ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢ᠊᠊ᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠴᠢᠨᠠᠷ ᠰᠠᠶ᠋ᠢᠲᠠᠶ ᠬᠥᠭᠵᠢᠯᠲᠡ ᠵᠢᠨ ᠳᠤᠮᠳᠠ ᠬᠠᠮᠲᠤ᠎ᠪᠠᠷ ᠪᠡᠶᠡᠵᠢᠬᠤ ᠵᠢ ᠠᠬᠢᠭᠤᠯᠵᠤ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠢ ᠨᠢᠭᠡᠳᠦᠯᠲᠡᠢ ᠲᠥᠯᠥᠪᠵᠢᠬᠦᠯᠦᠨ ᠰᠠᠶ᠋ᠢᠲᠤᠷ ᠬᠢᠬᠦ ᠬᠡᠷᠡᠭᠲᠡᠢ
ᠯᠢ ᠺᠸ ᠴᠢᠶᠠᠩ ᠸᠠᠩ ᠶᠠᠩ ᠸᠠᠩ ᠬᠤ᠌ ᠨᠢᠩ ᠬᠠᠨ ᠵᠧᠩ ᠬᠤᠷᠠᠯ᠎ᠳᠤ ᠣᠷᠣᠯᠴᠠᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 17᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠡᠷᠬᠢᠯᠡᠭᠴᠢ ᠰᠢ ᠵᠢᠨ ᠫᠢᠩ 8 ᠰᠠᠷ᠎ᠠ ᠵᠢᠨ 17᠎ᠤ ᠡᠳᠦᠷ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠠᠮᠲᠤ᠎ᠪᠠᠷ ᠪᠡᠶᠡᠵᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠠᠰᠠᠭᠤᠳᠠᠯ᠎ᠢ ᠰᠤᠳᠤᠯᠵᠤ᠂ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠮᠥᠩᠭᠥᠨ ᠭᠦᠢ᠍ᠯᠭᠡᠭᠡᠨ᠎ᠢ ᠲᠣᠭᠲᠠᠭᠤᠨ ᠵᠶ᠋ᠠᠷ ᠬᠦᠭᠵᠢᠬᠦᠯᠬᠦ ᠠᠵᠢᠯ᠎ᠢ ᠰᠠᠶ᠋ᠢᠲᠤᠷ ᠬᠢᠬᠦ ᠠᠰᠠᠭᠤᠳᠠᠯ᠎ᠢ ᠰᠤᠳᠤᠯᠪᠠ᠃ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ᠎ᠳᠠᠭᠠᠨ᠂ ᠬᠠᠮᠲᠤ᠎ᠪᠠᠷ ᠪᠡᠶᠡᠵᠢᠬᠤ ᠪᠣᠯ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠣᠨᠴᠠᠯᠢᠭ ᠮᠥᠨ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠳᠤᠮᠳᠠ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠢ; ᠮᠥᠩᠭᠥᠨ ᠭᠦᠢ᠍ᠯᠭᠡᠭᠡᠨ ᠪᠣᠯ ᠤᠳᠤ ᠦᠶ᠎ᠡ ᠵᠢᠨ ᠠᠵᠤ ᠠᠬᠤᠢ ᠵᠢᠨ ᠭᠣᠣᠯᠯᠠᠬ᠍ᠴᠢ ᠮᠥᠨ᠂ ᠬᠥᠭᠵᠢᠯᠲᠡ ᠪᠠ ᠠᠮᠤᠷ ᠲᠦᠪᠰᠢᠨ᠎ᠳᠤ ᠬᠣᠯᠪᠣᠭᠳᠠᠨ᠎ᠠ᠂ ᠵᠠᠬ᠎ᠠ ᠳᠡᠯᠭᠡᠭᠦᠷᠵᠢᠯᠲᠡ ᠬᠠᠤᠯᠢᠵᠢᠯᠳᠠ ᠵᠢᠨ ᠵᠠᠷᠴᠢᠮ᠎ᠢ ᠵᠢᠷᠤᠮᠯᠠᠵᠤ᠂ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠢ ᠨᠢᠭᠡᠳᠦᠯᠲᠡᠢ ᠲᠦᠯᠦᠪᠵᠢᠬᠦᠯᠦᠨ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠳᠡᠳ᠋ ᠡᠷᠬᠢᠯᠡᠭᠴᠢ ᠯᠢ ᠺᠸ ᠴᠢᠶᠠᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠶᠠᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠨ ᠸᠠᠩ ᠬᠤ᠌ ᠨᠢᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠭᠡᠰᠢᠭᠦᠨ ᠬᠠᠨ ᠵᠧᠩ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠬᠠᠮᠲᠤ᠎ᠪᠠᠷ ᠪᠡᠶᠡᠵᠢᠬᠤ ᠵᠢ ᠯᠠᠪᠳᠠᠭᠤᠨ ᠪᠠᠲᠤᠲᠠᠶ ᠠᠬᠢᠭᠤᠯᠬᠤ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠤᠮᠳᠠᠳᠤ ᠤᠯᠤᠰ ᠤᠨ ᠠᠷᠠᠳ᠎ᠤᠨ ᠪᠠᠩᠬᠢ᠂ ᠳᠤᠮᠳᠠᠳᠤ ᠤᠯᠤᠰ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠤ ᠮᠥᠩᠭᠥᠨ ᠭᠦᠢᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠮᠥᠩᠭᠥᠨ ᠭᠦᠢᠯᠭᠡᠭᠡᠨ᠎ᠢ ᠲᠣᠭᠲᠠᠭᠤᠨ ᠵᠶ᠋ᠠᠷ ᠬᠦᠭᠵᠢᠬᠦᠯᠬᠦ ᠠᠵᠢᠯ᠎ᠢ ᠰᠠᠶ᠋ᠢᠲᠤᠷ ᠬᠢᠬᠦ ᠠᠰᠠᠭᠤᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ᠂ ᠥᠭᠡᠷᠡᠴᠢᠯᠡᠯᠲᠡ ᠨᠡᠭᠡᠭᠡᠯᠳᠠ ᠬᠢᠭᠰᠡᠨ᠎ᠤ ᠲᠠᠷᠠᠭ᠎ᠠ᠂ ᠮᠠᠨ᠎ᠤ ᠨᠠᠮ ᠵᠥᠪ ᠪᠤᠷᠤᠭᠤ ᠬᠣᠶᠠᠷ ᠲᠠᠯ᠎ᠠ ᠵᠢᠨ ᠲᠡᠦᠬᠡ ᠵᠢᠨ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠶᠠᠳᠠᠭᠤ ᠬᠣᠭᠣᠰᠣᠨ ᠪᠣᠯ ᠨᠡᠶ᠋ᠢᠭᠡᠮ ᠵᠢᠷᠤᠮ ᠪᠢᠰᠢ ᠭᠡᠳᠡᠭ᠎ᠢ ᠲᠠᠨᠢᠵᠤ᠂ ᠤᠯᠠᠮᠵᠢᠯᠠᠯᠲᠤ ᠪᠠᠶ᠋ᠢᠭᠤᠯᠤᠮᠵᠢ ᠵᠢᠨ ᠬᠦᠯᠢᠶᠡᠰᠦᠯᠡᠯ᠎ᠢ ᠡᠪᠳᠡᠵᠦ᠂ ᠬᠡᠰᠡᠭ ᠬᠥᠮᠦᠨ᠂ ᠬᠡᠰᠡᠭ ᠭᠠᠵᠠᠷ ᠣᠷᠣᠨ ᠤᠷᠢᠳ ᠵᠶ᠋ᠠᠷ ᠪᠠᠶᠠᠵᠢᠬᠤ ᠵᠢ ᠵᠥᠪᠰᠢᠶᠡᠷᠡᠵᠦ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠴᠢᠯᠥᠭᠡᠯᠡᠨ ᠬᠥᠭᠵᠢᠭᠦᠯᠬᠦ ᠵᠢ ᠠᠬᠢᠭᠤᠯᠵᠠᠢ᠃ ᠨᠠᠮ᠎ᠤᠨ ᠠᠷᠪᠠᠨ ᠨᠠᠢ᠌ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠵᠢ ᠨᠡᠩ ᠴᠢᠬᠤᠯᠠ ᠪᠠᠶ᠋ᠢᠷᠢᠨ᠎ᠳᠤ ᠲᠠᠯᠪᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠳᠤ ᠰᠠᠢ᠌ᠨ ᠰᠠᠶ᠋ᠢᠬᠠᠨ ᠨᠥᠬᠥᠴᠡᠯ᠎ᠢ ᠪᠦᠷᠢᠯᠳᠦᠭᠦᠯᠵᠦ ᠥᠭᠴᠡᠢ᠃ ᠪᠢᠳᠡ ᠶᠠᠭ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠵᠤ ᠪᠠᠢ᠌ᠨ᠎ᠠ᠂ ᠮᠠᠨ᠎ᠤ ᠤᠯᠤᠰ᠎ᠤᠨ ᠨᠡᠶ᠋ᠢᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ᠎ᠳᠤ ᠵᠣᠬᠢᠴᠠᠭᠤᠯᠤᠨ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠢ᠌ᠨ ᠰᠠᠶ᠋ᠢᠬᠠᠨ ᠠᠮᠢᠳᠤᠷᠠᠯ᠎ᠤᠨ ᠲᠤᠬᠠᠢ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ᠎ᠳᠤ ᠡᠷᠬᠡᠪᠰᠢ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠠᠷᠠᠳ ᠲᠦᠮᠡᠨ᠎ᠳᠤ ᠵᠣᠯ ᠵᠢᠷᠭ᠋ᠠᠯ ᠣᠯᠭᠣᠬᠤ ᠬᠦᠴᠦᠯᠡᠬᠦ ᠴᠡᠭ ᠪᠣᠯᠭ᠋ᠠᠵᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠬᠠᠮᠲᠤ᠎ᠪᠠᠷ ᠪᠡᠶᠡᠵᠢᠬᠤ ᠪᠣᠯ ᠪᠦᠬᠦ ᠠᠷᠠᠳ ᠲᠦᠮᠡᠨ᠎ᠤ ᠪᠠᠶᠠᠵᠢᠯ ᠮᠥᠨ᠂ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠣᠯᠤᠨ ᠤᠶᠤᠨ᠎ᠤ ᠠᠮᠢᠳᠤᠷᠠᠯ ᠪᠦᠷ ᠪᠡᠶᠡᠵᠢᠬᠤ ᠶᠠᠪᠤᠳᠠᠯ ᠮᠦᠨ᠂ ᠬᠠᠷᠢᠨ ᠴᠥᠭᠡᠨ ᠲᠣᠭ᠋ᠠᠨ᠎ᠤ ᠬᠥᠮᠦᠰ᠎ᠤᠨ ᠪᠠᠶᠠᠵᠢᠯ ᠪᠢᠰᠢ᠂ ᠮᠦᠨ ᠴᠤ᠌ ᠵᠢᠭᠳᠡ᠎ᠪᠠᠷ ᠲᠡᠭᠰᠢᠳᠬᠡᠬᠦ ᠦᠵᠡᠯ ᠪᠢᠰᠢ᠂ ᠱᠠᠳᠤ ᠬᠤᠪᠢᠶᠠᠨ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠢ᠃ ᠠᠵᠢᠯᠴᠢ ᠬᠥᠳᠡᠯᠮᠦᠷᠢᠴᠢ᠎ᠪᠠᠷ ᠰᠢᠨ᠎ᠡ ᠵᠢ ᠡᠭᠦᠳᠴᠦ ᠪᠠᠶᠠᠵᠢᠬᠤ ᠵᠢ ᠵᠣᠷᠢᠭᠵᠢᠭᠤᠯᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠰᠤᠷᠭ᠋ᠠᠨ ᠬᠥᠮᠦᠵᠢᠯ ᠬᠦᠷᠳᠡᠬᠦ ᠬᠡᠮᠵᠢᠶ᠎ᠡ ᠵᠢ ᠳᠡᠭᠡᠭᠰᠢᠯᠡᠭᠦᠯᠬᠦ᠂ ᠬᠥᠭᠵᠢᠯᠲᠡ ᠵᠢᠨ ᠴᠢᠳᠠᠪᠤᠷᠢ ᠵᠢ ᠨᠡᠮᠡᠭᠳᠡᠭᠦᠯᠬᠦ᠎ᠳᠤ ᠨᠡᠩ ᠲᠦᠭᠡᠮᠡᠯ ᠬᠦᠷᠳᠡᠭᠡᠮᠵᠢᠳᠤ ᠲᠥᠪ ᠭᠣᠣᠯᠴᠢ ᠨᠥᠬᠥᠴᠡᠯ᠎ᠢ ᠡᠭᠦᠳᠦᠨ ᠦᠭᠴᠤ᠂ ᠥᠭᠡᠳᠡᠯᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠨᠡᠩ ᠤᠯᠠᠨ ᠬᠥᠮᠦᠨ᠎ᠳᠤ ᠪᠠᠶᠠᠵᠢᠬᠤ ᠲᠣᠬᠢᠶᠠᠯ᠎ᠢ ᠡᠭᠦᠳᠦᠨ ᠥᠭᠴᠦ᠂ ᠬᠥᠮᠦᠨ ᠪᠦᠬᠦᠨ ᠣᠷᠣᠯᠴᠠᠬᠰᠠᠨ ᠬᠥᠭᠵᠢᠯᠲᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ᠃ ᠦᠨᠳᠦᠰᠦᠨ ᠠᠵᠤ ᠠᠬᠤᠢ ᠵᠢᠨ ᠪᠠᠢ᠌ᠭᠤᠯᠤᠯ᠎ᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠰᠠᠭᠤᠷᠢᠯᠠᠨ᠂ 《ᠬᠣᠶᠠᠷ ᠥᠴᠦᠬᠡᠨ ᠴᠦ᠍ ᠭᠤᠶ᠋ᠢᠪᠢᠰᠢ ᠦᠭᠡᠢ ᠪᠠᠢ᠌ᠬᠤ》 ᠵᠢ ᠪᠠᠷᠢᠮᠲᠠᠯᠠᠵᠤ᠂ ᠨᠡᠶ᠋ᠢᠲᠡ ᠵᠢᠨ ᠥᠮᠴᠢᠯᠡᠯ ᠵᠶ᠋ᠠᠷ ᠭᠣᠣᠯ ᠴᠣᠭᠴᠠ ᠪᠣᠯᠭ᠋ᠠᠵᠤ᠂ ᠤᠯᠠᠨ ᠲᠦᠷᠦᠯ᠎ᠤᠨ ᠥᠮᠴᠢᠯᠡᠯ᠎ᠤᠨ ᠲᠦᠷᠢᠮ᠎ᠳᠤ ᠠᠵᠤ ᠠᠬᠤᠢ ᠵᠢ ᠬᠠᠮᠲᠤ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠬᠡᠰᠡᠭ ᠬᠥᠮᠦᠰ ᠤᠷᠢᠳ ᠵᠶ᠋ᠠᠷ ᠪᠠᠶᠠᠵᠢᠬᠤ ᠵᠢ ᠵᠦᠪᠰᠢᠶᠡᠷᠡᠵᠤ᠂ ᠤᠷᠢᠳ ᠵᠶ᠋ᠠᠷ ᠪᠠᠶᠠᠵᠢᠭᠰᠠᠨ᠎ᠨᠢ ᠪᠠᠶᠠᠵᠢᠭ᠋ᠠᠳᠤᠢᠪᠠᠨ ᠳᠠᠶ᠋ᠢᠴᠢᠯᠠᠬᠤ᠂ ᠪᠠᠶᠠᠵᠢᠭ᠋ᠠᠳᠤᠢᠪᠠᠨ ᠬᠠᠪᠰᠤᠷᠴᠤ᠂ ᠰᠢᠷᠭ᠋ᠠᠭᠤ ᠬᠠᠲᠠᠭᠤᠵᠢᠯᠲᠠᠢ ᠬᠥᠳᠡᠯᠮᠦᠷᠢᠯᠡᠬᠦ᠂ ᠬᠠᠤᠯᠢ ᠶᠣᠰᠣᠭ᠋ᠠᠷ ᠡᠵᠡᠩᠨᠡᠬᠦ᠂ ᠵᠣᠷᠢᠭᠲᠠᠢ᠎ᠪᠠᠷ ᠦᠢ᠍ᠯᠡᠰ ᠪᠤᠰᠬᠠᠬᠤ ᠪᠠᠶᠠᠵᠢᠯ᠎ᠤᠨ ᠲᠠᠭ᠋ᠠᠭᠤᠯᠤᠬ᠍ᠴᠢ ᠵᠢ ᠭᠣᠣᠯᠳᠠᠯᠭ᠎ᠠ᠎ᠲᠠᠢ ᠵᠣᠷᠢᠭᠵᠢᠭᠤᠯᠬᠤ ᠬᠡᠷᠡᠭᠲᠡᠢ᠃ ᠴᠢᠳᠠᠯ᠎ᠤᠨ ᠬᠢᠷᠢ᠎ᠪᠠᠷ ᠵᠶ᠋ᠠᠨ ᠬᠢᠵᠦ᠂ ᠰᠢᠨᠵᠢᠯᠡᠬᠦ ᠤᠬᠠᠭ᠋ᠠᠨᠴᠢ ᠤᠯᠠᠨ ᠨᠡᠶ᠋ᠢᠲᠡ ᠵᠢᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠪᠠᠶ᠋ᠢᠭᠤᠯᠵᠤ᠂ ᠬᠥᠮᠦᠨ ᠪᠦᠬᠦᠨ ᠡᠳ᠋ᠯᠡᠭᠰᠡᠨ ᠵᠦᠢ ᠵᠣᠬᠢᠰᠲᠠᠢ ᠬᠤᠪᠢᠶᠠᠷᠢᠯᠠᠯᠲᠠ ᠵᠢᠨ ᠪᠠᠶ᠋ᠢᠷᠢᠰᠢᠯ᠎ᠢ ᠪᠤᠢ ᠪᠣᠯᠭ᠋ᠠᠬᠤ ᠵᠢᠨ ᠬᠠᠮᠲᠤ ᠬᠡᠷᠡᠭᠴᠡᠭᠡ ᠪᠠ ᠪᠣᠯᠤᠮᠵᠢ ᠵᠢ ᠨᠢᠭᠡᠳᠦᠯᠲᠡᠢ ᠲᠥᠯᠥᠪᠵᠢᠭᠦᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠠᠵᠤ ᠠᠬᠤᠢ ᠵᠢᠨ ᠬᠥᠭᠵᠢᠯᠲᠡ ᠪᠠ ᠡᠳ᠋᠎ᠤᠨ ᠬᠦᠴᠦᠨ᠎ᠤ ᠦᠷᠭᠦᠯᠵᠢᠯᠡᠬᠦ ᠰᠠᠭᠤᠷᠢᠨ ᠳᠡᠭᠡᠷ᠎ᠡ ᠪᠠᠶ᠋ᠢᠭᠤᠯᠵᠤ᠂ ᠰᠠᠭᠤᠷᠢ ᠴᠢᠨᠠᠷᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠢ᠃ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠬᠤ ᠵᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠵᠢᠨ ᠤᠷᠳᠤ ᠬᠤᠭᠤᠴᠠᠭ᠋ᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ᠎ᠢ ᠭᠦᠢ᠍ᠴᠡᠳ ᠵᠢᠱ᠌ᠢᠵᠦ᠂ ᠡᠯ᠎ᠡ ᠭᠠᠵᠠᠷ᠎ᠤᠨ᠎ᠬᠢᠨ᠎ᠤ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠪᠦᠲᠦᠮᠵᠢᠲᠡᠢ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠲᠤᠷᠰᠢᠯᠭ᠎ᠠ᠎ᠪᠠᠨ ᠳ᠋ᠦᠩᠨᠡᠨ᠂ ᠠᠯᠬᠤᠮ ᠠᠯᠬᠤᠮ ᠵᠶ᠋ᠠᠷ ᠳᠡᠯᠭᠡᠷᠡᠭᠦᠯᠬᠦ ᠵᠢ ᠵᠣᠷᠢᠭᠵᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
ᠬᠤᠷᠠᠯ᠎ᠠᠴᠠ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠳᠤᠮᠳᠠ ᠬᠠᠮᠲᠤ᠎ᠪᠠᠷ ᠪᠠᠶᠠᠵᠢᠬᠤ ᠵᠢ ᠠᠬᠢᠭᠤᠯᠵᠤ᠂ ᠦᠷ᠎ᠡ ᠠᠰᠢᠭ ᠪᠠ ᠲᠥᠪ ᠭᠣᠣᠯᠴᠢ ᠵᠢᠨ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠵᠤ᠂ ᠠᠩᠬᠠᠨ᠎ᠤ ᠬᠤᠪᠢᠶᠠᠷᠢᠯᠠᠯᠲᠠ᠂ ᠳᠠᠬᠢᠨ ᠬᠤᠪᠢᠶᠠᠷᠢᠯᠠᠯᠲᠠ᠂ ᠭᠤᠷᠪᠠᠳᠤᠭ᠋ᠠᠷ ᠤᠳᠠᠭ᠋ᠠᠨ᠎ᠤ ᠬᠤᠪᠢᠶᠠᠷᠢᠯᠠᠯᠲᠠ ᠵᠢ ᠵᠣᠬᠢᠴᠠᠩᠭᠤᠢ ᠢᠵᠢ ᠪᠦᠷᠢᠳᠦᠭᠰᠡᠨ ᠰᠠᠭᠤᠷᠢ ᠴᠢᠨᠠᠷᠲᠠᠶ ᠳᠦᠷᠢᠮ᠎ᠤᠨ ᠲᠣᠬᠢᠷᠠᠭᠤᠯᠤᠯᠲᠠ ᠵᠢ ᠪᠠᠢ᠌ᠢ᠍ᠭᠤᠯᠵᠤ᠂ ᠭᠠᠶ᠋ᠢᠯᠢ᠂ ᠨᠡᠶ᠋ᠢᠭᠡᠮ᠎ᠤᠨ ᠪᠠᠲᠤᠯᠠᠭ᠎ᠠ᠂ ᠰᠢᠯᠵᠢᠭᠦᠯᠦᠨ ᠥᠭᠴᠦ ᠲᠤᠭ᠋ᠠᠴᠠᠭ᠎ᠠ ᠬᠢᠬᠦ ᠵᠡᠷᠭᠡ ᠵᠢ ᠲᠣᠬᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠵᠢᠨ ᠬᠠᠮᠲᠤ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂ ᠳᠤᠮᠳᠠ ᠲᠡᠰ᠎ᠤᠨ ᠣᠷᠣᠯᠭ᠎ᠠ᠎ᠲᠠᠢ ᠬᠦᠮᠦᠰ᠎ᠤᠨ ᠬᠤᠪᠢ ᠵᠢᠨ ᠵᠢᠩ᠎ᠢ ᠥᠷᠭᠡᠳᠬᠡᠵᠦ᠂ ᠲᠤᠤᠷ᠎ᠠ ᠣᠷᠣᠯᠭ᠎ᠠ᠎ᠲᠠᠢ ᠬᠦᠮᠦᠰ᠎ᠤᠨ ᠣᠷᠣᠯᠭ᠎ᠠ ᠵᠢ ᠨᠡᠮᠡᠭᠳᠡᠭᠦᠯᠵᠦ᠂ ᠥᠨᠳᠥᠷ ᠣᠷᠣᠯᠭ᠎ᠠ ᠵᠢ ᠵᠣᠬᠢᠰᠲᠠᠶ ᠲᠣᠬᠢᠷᠠᠭᠤᠯᠵᠤ᠂ ᠬᠠᠤᠯᠢ ᠪᠤᠰᠤ ᠣᠷᠣᠯᠭ᠎ᠠ ᠵᠢ ᠴᠠᠭ᠋ᠠᠵᠠᠯᠠᠵᠤ᠂ ᠳᠤᠮᠳᠠᠬᠢ ᠬᠡᠰᠡᠭ᠎ᠨᠢ ᠶᠡᠬᠡ᠂ ᠬᠣᠶᠠᠷ ᠦᠵᠦᠭᠦᠷ᠎ᠨᠢ ᠪᠠᠭ᠎ᠠ ᠠᠷᠤᠷ᠎ᠠ ᠬᠡᠯᠪᠡᠷᠢ ᠵᠢᠨ ᠬᠤᠪᠢᠶᠠᠷᠢᠯᠠᠯᠲᠠ ᠵᠢᠨ ᠪᠦᠲᠦᠴᠡ ᠵᠢ ᠪᠦᠷᠢᠯᠳᠦᠭᠦᠯᠵᠦ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠪᠦᠬᠦ ᠠᠷᠠᠳ ᠲᠦᠮᠡᠨ᠎ᠢ ᠬᠠᠮᠲᠤ᠎ᠪᠠᠷ ᠪᠠᠶᠠᠵᠢᠬᠤ ᠬᠠᠷᠠᠯᠲᠠ ᠲᠠᠢ᠌ᠢ᠍ᠰᠢ ᠯᠠᠪᠳᠠᠭᠤᠨ ᠪᠠᠲᠤᠲᠠᠶ ᠤᠷᠤᠭᠰᠢᠯᠠᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠬᠥᠭᠵᠢᠯᠲᠡ ᠵᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭ᠋ᠠᠮᠵᠢᠲᠤ ᠴᠢᠨᠠᠷ᠎ᠢ ᠳᠡᠭᠡᠭᠰᠢᠯᠡᠭᠦᠯᠵᠦ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠮᠵᠢ ᠵᠢ ᠲᠦᠷᠭᠡᠳᠬᠡᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠬᠥᠭᠵᠢᠯᠲᠡ ᠵᠢᠨ ᠲᠡᠩᠴᠡᠭᠦᠷᠢᠲᠦ ᠴᠢᠨᠠᠷ᠎ᠢ ᠴᠢᠩᠭ᠋ᠠᠳᠬᠠᠵᠤ᠂ ᠠᠵᠢᠯ ᠲᠦᠷᠦᠯ᠎ᠤᠨ ᠬᠥᠭᠵᠢᠯᠲᠡ ᠵᠢᠨ ᠵᠣᠬᠢᠴᠠᠩᠭᠤᠢ ᠴᠢᠨᠠᠷ᠎ᠢ ᠴᠢᠩᠭ᠋ᠠᠳᠬᠠᠵᠤ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠬᠡᠷᠡᠭᠲᠡᠢ᠃ ᠳᠤᠮᠳᠠ ᠲᠡᠰ᠎ᠤᠨ ᠣᠷᠣᠯᠭ᠎ᠠ᠎ᠲᠠᠢ ᠬᠥᠮᠦᠰ᠎ᠤᠨ ᠬᠡᠪᠴᠢᠶ᠎ᠡ ᠵᠢ ᠬᠦᠴᠦᠯᠡᠨ ᠥᠷᠭᠡᠳᠬᠡᠵᠦ᠂ ᠭᠣᠣᠯᠳᠠᠯᠭ᠎ᠠ ᠵᠢ ᠠᠳᠬᠤᠨ᠂ ᠤᠨᠢᠨ ᠲᠡᠭᠡᠷ᠎ᠡ᠎ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠡᠩ ᠤᠯᠠᠨ ᠲᠤᠤᠷ᠎ᠠ ᠣᠷᠣᠯᠭ᠎ᠠ᠎ᠲᠠᠢ ᠬᠥᠮᠦᠰ᠎ᠤᠨ ᠳᠤᠮᠳᠠ ᠲᠡᠰ᠎ᠤᠨ ᠣᠷᠣᠯᠭ᠎ᠠ᠎ᠲᠠᠢ ᠬᠦᠮᠦᠰ᠎ᠤᠨ ᠡᠩᠨᠡᠭᠡᠨ᠎ᠳᠤ ᠣᠷᠣᠬᠤ ᠵᠢ ᠠᠬᠢᠭᠤᠯᠬᠤ ᠬᠡᠷᠡᠭᠲᠡᠢ᠃ ᠣᠯᠠᠨ ᠨᠡᠶ᠋ᠢᠲᠡ ᠵᠢᠨ ᠦᠨᠳᠦᠰᠦᠨ ᠦᠢᠯᠡᠴᠢᠯᠡᠭᠡ ᠵᠢ ᠲᠡᠩᠴᠡᠬᠦᠷᠢᠰᠢᠬᠦᠯᠬᠦ ᠵᠢ ᠠᠬᠢᠭᠤᠯᠵᠤ᠂ ᠲᠦᠭᠡᠮᠡᠯ ᠬᠦᠷᠳᠡᠬᠡᠮᠵᠢᠳᠤ ᠴᠢᠨᠠᠷᠲᠠᠶ ᠬᠥᠮᠦᠨ᠎ᠤ ᠬᠦᠴᠦᠨ᠎ᠤ ᠬᠥᠷᠥᠩᠭᠡ ᠵᠢᠨ ᠣᠷᠣᠭᠤᠯᠤᠯᠲᠠ ᠵᠢ ᠨᠡᠮᠡᠭᠳᠡᠭᠦᠯᠵᠦ᠂ ᠨᠠᠰᠤᠵᠢᠯ᠎ᠤᠨ ᠠᠰᠠᠷᠠᠮᠵᠢ ᠪᠠ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠂ ᠦᠨᠳᠦᠰᠦᠨ ᠵᠦᠢᠯ᠎ᠢ ᠪᠠᠲᠤᠯᠠᠬᠤ ᠠᠪᠤᠷᠠᠨ ᠲᠤᠰᠠᠯᠠᠬᠤ ᠰᠢᠰᠲ᠋ᠧᠮ ᠂ ᠣᠷᠣᠨ ᠰᠠᠭᠤᠴᠠ ᠵᠢᠨ ᠬᠠᠩᠭ᠋ᠠᠯᠭ᠎ᠠ ᠪᠠ ᠪᠠᠲᠤᠯᠠᠭ᠎ᠠ ᠵᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠥᠨᠳᠥᠷ ᠣᠷᠣᠯᠭ᠎ᠠ ᠵᠢ ᠵᠢᠷᠤᠮᠵᠢᠭᠤᠯᠬᠤ ᠪᠠ ᠲᠣᠬᠢᠷᠠᠭᠤᠯᠬᠤ ᠠᠵᠢᠯ᠎ᠢ ᠴᠢᠩᠭ᠋ᠠᠳᠬᠠᠵᠤ᠂ ᠬᠠᠤᠯᠢ ᠶᠣᠰᠣᠨ᠎ᠤ ᠣᠷᠣᠯᠭ᠎ᠠ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠡᠳᠦ ᠥᠨᠳᠥᠷ ᠣᠷᠣᠯᠭ᠎ᠠ ᠵᠢ ᠵᠦᠢ ᠵᠣᠬᠢᠰᠲᠠᠢ ᠲᠣᠬᠢᠷᠠᠭᠤᠯᠵᠤ᠂ ᠥᠨᠳᠥᠷ ᠣᠷᠣᠯᠭ᠎ᠠ᠎ᠲᠠᠢ ᠬᠥᠮᠦᠰ ᠪᠠ ᠠᠵᠤ ᠠᠬᠤᠶ᠋ᠢᠯᠠᠯ᠎ᠤᠨ ᠨᠡᠶ᠋ᠢᠭᠡᠮ᠎ᠳᠤ ᠨᠡᠩ ᠢᠯᠡᠭᠦᠦ ᠠᠴᠢ ᠬᠠᠷᠢᠭᠤᠯᠠᠬᠤ ᠵᠢ ᠵᠣᠷᠢᠭᠵᠢᠭᠤᠯᠬᠤ ᠬᠡᠷᠡᠭᠲᠡᠢ᠃ ᠵᠣᠬᠢᠰ ᠦᠭᠡᠶ ᠣᠷᠣᠯᠭ᠎ᠠ ᠵᠢ ᠢᠯᠭ᠋ᠠᠷᠠᠭᠤᠯᠤᠨ ᠵᠢᠷᠤᠮᠵᠢᠭᠤᠯᠵᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠳᠢᠭᠯᠢᠮ᠎ᠢ ᠴᠡᠭᠴᠡᠯᠡᠨ᠂ ᠬᠠᠤᠯᠢ ᠪᠤᠰᠤ ᠣᠷᠣᠯᠭ᠎ᠠ ᠵᠢ ᠡᠷᠡᠰ ᠴᠠᠭ᠋ᠠᠵᠠᠯᠠᠬᠤ ᠬᠡᠷᠡᠭᠲᠡᠶ᠃ ᠥᠮᠴᠢᠯᠡᠯ᠎ᠤᠨ ᠡᠷᠬᠡ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠵᠤ᠂ ᠬᠠᠤᠯᠢ ᠶᠣᠰᠣᠭ᠋ᠠᠷ ᠪᠠᠶᠠᠵᠢᠬᠤ ᠵᠢ ᠬᠠᠮᠠᠭ᠋ᠠᠯᠠᠵᠤ᠂ ᠡᠯ᠎ᠡ ᠲᠦᠷᠦᠯ᠎ᠤᠨ ᠬᠦᠷᠦᠨᠭᠭᠡ ᠵᠢᠨ ᠵᠢᠷᠤᠮᠵᠢᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠠᠷᠠᠳ ᠲᠦᠮᠡᠨ᠎ᠤ ᠤᠶᠤᠨ᠎ᠤ ᠠᠮᠢᠳᠤᠷᠠᠯ᠎ᠤᠨ ᠬᠠᠮᠲᠤ᠎ᠪᠠᠷ ᠪᠡᠶᠡᠵᠢᠬᠤ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠭᠤᠯᠬᠤ ᠵᠢ ᠴᠢᠩᠭ᠋ᠠᠳᠬᠠᠵᠤ᠂ ᠠᠷᠠᠳ ᠤᠯᠠᠨ᠎ᠤ ᠤᠯᠠᠨ ᠶᠠᠩᠵᠤ ᠵᠢᠨ᠂ ᠤᠯᠠᠨ ᠲᠡᠰ ᠳᠠᠪᠬᠤᠷᠭ᠎ᠠ ᠵᠢᠨ᠂ ᠤᠯᠠᠨ ᠲᠠᠯ᠎ᠠ ᠵᠢᠨ ᠤᠶᠤᠨ᠎ᠤ ᠪᠡ ᠰᠣᠶᠣᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃ ᠬᠠᠮᠲᠤ᠎ᠪᠠᠷ ᠪᠠᠶᠠᠵᠢᠬᠤ ᠵᠢ ᠠᠬᠢᠭᠤᠯᠬᠤ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠴᠢᠩᠭ᠋ᠠᠳᠬᠠᠵᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠳᠤ ᠰᠠᠢ᠌ᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠨᠥᠬᠥᠴᠡᠯ ᠢ ᠬᠠᠩᠭ᠋ᠠᠬᠤ ᠬᠡᠷᠡᠭᠲᠡᠢ ᠃ ᠲᠠᠷᠢᠶᠠᠴᠢᠨ ᠬᠥᠳᠡᠭᠡ ᠲᠣᠰᠬᠣᠨ ᠤ ᠬᠠᠮᠲᠤ ᠪᠠᠷ ᠪᠠᠶᠠᠵᠢᠬᠤ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠥᠳᠡᠭᠡ ᠲᠣᠰᠬᠣᠨ᠎ᠤ ᠰᠠᠭᠤᠷᠢ ᠲᠥᠬᠥᠭᠡᠷᠦᠮᠵᠢ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ᠎ᠢ ᠰᠠᠶ᠋ᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠵᠢ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠨᠢᠭᠡ ᠪᠣᠯᠭ᠋ᠠᠵᠤ᠂ ᠬᠡᠳᠦᠨ ᠵᠢᠯ᠎ᠤᠨ ᠲᠤᠷᠰᠢ᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠵᠥᠪᠯᠡᠯ 《ᠶᠡᠬᠡ ᠲᠠᠯ᠎ᠠ ᠵᠢ ᠲᠣᠭᠲᠠᠪᠤᠷᠢᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠂ ᠤᠨᠢᠨ ᠳᠡᠭᠡᠷ᠎ᠡ ᠨᠢ ᠵᠠᠳᠠᠯᠬᠤ》 ᠦᠨᠳᠦᠰᠦᠨ ᠴᠢᠭᠯᠡᠯᠲᠡ ᠶᠣᠰᠣᠭ᠋ᠠᠷ ᠠᠵᠢᠯ ᠵᠶ᠋ᠠᠨ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠴᠢᠬᠤᠯᠠ ᠱᠠᠳᠤ ᠦᠶᠡᠴᠢ ᠴᠢᠨᠠᠷᠲᠠᠢ ᠦᠷ᠎ᠡ ᠪᠦᠲᠦᠭᠡᠯ᠎ᠢ ᠣᠯᠵᠤ᠂ ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠦᠯᠦ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠵᠤ᠂ ᠤᠯᠤᠰ᠎ᠤᠨ ᠠᠵᠤ ᠠᠬᠤᠢ ᠮᠥᠩᠭᠥᠨ ᠭᠦᠢ᠍ᠯᠭᠡᠭᠡᠨ᠎ᠤ ᠲᠣᠭᠲᠠᠭᠤᠨ ᠪᠠ ᠠᠷᠠᠳ ᠲᠦᠮᠡᠨ᠎ᠤ ᠡᠳ᠋ ᠬᠦᠷᠦᠩᠭᠡ ᠵᠢᠨ ᠠᠮᠤᠷ ᠲᠦᠪᠰᠢᠨ᠎ᠢ ᠬᠦᠴᠦᠲᠡᠢ ᠬᠠᠮᠠᠭ᠋ᠠᠯᠠᠪᠠ ᠬᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠠᠵᠤ ᠠᠬᠤᠢ ᠮᠥᠩᠭᠥᠨ ᠭᠦᠢ᠍ᠯᠭᠡᠭᠡᠨ᠎ᠤ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠬᠤ᠎ᠨᠢ ᠲᠤᠶ᠋ᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠰᠢᠰᠲ᠋ᠧᠮ᠎ᠳᠤ ᠦᠵᠡᠯᠲᠡ᠎ᠪᠠᠨ ᠴᠢᠩᠭ᠋ᠠᠳᠬᠠᠵᠤ᠂ ᠵᠠᠬ᠎ᠠ ᠳᠡᠯᠭᠡᠭᠦᠷᠵᠢᠯᠳᠠ ᠬᠠᠤᠯᠢᠵᠢᠯᠳᠠ ᠵᠢᠨ ᠵᠠᠷᠴᠢᠮ᠎ᠢ ᠵᠢᠷᠤᠮᠯᠠᠵᠤ᠂ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠲᠣᠭᠲᠠᠭᠤᠨ᠎ᠤ ᠰᠠᠭᠤᠷᠢ ᠵᠢ ᠪᠡᠬᠢᠵᠢᠭᠦᠯᠵᠦ᠂ ᠨᠡᠮᠡᠭᠳᠡᠯ᠎ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠵᠢ ᠰᠡᠷᠭᠡᠶ᠋ᠢᠯᠡᠬᠦ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠡᠬᠢᠵᠢᠭᠦᠯᠵᠦ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠪᠠᠷ ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠠᠷᠢᠯᠭ᠋ᠠᠵᠤ᠂ ᠪᠤᠰᠤᠳ ᠬᠦᠷᠢᠶ᠎ᠠ ᠴᠠᠷᠠᠭ᠋ᠠᠨ᠎ᠳᠠᠬᠢ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠶᠠᠪᠤᠴᠠ᠎ᠳᠤ ᠲᠠᠭ᠋ᠠᠯᠳᠤᠨ ᠡᠬᠦᠰᠬᠦ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠢ᠃ ᠣᠷᠣᠨ ᠨᠤᠲᠤᠭ᠎ᠤᠨ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠨᠠᠶ᠋ᠢᠳᠠᠪᠤᠷᠢᠵᠢᠭᠤᠯᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠲᠣᠭᠲᠠᠴᠠ ᠵᠢ ᠰᠢᠯᠤᠭᠤᠳᠬᠠᠵᠤ᠂ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠵᠤ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠮᠥᠩᠭᠥᠨ ᠭᠦᠢ᠍ᠯᠭᠡᠭᠡᠨ᠎ᠤ ᠰᠢᠰᠲᠸᠮ᠎ᠤᠨ ᠺᠠᠳ᠋ᠷ᠎ᠤᠨ ᠡᠩᠨᠡᠭᠡᠨ᠎ᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠵᠢᠨ ᠲᠣᠭ᠋ᠠᠴᠢᠯᠠᠭᠰᠠᠨ ᠤᠶᠤᠨᠴᠢᠯᠠᠬᠰᠠᠨ ᠲᠦᠪᠰᠢᠨ᠎ᠢ ᠳᠡᠭᠡᠭᠰᠢᠯᠡᠭᠦᠯᠵᠦ᠂ ᠮᠥᠩᠭᠥᠨ ᠭᠦᠢ᠍ᠯᠭᠡᠭᠡᠨ᠎ᠤ ᠢᠯᠵᠠᠷᠡᠯ᠎ᠢ ᠵᠠᠯᠬᠠᠭ᠋ᠠᠨ ᠰᠢᠢ᠍ᠳᠬᠡᠬᠦ ᠪᠠ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠨᠢᠭᠡ ᠴᠤᠭᠴᠠᠵᠢᠭᠤᠯᠤᠨ ᠠᠬᠢᠭᠤᠯᠵᠤ᠂ ᠭᠣᠣᠯᠳᠠᠯᠭ᠎ᠠ᠎ᠲᠠᠢ ᠬᠦᠷᠢᠶ᠎ᠠ ᠴᠠᠷᠠᠭ᠋ᠠᠨ᠎ᠤ ᠥᠭᠡᠷᠡᠴᠢᠯᠡᠯᠲᠡ ᠵᠢ ᠲᠦᠷᠭᠡᠳᠬᠡᠵᠦ᠂ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠦᠳᠦᠯᠦᠨ ᠲᠠᠭ᠋ᠠᠭᠤᠯᠬᠤ ᠵᠢ ᠰᠠᠶ᠋ᠢᠲᠤᠷ ᠬᠢᠬᠦ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠬᠠᠤᠯᠢᠵᠢᠯ ᠪᠠ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ᠂ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠢᠯᠭ᠋ᠠᠨ ᠲᠠᠨᠢᠬᠤ᠂ ᠬᠢᠨᠠᠨ ᠬᠡᠮᠵᠢᠬᠦ᠂ ᠬᠠᠮᠢᠶᠠᠷᠬᠤ᠂ ᠰᠢᠢ᠍ᠳᠪᠦᠷᠢᠯᠡᠬᠦ ᠵᠡᠷᠭᠡ ᠭᠣᠭᠴᠣᠭ᠎ᠠ᠎ᠳᠠᠬᠢ ᠢᠲᠡᠭᠡᠮᠵᠢ ᠵᠢᠨ ᠰᠠᠭᠤᠷᠢ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃