢᠯᠴᠠᠭ᠎ᠠ ᠶᠠᠷᠢᠯᠴᠠᠭ᠎ᠠ ᠵᠢ ᠨᠡᠩ ᠰᠠᠶ᠋ᠢᠲᠤᠷ ᠠᠬᠢᠭᠤᠯᠬᠤ ᠵᠢ ᠬᠦᠰᠡᠵᠦ ᠪᠠᠶ᠋ᠢᠬᠤ᠎ᠪᠠᠨ ᠢᠯᠡᠳᠬᠡᠪᠡ᠃

ᠢᠷᠡᠯᠲᠡ᠄ ᠦᠪᠦᠷ ᠮᠣᠩᠭᠤᠯ᠎ᠤᠨ ᠡᠳᠣᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠷᠠᠭ᠋ᠠᠨ ᠡᠭᠦᠯᠡ ᠪᠦᠷᠬᠦᠭᠰᠡᠨ ᠴᠦ᠍ ᠲᠠᠢ᠌ᠪᠤᠭᠤᠬᠠᠨ ᠪᠠᠢ᠌ᠳᠠᠯ ᠵᠶ᠋ᠠᠨ ᠪᠠᠲᠤᠯᠠᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠵᠢ ᠱᠠᠭ᠋ᠠᠷᠳᠠᠪᠠ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
 
            