ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠣᠳᠣᠬᠠᠨ᠎ᠳᠤ ᠸᠠᠺᠼᠢᠨ᠎ᠨᠢ ᠳ᠋ᠸᠯᠲ᠋ᠠ ᠣᠨᠳᠣᠣᠰᠢᠭᠰᠠᠨ ᠬᠣᠤᠷᠲᠤ ᠰᠲᠷᠠᠢ᠌ᠨ᠎ᠳᠤ ᠪᠠᠰᠠ ᠦᠢ᠍ᠯᠡᠳᠦᠯ᠎ᠲᠠᠢ ᠦᠦ? ᠨᠠᠮᠤᠷ᠎ᠤᠨ ᠤᠯᠠᠷᠢᠯ᠎ᠳᠤ ᠰᠤᠷᠭ᠋ᠠᠭᠤᠯᠢ ᠬᠡᠪ ᠵᠶ᠋ᠡᠷ ᠡᠬᠢᠯᠡᠨ᠎ᠡ ᠦᠦ? ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠬᠠᠷᠢᠭᠤᠯᠲᠠ
ᠨᠡᠶ᠋ᠢᠲᠡᠯᠡᠭᠰᠡᠨ ᠴᠠᠭ᠄ 2021-08-17

    ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ᠎ᠠᠴᠠ 5᠎ᠤ ᠡᠳᠦᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ ᠪᠠᠢ᠌ᠭ᠎ᠠ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠬᠠᠶ ᠶᠠᠮᠠᠷ ᠶᠠᠮᠠᠷ ᠰᠢᠨ᠎ᠡ ᠮᠡᠳᠡᠭᠡ ᠵᠢ ᠠᠩᠬᠠᠷᠤᠭᠤᠰᠢᠲᠠᠶ ᠪᠣᠶ? ᠬᠠᠮᠲᠤ᠎ᠪᠠᠷ ᠣᠢ᠌ᠯᠠᠭ᠋ᠠᠶ᠎ᠠ —


《ᠳ᠋ᠸᠯᠲ᠋ᠠ》 ᠵᠢᠨ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠡᠷᠬᠡ ᠰᠦᠷᠲᠦ ᠲᠠᠢ᠌ᠯᠤᠮᠵᠢ!
    ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ ᠪᠣᠯ ᠣᠳᠣᠬᠠᠨ᠎ᠳᠤ ᠪᠦᠬᠦ ᠪᠥᠮᠪᠥᠷᠴᠡᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠳᠡᠯᠭᠡᠷᠡᠯᠲᠡ ᠵᠢᠨ ᠭᠣᠣᠯ ᠪᠣᠯᠬᠤ ᠬᠣᠣᠷᠲᠤ ᠰᠲᠷᠠᠢ᠌ᠨ ᠮᠥᠨ᠃ ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠤ ᠣᠨᠳᠣᠣᠰᠢᠭᠰᠠᠨ ᠣᠨᠴᠠᠯᠢᠭ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠬᠦᠴᠦᠨ᠎ᠲᠠᠢ ᠡᠰᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ 8 ᠳ᠋ᠤᠭ᠋ᠠᠷ ᠰᠠᠷ᠎ᠠ ᠵᠢᠨ 5᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠡᠷᠬᠡ ᠰᠦᠷᠲᠦ ᠬᠠᠷᠢᠭᠤᠯᠲᠠ ᠥᠭᠴᠡᠶ᠃
    ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠢ ᠬᠠᠮᠤᠭ᠎ᠤᠨ ᠡᠷᠲᠡ 2020 ᠣᠨ᠎ᠤ 9 ᠳ᠋ᠦ᠍ᠭᠡᠷ ᠰᠠᠷ᠎ᠠ᠎ᠳᠤ ᠡᠨᠡᠳᠬᠡᠭ᠎ᠤᠨ ᠮᠡᠳᠡᠭᠦᠯᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠵᠢᠱ᠌ᠢᠶ᠎ᠡ᠎ᠠᠴᠠ ᠢᠯᠡᠷᠡᠭᠦᠯᠵᠦ᠂ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ᠎ᠠᠴᠠ ᠡᠨᠡ ᠵᠢᠯ᠎ᠤᠨ 5 ᠳ᠋ᠤᠭ᠋ᠠᠷ ᠰᠠᠷ᠎ᠠ ᠵᠢᠨ 10᠎ᠤ ᠡᠳᠦᠷ ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠢ ᠪᠦᠬᠦ ᠪᠥᠮᠪᠥᠷᠴᠡᠭ᠎ᠤᠨ ᠠᠩᠬᠠᠷᠬᠤ ᠴᠢᠬᠤᠯᠠᠲᠠᠢ ᠰᠢᠨ᠎ᠡ ᠲᠢᠳᠢᠮᠯᠢᠭ ᠸᠢᠷᠦ᠋ᠰ᠎ᠤᠨ ᠣᠨᠳᠣᠣᠰᠢᠭᠰᠠᠨ ᠰᠲᠷᠠᠢ᠌ᠨ᠎ᠳᠤ ᠣᠷᠣᠭᠤᠯᠬᠤ᠎ᠪᠠᠷ ᠨᠡᠶ᠋ᠢᠲᠡᠯᠡᠪᠡ᠃
    ᠣᠳᠣᠬᠠᠨ᠎ᠳᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ᠎ᠳᠤ ᠳᠡᠯᠭᠡᠷᠡᠵᠦ᠂ ᠪᠥᠬᠥ ᠳᠡᠯᠡᠬᠡᠶ ᠵᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠶᠡᠬᠡ ᠳᠡᠯᠭᠡᠷᠡᠯᠲᠡ ᠵᠢᠨ ᠭᠣᠤᠯ ᠪᠣᠯᠬᠤ ᠬᠣᠣᠷᠲᠤ ᠰᠲᠷᠠᠢ᠌ᠨ ᠪᠣᠯᠵᠠᠶ᠃
    ᠲᠣᠰ ᠬᠣᠤᠷᠲᠤ ᠰᠲᠷᠠᠢ᠌ᠨ᠎ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ ᠵᠢᠨ ᠳᠣᠲᠣᠭ᠋ᠠᠳᠤ᠎ᠳᠤ ᠥᠷᠪᠢᠰᠬᠦ᠎ᠨᠢ ᠬᠤᠷᠳᠤᠨ᠂ ᠪᠢᠯᠢᠭ ᠴᠢᠨᠠᠷᠲᠠᠢ ᠪᠣᠯᠬᠤ ᠴᠠᠭ᠎ᠨᠢ ᠣᠷᠳᠣ ᠵᠡᠷᠭᠡ ᠣᠨᠴᠠᠯᠢᠭ᠎ᠲᠠᠢ ᠪᠠᠶ᠋ᠢᠳᠠᠭ᠃
    ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠦᠢ᠍ᠯᠡᠳᠦᠯᠭᠡ᠎ᠠᠴᠠ ᠦᠵᠡᠪᠡᠯ᠂ ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠨᠢ ᠰᠢᠨ᠎ᠡ ᠲᠢᠲᠢᠮᠯᠢᠭ ᠸᠢᠷᠦ᠋ᠰ᠎ᠤᠨ ᠠᠮᠢᠳᠤ ᠪᠣᠳᠠᠰ᠎ᠤᠨ ᠤᠬᠠᠭ᠋ᠠᠨ᠎ᠤ ᠥᠪᠡᠷᠮᠢᠴᠡ ᠴᠢᠨᠠᠷ᠎ᠲᠤ ᠨᠤᠷᠠᠭ᠋ᠠᠯᠲᠠ ᠵᠢᠨ ᠴᠢᠨᠠᠷᠲᠠᠶ ᠬᠤᠪᠢᠷᠠᠯᠲᠠ ᠭᠠᠷᠭ᠋ᠠᠭᠰᠠᠨ ᠥᠬᠡᠶ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ᠎ᠨᠢ ᠦᠨᠳᠦᠰᠦᠨ᠎ᠳᠤ᠎ᠪᠠᠨ ᠲᠣᠳᠣᠷᠬᠠᠶ ᠪᠠᠶ᠋ᠢᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠨᠢ ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠳᠤ ᠮᠥᠨ ᠬᠦ᠌ ᠬᠦᠴᠦᠨ᠎ᠲᠠᠢ ᠪᠠᠶ᠋ᠢᠨ᠎ᠠ᠃
    ᠣᠳᠣᠬᠠᠨ᠎ᠳᠤ ᠪᠠᠶ᠋ᠢᠭ᠎ᠠ ᠸᠠᠺᠼᠢᠨ᠎ᠨᠢ ᠮᠥᠨ ᠬᠦ᠌ ᠮᠠᠰᠢ ᠰᠠᠶ᠋ᠢᠨ ᠰᠡᠷᠭᠡᠶ᠋ᠢᠯᠡᠬᠦ ᠪᠠ ᠬᠠᠮᠠᠭ᠋ᠠᠯᠠᠬᠤ ᠦᠢ᠍ᠯᠡᠳᠦᠯ ᠎ᠲᠠᠢ   ᠪᠠᠶ᠋ᠢᠵᠤ᠂ ᠲᠡᠷᠡ᠎ᠨᠢ ᠸᠢᠷᠦ᠋ᠰ᠎ᠤᠨ ᠬᠦᠮᠦᠰ᠎ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠵᠢ ᠪᠠᠭᠤᠷᠠᠭᠤᠯᠵᠤ᠂ ᠬᠠᠯᠳᠠᠪᠤᠷᠢᠯᠠᠭᠰᠠᠳ᠎ᠤᠨ ᠡᠪᠡᠳᠴᠢᠨ ᠬᠠᠯᠳᠠᠪᠤᠷᠢᠯᠠᠬᠤ ᠴᠢᠳᠠᠪᠤᠷᠢ ᠵᠢ ᠪᠠᠭ᠋ᠠᠰᠬᠠᠨ᠂ ᠬᠠᠯᠳᠠᠪᠤᠷᠢᠯᠠᠭᠰᠠᠨ᠎ᠤ ᠳᠠᠷᠠᠭ᠋ᠠᠬᠢ ᠡᠪᠡᠳᠴᠢᠨ ᠬᠥᠨᠳᠥᠷᠡᠬᠦ ᠨᠣᠷᠮ᠎ᠠ ᠪᠠ ᠡᠪᠡᠳᠴᠢᠨ ᠵᠶ᠋ᠠᠷ ᠥᠭᠦᠬᠦ ᠨᠣᠷᠮ᠎ᠠ ᠵᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃
    ᠡᠮᠦᠨ᠎ᠡ ᠬᠡᠰᠡᠭ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠥᠮᠦᠨ ᠠᠮᠠ ᠨᠢᠭᠲᠠ᠂ ᠬᠥᠮᠥᠨ ᠠᠮᠠ ᠵᠢᠨ ᠰᠢᠯᠵᠢᠯᠲᠡ ᠶᠡᠬᠡ ᠪᠣᠯᠬᠤ ᠭᠤᠸᠠᠩᠳᠦ᠋ᠩ ᠮᠤᠵᠢ ᠵᠢᠨ ᠬᠡᠳᠦᠨ ᠲᠤᠰᠬᠠᠶ ᠣᠷᠣᠨ ᠬᠣᠲᠠ᠎ᠳᠤ ᠡᠭᠦᠰᠦᠭᠰᠡᠨ ᠳ᠋ᠸᠯᠲ᠋ᠠ ᠣᠨᠳᠣᠣᠰᠢᠭᠰᠠᠨ ᠬᠣᠣᠷᠲᠤ ᠰᠲᠷᠠᠢ᠌ᠨ᠎ᠤ ᠲᠤᠰ ᠭᠠᠵᠠᠷ᠎ᠲᠠᠬᠢ ᠬᠢᠵᠢᠭ᠎ᠤᠨ ᠬᠠᠯᠳᠠᠪᠤᠷᠢᠯᠠᠯ᠎ᠢ ᠠᠩᠬ᠎ᠠ ᠤᠳᠠᠭ᠎ᠠ ᠠᠮᠵᠢᠯᠲᠠ᠎ᠲᠠᠢ᠎ᠪᠠᠷ ᠲᠡᠰᠦᠯᠵᠦ᠂ ᠸᠠᠺᠼᠢᠨ ᠲᠠᠷᠢᠬᠤ᠂ ᠠᠮᠠᠪᠴᠢ ᠵᠡᠭᠦᠬᠦ᠂ ᠭᠠᠷ ᠵᠶ᠋ᠠᠨ ᠦᠷᠭᠦᠯᠵᠢ ᠤᠬᠢᠶᠠᠬᠤ᠂ ᠨᠡᠶ᠋ᠢᠭᠡᠮ᠎ᠤᠨ ᠬᠠᠷᠢᠯᠴᠠᠭ᠋ᠠᠨ᠎ᠤ ᠵᠠᠶ ᠵᠢ ᠪᠠᠲᠤᠯᠠᠬᠤ᠂ ᠣᠯᠠᠨ ᠬᠥᠮᠦᠨ᠎ᠤ ᠪᠥᠭᠡᠮᠨᠡᠷᠡᠨ ᠴᠤᠭᠯᠠᠷᠠᠬᠤ᠎ᠠᠴᠠ ᠵᠠᠶ᠋ᠢᠯᠠᠰᠬᠢᠬᠦ ᠵᠡᠷᠭᠡ᠎ᠨᠢ ᠬᠦᠴᠦᠨ ᠪᠦᠬᠦᠢ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠵᠢ ᠭᠡᠷᠡᠴᠢᠯᠡᠵᠡᠶ᠃

    ᠲᠤᠰ ᠡᠭᠡᠯᠵᠢ ᠵᠢᠨ ᠬᠢᠵᠢᠭ᠎ᠤᠨ ᠪᠠᠶ᠋ᠢᠳᠠᠯ᠎ᠢ ᠬᠡᠳᠦᠶ᠎ᠳᠤ ᠦᠨᠳᠦᠰᠦᠨ᠎ᠳᠤ᠎ᠪᠠᠨ ᠬᠢᠵᠠᠭ᠋ᠠᠷᠯᠠᠵᠤ ᠴᠢᠳᠠᠬᠤ ᠪᠤᠶ?
    ᠪᠦᠬᠦ ᠤᠯᠤᠰ᠎ᠤᠨ 15 ᠮᠤᠵᠢ᠎ᠳᠤ ᠨᠢᠭᠡᠨᠲᠡ ᠬᠢᠵᠢᠭ᠎ᠤᠨ ᠪᠠᠶ᠋ᠢᠳᠠᠯ ᠢᠯᠡᠷᠡᠭᠰᠡᠨ ᠪᠥᠭᠡᠳ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠭᠠᠷᠴᠠᠶ᠃ ᠡᠯ᠎ᠡ ᠭᠠᠵᠠᠷ᠎ᠤᠨ᠎ᠬᠢᠨ ᠴᠥᠮ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠤᠨ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠢᠳᠡᠪᠬᠢᠲᠡᠶ ᠠᠷᠭ᠎ᠠ ᠬᠡᠮᠵᠢᠶ᠎ᠡ ᠠᠪᠴᠤ ᠪᠠᠶ᠋ᠢᠨ᠎ᠠ᠃ ᠣᠳᠣᠬᠠᠨ᠎ᠤ ᠪᠠᠶ᠋ᠢᠳᠠᠯ᠎ᠠᠴᠠ ᠦᠵᠡᠪᠡᠯ᠂ ᠬᠢᠵᠢᠭ᠎ᠤᠨ ᠪᠠᠶ᠋ᠢᠳᠠᠯ᠎ᠢ ᠶᠡᠷᠦᠩᠬᠡᠶ᠎ᠳᠤ᠎ᠪᠠᠨ ᠡᠵᠡᠮᠳᠡᠵᠦ ᠪᠣᠯᠤᠨ᠎ᠠ᠃
    ᠭᠡᠪᠡᠴᠦ᠂ ᠲᠣᠰ ᠡᠭᠡᠯᠵᠢ ᠵᠢᠨ ᠬᠢᠵᠢᠭ᠎ᠤᠨ ᠪᠠᠶ᠋ᠢᠳᠠᠯ᠎ᠤᠨ ᠬᠠᠮᠤᠷᠤᠭᠰᠠᠨ ᠬᠡᠪᠴᠢᠶ᠎ᠡ ᠶᠡᠬᠡ᠂ ᠬᠣᠯᠪᠣᠭᠳᠠᠬᠤ ᠬᠥᠮᠥᠰ ᠣᠯᠠᠨ ᠪᠥᠭᠡᠳ ᠨᠡᠯᠢᠶᠡᠳ ᠬᠡᠳᠦᠨ ᠠᠳᠠᠯᠢ ᠪᠤᠰᠤ ᠢᠷᠡᠯᠲᠡ᠎ᠲᠠᠢ ᠡᠪᠡᠳᠴᠢᠨ᠎ᠤ ᠵᠢᠱ᠌ᠢᠶ᠎ᠡ᠎ᠠᠴᠠ ᠪᠣᠯᠤᠭᠰᠠᠨ ᠲᠣᠰ ᠭᠠᠵᠠᠷ᠎ᠤᠨ ᠬᠢᠵᠢᠭ᠎ᠤᠨ ᠪᠠᠶ᠋ᠢᠳᠠᠯ ᠳᠠᠪᠬᠤᠴᠠᠭᠰᠠᠨ᠎ᠠᠴᠠ ᠪᠣᠯᠵᠣ᠂ ᠪᠦᠬᠦᠶ᠋ᠢᠯᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠡᠷᠬᠡ ᠬᠠᠲᠠᠭᠤᠵᠢᠯᠲᠠᠶ ᠴᠢᠨᠠᠷ ᠪᠠ ᠪᠤᠳᠤᠯᠢᠶᠠᠨᠲᠤ ᠴᠢᠨᠠᠷ᠎ᠢ ᠨᠡᠮᠡᠭᠳᠡᠭᠦᠯᠦᠭᠰᠡᠨ ᠪᠠᠶ᠋ᠢᠨ᠎ᠠ᠃
    ᠡᠯ᠎ᠡ ᠭᠠᠵᠠᠷ᠎ᠤᠨ᠎ᠬᠢᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠳᠠᠭ ᠯᠠ ᠶᠤᠮ ᠪᠣᠯ ᠬᠢᠵᠢᠭ᠎ᠤᠨ ᠪᠠᠶ᠋ᠢᠳᠠᠯ᠎ᠢ ᠬᠣᠶᠠᠷ᠎ᠠᠴᠠ ᠭᠤᠷᠪᠠᠨ ᠨᠢᠭᠤᠭᠳᠠᠮᠠᠯ ᠬᠤᠭᠤᠴᠠᠭ᠋ᠠᠨ᠎ᠳᠤ ᠦᠨᠳᠦᠰᠦᠨ᠎ᠳᠤ᠎ᠪᠠᠨ ᠬᠢᠵᠠᠭ᠋ᠠᠷᠯᠠᠵᠤ ᠴᠢᠳᠠᠬᠤ ᠶᠤᠮ᠃

    ᠡᠨᠡ ᠨᠠᠮᠤᠷ᠎ᠤᠨ ᠰᠤᠷᠤᠯᠭ᠎ᠠ ᠵᠢᠨ ᠬᠤᠭᠤᠴᠠᠭ᠎ᠠ ᠵᠢ ᠲᠣᠭᠲᠠᠭᠰᠠᠨ ᠴᠠᠭ᠎ᠲᠤ᠎ᠪᠠᠨ ᠡᠬᠢᠯᠡᠵᠦ ᠲᠠᠶ᠋ᠢᠯᠤᠨ᠎ᠠ ᠦᠦ?
    ᠡᠨᠡ ᠵᠢᠯ᠎ᠤᠨ ᠨᠠᠮᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠲᠣᠬᠢᠷᠠᠭᠤᠯᠤᠯᠲᠠ᠎ᠳᠤ ᠬᠠᠷᠢᠶᠠᠲᠤ ᠣᠷᠣᠨ ᠵᠶ᠋ᠠᠷ ᠬᠠᠮᠢᠶᠠᠷᠤᠭᠤᠯᠬᠤ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠳᠣᠭᠢᠷᠠᠭᠤᠯᠤᠨ ᠰᠤᠷᠭ᠋ᠠᠭᠤᠯᠢ ᠡᠬᠢᠯᠡᠬᠦ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠶ᠃
    ᠰᠤᠷᠭ᠋ᠠᠭᠤᠯᠢ ᠡᠬᠢᠯᠡᠬᠦ ᠪᠣᠳᠠᠲᠠᠶ ᠴᠠᠭ᠎ᠤᠨ ᠲᠣᠬᠢᠷᠠᠭᠤᠯᠤᠯᠲᠠ᠂ ᠠᠷᠭ᠎ᠠ ᠮᠠᠶᠢᠭ᠎ᠤᠨ ᠰᠣᠩᠭᠣᠯᠲᠠ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠵᠢ ᠡᠯ᠎ᠡ ᠭᠠᠵᠠᠷ᠎ᠤᠨ᠎ᠬᠢᠨ ᠨᠢᠭᠡ ᠮᠤᠵᠢ᠎ᠳᠤ ᠨᠢᠭᠡ ᠲᠥᠰᠥᠯ ᠲᠣᠭᠲᠠᠭ᠋ᠠᠬᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠨᠢᠭᠡ ᠰᠤᠷᠭ᠋ᠠᠭᠤᠯᠢ᠎ᠳᠤ ᠨᠢᠭᠡ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠠᠳᠠᠯᠢ ᠪᠤᠰᠤ ᠪᠠᠶ᠋ᠢᠳᠠᠯ᠎ᠳᠤ ᠵᠣᠬᠢᠴᠠᠭᠤᠯᠬᠤ ᠵᠢ ᠦᠨᠡᠨ ᠬᠦ᠌ ᠪᠠᠲᠤᠯᠠᠵᠤ᠂ ᠰᠤᠷᠭ᠋ᠠᠭᠤᠯᠢ ᠡᠬᠢᠯᠡᠬᠦ ᠲᠣᠬᠢᠷᠠᠭᠤᠯᠤᠯᠲᠠ ᠵᠢ ᠦᠨᠡᠨ ᠪᠣᠳᠠᠲᠠᠶ᠎ᠪᠠᠷ ᠰᠠᠶ᠋ᠢᠲᠤᠷ ᠬᠢᠬᠦ ᠬᠡᠷᠡᠭᠲᠡᠶ᠃
    ᠶᠡᠷᠦᠩᠬᠡᠶ᠎ᠳᠤ᠎ᠨᠢ ᠪᠣᠳᠣᠯᠬᠢᠯᠠᠪᠠᠯ᠂ ᠣᠳᠣᠬᠠᠨ᠎ᠤ ᠬᠢᠵᠢᠭ᠎ᠤᠨ ᠪᠠᠶ᠋ᠢᠳᠠᠯ᠎ᠤᠨ ᠬᠤᠪᠢᠰᠤᠯᠲᠠ ᠵᠢᠨ ᠲᠣᠭᠲᠠᠪᠤᠷᠢ ᠦᠭᠡᠢ ᠴᠢᠨᠠᠷ᠎ᠢ ᠦᠨᠳᠦᠰᠦᠯᠡᠨ᠂ ᠬᠡᠷᠪᠡ ᠰᠤᠷᠭ᠋ᠠᠭᠤᠯᠢ ᠡᠬᠢᠯᠡᠬᠦ ᠦᠶ᠎ᠡ᠎ᠳᠤ ᠮᠥᠨ ᠬᠦ᠌ ᠳᠤᠮᠳᠠ ᠥᠨᠳᠥᠷ ᠳᠡᠰ᠎ᠤᠨ ᠲᠦᠭᠰᠢᠭᠦᠷᠢᠲᠦ ᠣᠷᠣᠨ ᠪᠠᠶ᠋ᠢᠪᠠᠯ᠂ ᠰᠤᠷᠭ᠋ᠠᠭᠤᠯᠢ ᠡᠬᠢᠯᠡᠬᠦ ᠲᠣᠬᠢᠷᠠᠭᠤᠯᠤᠯᠲᠠ ᠵᠢ ᠥᠩᠭᠡᠷᠡᠭᠰᠡᠨ᠎ᠤ ᠲᠤᠷᠰᠢᠯᠭ᠎ᠠ ᠪᠠ ᠵᠤᠷᠰᠢᠯ ᠶᠣᠰᠣᠭ᠋ᠠᠷ᠂ ᠳᠤᠮᠳᠠ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠵᠢ ᠲᠦᠷ ᠬᠣᠶ᠋ᠢᠰᠢᠯᠠᠭᠤᠯᠵᠤ᠂ ᠳᠤᠮᠳᠠ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠪᠤᠴᠠᠬᠤ ᠵᠢ ᠲᠦᠷ ᠬᠣᠶ᠋ᠢᠰᠢᠯᠠᠭᠤᠯᠵᠤ᠂ ᠵᠢᠭ᠋ᠠᠨ ᠰᠤᠷᠭ᠋ᠠᠯᠲᠠ ᠵᠢᠨ ᠡᠮᠬᠢ ᠵᠢᠷᠤᠮ᠎ᠲᠠᠢ᠂ ᠡᠷᠡᠭᠦᠯ ᠪᠥᠭᠡᠳ ᠠᠮᠤᠷ ᠲᠦᠪᠰᠢᠨ ᠵᠶ᠋ᠡᠷ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

    ᠰᠤᠷᠤᠭᠴᠢᠳ ᠴᠠᠭ᠎ᠲᠤ᠎ᠪᠠᠨ ᠰᠤᠷᠭ᠋ᠠᠭᠤᠯᠢ᠎ᠳᠤ᠎ᠪᠠᠨ ᠪᠤᠴᠠᠵᠤ ᠴᠢᠳᠠᠬᠤ ᠦᠭᠡᠢ ᠪᠣᠯ ᠶᠠᠭ᠋ᠠᠬᠢᠬᠤ ᠪᠤᠢ?
    ᠨᠢᠭᠡᠳᠦᠭᠡᠷ᠎ᠲᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠵᠢ ᠴᠢᠩᠭ᠋ᠠᠳᠬᠠᠨ᠎ᠠ᠃ ᠰᠤᠷᠭ᠋ᠠᠨ ᠬᠥᠮᠦᠵᠢᠯ᠎ᠤᠨ ᠶᠠᠮᠤᠨ᠎ᠠᠴᠠ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠢ ᠵᠢᠯᠣᠭᠣᠳᠤᠨ ᠰᠤᠷᠭ᠋ᠠᠭᠤᠯᠢ ᠵᠢᠨ ᠪᠠᠶ᠋ᠢᠭ᠎ᠠ ᠭᠠᠵᠠᠷ ᠪᠣᠯᠤᠨ ᠰᠤᠷᠤᠭᠴᠢᠳ᠎ᠤᠨ ᠪᠠᠶ᠋ᠢᠭ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠡᠯ᠎ᠡ ᠰᠤᠷᠭ᠋ᠠᠭᠤᠯᠢ ᠢᠯᠠᠩᠭᠤᠶ᠎ᠠ ᠳᠡᠭᠡᠳᠦ ᠵᠡᠷᠭᠡ ᠵᠢᠨ ᠰᠤᠷᠭ᠋ᠠᠭᠤᠯᠢ ᠵᠢᠨ 《ᠨᠢᠭᠡ ᠰᠤᠷᠭ᠋ᠠᠭᠤᠯᠢ᠎ᠳᠤ ᠨᠢᠭᠡ ᠠᠷᠭ᠎ᠠ ᠪᠣᠳᠣᠯᠭ᠎ᠠ》 ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠯᠡᠨ ᠵᠢᠯᠣᠭᠣᠳᠴᠤ᠂ ᠲᠥᠷᠥ ᠵᠢᠨ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠵᠢᠭᠦᠯᠵᠦ᠂ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ ᠰᠤᠷᠭ᠋ᠠᠭᠤᠯᠢ᠎ᠳᠤ᠎ᠪᠠᠨ ᠪᠤᠴᠠᠬᠤ ᠴᠠᠭ᠎ᠢ ᠬᠣᠶ᠋ᠢᠰᠢᠯᠠᠭᠤᠯᠤᠭᠰᠠᠨ ᠰᠤᠷᠤᠭᠴᠢᠳ᠎ᠤᠨ ᠪᠣᠳᠠᠲᠠᠶ ᠬᠡᠷᠡᠭᠴᠡᠭᠡ ᠵᠢ ᠭᠦᠢ᠍ᠴᠡᠳ ᠲᠥᠷᠥᠯ ᠬᠤᠪᠢᠶᠠᠨ ᠪᠣᠳᠣᠯᠬᠢᠯᠠᠵᠤ᠂ ᠲᠡᠳᠡᠨ᠎ᠤ ᠰᠤᠷᠤᠯᠴᠠᠯᠭ᠎ᠠ᠂ ᠬᠤᠪᠢ ᠬᠥᠮᠦᠨ᠎ᠤ ᠬᠠᠮᠠᠭ᠋ᠠᠯᠠᠯᠲᠠ ᠵᠢᠴᠢ ᠰᠡᠳᠬᠢᠴᠡ ᠵᠢᠨ ᠵᠢᠯᠣᠭᠣᠳᠣᠯᠭ᠎ᠠ ᠵᠢ ᠰᠠᠶ᠋ᠢᠲᠤᠷ ᠲᠣᠬᠢᠷᠠᠭᠤᠯᠬᠤ ᠬᠡᠷᠡᠭᠲᠡᠶ᠃
    ᠬᠣᠶᠠᠳᠤᠭ᠋ᠠᠷ᠎ᠲᠤ᠂ ᠪᠢᠲᠡᠭᠦᠦ ᠴᠠᠭ᠋ᠠᠷᠢᠭ᠎ᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠴᠢᠯᠥᠭᠡ ᠲᠠᠯᠪᠢᠭᠰᠠᠨ᠎ᠤ ᠳᠠᠷᠠᠭ᠎ᠠ ᠰᠤᠷᠭ᠋ᠠᠭᠤᠯᠢ᠎ᠳᠤ᠎ᠪᠠᠨ ᠦᠯᠡᠳᠡᠭᠰᠡᠨ ᠰᠤᠷᠤᠭᠴᠢᠳ᠎ᠲᠤ ᠠᠮᠢᠳᠤᠷᠠᠯ᠎ᠤᠨ ᠪᠠᠲᠤᠯᠠᠭ᠎ᠠ ᠵᠢᠨ ᠦᠢ᠍ᠯᠡᠴᠢᠯᠡᠭᠡ ᠬᠠᠩᠭ᠋ᠠᠵᠤ᠂ ᠰᠤᠷᠤᠭᠴᠢᠳ᠎ᠢ ᠭᠡᠷ᠎ᠲᠤ᠎ᠪᠠᠨ ᠪᠠᠶ᠋ᠢᠬᠤ ᠰᠢᠭ᠋ ᠪᠠᠶ᠋ᠢᠯᠭ᠋ᠠᠬᠤ ᠬᠡᠷᠡᠭᠲᠡᠶ᠃ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ ᠬᠡᠷ᠎ᠲᠤ᠎ᠪᠠᠨ ᠰᠠᠭᠤᠵᠤ ᠪᠠᠶ᠋ᠢᠭ᠎ᠠ ᠰᠤᠷᠤᠭᠴᠢᠳ᠎ᠢ ᠰᠦᠯᠵᠢᠶᠡᠨ ᠳᠡᠭᠡᠷ᠎ᠡ ᠦᠷᠭᠦᠯᠵᠢᠯᠡᠨ ᠰᠤᠷᠤᠯᠴᠠᠭᠤᠯᠵᠤ᠂ ᠰᠤᠷᠤᠭᠴᠢᠳ᠎ᠢ ᠬᠡᠷ᠎ᠲᠤ᠎ᠪᠠᠨ ᠪᠠᠢ᠌ᠭᠰᠠᠨ ᠴᠦ᠍ ᠰᠤᠷᠭ᠋ᠠᠭᠤᠯᠢ᠎ᠳᠤ ᠪᠠᠶ᠋ᠢᠬᠤ ᠰᠢᠭ᠋ ᠪᠠᠢ᠌ᠯᠭ᠋ᠠᠬᠤ ᠬᠡᠷᠡᠭᠲᠡᠢ᠃
    ᠭᠤᠷᠪᠠᠳᠤᠭ᠋ᠠᠷ᠎ᠲᠤ᠂ ᠪᠦᠬᠦ ᠶᠠᠪᠤᠴᠠ ᠵᠢᠨ ᠵᠢᠯᠤᠭᠤᠳᠤᠯᠭ᠎ᠠ ᠵᠢ ᠴᠢᠩᠭ᠋ᠠᠳᠬᠠᠨ᠎ᠠ᠃ ᠬᠡᠦᠬᠡᠳ᠎ᠤᠳ ᠰᠤᠷᠭ᠋ᠠᠭᠤᠯᠢ᠎ᠳᠤ᠎ᠪᠠᠨ ᠪᠤᠴᠠᠵᠤ ᠳᠡᠶ᠋ᠢᠯᠬᠦ ᠦᠭᠡᠢ ᠪᠣᠯ ᠰᠦᠯᠵᠢᠶᠡᠨ ᠳᠡᠭᠡᠷᠡᠬᠢ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠵᠤ᠂ ᠨᠠᠷᠢᠨ ᠨᠢᠮᠪᠠᠶ ᠲᠣᠬᠢᠷᠠᠭᠤᠯᠤᠨ᠂ ᠵᠢᠭ᠋ᠠᠨ ᠰᠤᠷᠭ᠋ᠠᠯᠲᠠ ᠵᠢᠨ ᠠᠬᠢᠴᠠ ᠪᠠ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠶ᠃ ᠰᠤᠷᠭ᠋ᠠᠭᠤᠯᠢ᠎ᠳᠤ᠎ᠪᠠᠨ ᠪᠤᠴᠠᠵᠤ ᠪᠣᠯᠬᠤ ᠦᠶᠡᠰ᠂ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠶᠣᠰᠣᠭ᠋ᠠᠷ᠂ ᠰᠤᠷᠭ᠋ᠠᠭᠤᠯᠢ᠎ᠳᠤ᠎ᠪᠠᠨ ᠪᠤᠴᠠᠬᠤ ᠬᠤᠭᠤᠴᠠᠭ᠎ᠠ ᠵᠢ ᠤᠷᠲᠤᠳᠬᠠᠭᠰᠠᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠠᠮᠤᠷ ᠲᠦᠪᠰᠢᠨ ᠡᠮᠬᠢ ᠵᠢᠷᠤᠮ᠎ᠲᠠᠢ᠎ᠪᠠᠷ ᠪᠦᠯᠦᠭ ᠤᠳᠠᠭ᠎ᠠ ᠬᠤᠪᠢᠶᠠᠨ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠪᠥᠭᠡᠳ ᠱᠠᠭ᠋ᠠᠷᠳᠠᠯᠭ᠎ᠠ ᠶᠣᠰᠣᠭ᠋ᠠᠷ ᠡᠷᠡᠭᠦᠯ ᠮᠡᠨᠳᠦ ᠵᠢᠨ ᠠᠵᠢᠭᠯᠠᠯᠲᠠ ᠪᠠ ᠰᠢᠯᠭ᠋ᠠᠨ ᠪᠠᠢ᠌ᠴᠠᠭ᠋ᠠᠯᠲᠠ ᠵᠢ ᠰᠠᠶ᠋ᠢᠲᠤᠷ ᠬᠢᠬᠦ ᠵᠢᠨ ᠬᠠᠮᠲᠤ ᠬᠡᠷᠡᠭᠴᠡᠭᠡ᠎ᠪᠠᠨ ᠦᠨᠳᠦᠰᠦᠯᠡᠨ ᠬᠢᠴᠢᠶᠡᠯ᠎ᠤᠨ ᠬᠠᠪᠰᠤᠷᠤᠮᠵᠢ ᠵᠢᠯᠣᠭᠣᠳᠣᠯᠭ᠎ᠠ ᠬᠢᠵᠦ᠂ ᠰᠤᠷᠤᠯᠭ᠎ᠠ ᠵᠢᠨ ᠠᠬᠢᠴᠠ ᠪᠠ ᠰᠤᠷᠤᠯᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠬᠡᠷᠡᠭᠲᠡᠶ᠃

    ᠰᠤᠷᠤᠭᠴᠢᠳ᠎ᠤᠨ ᠰᠢᠨ᠎ᠡ ᠲᠢᠲᠢᠮᠯᠢᠭ ᠠᠭᠤᠰᠬᠢᠨ ᠥᠷᠪᠢᠰᠥᠯ᠎ᠤᠨ ᠸᠠᠺᠼᠢᠨ᠎ᠤ ᠲᠠᠷᠢᠯᠭ᠎ᠠ ᠵᠢᠨ ᠠᠵᠢᠯ ᠬᠢᠷᠢ ᠵᠡᠷᠭᠡ ᠶᠠᠪᠤᠭᠳᠠᠵᠤ ᠪᠠᠶ᠋ᠢᠬᠤ ᠪᠣᠶ?
    ᠪᠠᠭᠰᠢ ᠰᠤᠷᠤᠭᠴᠢᠳ᠎ᠤᠨ ᠸᠠᠺᠼᠢᠨ᠎ᠤ ᠲᠠᠷᠢᠯᠭ᠎ᠠ ᠵᠢᠨ ᠠᠵᠢᠯ᠎ᠢ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ᠎ᠳᠤ ᠣᠷᠣᠭᠤᠯᠵᠤ᠂ ᠬᠠᠷᠢᠶᠠᠲᠤ ᠣᠷᠣᠨ᠎ᠤ ᠨᠢᠭᠡᠳᠦᠯᠲᠡᠶ ᠬᠠᠮᠢᠶᠠᠷᠤᠯᠲᠠ᠎ᠳᠤ ᠣᠷᠣᠭᠤᠯᠤᠭᠰᠠᠨ ᠪᠥᠭᠡᠳ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠳᠤ ᠣᠷᠣᠭᠤᠯᠤᠭᠰᠠᠨ ᠪᠠᠶ᠋ᠢᠨ᠎ᠠ᠃
    ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ᠂ ᠬᠡᠷ᠎ᠤᠨ ᠠᠬᠠᠮᠠᠳ ᠪᠣᠯᠤᠨ ᠬᠢᠨᠠᠨ ᠬᠠᠮᠠᠭ᠋ᠠᠯᠠᠭᠴᠢ ᠵᠢᠴᠢ ᠰᠤᠷᠤᠭᠴᠢᠳ᠎ᠤᠨ ᠪᠠᠶ᠋ᠢᠳᠠᠯ᠎ᠢ ᠮᠡᠳᠡᠬᠦ᠂ ᠵᠥᠪᠰᠢᠶᠡᠷᠡᠬᠦ᠂ ᠰᠠᠶ᠋ᠢᠨ ᠳᠤᠷ᠎ᠠ ᠵᠢᠨ ᠪᠠᠶ᠋ᠢᠬᠤ ᠵᠠᠷᠴᠢᠮ᠎ᠢ ᠪᠠᠷᠢᠮᠲᠠᠯᠠᠨ᠂ ᠲᠤᠰᠬᠠᠶ ᠡᠮᠴᠢᠯᠡᠭᠡᠨ᠎ᠤ ᠪᠠᠶ᠋ᠢᠭᠤᠯᠤᠮᠵᠢ᠎ᠲᠠᠢ ᠬᠠᠮᠵᠢᠯᠴᠠᠨ 12 ᠨᠠᠰᠤᠨ᠎ᠠᠴᠠ 17 ᠨᠠᠰᠤᠨ᠎ᠤ ᠰᠣᠷᠣᠭᠴᠢ ᠵᠢᠨ ᠸᠠᠺᠼᠢᠨ᠎ᠤ ᠲᠠᠷᠢᠯᠭ᠎ᠠ ᠵᠢᠨ ᠠᠵᠢᠯ᠎ᠢ ᠠᠯᠬᠤᠮ ᠳᠠᠷᠠᠭ᠎ᠠ ᠬᠤᠪᠢᠶᠠᠨ᠂ ᠡᠮᠬᠢ ᠵᠢᠷᠤᠮ᠎ᠲᠠᠢ᠂ ᠠᠮᠤᠷ ᠲᠦᠪᠰᠢᠨ᠂ ᠯᠠᠪᠳᠠᠭᠤᠨ ᠵᠶ᠋ᠠᠷ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
    ᠰᠤᠷᠭ᠋ᠠᠭᠤᠯᠢ ᠵᠢᠨ ᠬᠦᠷᠢᠶᠡᠨ᠎ᠤ ᠨᠥᠬᠥᠴᠡᠯ᠎ᠳᠤ ᠨᠡᠶ᠋ᠢᠴᠡᠬᠦ ᠪᠠᠭᠰᠢ ᠰᠤᠷᠤᠭᠴᠢᠳ᠎ᠤᠨ ᠸᠠᠺᠼᠢᠨ᠎ᠤ ᠲᠠᠷᠢᠯᠭ᠎ᠠ ᠵᠢᠨ ᠠᠵᠢᠯ ᠣᠳᠣᠬᠠᠨ᠎ᠳᠤ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠤᠯᠪᠠ᠃

    ᠰᠣᠶᠣᠯ ᠪᠠ ᠵᠤᠭ᠋ᠠᠴᠠᠯ᠎ᠤᠨ ᠲᠠᠯᠠᠪᠤᠷ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠡᠷᠬᠢᠨ ᠰᠠᠶ᠋ᠢᠲᠤᠷ ᠬᠢᠬᠦ ᠪᠤᠢ?
    A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠵᠢᠯᠤᠭᠤᠳᠴᠤ 《ᠬᠡᠮᠵᠢᠶ᠎ᠡ ᠵᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠵᠢ ᠵᠥᠷᠢᠭᠦᠯᠬᠦ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠤᠬᠠᠶ ᠵᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠵᠢᠭᠤᠯᠴᠢᠯᠠᠭᠴᠢᠳ᠎ᠢ ᠭᠥᠯᠢᠶᠡᠨ ᠠᠪᠬᠤ ᠳᠡᠭᠡᠳᠦ ᠬᠢᠵᠠᠭ᠋ᠠᠷ᠎ᠢ ᠴᠢᠩᠭ᠎ᠠ ᠬᠢᠵᠠᠭ᠋ᠠᠷᠯᠠᠬᠤ ᠬᠡᠷᠡᠭᠲᠡᠢ᠃     ᠡᠭᠦᠳᠡᠨ ᠪᠢᠯᠧᠲ᠎ᠤᠨ ᠤᠷᠢᠳᠴᠢᠯᠠᠨ ᠪᠣᠯᠵᠣᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠢᠭᠤᠯᠴᠢᠯᠠᠭᠴᠢᠳ᠎ᠤᠨ ᠮᠡᠳᠡᠭᠡ ᠵᠠᠩᠭᠢ ᠵᠢ ᠬᠠᠢ᠌ᠨ ᠯᠠᠪᠯᠠᠵᠤ᠎ᠲᠠᠭᠠᠨ ᠮᠥᠷᠳᠡᠵᠦ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠣᠲᠣ ᠪᠣᠯᠲᠠᠯ᠎ᠠ᠂ ᠪᠥᠬᠥ ᠤᠯᠤᠰ᠎ᠤᠨ 90%᠎ᠠᠴᠠ ᠳᠡᠭᠡᠭᠰᠢᠬᠢ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠨᠢᠭᠡᠨᠲᠡ ᠴᠠᠭ ᠬᠤᠭᠤᠴᠠᠭ᠎ᠠ ᠬᠤᠪᠢᠶᠠᠨ ᠤᠷᠢᠳᠴᠢᠯᠠᠨ ᠪᠣᠯᠵᠣᠬᠤ ᠵᠢ ᠦᠨᠳᠦᠰᠦᠨ᠎ᠳᠤ᠎ᠪᠠᠨ ᠪᠡᠶᠡᠯᠡᠭᠦᠯᠪᠡ᠃
    ᠦᠵᠡᠮᠵᠢ ᠵᠢᠨ ᠣᠷᠣᠨ᠎ᠳᠤ ᠣᠷᠣᠬᠤ᠎ᠠᠴᠠ ᠡᠮᠦᠨ᠎ᠡ ᠺᠣᠳ᠋ ᠰᠢᠷᠪᠢᠵᠦ ᠲᠡᠮᠳᠡᠭᠯᠡᠬᠦ᠂ ᠪᠡᠶ᠎ᠡ ᠵᠢᠨ ᠳᠤᠯᠠᠭ᠋ᠠᠨ᠎ᠢ ᠬᠡᠮᠵᠢᠬᠦ ᠵᠡᠷᠭᠡ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠵᠢᠭᠤᠯᠴᠢᠯᠠᠭᠴᠢᠳ᠎ᠢ ᠰᠢᠮᠳᠠᠭᠤᠯᠵᠤ ᠪᠠᠶ᠋ᠢᠭ᠋ᠠᠳ 《ᠨᠢᠭᠡ ᠮᠧᠲᠷ᠎ᠤᠨ ᠱᠤᠭᠤᠮ᠎ᠢ ᠪᠠᠲᠤᠯᠠᠬᠤ》᠂ ᠠᠮᠠᠪᠴᠢ ᠵᠡᠭᠦᠬᠦ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ᠃
    ᠦᠵᠡᠮᠵᠢ ᠵᠢᠨ ᠣᠷᠣᠨ᠎ᠤ ᠳᠣᠲᠣᠷᠠᠬᠢ ᠭᠣᠤᠯᠳᠠᠯᠭ᠎ᠠ᠎ᠲᠠᠢ ᠲᠠᠯᠠᠪᠤᠷ᠂ ᠭᠣᠤᠯᠳᠠᠯᠭ᠎ᠠ᠎ᠲᠠᠢ ᠪᠡᠯᠡᠳᠬᠡᠮᠵᠢ ᠵᠢᠨ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠥᠮᠦᠨ ᠬᠠᠷ᠎ᠠ ᠠᠮᠠᠷᠬᠠᠨ ᠴᠤᠭᠯᠠᠷᠠᠬᠤ ᠲᠥᠷᠥᠯ ᠵᠦᠢ᠍ᠯ ᠪᠠ ᠲᠠᠯᠠᠪᠤᠷ ᠭᠠᠵᠠᠷ᠎ᠲᠤ ᠬᠡᠰᠡᠭ ᠲᠠᠯ᠎ᠠ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠪᠠ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠬᠤ ᠬᠡᠷᠡᠭᠲᠡᠢ᠃ ᠦᠵᠡᠮᠵᠢ ᠵᠢᠨ ᠣᠷᠣᠨ᠎ᠠᠴᠠ ᠠᠵᠢᠯᠲᠠᠳ᠎ᠤᠨ ᠵᠶ᠋ᠠᠨ ᠡᠷᠡᠭᠦᠯ ᠮᠡᠨᠳᠦ ᠵᠢᠨ ᠬᠠᠮᠢᠶᠠᠷᠤᠯᠲᠠ ᠪᠠ ᠠᠵᠢᠯ᠎ᠤᠨ ᠪᠠᠶ᠋ᠢᠷᠢ᠎ᠳᠤ ᠭᠠᠷᠬᠤ ᠪᠣᠯᠪᠠᠰᠤᠷᠠᠯ᠎ᠢ ᠴᠢᠩᠭ᠋ᠠᠳᠬᠠᠬᠤ ᠬᠡᠷᠡᠭᠲᠡᠶ᠃
    ᠵᠦᠴᠦᠭᠡ ᠵᠢᠨ ᠬᠦᠷᠢᠶᠡᠯᠡᠩ ᠵᠡᠷᠭᠡ ᠲᠣᠭᠯᠠᠯᠲᠠ ᠵᠢᠨ ᠲᠠᠯᠠᠪᠤᠷ᠂ ᠮᠦᠽᠧᠶ᠂ ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ (ᠥᠷᠲᠡᠭᠡ)᠂ ᠤᠷᠠᠨ ᠵᠢᠷᠤᠭ᠎ᠤᠨ ᠣᠷᠳᠣᠨ᠂ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠬᠡᠷ ᠳᠣᠲᠣᠷᠠᠬᠢ ᠲᠠᠯᠠᠪᠤᠷ᠂ ᠣᠳᠣᠨ ᠲᠠᠰ᠎ᠤᠨ ᠪᠠᠭᠤᠳᠠᠯ ᠵᠢᠴᠢ ᠵᠤᠭ᠎ᠠ ᠴᠡᠩᠭᠡᠯ᠎ᠤᠨ ᠲᠠᠯᠠᠪᠤᠷ᠂ ᠰᠦᠯᠵᠢᠶᠡᠨ᠎ᠳᠤ ᠭᠠᠷᠬᠤ ᠦᠢ᠍ᠯᠡᠴᠢᠯᠡᠭᠡᠨ᠎ᠤ ᠲᠠᠯᠠᠪᠤᠷ ᠵᠡᠷᠭᠡ ᠣᠷᠣᠨ ᠵᠠᠶ᠎ᠨᠢ ᠬᠠᠷᠢᠴᠠᠩᠭᠤᠶ ᠪᠢᠲᠡᠭᠦᠮᠵᠢᠲᠦ ᠲᠠᠯᠠᠪᠤᠷ ᠭᠠᠵᠠᠷ᠎ᠤᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠢ ᠴᠢᠩᠭ᠋ᠠᠳᠬᠠᠨ᠂ ᠴᠤᠭᠯᠠᠷᠠᠯ᠎ᠤᠨ ᠴᠢᠨᠠᠷᠲᠠᠶ ᠠᠵᠢᠯᠯᠠᠭ᠎ᠠ ᠡᠷᠭᠢᠯᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃

      ᠠᠷᠠᠳ ᠢᠷᠭᠡᠨ ᠥᠪᠡᠷ᠎ᠢ᠎ᠪᠠᠨ ᠰᠡᠷᠭᠡᠢ᠌ᠯᠡᠨ ᠬᠠᠮᠠᠭ᠋ᠠᠯᠠᠬᠤ ᠤᠬᠠᠮᠰᠠᠷ ᠵᠶ᠋ᠠᠨ ᠬᠡᠷᠬᠢᠨ ᠳᠡᠭᠡᠭᠰᠢᠯᠡᠭᠦᠯᠬᠦ ᠪᠤᠢ?
      ᠨᠢᠭᠡ᠎ᠳᠤ᠂ 《ᠰᠡᠷᠭᠡᠶ᠋ᠢᠯᠡᠬᠦ》 ᠬᠡᠷᠡᠭᠲᠡᠶ᠃ ᠬᠤᠪᠢ ᠬᠥᠮᠦᠨ᠎ᠤ ᠬᠠᠮᠠᠭ᠋ᠠᠯᠠᠯᠲᠠ᠎ᠪᠠᠨ ᠦᠷᠭᠦᠯᠵᠢᠯᠡᠨ   ᠰᠠᠶ᠋ᠢᠲᠤᠷ ᠬᠢᠵᠦ᠂ ᠠᠮᠠᠪᠴᠢ ᠵᠡᠭᠦᠬᠦ᠂ ᠭᠠᠷ ᠵᠶ᠋ᠠᠨ ᠦᠷᠭᠦᠯᠵᠢ ᠤᠬᠢᠶᠠᠬᠤ᠂ ᠨᠢᠭᠡ ᠮᠧᠲᠷ᠎ᠤᠨ ᠱᠤᠭᠤᠮ᠎ᠢ ᠪᠠᠲᠤᠯᠠᠬᠤ ᠵᠡᠷᠭᠡ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠳᠠᠳᠬᠠᠯ᠎ᠢ ᠪᠠᠷᠢᠮᠲᠠᠯᠠᠨ᠂ ᠴᠥᠭᠡᠨ ᠴᠤᠭᠯᠠᠷᠠᠵᠤ᠂ ᠴᠤᠤᠷᠬᠠᠯ᠎ᠢ ᠢᠲᠡᠭᠡᠬᠦ ᠦᠭᠡᠶ᠂ ᠴᠤᠤᠷᠬᠠᠯ ᠲᠠᠷᠬᠠᠭ᠋ᠠᠬᠤ ᠦᠭᠡᠶ ᠪᠠᠶ᠋ᠢᠬᠤ ᠬᠡᠷᠡᠭᠲᠡᠶ᠂ ᠨᠡᠩ ᠴᠤ᠌ ᠴᠤᠤᠷᠬᠠᠯ ᠭᠠᠷᠭ᠋ᠠᠵᠤ ᠪᠣᠯᠬᠤ ᠦᠭᠡᠶ᠂ ᠡᠯ᠎ᠡ ᠵᠦᠢ᠍ᠯ᠎ᠤᠨ ᠬᠢᠵᠢᠭ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠎ᠳᠤ ᠢᠳᠡᠪᠬᠢᠲᠡᠶ᠎ᠪᠠᠷ ᠬᠠᠮᠵᠢᠯᠴᠠᠨ᠂ ᠢᠳᠡᠪᠬᠢᠲᠡᠶ ᠮᠥᠷᠲᠡᠭᠡᠨ ᠰᠠᠨᠠᠭ᠋ᠠᠴᠢᠯᠠᠭ᠎ᠠ᠎ᠠᠴᠠ᠎ᠪᠠᠨ ᠸᠠᠺᠼᠢᠨ᠎ᠤ ᠲᠠᠷᠢᠯᠭ᠎ᠠ ᠬᠢᠬᠦ ᠬᠡᠷᠡᠭᠲᠡᠶ᠃
      ᠬᠣᠶᠠᠷ᠎ᠲᠤ᠂ 《ᠪᠠᠭ᠋ᠠᠰᠬᠠᠬᠤ》 ᠬᠡᠷᠡᠭᠲᠡᠢ᠃ ᠮᠤᠵᠢ ᠪᠠ ᠬᠤᠳᠠ ᠠᠯᠤᠰᠯᠠᠨ ᠭᠠᠳᠠᠭᠰᠢ ᠭᠠᠷᠬᠤ᠎ᠪᠠᠨ ᠪᠠᠭ᠋ᠠᠰᠬᠠᠵᠤ᠂ ᠤᠯᠠᠨ ᠲᠦᠮᠡᠨ ᠭᠠᠳᠠᠭᠰᠢ ᠭᠠᠷᠴᠤ ᠵᠢᠭᠤᠯᠴᠢᠯᠠᠬᠤ᠎ᠪᠠᠨ ᠲᠦᠷ ᠬᠣᠶ᠋ᠢᠰᠢᠯᠠᠭᠤᠯᠵᠤ᠂ ᠠᠶᠠᠯᠠᠯ ᠵᠶ᠋ᠠᠨ ᠵᠦᠢ ᠵᠣᠬᠢᠰᠲᠠᠶ ᠲᠣᠬᠢᠷᠠᠭᠤᠯᠵᠤ᠂ ᠬᠤᠪᠢ ᠬᠥᠮᠦᠨ᠎ᠤ ᠬᠠᠮᠠᠭ᠋ᠠᠯᠠᠯᠲᠠ᠎ᠪᠠᠨ ᠰᠠᠶ᠋ᠢᠲᠤᠷ ᠬᠢᠵᠦ᠂ ᠠᠶᠠᠯᠠᠯ᠎ᠤᠨ ᠵᠠᠮ᠎ᠳᠤ᠎ᠪᠠᠨ ᠡᠪᠡᠳᠴᠢᠨ᠎ᠳᠤ ᠬᠠᠯᠳᠠᠪᠤᠷᠢᠯᠠᠭᠳᠠᠬᠤ᠎ᠠᠴᠠ ᠵᠠᠶ᠋ᠢᠯᠠᠰᠬᠢᠬᠦ ᠬᠡᠷᠡᠭᠲᠡᠶ᠃ ᠳᠤᠮᠳᠠ ᠥᠨᠳᠥᠷ ᠳᠡᠰ᠎ᠤᠨ ᠲᠥᠭᠰᠢᠭᠦᠷᠢᠲᠦ ᠣᠷᠣᠨ᠎ᠤ ᠬᠥᠮᠦᠰ᠎ᠤᠨ ᠨᠡᠭᠦᠳᠡᠯ ᠰᠢᠯᠵᠢᠯᠲᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
      ᠭᠤᠷᠪᠠ᠎ᠳᠤ᠂ 《ᠮᠡᠳᠡᠭᠦᠯᠬᠦ》 ᠬᠡᠷᠡᠭᠲᠡᠢ᠃ ᠬᠡᠪ᠎ᠤᠨ ᠪᠤᠰᠤ ᠪᠠᠶ᠋ᠢᠳᠠᠯ᠎ᠢ ᠣᠯᠵᠤ ᠮᠡᠳᠡᠪᠡᠯ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠂ ᠵᠢᠭᠰᠠᠭ᠋ᠠᠨ ᠪᠠᠶ᠋ᠢᠴᠠᠭ᠋ᠠᠭᠳᠠᠵᠤ ᠪᠠᠶ᠋ᠢᠭ᠎ᠠ ᠬᠥᠮᠦᠰ ᠪᠤᠶᠤ ᠳᠤᠮᠳᠠ ᠥᠨᠳᠥᠷ ᠳᠡᠰ᠎ᠤᠨ ᠲᠦᠭᠰᠢᠭᠦᠷᠢᠲᠦ ᠣᠷᠣᠨ᠎ᠳᠤ ᠬᠦᠷᠴᠦ ᠥᠩᠭᠡᠷᠡᠭᠰᠡᠨ ᠬᠥᠮᠦᠰ ᠰᠠᠨᠠᠭ᠋ᠠᠴᠢᠯᠠᠭ᠎ᠠ᠎ᠠᠴᠠ᠎ᠪᠠᠨ ᠪᠠᠶ᠋ᠢᠭ᠎ᠠ ᠭᠠᠵᠠᠷ᠎ᠤᠨ ᠵᠶ᠋ᠠᠨ ᠲᠣᠰᠬᠣᠨ᠂ ᠨᠡᠶ᠋ᠢᠭᠡᠮ ᠲᠣᠭᠣᠷᠢᠭ᠂ ᠪᠠᠢ᠌ᠭᠤᠯᠭ᠎ᠠ ᠨᠢᠭᠡᠴᠢ᠂ ᠵᠣᠴᠢᠳ᠎ᠤᠨ ᠪᠠᠭᠤᠳᠠᠯ᠎ᠳᠤ ᠬᠦᠷᠦᠯᠴᠡᠭᠰᠡᠨ ᠲᠡᠤᠬᠡ ᠪᠠ ᠵᠢᠭᠤᠯᠴᠢᠯᠠᠭᠰᠠᠨ ᠲᠡᠤᠬᠡ᠎ᠪᠠᠨ ᠮᠡᠳᠡᠭᠦᠯᠬᠦ ᠬᠡᠷᠡᠭᠲᠡᠶ᠃
      ᠪᠥᠭᠡᠮ ᠬᠦᠴᠢᠯ᠎ᠤᠨ ᠪᠠᠶ᠋ᠢᠴᠠᠭ᠋ᠠᠨ ᠰᠢᠨᠵᠢᠯᠡᠯᠲᠡ᠂ ᠲᠤᠰᠠᠭ᠋ᠠᠷᠯᠠᠭᠰᠠᠨ ᠬᠠᠮᠢᠶᠠᠷᠤᠯᠲᠠ ᠡᠵᠡᠮᠳᠡᠯ᠂ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠢᠳᠡᠪᠬᠢᠲᠡᠶ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ᠃ ᠬᠡᠷᠪᠡ ᠬᠠᠨᠢᠶᠠᠬᠤ᠂ ᠬᠠᠯᠠᠭᠤᠷᠠᠬᠤ᠂ ᠬᠣᠭᠣᠯᠠᠶ ᠡᠪᠡᠳᠬᠦ᠂ ᠲᠠᠮᠢᠷᠳᠠᠬᠤ᠂ ᠰᠠᠭᠤᠯᠭ᠋ᠠᠬᠤ ᠵᠡᠷᠭᠡ ᠡᠪᠡᠳᠴᠢᠨ᠎ᠤ ᠢᠯᠡᠷᠡᠯ ᠭᠠᠷᠪᠠᠯ᠂ ᠬᠤᠪᠢ ᠬᠥᠮᠦᠨ᠎ᠤ ᠰᠡᠷᠭᠡᠶ᠋ᠢᠯᠡᠯᠲᠡ ᠵᠢ ᠰᠠᠶ᠋ᠢᠲᠤᠷ ᠬᠢᠭᠰᠡᠨ ᠪᠠᠶ᠋ᠢᠳᠠᠯ ᠳᠣᠣᠷ᠎ᠠ᠂ ᠳᠠᠷᠤᠶ᠋ᠢᠬᠠᠨ ᠣᠶ᠋ᠢᠷᠠᠯᠴᠠᠭ᠎ᠠ ᠪᠠᠶ᠋ᠢᠭ᠎ᠠ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠬᠦᠷᠴᠦ ᠰᠢᠭᠰᠢᠨ ᠪᠠᠢ᠌ᠴᠠᠭ᠋ᠠᠯᠭ᠋ᠠᠵᠤ ᠡᠮᠨᠡᠭᠦᠯᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ᠎ᠳᠤ᠂ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠳᠤ ᠰᠠᠭᠤᠵᠤ ᠪᠣᠯᠬᠤ ᠥᠬᠡᠶ᠂ ᠨᠠᠩ ᠴᠤ᠌ ᠬᠥᠮᠦᠨ ᠴᠤᠭᠯᠠᠷᠠᠭᠰᠠᠨ ᠭᠠᠵᠠᠷ᠎ᠲᠤ ᠪᠥᠭᠡᠮᠨᠡᠷᠡᠵᠦ ᠪᠣᠯᠬᠤ ᠥᠬᠡᠶ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ 32 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠳᠤ ᠢᠯᠡᠭᠡᠭᠰᠡᠨ ᠪᠠᠶᠠᠷ᠎ᠤᠨ ᠴᠠᠬᠢᠯᠭ᠋ᠠᠨ ᠴᠢᠮᠡᠭᠡ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠶ᠋ᠢᠯᠳᠤᠬᠤ ᠪᠤᠳᠤᠯᠭ᠎ᠠ ᠵᠢᠨ ᠰᠣᠩᠭᠣᠯᠲᠠ᠎ᠠᠴᠠ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠶ᠎ᠡ
ᠰᠢ ᠵᠢᠨ ᠫᠢᠩ 《ᠤᠯᠠᠨ ᠤᠯᠤᠰ᠎ᠤᠨ ᠵᠠᠯᠠᠭᠤᠴᠤᠳ᠎ᠤᠨ ᠤᠳᠤᠷᠢᠳᠤᠭᠴᠢ ᠵᠢᠨ ᠶᠠᠷᠢᠯᠴᠠᠭ᠎ᠠ》 ᠵᠢᠨ ᠲᠦᠷᠦᠯ ᠵᠦᠢ᠍ᠯ᠎ᠤᠨ ᠭᠠᠳᠠᠭ᠋ᠠᠳᠤ ᠵᠢᠨ ᠬᠠᠷᠢᠶᠠᠳᠤ ᠵᠠᠯᠠᠭᠤᠴᠤᠳ᠎ᠤᠨ ᠲᠥᠯᠥᠭᠡᠯᠡᠭᠴᠢᠳ᠎ᠲᠤ ᠬᠠᠷᠢᠭᠤ ᠵᠠᠬᠢᠳᠠᠯ ᠢᠯᠡᠭᠡᠪᠡ
《ᠰᠢᠨ᠎ᠡ ᠴᠠᠭ ᠦᠶ᠎ᠡ ᠵᠢ ᠤᠳᠤᠷᠢᠳᠤᠨ ᠰᠢᠨ᠎ᠡ ᠠᠶᠠᠨ ᠵᠠᠮ ᠵᠶ᠋ᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠵᠢᠨ ᠫᠢᠩ᠎ᠤᠨ ᠡᠨᠡ ᠵᠢᠯ᠎ᠠᠴᠠ ᠨᠠᠭ᠋ᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ》 ᠪᠠᠷᠠᠭ᠋ᠠᠨ ᠡᠭᠦᠯᠡ ᠪᠦᠷᠬᠦᠭᠰᠡᠨ ᠴᠦ᠍ ᠲᠠᠢ᠌ᠪᠤᠭᠤᠬᠠᠨ ᠪᠠᠢ᠌ᠳᠠᠯ ᠵᠶ᠋ᠠᠨ ᠪᠠᠲᠤᠯᠠᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠵᠢ ᠱᠠᠭ᠋ᠠᠷᠳᠠᠪᠠ
 
            