ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠢᠯᠡᠭᠡᠪᠡ
ᠨᠡᠶ᠋ᠢᠲᠡᠯᠡᠭᠰᠡᠨ ᠴᠠᠭ᠄ 2021-08-17

    ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 5᠎ᠤ ᠴᠠᠬᠢᠯᠭ᠋ᠠᠨ ᠮᠡᠳᠡᠭᠡ  8 ᠰᠠᠷ᠎ᠠ ᠵᠢᠨ 5᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠢᠯᠡᠭᠡᠪᠡ᠃
    ᠰᠢ ᠵᠢᠨ ᠫᠢᠩ᠂ ᠡᠨᠡ ᠵᠢᠯ᠎ᠤᠨ 5 ᠰᠠᠷ᠎ᠠ᠎ᠳᠤ᠂ ᠪᠢ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ ᠳᠡᠭᠡᠷ᠎ᠡ ᠳᠤᠮᠳᠠᠳᠤ ᠤᠯᠤᠰ᠎ᠤᠨ ᠪᠦᠬᠦ ᠪᠥᠮᠪᠥᠷᠴᠡᠭ ᠵᠶ᠋ᠠᠷ ᠵᠶ᠋ᠠᠨ ᠪᠦᠯᠬᠦᠮᠳᠡᠨ ᠬᠢᠵᠢᠭ᠎ᠲᠠᠢ ᠲᠡᠮᠡᠴᠡᠬᠦ ᠵᠢ ᠳᠡᠮᠵᠢᠬᠦ ᠲᠠᠪᠤᠨ ᠵᠦᠢ᠍ᠯ᠎ᠤᠨ ᠠᠷᠭ᠎ᠠ ᠬᠡᠮᠵᠢᠶ᠎ᠡ ᠵᠢ ᠨᠡᠶ᠋ᠢᠲᠡᠯᠡᠪᠡ᠂ ᠡᠭᠦᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠢ ᠪᠠᠶ᠋ᠢᠭᠤᠯᠵᠤ᠂ ᠸᠠᠺᠼᠢᠨ ᠦᠢ᠍ᠯᠡᠳᠪᠦᠷᠢᠯᠡᠵᠦ ᠰᠤᠳᠤᠯᠤᠨ ᠨᠡᠭᠡᠭᠡᠬᠦ ᠤᠯᠤᠰ᠂ ᠠᠵᠤ ᠠᠬᠤᠶ᠋ᠢᠯᠠᠯ᠂ ᠠᠰᠢᠭ ᠲᠤᠰᠠ᠎ᠳᠤ ᠬᠣᠯᠪᠣᠭᠳᠠᠬᠤ ᠲᠠᠯ᠎ᠠ ᠵᠢᠨ᠎ᠬᠢᠨ ᠪᠦᠬᠦ ᠪᠥᠮᠪᠥᠷᠴᠡᠭ᠎ᠤᠨ ᠸᠠᠺᠼᠢᠨ᠎ᠤ ᠡᠷᠬᠡ ᠲᠡᠭᠰᠢ ᠵᠦᠢ ᠵᠣᠬᠢᠰᠲᠠᠢ ᠬᠤᠪᠢᠶᠠᠷᠢᠯᠠᠯᠲᠠ ᠵᠢ ᠠᠬᠢᠭᠤᠯᠬᠤ ᠵᠢ ᠬᠠᠮᠲᠤ᠎ᠪᠠᠷ ᠰᠤᠳᠤᠯᠤᠨ ᠶᠠᠷᠢᠯᠴᠠᠬᠤ ᠰᠠᠨᠠᠭ᠋ᠠᠴᠢᠯᠠᠭ᠎ᠠ ᠪᠠᠭᠳᠠᠵᠤ ᠪᠠᠢ᠍ᠢ᠍ᠨ᠎ᠠ᠃ ᠣᠳᠣᠬᠠᠨ᠎ᠳᠤ ᠬᠢᠵᠢᠭ᠎ᠤᠨ ᠪᠠᠶ᠋ᠢᠳᠠᠯ ᠳᠠᠬᠢᠨ ᠳᠠᠪᠲᠠᠨ ᠡᠭᠦᠰᠴᠦ᠂ ᠸᠢᠷᠦ᠋ᠰ ᠪᠠᠶ᠋ᠢᠨ ᠳᠠᠬᠢᠨ ᠤᠨᠳᠤᠤᠰᠢᠵᠦ ᠪᠠᠶ᠋ᠢᠨ᠎ᠠ᠃ ᠲᠤᠰ ᠤᠳᠠᠭ᠎ᠠ ᠵᠢᠨ ᠶᠠᠷᠢᠶᠠᠨ᠎ᠤ ᠲᠠᠪᠴᠠᠩ᠎ᠤᠨ ᠬᠤᠷᠠᠯ ᠪᠦᠬᠦ ᠪᠥᠮᠪᠥᠷᠴᠡᠭ᠎ᠤᠨ ᠸᠠᠺᠼᠢᠨ᠎ᠢ ᠡᠷᠬᠡ ᠲᠡᠭᠰᠢ᠎ᠪᠠᠷ ᠬᠦᠷᠳᠡᠬᠦ ᠲᠠᠯ᠎ᠠ᠎ᠪᠠᠷ ᠰᠢᠨ᠎ᠡ ᠠᠯᠬᠤᠮ᠎ᠢ ᠠᠯᠬᠤᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠪᠦᠯᠬᠦᠮᠳᠡᠨ ᠬᠠᠮᠲᠤᠷᠠᠯᠴᠠᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ᠎ᠤ ᠬᠢᠵᠢᠭ᠎ᠤᠨ ᠪᠠᠶ᠋ᠢᠳᠠᠯ᠎ᠢ ᠡᠷᠲᠡᠬᠡᠨ ᠢᠯᠠᠨ ᠳᠠᠪᠠᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠵᠢ ᠪᠢ ᠬᠦᠰᠡᠵᠦ ᠪᠠᠶ᠋ᠢᠨ᠎ᠠ ᠭᠡᠵᠤ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠴᠣᠭᠴᠠ ᠵᠢᠨ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠳᠡᠯᠡᠬᠡᠶ ᠳ᠋ᠠᠬᠢᠨ ᠢᠯᠠᠩᠭᠤᠶ᠎ᠠ ᠥᠷᠭᠡᠨ ᠣᠯᠠᠨ ᠬᠥᠭᠵᠢᠵᠦ ᠪᠠᠶ᠋ᠢᠭ᠎ᠠ ᠤᠯᠤᠰ᠎ᠲᠤ ᠸᠠᠺᠼᠢᠨ ᠬᠠᠩᠭ᠋ᠠᠵᠤ᠂ ᠬᠠᠮᠲᠤᠷᠠᠯᠴᠠᠨ ᠦᠢ᠍ᠯᠡᠳᠪᠦᠷᠢᠯᠡᠬᠦ ᠵᠢ ᠢᠳᠡᠪᠬᠢᠲᠡᠶ ᠦᠷᠨᠢᠭᠦᠯᠵᠦ ᠪᠤᠢ᠃ ᠡᠨᠡ ᠪᠣᠯ ᠸᠠᠺᠼᠢᠨ᠎ᠨᠢ ᠪᠥᠬᠥ ᠳᠡᠯᠡᠬᠡᠶ ᠵᠢᠨ ᠣᠯᠠᠨ ᠨᠡᠶ᠋ᠢᠲᠡ ᠵᠢᠨ ᠦᠢ᠍ᠯᠡᠳᠬᠦᠨ ᠪᠣᠯᠤᠭᠰᠠᠨ᠎ᠤ ᠬᠤᠪᠢ᠎ᠳᠤ ᠪᠠᠶ᠋ᠢᠪᠠᠰᠤ ᠵᠣᠬᠢᠬᠤ ᠤᠳᠬ᠎ᠠ ᠠᠭᠤᠯᠭ᠎ᠠ ᠮᠥᠨ᠃ ᠳᠤᠮᠳᠠᠳᠤ ᠤᠯᠤᠰ ᠦᠷᠭᠦᠯᠵᠢᠯᠡᠨ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠵᠤ᠂ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠢ ᠬᠠᠪᠰᠤᠷᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠨ᠎ᠠ᠃ ᠡᠨᠡ ᠵᠢᠯ᠎ᠳᠤ᠂ ᠳᠤᠮᠳᠠᠳᠤ ᠤᠯᠤᠰ ᠪᠦᠬᠦ ᠳᠡᠯᠡᠬᠡᠢ᠎ᠳᠤ 20 ᠳ᠋ᠦᠩᠰᠢᠭᠤᠷ ᠬᠤᠪᠢ ᠸᠠᠺᠼᠢᠨ ᠬᠠᠩᠭ᠋ᠠᠬᠤ᠎ᠪᠠᠷ ᠴᠢᠷᠮᠠᠶ᠋ᠢᠨ᠎ᠠ᠃ ᠳᠤᠮᠳᠠᠳᠤ ᠤᠯᠤᠰ 《ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠡᠷᠡᠭᠵᠢᠭᠦᠯᠬᠦ ᠲᠥᠯᠥᠪᠯᠡᠭᠡ》᠎ᠳᠤ 1 ᠳ᠋ᠦᠩᠰᠢᠭᠤᠷ ᠳ᠋ᠣᠯᠯᠠᠷ ᠬᠠᠨᠳᠢᠪᠯᠠᠬᠤ᠎ᠪᠠᠷ ᠲᠤᠭᠳᠠᠵᠦ᠂ ᠬᠥᠭᠵᠢᠵᠦ ᠪᠠᠶ᠋ᠢᠭ᠎ᠠ ᠤᠯᠤᠰ᠎ᠤᠳ᠎ᠲᠤ ᠸᠠᠺᠼᠢᠨ ᠬᠤᠪᠢᠶᠠᠷᠢᠯᠠᠬᠤ᠎ᠳᠤ ᠬᠡᠷᠡᠭᠯᠡᠬᠦ᠎ᠪᠠᠷ ᠪᠠᠢ᠍ᠢ᠍ᠨ᠎ᠠ᠃ ᠪᠢᠳᠠ ᠳᠤᠷᠠᠲᠠᠶ᠎ᠠ ᠳᠡᠯᠡᠬᠡᠢ ᠨᠡᠶ᠋ᠢᠭᠡᠮ᠎ᠲᠠᠢ ᠬᠠᠮᠲᠤ᠎ᠪᠠᠷ ᠤᠯᠠᠨ ᠤᠯᠤᠰ᠎ᠤᠨ ᠸᠠᠺᠼᠢᠨ᠎ᠤ ᠬᠠᠮᠲᠤᠷᠠᠯᠴᠠᠭ᠋ᠠᠨ᠎ᠤ ᠠᠬᠢᠴᠠ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠤ ᠴᠢᠬᠤᠯᠠᠴᠢᠯᠠᠵᠠᠢ᠃

ᠢᠷᠡᠯᠲᠡ᠄ ᠦᠪᠦᠷ ᠮᠣᠩᠭᠤᠯ᠎ᠤᠨ ᠡᠳᠣᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠣᠯᠤᠨ ᠲᠦᠷᠺ᠎ᠤᠨ ᠶᠡᠷᠦᠩᠬᠡᠶ᠋ᠢᠯᠡᠭᠴᠢ ᠠᠢ᠍ᠢ᠍ᠷᠳᠣ᠋ ᠊ ᠠᠨ ᠳᠤᠮᠳᠠᠳᠤ ᠲᠦᠷᠺ᠎ᠤᠨ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠣᠳᠣᠬᠠᠨ᠎ᠳᠤ ᠸᠠᠺᠼᠢᠨ᠎ᠨᠢ ᠳ᠋ᠸᠯᠲ᠋ᠠ ᠣᠨᠳᠣᠣᠰᠢᠭᠰᠠᠨ ᠬᠣᠤᠷᠲᠤ ᠰᠲᠷᠠᠢ᠌ᠨ᠎ᠳᠤ ᠪᠠᠰᠠ ᠦᠢ᠍ᠯᠡᠳᠦᠯ᠎ᠲᠠᠢ ᠦᠦ? ᠨᠠᠮᠤᠷ᠎ᠤᠨ ᠤᠯᠠᠷᠢᠯ᠎ᠳᠤ ᠰᠤᠷᠭ᠋ᠠᠭᠤᠯᠢ ᠬᠡᠪ ᠵᠶ᠋ᠡᠷ ᠡᠬᠢᠯᠡᠨ᠎ᠡ ᠦᠦ? ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠬᠠᠷᠢᠭᠤᠯᠲᠠ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠳᠤ ᠢᠯᠡᠭᠡᠭᠰᠡᠨ ᠪᠠᠶᠠᠷ᠎ᠤᠨ ᠴᠠᠬᠢᠯᠭ᠋ᠠᠨ ᠴᠢᠮᠡᠭᠡ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ᠎ᠠᠴᠠ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠶ᠎ᠡ
ᠰᠢ ᠵᠢᠨ ᠫᠢᠩ 《ᠤᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢᠳ᠎ᠲᠤ ᠬᠠᠷᠢᠭᠤ ᠵᠠᠬᠢᠳᠠᠯ ᠢᠯᠡᠭᠡᠪᠡ
 
            