ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠷᠠᠭ᠋ᠠᠨ ᠡᠭᠦᠯᠡ ᠪᠦᠷᠬᠦᠭᠰᠡᠨ ᠴᠦ᠍ ᠲᠠᠢ᠌ᠪᠤᠭᠤᠬᠠᠨ ᠪᠠᠢ᠌ᠳᠠᠯ ᠵᠶ᠋ᠠᠨ ᠪᠠᠲᠤᠯᠠᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ
ᠨᠡᠶ᠋ᠢᠲᠡᠯᠡᠭᠰᠡᠨ ᠴᠠᠭ᠄ 2021-08-17

      ᠡᠷᠢᠨ ᠵᠠᠭᠤᠨ᠎ᠤ ᠬᠣᠪᠢᠰᠤᠯᠲᠠ ᠪᠠ ᠵᠠᠭᠤᠨ ᠵᠢᠯ᠎ᠳᠤ ᠳᠣᠬᠢᠶᠠᠯᠳᠤᠬᠤ ᠬᠢᠵᠢᠭ᠎ᠤᠨ ᠪᠠᠶ᠋ᠢᠳᠠᠯ ᠰᠣᠯᠪᠢᠴᠠᠨ ᠳᠠᠪᠬᠤᠴᠠᠵᠤ᠂ ᠳᠡᠯᠡᠬᠡᠶ ᠳ᠋ᠠᠬᠢᠨ ᠣᠷᠣᠭ᠎ᠠ ᠪᠤᠰᠬᠠᠭ᠎ᠠ ᠬᠤᠭᠤᠴᠠᠭ᠋ᠠᠨ᠎ᠳᠤ ᠣᠷᠣᠪᠠ᠃ ᠡᠨᠡ ᠵᠢᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠪᠣᠯᠤᠨ ᠳᠡᠯᠡᠬᠡᠢ ᠵᠢᠨ ᠬᠥᠭᠵᠢᠯᠲᠡ ᠵᠢᠨ ᠶᠡᠬᠡ ᠬᠠᠨᠳᠤᠰᠢ ᠵᠢ ᠣᠨᠣᠪᠴᠢᠲᠠᠢ ᠡᠵᠡᠮᠳᠡᠵᠦ᠂ ᠳᠡᠯᠡᠬᠡᠢ ᠨᠡᠶ᠋ᠢᠭᠡᠮ ᠵᠶ᠋ᠠᠷ ᠵᠶ᠋ᠠᠨ ᠪᠦᠯᠬᠦᠮᠳᠡᠨ ᠬᠢᠵᠢᠭ᠎ᠢ ᠡᠰᠡᠷᠭᠦᠴᠡᠵᠦ᠂ ᠭᠠᠷ ᠭᠠᠷ ᠵᠶ᠋ᠠᠨ ᠬᠣᠯᠪᠣᠯᠴᠠᠨ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠤᠷᠢᠶᠠᠯᠠᠵᠤ᠂ ᠬᠥᠮᠦᠨ ᠪᠣᠯᠤᠨ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠰᠠᠨᠠᠭ᠋ᠠᠴᠢᠯᠠᠵᠤ᠂ ᠳᠤᠮᠳᠠᠳᠤ ᠤᠯᠤᠰ᠎ᠤᠨ ᠰᠢᠨ᠎ᠡ ᠬᠥᠭᠵᠢᠯᠲᠡ᠎ᠪᠠᠷ ᠳᠡᠯᠡᠬᠡᠢ ᠳ᠋ᠠᠬᠢᠨ᠎ᠳᠤ ᠰᠢᠨ᠎ᠡ ᠠᠵᠠ ᠲᠣᠬᠢᠶᠠᠯ ᠬᠠᠩᠭ᠋ᠠᠪᠠ᠃ 《ᠰᠣᠨᠢᠨ ᠮᠡᠳᠡᠭᠡᠨ᠎ᠤ ᠨᠡᠪᠲᠡᠷᠡᠭᠦᠯᠭᠡ》 ᠵᠢᠨ ᠰᠢᠷᠢᠰ ᠮᠡᠳᠡᠭᠡᠯᠡᠯ 《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》᠎ᠤᠨ ᠳᠥᠷᠪᠡᠳᠦᠭᠡᠷ ᠪᠦᠯᠦᠭ 《ᠪᠠᠷᠠᠭ᠋ᠠᠨ ᠡᠭᠦᠯᠡ ᠪᠦᠷᠬᠦᠭᠰᠡᠨ ᠴᠦ᠍ ᠲᠠᠢ᠌ᠪᠤᠭᠤᠬᠠᠨ ᠪᠠᠢ᠌ᠳᠠᠯ ᠵᠶ᠋ᠠᠨ ᠪᠠᠲᠤᠯᠠᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ》 ᠵᠢ ᠥᠨᠥᠳᠦᠷ (8 ᠳ᠋ᠤᠭ᠋ᠠᠷ ᠰᠠᠷ᠎ᠠ ᠵᠢᠨ 12᠎ᠤᠨ ᠡᠳᠦᠷ) ᠨᠡᠪᠲᠡᠷᠡᠭᠦᠯᠪᠡ᠃
     2021 ᠣᠨ᠎ᠳᠤ᠂ ᠳᠡᠯᠡᠬᠡᠢ ᠵᠢᠨ ᠲᠣᠭᠲᠠᠭᠤᠨ ᠪᠤᠰᠤ ᠴᠢᠨᠠᠷ ᠪᠣᠯᠤᠨ ᠲᠣᠭᠲᠠᠪᠤᠷᠢ ᠦᠭᠡᠢ ᠴᠢᠨᠠᠷ᠎ᠨᠢ ᠰᠢᠨ᠎ᠡ ᠵᠢᠯ ᠬᠦᠷᠴᠦ ᠢᠷᠡᠭᠰᠡᠨ ᠴᠦ᠍ ᠥᠴᠦᠬᠡᠨ ᠨᠠᠮᠳᠠᠭᠰᠠᠨ ᠦᠭᠡᠢ᠂ ᠬᠢᠵᠢᠭ᠎ᠤᠨ ᠬᠦᠨᠳᠦ ᠬᠡᠴᠡᠭᠦᠦ ᠪᠠᠶ᠋ᠢᠳᠠᠯ   ᠮᠥᠨ   ᠬᠦ᠌ ᠠᠷᠢᠯᠤᠭ᠋ᠠᠳᠤᠢ᠂ ᠡᠯ᠎ᠡ ᠵᠦᠢ᠍ᠯ᠎ᠤᠨ ᠰᠠᠯᠬᠢ ᠳᠠᠪᠠᠯᠭ᠋ᠠᠨ ᠲᠠᠰᠤᠷᠠᠯᠲᠠ ᠦᠭᠡᠢ ᠬᠣᠢ᠌ᠯᠠᠷᠠᠨ ᠢᠰᠬᠢᠷᠴᠦ ᠪᠠᠶ᠋ᠢᠨ᠎ᠠ᠃ ᠯᠤᠲᠤ ᠶᠡᠬᠡ ᠥᠷᠢᠰᠥᠯᠳᠦᠭᠡᠨ ᠪᠣᠯᠤᠨ ᠨᠠᠷᠢᠨ ᠪᠤᠳᠤᠯᠢᠶᠠᠨᠲᠠᠢ ᠪᠠᠶ᠋ᠢᠳᠠᠯ᠎ᠤᠨ ᠡᠮᠦᠨ᠎ᠡ᠂ ᠲᠡᠷᠢᠭᠦᠯᠡᠭᠴᠢ ᠰᠢ ᠵᠢᠨ ᠫᠢᠩ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠨᠣᠯᠵᠢᠬᠤᠨ᠎ᠢ ᠪᠠᠷᠢᠮᠲᠠᠯᠠᠵᠤ᠂ ᠤᠯᠤᠰ᠎ᠤᠨ ᠲᠡᠷᠢᠭᠦᠨ᠎ᠤ ᠭᠠᠳᠠᠭ᠋ᠠᠳᠤ ᠬᠠᠷᠢᠯᠴᠠᠭ᠎ᠠ ᠵᠢ ᠲᠥᠪᠯᠡᠷᠡᠭᠦᠯᠦᠨ ᠥᠷᠨᠢᠭᠦᠯᠪᠡ᠃ ᠡᠨᠡ ᠵᠢᠯ᠎ᠠᠴᠠ ᠨᠠᠭ᠋ᠠᠰᠢ᠂ ᠲᠡᠷᠢᠭᠦᠯᠡᠭᠴᠢ ᠰᠢ ᠵᠢᠨ ᠫᠢᠩ ᠤᠷᠢᠳ ᠬᠣᠵᠢᠳ ᠸᠢᠳᠢᠣ᠋ ᠵᠢᠨ ᠬᠡᠯᠪᠡᠷᠢ᠎ᠪᠠᠷ 11 ᠤᠳᠠᠭ᠎ᠠ ᠵᠢᠨ ᠤᠯᠠᠨ ᠲᠠᠯ᠎ᠠ ᠵᠢᠨ ᠪᠠ ᠬᠣᠶᠠᠷ ᠲᠠᠯ᠎ᠠ ᠵᠢᠨ ᠴᠢᠬᠤᠯᠠ ᠠᠵᠢᠯᠯᠠᠭ᠎ᠠ᠎ᠳᠤ ᠣᠷᠣᠯᠴᠠᠵᠤ᠂ 49 ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠡᠷᠢᠭᠦᠨ ᠪᠤᠶᠤ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠲᠠᠨ᠎ᠲᠠᠢ 50 ᠤᠳᠠᠭ᠎ᠠ ᠤᠲᠠᠰᠤ᠎ᠪᠠᠷ ᠶᠠᠷᠢᠯᠴᠠᠵᠤ᠂ ᠸᠢᠳᠢᠣ᠋᠎ᠪᠠᠷ ᠶᠠᠷᠢᠶ᠎ᠠ ᠲᠠᠯᠪᠢᠬᠤ᠂ ᠴᠠᠬᠢᠯᠭ᠋ᠠᠨ ᠶᠠᠪᠤᠭᠤᠯᠬᠤ᠂ ᠵᠠᠬᠢᠳᠠᠯ ᠢᠯᠡᠭᠡᠬᠦ ᠵᠡᠷᠭᠡ ᠬᠡᠯᠪᠡᠷᠢ᠎ᠪᠠᠷ 50 ᠭᠠᠷᠤᠢ ᠤᠳᠠᠭ᠎ᠠ ᠵᠢᠨ 《ᠡᠭᠦᠯᠡᠨ ᠭᠠᠳᠠᠭ᠋ᠠᠳᠤ ᠬᠠᠷᠢᠯᠴᠠᠭ᠎ᠠ》 ᠵᠢᠨ ᠠᠵᠢᠯᠯᠠᠭ᠎ᠠ ᠥᠷᠨᠢᠭᠦᠯᠵᠦ᠂ 29 ᠤᠯᠤᠰ᠎ᠤᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠳᠤᠮᠳᠠᠳᠤ ᠤᠯᠤᠰ᠎ᠲᠤ ᠰᠠᠭᠤᠬᠤ ᠡᠯᠴᠢᠨ ᠰᠠᠶ᠋ᠢᠳ᠎ᠤᠨ ᠳᠡᠪᠰᠢᠭᠦᠯᠦᠭᠰᠡᠨ ᠲᠦᠷᠦ ᠵᠢᠨ ᠪᠢᠴᠢᠭ᠎ᠢ ᠬᠦᠯᠢᠶᠡᠨ ᠠᠪᠤᠪᠠ᠃ ᠬᠢᠵᠢᠭ᠎ᠤᠨ ᠪᠠᠶ᠋ᠢᠳᠠᠯ᠎ᠨᠢ ᠳᠤᠮᠳᠠᠳᠤ ᠤᠯᠤᠰ᠎ᠤᠨ ᠣᠨᠴᠠᠯᠢᠭ ᠪᠦᠬᠦᠢ ᠶᠡᠬᠡ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠠᠯᠬᠤᠴᠠ ᠵᠢ ᠬᠠᠷᠰᠢᠯᠠᠭᠰᠠᠨ ᠦᠭᠡᠢ ᠬᠠᠷᠢ ᠵᠢᠷᠦᠬᠡ ᠰᠡᠳᠬᠢᠯ᠎ᠤᠨ ᠨᠡᠪᠲᠡᠷᠡᠯᠴᠡᠭᠡ ᠵᠢᠨ ᠬᠣᠯᠪᠣᠭ᠋ᠠᠰᠤ ᠵᠢ ᠴᠢᠩᠭ᠋ᠠᠷᠠᠭᠤᠯᠵᠤ᠂ ᠳᠡᠯᠡᠬᠡᠢ ᠳ᠋ᠠᠬᠢᠨ ᠵᠶ᠋ᠠᠷ ᠵᠶ᠋ᠠᠨ ᠥᠩᠭᠡᠷᠡᠭᠰᠡᠨ᠎ᠤ ᠠᠯᠢ ᠴᠤ᠌ ᠦᠶ᠎ᠡ᠎ᠠᠴᠠ ᠢᠯᠡᠭᠦᠦ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠠᠯᠤᠰ ᠬᠡᠲᠦ ᠵᠢᠨ ᠲᠠᠨᠢᠯᠲᠠ ᠪᠣᠯᠤᠨ ᠶᠡᠷᠦ ᠪᠤᠰᠤ ᠵᠢᠨ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠪᠠ᠃
      ᠣᠳᠣᠬᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠠᠶ᠋ᠢᠨ ᠳᠠᠬᠢᠨ ᠥᠷᠪᠢᠰᠴᠦ᠂ ᠸᠢᠷᠦ᠋ᠰ ᠳᠠᠬᠢᠨ ᠳᠠᠪᠲᠠᠨ ᠣᠨᠳᠣᠣᠰᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠪᠠᠰᠠ ᠴᠦ᠍ ᠬᠦᠨᠳᠦ ᠬᠡᠴᠡᠭᠦᠦ ᠪᠠᠢ᠌ᠭᠰᠠᠭ᠋ᠠᠷ᠃ ᠡᠨᠡ ᠵᠢᠯ᠎ᠤᠨ 5 ᠳ᠋ᠤᠭ᠋ᠠᠷ ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠵᠤ᠂ ᠭᠠᠷ ᠭᠠᠷ ᠵᠶ᠋ᠠᠨ ᠬᠣᠯᠪᠣᠯᠴᠠᠨ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠬᠤ ᠵᠢ ᠳᠠᠬᠢᠨᠲᠠ ᠤᠷᠢᠶᠠᠯᠠᠪᠠ᠃ ᠸᠠᠺᠼᠢᠨ ᠪᠣᠯ ᠬᠢᠵᠢᠭ᠎ᠤᠨ ᠪᠠᠶ᠋ᠢᠳᠠᠯ᠎ᠢ ᠢᠯᠠᠨ ᠳᠠᠪᠠᠬᠤ ᠬᠦᠴᠦᠲᠦ ᠵᠡᠪᠰᠡᠭ ᠮᠥᠨ᠃ 7 ᠳ᠋ᠤᠭ᠋ᠠᠷ ᠰᠠᠷ᠎ᠠ ᠵᠢᠨ 12᠎ᠤᠨ ᠡᠳᠦᠷ᠂ ᠳᠤᠮᠳᠠᠳᠤ ᠤᠯᠤᠰ᠎ᠤᠨ ᠸᠠᠺᠼᠢᠨ᠎ᠨᠢ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠡᠷᠡᠭᠵᠢᠭᠦᠯᠬᠦ ᠲᠥᠯᠥᠪᠯᠡᠭᠡ》 ᠵᠢᠨ ᠸᠠᠺᠼᠢᠨ᠎ᠤ ᠬᠥᠮᠥᠷᠭᠡ᠎ᠳᠤ ᠣᠷᠣᠪᠠ᠃ ᠳᠤᠮᠳᠠᠳᠤ ᠤᠯᠤᠰ ᠥᠪᠡᠷ᠎ᠤᠨ ᠶᠡᠬᠡ ᠬᠡᠪᠴᠢᠶᠡᠨ᠎ᠤ ᠲᠠᠷᠢᠯᠭ᠎ᠠ ᠬᠢᠬᠦ᠎ᠠᠴᠠ ᠪᠣᠯᠤᠭᠰᠠᠨ ᠥᠷᠢᠰᠥᠯᠳᠦᠭᠡᠨ᠎ᠢ ᠢᠯᠠᠨ ᠳᠠᠪᠠᠵᠤ᠂ ᠳᠡᠯᠡᠬᠡᠶ ᠳ᠋ᠠᠬᠢᠨ ᠢᠯᠠᠩᠭᠤᠶ᠎ᠠ ᠬᠥᠭᠵᠢᠵᠦ ᠪᠠᠶ᠋ᠢᠭ᠎ᠠ ᠤᠯᠤᠰ᠎ᠤᠳ᠎ᠲᠤ ᠸᠠᠺᠼᠢᠨ ᠬᠠᠩᠭ᠋ᠠᠵᠤ᠂ ᠶᠡᠷᠦᠩᠬᠡᠶ ᠲᠣᠭ᠎ᠠ᠎ᠨᠢ ᠨᠢᠭᠡᠨᠲᠡ 7.5 ᠳ᠋ᠦᠩᠰᠢᠭᠤᠷ᠎ᠢ ᠳᠠᠪᠠᠭᠰᠠᠨ ᠪᠠᠶ᠋ᠢᠨ᠎ᠠ᠃ ᠳᠤᠮᠳᠠᠳᠤ ᠤᠯᠤᠰ ᠸᠠᠺᠼᠢᠨ᠎ᠢ 《ᠪᠥᠬᠥ ᠪᠥᠮᠪᠥᠷᠴᠡᠭ᠎ᠤᠨ ᠣᠯᠠᠨ ᠨᠡᠶ᠋ᠢᠲᠡ ᠵᠢᠨ ᠦᠢ᠍ᠯᠡᠳᠬᠦᠨ》 ᠪᠣᠯᠭ᠋ᠠᠬᠤ ᠲᠥᠪ ᠴᠢᠩᠭ᠎ᠠ ᠠᠮᠠᠯᠠᠯᠲᠠ᠎ᠪᠠᠨ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠪᠡ᠃
      ᠶᠡᠷᠦᠩᠬᠡᠶ ᠱᠦᠵᠢ ᠰᠢ ᠵᠢᠨ ᠫᠢᠩ ᠬᠡᠯᠡᠬᠦ᠎ᠳᠤ᠎ᠪᠠᠨ᠄ 《ᠣᠳᠣᠬᠠᠨ᠎ᠳᠤ ᠸᠠᠺᠼᠢᠨ᠎ᠤ ᠲᠠᠷᠢᠯᠭ᠎ᠠ ᠬᠢᠬᠦ ᠲᠡᠩᠴᠡᠭᠦᠷᠢ ᠥᠬᠡᠶ ᠠᠰᠠᠭᠤᠳᠠᠯ ᠨᠠᠩ ᠲᠣᠪᠣᠶ᠋ᠢᠮ᠎ᠠ ᠪᠣᠯᠵᠣ ᠪᠠᠶ᠋ᠢᠨ᠎ᠠ᠂ ᠲᠣᠮᠣ ᠤᠯᠤᠰ᠎ᠤᠳ ᠬᠠᠷᠢᠭᠤᠴᠠᠯᠭ᠎ᠠ ᠡᠭᠦᠷᠭᠡᠯᠡᠵᠦ᠂ ᠸᠠᠺᠼᠢᠨ᠎ᠢ ᠪᠠᠴᠢᠮ ᠬᠡᠷᠡᠭᠴᠡᠭᠡ᠎ᠲᠠᠢ ᠬᠥᠭᠵᠢᠵᠦ ᠪᠠᠶ᠋ᠢᠭ᠎ᠠ ᠤᠯᠤᠰ᠎ᠲᠤ ᠢᠯᠡᠭᠦᠬᠡᠨ ᠬᠠᠩᠭ᠋ᠠᠬᠤ ᠬᠡᠷᠡᠭᠲᠡᠶ》 ᠭᠡᠵᠡᠶ᠃
      ᠳᠤᠮᠳᠠᠳᠤ ᠤᠯᠤᠰ ᠪᠣᠯ ᠢᠮᠠᠭᠲᠠ ᠪᠦᠬᠦ ᠪᠥᠮᠪᠥᠷᠴᠡᠭ᠎ᠤᠨ ᠬᠢᠵᠢᠭ᠎ᠢ ᠡᠰᠡᠷᠭᠦᠴᠡᠬᠦ ᠬᠠᠮᠲᠤᠷᠠᠯᠴᠠᠭ᠋ᠠᠨ᠎ᠤ ᠠᠬᠢᠭᠤᠯᠤᠭᠴᠢ ᠪᠠ ᠦᠢ᠍ᠯᠡᠳᠦᠯᠭᠡᠵᠢᠭᠦᠯᠦᠭᠴᠢ ᠮᠥᠨ᠃ ᠣᠨᠴᠠ ᠵᠠᠷᠢᠮ ᠤᠯᠤᠰ ᠬᠢᠵᠢᠭ᠎ᠤᠨ ᠪᠠᠶ᠋ᠢᠳᠠᠯ ᠪᠠ ᠸᠢᠷᠦ᠋ᠰ᠎ᠤᠨ ᠡᠬᠢ ᠰᠤᠷᠪᠤᠯᠵᠢ ᠵᠢ ᠠᠰᠢᠭᠯᠠᠨ ᠭᠦᠳᠬᠡᠬᠦ᠂ ᠤᠯᠤᠰ ᠲᠥᠷᠥ ᠵᠢᠨ ᠴᠢᠨᠠᠷ᠎ᠲᠠᠢ ᠪᠣᠯᠭ᠋ᠠᠬᠤ᠎ᠪᠠᠷ ᠬᠤᠤᠪᠢᠯᠳᠤᠬᠤ ᠦᠶ᠎ᠡ᠎ᠳᠤ᠂ ᠳᠤᠮᠳᠠᠳᠤ ᠤᠯᠤᠰ ᠸᠠᠺᠼᠢᠨ᠎ᠤ ᠣᠯᠠᠨ ᠤᠯᠤᠰ᠎ᠤᠨ ᠬᠠᠮᠲᠤᠷᠠᠯᠴᠠᠭ᠎ᠠ ᠵᠢ ᠪᠣᠳᠠᠲᠠᠶ᠎ᠪᠠᠷ ᠠᠬᠢᠭᠤᠯᠵᠤ᠂ ᠳᠡᠯᠡᠬᠡᠶ ᠨᠡᠶ᠋ᠢᠲᠡ᠎ᠳᠤ ᠬᠢᠵᠢᠭ᠎ᠢ ᠡᠰᠡᠷᠭᠦᠴᠡᠬᠦ ᠡᠳ᠋ ᠪᠣᠳᠠᠰ᠎ᠤᠨ ᠲᠤᠰᠠᠯᠠᠮᠵᠢ ᠵᠢ ᠢᠳᠡᠪᠬᠢᠲᠡᠶ ᠬᠠᠩᠭ᠋ᠠᠪᠠ᠃ ᠳᠤᠮᠳᠠᠳᠤ ᠤᠯᠤᠰ ᠪᠣᠯ ᠮᠥᠨ ᠴᠦ᠍ ᠬᠣᠷᠢᠨ ᠤᠯᠤᠰ᠎ᠤᠨ ᠪᠦᠯᠦᠭᠯᠡᠯ᠎ᠤᠨ ᠭᠡᠰᠢᠭᠦᠨ ᠤᠯᠤᠰ᠎ᠤᠨ ᠳᠣᠲᠣᠷᠠᠬᠢ ᠥᠷᠢ ᠥᠭᠴᠡᠭᠡ ᠵᠢ ᠬᠣᠢ᠌ᠰᠢᠯᠠᠭᠤᠯᠤᠭᠰᠠᠨ ᠵᠣᠭᠣᠰ᠎ᠤᠨ ᠲᠣᠭ᠎ᠠ᠎ᠪᠠᠷ ᠬᠠᠮᠤᠭ᠎ᠤᠨ ᠶᠡᠬᠡ ᠤᠯᠤᠰ ᠪᠣᠯᠤᠨ᠎ᠠ᠃ ᠣᠳᠣᠬᠠᠨ᠎ᠳᠤ᠂ ᠬᠥᠮᠦᠨ ᠲᠥᠷᠥᠯᠬᠢᠲᠡᠨ ᠶᠠᠭ ᠳᠡᠯᠡᠬᠡᠶ ᠵᠢᠨ ᠬᠣᠶᠠᠳᠤᠭ᠋ᠠᠷ ᠲᠠᠢ᠍ᠢ᠍ᠨ ᠳᠠᠭᠤᠰᠤᠭᠰᠠᠨ᠎ᠠᠴᠠ ᠨᠠᠭ᠋ᠠᠰᠢᠬᠢ ᠬᠠᠮᠤᠭ᠎ᠤᠨ ᠬᠦᠨᠳᠦ ᠨᠣᠴᠢᠲᠠᠶ ᠠᠵᠤ ᠠᠬᠤᠶ ᠵᠢᠨ ᠪᠠᠭᠤᠷᠠᠯᠲᠠ᠎ᠳᠤ ᠤᠴᠠᠷᠠᠵᠤ ᠪᠠᠶ᠋ᠢᠨ᠎ᠠ᠂ ᠳᠤᠮᠳᠠᠳᠤ ᠤᠯᠤᠰ ᠠᠵᠤ ᠠᠬᠤᠶ ᠵᠢᠨ ᠳᠡᠯᠡᠬᠡᠶ᠋ᠢᠴᠢᠯᠡᠯᠲᠡ ᠵᠢᠨ ᠲᠤᠭ᠎ᠢ ᠥᠨᠳᠥᠷ ᠮᠠᠨᠳᠤᠭᠤᠯᠵᠤ᠂ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠨ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠳᠡ ᠵᠢ ᠥᠷᠭᠡᠳᠬᠡᠵᠦ᠂ ᠳᠤᠮᠳᠠᠳᠤ ᠤᠯᠤᠰ᠎ᠤᠨ ᠰᠢᠨ᠎ᠡ ᠬᠥᠭᠵᠢᠯᠲᠡ᠎ᠪᠠᠷ ᠳᠡᠯᠡᠬᠡᠶ ᠳ᠋ᠠᠬᠢᠨ᠎ᠳᠤ ᠰᠢᠨ᠎ᠡ ᠠᠵᠠ ᠲᠣᠬᠢᠶᠠᠯ ᠬᠠᠩᠭ᠋ᠠᠵᠤ ᠪᠣᠢ᠃ ᠡᠨᠡ ᠵᠢᠯ᠎ᠠᠴᠠ ᠨᠠᠭ᠋ᠠᠰᠢ᠂ ᠲᠡᠷᠢᠭᠦᠯᠡᠭᠴᠢ ᠰᠢ ᠵᠢᠨ ᠫᠢᠩ ᠳᠡᠯᠡᠬᠡᠢ ᠵᠢᠨ ᠠᠵᠤ ᠠᠬᠤᠢ ᠵᠢᠨ ᠶᠠᠷᠢᠶᠠᠨ᠎ᠤ ᠲᠠᠪᠴᠠᠩ᠎ᠤᠨ 《ᠳ᠋ᠠᠸᠦ᠋ᠰ᠎ᠤᠨ ᠵᠥᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠂ ᠪᠥᠸᠧ ᠤᠣ ᠵᠢᠨ ᠠᠽᠢᠶ᠎ᠠ ᠲᠢᠪ᠎ᠤᠨ ᠹᠦᠷᠦᠮ᠎ᠤᠨ 2021 ᠣᠨ᠎ᠤ ᠵᠢᠯ᠎ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯ ᠵᠡᠷᠭᠡ ᠴᠢᠬᠤᠯᠠ ᠬᠤᠷᠠᠯ᠎ᠳᠤ ᠣᠷᠣᠯᠴᠠᠵᠤ᠂ ᠣᠷᠣᠨ ᠪᠦᠰᠡ ᠵᠢᠨ ᠠᠵᠤ ᠠᠬᠤᠢ ᠵᠢᠨ ᠨᠢᠭᠡ ᠴᠣᠭᠴᠠᠵᠢᠭᠤᠯᠤᠯᠲᠠ ᠵᠢ ᠭᠦᠨᠵᠡᠭᠡᠶ᠋ᠢᠷᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠠ ᠲᠣᠬᠢᠶᠠᠯ᠎ᠢ ᠡᠵᠡᠮᠳᠡᠬᠦ᠂ 《ᠨᠢᠭᠡ ᠪᠦᠰᠡ ᠨᠢᠭᠡ ᠵᠠᠮ》᠎ᠤᠨ ᠴᠢᠨᠠᠷᠯᠢᠭ ᠬᠥᠭᠵᠢᠯᠲᠡ ᠵᠢ ᠬᠠᠮᠲᠤ᠎ᠪᠠᠷ ᠪᠠᠶ᠋ᠢᠭᠤᠯᠬᠤ ᠵᠢ ᠠᠬᠢᠭᠤᠯᠬᠤ ᠵᠡᠷᠭᠡ ᠴᠢᠬᠤᠯᠠ ᠵᠣᠷᠢᠯᠲᠠ ᠵᠢ ᠳᠤᠷᠠᠳᠴᠠᠢ᠃
      ᠶᠡᠷᠦᠩᠬᠡᠢ ᠱᠦᠵᠢ ᠰᠢ ᠵᠢᠨ ᠫᠢᠩ᠄ 《ᠪᠢᠳᠠ ᠨᠡᠭᠡᠭᠡᠯᠲᠡᠲᠡᠢ ᠪᠠᠭᠲᠠᠭ᠋ᠠᠮᠵᠢᠲᠠᠢ ᠪᠠᠶ᠋ᠢᠬᠤ ᠵᠣᠷᠢᠭ ᠰᠠᠨᠠᠭ᠎ᠠ᠎ᠪᠠᠷ 〈ᠨᠢᠭᠡ ᠪᠦᠰᠡ ᠨᠢᠭᠡ ᠵᠠᠮ〉᠎ᠢ 〈ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠠᠭ᠋ᠠᠰᠬᠠᠬᠤ ᠵᠠᠮ〉 〈ᠨᠡᠮᠡᠭᠳᠡᠯ᠎ᠤᠨ ᠵᠠᠮ〉 ᠪᠣᠯᠭ᠋ᠠᠨ ᠪᠦᠳᠦᠭᠡᠨ ᠪᠠᠶ᠋ᠢᠭᠤᠯᠵᠤ᠂ ᠬᠥᠮᠦᠨ ᠲᠥᠷᠥᠯᠬᠢᠲᠡᠨ᠎ᠤ ᠬᠠᠮᠲᠤ ᠵᠢᠨ ᠬᠥᠭᠵᠢᠯ ᠴᠡᠴᠡᠭᠯᠡᠯ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ》 ᠭᠡᠵᠡᠢ᠃
      ᠬᠥᠮᠦᠨ ᠲᠥᠷᠥᠯᠬᠢᠲᠡᠨ᠎ᠤ ᠬᠤᠪᠢ ᠵᠠᠶᠠᠭ᠎ᠠ ᠪᠣᠯ ᠬᠠᠮᠲᠤ ᠵᠢᠨ ᠶᠤᠮ᠂ ᠶᠠᠮᠠᠷᠪᠠ ᠬᠥᠮᠦᠨ ᠶᠠᠮᠠᠷᠪᠠ ᠤᠯᠤᠰ ᠭᠡᠳ ᠬᠤᠪᠢ ᠪᠡᠶ᠎ᠡ᠎ᠪᠠᠨ ᠯᠡ ᠪᠤᠳᠤᠵᠤ ᠪᠣᠯᠬᠤ ᠦᠭᠡᠢ ᠶᠤᠮ᠃ ᠤᠢ᠍ᠢ᠍ᠷ᠎ᠠ ᠵᠢᠨ ᠵᠢᠯ᠎ᠤᠳ᠎ᠲᠤ᠂ ᠠᠭᠤᠷ ᠠᠮᠢᠰᠬᠤᠯ᠎ᠤᠨ ᠬᠤᠪᠢᠷᠠᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠠᠯᠳᠠᠭᠳᠠᠯ᠂ ᠴᠦᠯᠡᠷᠬᠡᠭᠵᠢᠯ ᠰᠢᠷᠦᠭᠦᠰᠬᠦ᠂ ᠠᠭᠤᠷ ᠠᠮᠢᠰᠬᠤᠯ᠎ᠤᠨ ᠲᠤᠶ᠋ᠢᠯ᠎ᠤᠨ ᠬᠡᠷᠡᠭ ᠵᠡᠷᠭᠡ ᠪᠠᠢ᠌ᠨ ᠳᠠᠬᠢᠨ ᠡᠭᠦᠰᠴᠦ᠂ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠯ ᠪᠠ ᠬᠥᠭᠵᠢᠯ ᠴᠡᠴᠡᠭᠯᠡᠯ᠎ᠳᠤ ᠬᠦᠨᠳᠦ ᠬᠡᠴᠡᠭᠦᠦ ᠥᠷᠢᠰᠥᠯᠳᠦᠭᠡᠨ᠎ᠢ ᠠᠪᠴᠢᠷᠠᠭᠰᠠᠨ ᠪᠠᠶ᠋ᠢᠨ᠎ᠠ᠃ ᠬᠠᠮᠲᠤ ᠵᠢᠨ ᠥᠷᠢᠰᠥᠯᠳᠦᠭᠡᠨ᠎ᠤ ᠡᠮᠦᠨ᠎ᠡ᠂ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠬᠠᠮᠲᠤ ᠵᠢᠨ ᠠᠰᠢᠭ ᠲᠤᠰᠠ ᠵᠢ ᠪᠣᠳᠣᠯᠬᠢᠯᠠᠵᠤ᠂ ᠪᠦᠬᠦ ᠪᠥᠮᠪᠥᠷᠴᠡᠭ᠎ᠢ ᠬᠦᠳᠦᠯᠦᠨ ᠳᠠᠭ᠋ᠠᠭᠤᠯᠵᠤ ᠪᠠᠢ᠌ᠭ᠋ᠠᠳ ᠣᠷᠴᠢᠨ ᠲᠣᠭᠣᠷᠢᠨ᠎ᠤ ᠵᠠᠰᠠᠯᠲᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ ᠳᠡᠭᠡᠷ᠎ᠡ ᠠᠩᠬ᠎ᠠ ᠤᠳᠠᠭ᠎ᠠ ᠬᠥᠮᠦᠨ ᠪᠣᠯᠤᠨ ᠪᠠᠶ᠋ᠢᠭ᠋ᠠᠯᠢ ᠵᠢᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠢ᠌ᠭᠤᠯᠰᠤᠭ᠋ᠠᠢ ᠭᠡᠵᠦ ᠳᠤᠷᠠᠳᠤᠭᠰᠠᠨ ᠪᠥᠭᠡᠳ ᠳᠤᠮᠳᠠᠳᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠳᠤ ᠬᠦᠷᠭᠡᠬᠦ ᠵᠢ ᠪᠡᠶᠡᠯᠡᠭᠦᠯᠵᠦ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠰᠠᠭ᠋ᠠᠷᠮᠠᠭᠵᠢᠯ᠎ᠢ ᠪᠡᠶᠡᠯᠡᠭᠦᠯᠬᠦ᠎ᠪᠠᠷ ᠴᠢᠷᠮᠠᠶ᠋ᠢᠨ᠎ᠠ ᠭᠡᠵᠦ ᠳᠠᠬᠢᠨᠲᠠ ᠲᠣᠳᠣᠷᠬᠠᠶ᠋ᠢᠯᠠᠪᠠ᠃
      ᠶᠡᠷᠦᠩᠬᠡᠶ ᠱᠦᠵᠢ ᠰᠢ ᠵᠢᠨ ᠫᠢᠩ ᠬᠡᠯᠡᠬᠦ᠎ᠳᠤ᠎ᠪᠠᠨ᠄ 《ᠮᠠᠨ᠎ᠤ ᠦᠵᠡᠬᠦ᠎ᠪᠠᠷ᠂ ᠪᠦᠬᠦ ᠬᠥᠮᠦᠨ ᠲᠥᠷᠥᠯᠬᠢᠲᠡᠨ᠎ᠳᠤ ᠠᠰᠢᠭᠲᠠᠶ ᠶᠠᠪᠤᠳᠠᠯ ᠪᠦᠬᠦᠨ᠎ᠢ ᠳᠤᠮᠳᠠᠳᠤ ᠤᠯᠤᠰ ᠳᠠᠷᠤᠶ ᠴᠢᠳᠠᠯ᠎ᠤᠨ ᠬᠢᠷᠢ᠎ᠪᠠᠷ ᠵᠶ᠋ᠡᠨ ᠬᠢᠬᠦ ᠮᠥᠷᠲᠡᠭᠡᠨ ᠰᠠᠶ᠋ᠢᠲᠤᠷ ᠬᠢᠬᠦ ᠬᠡᠷᠡᠭᠲᠡᠶ》 ᠭᠡᠵᠡᠶ᠃
      ᠵᠢᠷᠦᠬᠡ ᠰᠡᠬᠦᠢ᠌ᠯ ᠵᠶ᠋ᠡᠨ ᠬᠠᠮᠲᠤᠳᠬᠠᠨ ᠬᠠᠲᠠᠭᠤ ᠪᠡᠷᠬᠡᠰᠢᠶᠡᠯ᠎ᠢ ᠲᠤᠭᠤᠯᠵᠤ᠂ ᠰᠠᠯᠬᠢ ᠳᠠᠪᠠᠯᠭ᠋ᠠᠨ᠎ᠢ ᠰᠥᠷᠥᠨ ᠲᠦᠮᠡᠨ ᠭᠠᠵᠠᠷ᠎ᠤᠨ ᠠᠶᠠᠨ᠎ᠳᠤ ᠤᠷᠤᠭᠰᠢᠯᠠᠨ᠎ᠠ᠃ ᠡᠨᠡ ᠵᠢᠯ᠎ᠠᠴᠠ ᠨᠠᠭ᠋ᠠᠰᠢ᠂ ᠲᠡᠷᠢᠭᠦᠯᠡᠭᠴᠢ ᠰᠢ ᠵᠢᠨ ᠫᠢᠩ᠎ᠤᠨ ᠳᠠᠭ᠋ᠠᠭᠤᠯᠭ᠎ᠠ ᠳᠣᠣᠷ᠎ᠠ᠂ ᠳᠤᠮᠳᠠᠳᠤ ᠤᠯᠤᠰ ᠪᠦᠬᠦ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ ᠵᠢᠨ ᠲᠣᠣᠷ᠎ᠢ ᠢᠳᠡᠪᠬᠢᠲᠡᠢ ᠪᠠᠶ᠋ᠢᠭᠤᠯᠵᠤ᠂ ᠭᠠᠳᠠᠭ᠋ᠠᠳᠤ ᠨᠡᠬᠡᠬᠡᠯᠳᠡ ᠪᠣᠯᠤᠨ ᠬᠠᠮᠲᠤᠷᠠᠯᠴᠠᠭ᠎ᠠ ᠵᠢ ᠥᠷᠭᠡᠳᠬᠡᠨ᠂ ᠬᠠᠮᠲᠤ᠎ᠪᠠᠷ ᠠᠰᠢᠭ ᠬᠦᠷᠳᠡᠬᠦ ᠰᠢᠨ᠎ᠡ ᠪᠠᠶ᠋ᠢᠳᠠᠯ᠎ᠢ ᠨᠡᠭᠡᠭᠡᠪᠡ᠃ ᠲᠡᠦᠬᠡ ᠵᠢᠨ ᠵᠥᠪ ᠲᠠᠯ᠎ᠠ ᠪᠠ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠲᠠᠯ᠎ᠠ᠎ᠳᠤ ᠵᠣᠭᠰᠣᠵᠤ᠂ ᠳᠤᠮᠳᠠᠳᠤ ᠤᠯᠤᠰ ᠢᠮᠠᠭᠲᠠ ᠳᠡᠯᠡᠬᠡᠢ ᠵᠢᠨ ᠡᠩᠬᠡ ᠲᠠᠶ᠋ᠢᠪᠤᠩ᠎ᠤᠨ ᠪᠦᠳᠦᠭᠡᠨ ᠪᠠᠶ᠋ᠢᠭᠤᠯᠤᠭᠴᠢ᠂ ᠪᠦᠬᠦ ᠪᠥᠮᠪᠥᠷᠴᠡᠭ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠵᠤ᠂ ᠨᠡᠩ ᠰᠠᠢ᠍ᠢ᠍ᠨ ᠰᠠᠶ᠋ᠢᠬᠠᠨ ᠳᠡᠯᠡᠬᠡᠢ ᠶᠢᠷᠲᠢᠨᠴᠦ ᠵᠢ ᠪᠦᠳᠦᠭᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ ᠪᠣᠢ!

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠵᠢ ᠱᠠᠭ᠋ᠠᠷᠳᠠᠪᠠ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠾᠧᠨᠠᠨ᠎ᠳᠤ ᠠᠵᠢᠯ᠎ᠤᠨ ᠪᠠᠢ᠌ᠴᠠᠭ᠋ᠠᠯᠲᠠ ᠬᠢᠭᠰᠡᠨ ᠪᠥᠭᠡᠳ ᠭᠠᠮᠰᠢᠭ᠎ᠤᠨ ᠳᠠᠷᠠᠭ᠎ᠠ ᠰᠡᠷᠭᠦᠭᠡᠵᠦ ᠳᠠᠬᠢᠨ ᠪᠥᠲᠥᠭᠡᠨ ᠪᠠᠢ᠌ᠭᠤᠯᠬᠤ ᠲᠤᠰᠬᠠᠶ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠪᠠ
 
            