ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠳᠤ᠄
32 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠪᠦᠬᠦ ᠪᠦᠯᠬᠦᠮ᠎ᠤᠨ ᠨᠥᠬᠥᠳ ᠭᠠᠷᠮᠠᠭ᠋ᠠᠶ ᠢᠯᠡᠷᠡᠯ᠎ᠲᠠᠢ ᠪᠠᠶ᠋ᠢᠵᠤ᠂ 38 ᠠᠯᠲᠠᠨ ᠮᠧᠳᠠᠯ᠂ 32 ᠮᠥᠩᠭᠥᠨ ᠮᠧᠳᠠᠯ᠂ 18 ᠬᠦᠷᠡᠯ ᠮᠧᠳᠠᠯ᠎ᠤᠨ ᠰᠢᠯᠢᠳᠡᠭ ᠬᠢᠷᠢ ᠪᠦᠲᠦᠮᠵᠢ ᠣᠯᠵᠤ᠂ ᠲᠠᠮᠢᠷ᠎ᠤᠨ ᠬᠥᠳᠡᠯᠭᠡᠭᠡᠨ᠎ᠤ ᠬᠢᠷᠢ ᠪᠦᠲᠦᠮᠵᠢ ᠪᠠ ᠣᠶᠤᠨ᠎ᠤ ᠪᠣᠯᠪᠠᠰᠤᠨ᠎ᠤ ᠬᠣᠣᠰ ᠠᠮᠵᠢᠯᠲᠠ ᠵᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ᠎ᠳᠡᠭᠡᠨ ᠢᠷᠠᠭᠤ ᠠᠯᠳᠠᠷ᠎ᠢ ᠠᠪᠴᠢᠷᠠᠬᠰᠡᠨ ᠪᠠᠶ᠋ᠢᠨ᠎ᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠲᠠ ᠨᠠᠷ᠎ᠲᠤ ᠬᠠᠯᠠᠭᠤᠨ ᠪᠠᠶᠠᠷ ᠬᠦᠷᠭᠡᠬᠦ ᠵᠢᠨ ᠬᠠᠮᠲᠤ ᠳᠣᠲᠣᠨᠣ ᠲᠣᠬᠣᠨᠢᠭᠤᠯᠤᠯ ᠬᠦᠷᠭᠡᠵᠦ ᠪᠠᠶ᠋ᠢᠨ᠎ᠠ!
ᠲᠠ ᠨᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠤᠷᠤᠯᠳᠤᠭ᠋ᠠᠨ᠎ᠳᠤ ᠪᠡᠯᠡᠳᠭᠡᠵᠤ ᠤᠷᠤᠯᠳᠤᠭ᠋ᠠᠨ᠎ᠳᠤ ᠣᠷᠣᠯᠴᠠᠬᠤ᠎ᠳᠤ ᠤᠴᠠᠷᠠᠭᠤᠯᠤᠭᠰᠠᠨ ᠬᠦᠨᠳᠦ ᠬᠡᠴᠡᠭᠦᠦ ᠥᠷᠢᠰᠥᠯᠳᠦᠭᠡᠨ᠎ᠢ ᠢᠯᠡᠨ ᠳᠠᠪᠠᠵᠤ᠂ ᠬᠦᠴᠢᠷ ᠪᠡᠷᠬᠡᠰᠢᠶᠡᠯ᠎ᠠᠴᠠ ᠠᠶᠤᠬᠤ ᠥᠬᠡᠶ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠵᠤ᠂ ᠵᠣᠷᠢᠭᠲᠠᠶ᠎ᠪᠠᠷ ᠲᠦᠷᠦᠭᠦᠯᠡᠵᠦ᠂ ᠵᠣᠷᠢᠭᠲᠠᠶ ᠪᠠᠷ ᠲᠡᠷᠢᠭᠦᠨ᠎ᠳᠤ ᠣᠷᠣᠬᠤ᠎ᠪᠠᠷ ᠴᠢᠷᠮᠠᠶ᠋ᠢᠵᠤ᠂ ᠤᠷᠤᠯᠳᠤᠭ᠋ᠠᠨ᠎ᠳᠤ ᠣᠷᠣᠯᠴᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠥᠩᠭᠡᠷᠡᠭᠰᠡᠨ 16 ᠡᠳᠦᠷ᠎ᠲᠤ᠂ ᠡᠬᠡ ᠤᠯᠤᠰ ᠪᠣᠯᠤᠨ ᠠᠷᠠᠳ ᠲᠦᠮᠡᠨ ᠲᠠ ᠨᠠᠷ᠎ᠤᠨ ᠤᠷᠤᠯᠳᠤᠭ᠋ᠠᠨ᠎ᠤ ᠲᠠᠯᠠᠪᠤᠷ᠎ᠲᠠᠬᠢ ᠰᠢᠯᠢᠳᠡᠭ ᠢᠯᠡᠷᠡᠯ᠎ᠢ ᠲᠤᠢ᠍ᠢ᠍ᠯ ᠵᠶ᠋ᠠᠷ ᠠᠩᠬᠠᠷᠴᠤ᠂ ᠮᠠᠨ᠎ᠤ ᠤᠯᠤᠰ᠎ᠤᠨ ᠲᠠᠮᠢᠷᠴᠢᠳ᠎ᠤᠨ ᠣᠯᠤᠭᠰᠠᠨ ᠬᠢᠷᠢ ᠪᠦᠲᠦᠮᠵᠢ ᠨᠢᠭᠡ ᠪᠦᠷᠢ᠎ᠳᠤ ᠪᠠᠶᠠᠷᠯᠡᠨ ᠣᠮᠣᠭᠰᠢᠬᠰᠠᠨ ᠪᠠᠢ᠍ᠢ᠍ᠨ᠎ᠠ᠃ ᠲᠠ ᠨᠠᠷ ᠨᠠᠮ ᠪᠣᠯᠤᠨ ᠠᠷᠠᠳ ᠲᠦᠮᠡᠨ᠎ᠤ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠵᠣᠷᠢᠭᠲᠠᠢ᠎ᠪᠠᠷ ᠦᠷᠢᠰᠦᠯᠳᠦᠵᠦ᠂ ᠥᠪᠡᠷ᠎ᠢ᠎ᠪᠠᠨ ᠢᠯᠡᠨ ᠳᠠᠪᠠᠵᠤ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠪᠠᠳᠠᠷᠠᠭᠤᠯᠵᠤ᠂ ᠣᠮᠣᠭ ᠲᠡᠭᠦᠯᠳᠡᠷ ᠲᠡᠮᠡᠴᠡᠯ᠎ᠤᠨ ᠵᠣᠷᠢᠭ᠂ ᠬᠠᠳᠠᠨ ᠪᠠᠲᠤ ᠣᠪᠣᠷ ᠰᠤᠷᠲᠠᠯ᠂ ᠭᠠᠷᠮᠠᠭ᠋ᠠᠢ ᠤᠷ᠎ᠠ ᠴᠢᠳᠠᠪᠤᠷᠢ᠎ᠪᠠᠨ ᠢᠯᠡᠷᠡᠭᠦᠯᠵᠦ᠂ ᠣᠯᠢᠮᠫᠢᠺ᠎ᠤᠨ ᠵᠣᠷᠢᠭ ᠰᠠᠨᠠᠭ᠎ᠠ ᠪᠣᠯᠤᠨ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠠᠮᠢᠳᠤᠯᠢᠭ ᠵᠶ᠋ᠠᠷ ᠲᠠᠶ᠋ᠢᠯᠪᠤᠷᠢᠯᠠᠵᠤ᠂ 《ᠡᠭᠦᠷᠭᠡ ᠬᠠᠷᠢᠭᠤᠴᠠᠯᠭ᠎ᠠ᠎ᠪᠠᠨ ᠡᠬᠦᠷᠭᠡᠯᠡᠵᠤ᠂ ᠡᠷᠡᠮᠡᠬᠡᠶ᠋ᠢᠯᠡᠨ ᠲᠡᠮᠡᠴᠡᠬᠦ》 ᠠᠮᠢᠳᠤᠷᠠᠬᠤᠢ ᠵᠢᠨ ᠲᠠᠩᠭ᠋ᠠᠷᠢᠭ ᠵᠶ᠋ᠠᠨ ᠪᠡᠶᠡᠯᠡᠭᠦᠯᠪᠡ᠃ ᠲᠠ ᠨᠠᠷ ᠳᠡᠯᠡᠬᠡᠢ ᠵᠢᠨ ᠡᠯ᠎ᠡ ᠤᠯᠤᠰ ᠡᠯ᠎ᠡ ᠭᠠᠵᠠᠷ ᠣᠷᠣᠨ᠎ᠤ ᠲᠠᠮᠢᠷᠴᠢᠳ᠎ᠲᠠᠢ ᠬᠠᠮᠲᠤ ᠤᠷᠤᠯᠳᠤᠵᠤ᠂ ᠬᠠᠷᠢᠯᠴᠠᠨ ᠵᠥᠪᠳᠡᠯᠴᠡᠵᠦ᠂ ᠰᠣᠯᠢᠯᠴᠠᠭ᠎ᠠ᠎ᠪᠠᠨ ᠠᠬᠢᠭᠤᠯᠵᠤ᠂ ᠨᠥᠬᠥᠷᠯᠡᠯ ᠵᠶ᠋ᠠᠨ ᠵᠤᠵᠠᠭ᠋ᠠᠳᠬᠠᠵᠠᠢ᠃ ᠲᠠ ᠨᠠᠷ᠎ᠤᠨ ᠭᠠᠷᠮᠠᠭ᠋ᠠᠢ ᠢᠯᠡᠷᠡᠯ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠤᠯᠤᠰ ᠵᠶ᠋ᠠᠨ ᠬᠠᠢ᠍ᠢ᠍ᠷᠠᠯᠠᠬᠤ ᠬᠠᠯᠠᠭᠤᠨ ᠰᠡᠳᠬᠢᠯᠭᠡ ᠵᠢ ᠤᠯᠠᠮ ᠴᠢᠨᠠᠬᠰᠢᠳᠠ ᠬᠥᠭᠵᠢᠭᠡᠵᠦ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ ᠨᠦᠭᠦᠳ᠎ᠤᠨ ᠠᠷᠠᠳ ᠲᠦᠮᠡᠨ᠎ᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠪᠦᠯᠬᠦᠮᠳᠡᠨ ᠲᠡᠮᠡᠴᠡᠵᠥ᠂ ᠰᠡᠳᠬᠢᠯ ᠨᠢᠭᠡᠳᠤᠨ ᠬᠦᠴᠦ ᠪᠠᠨ ᠬᠠᠮᠲᠤᠳᠬᠠᠬᠤ᠎ᠳᠤ ᠤᠶᠤᠨ ᠰᠠᠨᠠᠭ᠋ᠠᠨ᠎ᠤ ᠬᠦᠴᠦᠨ ᠴᠢᠳᠠᠯ ᠨᠡᠮᠡᠷᠢᠯᠡᠪᠠ᠃
ᠣᠳᠣᠬᠠᠨ᠎ᠳᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ ᠨᠦᠭᠦᠳ᠎ᠤᠨ ᠠᠷᠠᠳ ᠲᠦᠮᠡᠨ ᠶᠠᠭ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠣᠮᠣᠭ ᠲᠡᠭᠦᠯᠳᠡᠷ ᠤᠷᠤᠭᠰᠢᠯᠠᠵᠤ ᠪᠠᠶ᠋ᠢᠨ᠎ᠠ᠃ ᠲᠠ ᠨᠠᠷ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠢᠷᠠᠭᠤ ᠠᠯᠳᠠᠷᠲᠤ ᠤᠯᠠᠮᠵᠢᠯᠠᠯ᠎ᠢ ᠦᠷᠭᠦᠯᠵᠢᠯᠡᠨ ᠪᠠᠳᠠᠷᠠᠭᠤᠯᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠮᠠᠨ᠎ᠤ ᠤᠯᠤᠰ᠎ᠤᠨ ᠥᠷᠢᠰᠥᠯᠳᠦᠭᠡᠨ᠎ᠳᠤ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ᠎ᠲᠠᠭᠠᠨ ᠢᠷᠠᠭᠤ ᠠᠯᠳᠠᠷ ᠣᠯᠭᠣᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠲᠠᠢ᠍ᠢ᠍ᠴᠢᠯᠠᠵᠥ᠂ ᠠᠷᠠᠳ ᠲᠦᠮᠡᠨ᠎ᠤ ᠪᠡᠶ᠎ᠡ ᠮᠠᠬᠠᠪᠣᠳ᠎ᠢ ᠴᠢᠭᠢᠷᠠᠭᠵᠢᠭᠤᠯᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠨᠡᠩ ᠶᠡᠬᠡ ᠬᠦᠴᠦᠨ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ᠃
ᠡᠬᠡ ᠤᠯᠤᠰ ᠪᠣᠯᠤᠨ ᠠᠷᠠᠳ ᠲᠦᠮᠡᠨ ᠴᠢᠨᠢ ᠲᠠ ᠨᠠᠷ᠎ᠤᠨ ᠠᠮᠤᠷ ᠲᠦᠪᠰᠢᠨ ᠤᠷᠤᠭᠰᠢᠲᠠᠶ ᠪᠤᠴᠠᠵᠤ ᠢᠷᠡᠬᠦ ᠵᠢ ᠬᠦᠰᠡᠨ ᠬᠦᠯᠢᠶᠠᠵᠤ ᠪᠠᠶ᠋ᠢᠨ᠎ᠠ!
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ
2021 ᠣᠨ᠎ᠤ 8 ᠰᠠᠷ᠎ᠠ ᠵᠢᠨ 8᠎ᠤ ᠡᠳᠦᠷ
(ᠰᠢᠨᠬᠤᠸᠠ ᠬᠤᠷᠢᠶᠠᠨ᠎ᠤ ᠪᠡᠬᠡᠵᠢᠩ᠎ᠤᠨ 8 ᠰᠠᠷ᠎ᠠ ᠵᠢᠨ 8᠎ᠤ ᠴᠠᠬᠢᠯᠭ᠋ᠠᠨ ᠮᠡᠳᠡᠬᠡ)