ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠢ᠌ᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠡᠷᠭᠡ ᠵᠢ ᠱᠠᠭ᠋ᠠᠷᠳᠠᠪᠠ
ᠨᠡᠶ᠋ᠢᠲᠡᠯᠡᠭᠰᠡᠨ ᠴᠠᠭ᠄ 2021-08-20

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠠᠵᠤ ᠠᠬᠤᠶ ᠵᠢᠨ ᠠᠵᠢᠯᠯᠠᠭ᠋ᠠᠨ᠎ᠤ ᠰᠢᠨ᠎ᠡ ᠪᠠᠶ᠋ᠢᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ
     《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢ ᠬᠢᠨᠠᠨ   ᠪᠠᠲᠤᠯᠠᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠡᠢ


      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 8 ᠳ᠋ᠤᠭ᠋ᠠᠷ ᠰᠠᠷ᠎ᠠ ᠵᠢᠨ 16᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠠᠵᠤ ᠠᠬᠤᠢ ᠵᠢᠨ ᠠᠵᠢᠯᠯᠠᠭ᠋ᠠᠨ᠎ᠤ ᠰᠢᠨ᠎ᠡ ᠪᠠᠶ᠋ᠢᠳᠠᠯ᠎ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ; 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢ ᠬᠢᠨᠠᠨ ᠪᠠᠲᠤᠯᠠᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ 7 ᠳ᠋ᠤᠭ᠋ᠠᠷ ᠰᠠᠷ᠎ᠠ ᠵᠢᠨ ᠳᠤᠮᠳᠠᠴᠢ᠎ᠠᠴᠠ ᠨᠠᠭ᠋ᠠᠰᠢ᠂ ᠮᠠᠨ᠎ᠤ ᠤᠯᠤᠰ᠎ᠤᠨ ᠣᠯᠠᠨ ᠭᠠᠵᠠᠷ᠎ᠲᠤ ᠣᠨᠴᠠᠭ᠋ᠠᠶ ᠠᠭᠤᠷ ᠠᠮᠢᠰᠬᠤᠯ᠎ᠤᠨ ᠪᠠᠢ᠌ᠳᠠᠯ ᠭᠠᠷᠴᠤ᠂ ᠬᠦᠨᠳᠦ ᠨᠣᠴᠢᠲᠠᠶ ᠦᠶᠡᠷ ᠤᠰᠤᠲᠤᠯ᠎ᠤᠨ ᠭᠠᠮᠰᠢᠭ᠎ᠢ ᠪᠣᠢ ᠪᠣᠯᠭ᠋ᠠᠵᠤ᠂ ᠣᠯᠠᠨ ᠮᠤᠵᠢ ᠣᠯᠠᠨ ᠭᠠᠵᠠᠷ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠥᠷᠪᠢᠰᠴᠦ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠶᠡᠬᠡ᠎ᠪᠠᠷ ᠬᠡᠯᠪᠡᠯᠵᠡᠵᠦ᠂ ᠳᠡᠯᠡᠬᠡᠶ ᠵᠢᠨ ᠠᠵᠤ ᠠᠬᠤᠶ ᠵᠢᠨ ᠪᠠᠶ᠋ᠢᠳᠠᠯ ᠡᠭᠡᠳᠡᠷᠡᠭᠡᠨ ᠪᠤᠳᠤᠯᠢᠶᠠᠨᠲᠠᠶ ᠪᠣᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠨᠠᠮ᠎ᠤᠨ ᠲᠥᠪ ᠬᠣᠷᠢᠶ᠎ᠠ᠂ ᠲᠦᠷᠦ ᠵᠢᠨ   ᠶᠠᠪᠤᠳᠠᠯ ᠎ᠤᠨ   ᠬᠣᠷᠢᠶᠠᠨ ᠎ᠤ   ᠪᠠᠶ᠋ᠢᠷᠢᠯᠠᠭᠤᠯᠤᠯᠲᠠ ᠵᠢ   ᠨᠠᠷᠢᠨ   ᠬᠢᠨᠠᠮᠠᠭ᠋ᠠᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠠᠵᠤ ᠠᠬᠤᠢ ᠵᠢᠨ ᠠᠵᠢᠯᠯᠠᠭ᠋ᠠᠨ᠎ᠢ ᠵᠣᠬᠢᠰᠲᠠᠢ ᠣᠷᠣᠨ ᠵᠠᠢ᠎ᠳᠤ ᠪᠠᠶ᠋ᠢᠯᠭ᠋ᠠᠬᠤ ᠵᠢ ᠪᠠᠲᠤᠯᠠᠬᠤ ᠬᠡᠷᠡᠭᠲᠡᠢ᠃ ᠨᠢᠭᠡ᠎ᠳᠤ᠂ ᠬᠢᠵᠢᠭ᠎ᠤᠨ ᠪᠠᠶ᠋ᠢᠳᠠᠯ᠎ᠢ ᠬᠣᠷᠢᠭᠯᠠᠬᠤ ᠪᠠ ᠦᠶᠡᠷ᠎ᠢ ᠰᠡᠷᠭᠡᠶ᠋ᠢᠯᠡᠨ ᠭᠠᠮᠰᠢᠭ᠎ᠠᠴᠠ ᠠᠪᠤᠷᠠᠬᠤ᠂ ᠰᠡᠷᠭᠦᠭᠡᠨ ᠲᠠᠬᠢᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠢ᠃ ᠡᠯ᠎ᠡ ᠭᠠᠵᠠᠷ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤ ᠵᠢᠨ ᠲᠣᠭᠲᠠᠴᠠ ᠵᠢ ᠪᠦᠷᠢᠨᠰᠢᠭᠦᠯᠵᠦ᠂ ᠢᠯᠠᠩᠭᠤᠶ᠎ᠠ ᠭᠣᠣᠯ ᠭᠣᠭᠴᠣᠭ᠎ᠠ ᠵᠢᠨ ᠵᠠᠩᠭᠢᠯᠠᠭ᠎ᠠ ᠵᠢᠨ ᠪᠣᠭᠣᠮᠲᠠ ᠵᠢ ᠪᠠᠲᠤ ᠰᠠᠬᠢᠬᠤ ᠬᠡᠷᠡᠭᠲᠡᠶ᠃ ᠦᠶᠡᠷ ᠤᠰᠤᠲᠤᠯ ᠵᠡᠷᠭᠡ ᠭᠠᠶ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ᠎ᠠᠴᠠ ᠠᠪᠤᠷᠠᠨ ᠠᠷᠭ᠋ᠠᠴᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠳᠬᠠᠵᠤ᠂ ᠭᠠᠮᠰᠢᠭᠳᠠᠭᠰᠠᠨ ᠭᠠᠵᠠᠷ ᠣᠷᠣᠨ᠎ᠢ ᠲᠦᠷᠭᠡᠪᠴᠢᠯᠡᠨ ᠰᠡᠷᠭᠦᠭᠡᠵᠦ ᠲᠠᠬᠢᠨ ᠪᠥᠳᠥᠭᠡᠨ ᠪᠠᠶ᠋ᠢᠭᠤᠯᠬᠤ ᠠᠵᠢᠯ᠎ᠢ ᠠᠬᠢᠭᠤᠯᠬᠤ ᠬᠡᠷᠡᠭᠲᠡᠢ᠃ ᠨᠠᠮᠤᠷ᠎ᠤᠨ ᠠᠮᠤ ᠲᠠᠷᠢᠶ᠎ᠠ ᠵᠢ ᠨᠥᠬᠥᠵᠦ ᠳᠠᠷᠢᠬᠤ ᠪᠠ ᠥᠭᠡᠷᠡᠴᠢᠯᠡᠨ ᠳᠠᠷᠢᠬᠤ᠂ ᠤᠰᠤᠨ᠎ᠳᠤ ᠠᠪᠲᠠᠭᠰᠠᠨ ᠲᠠᠷᠢᠶᠠᠨ ᠭᠠᠵᠠᠷ ᠪᠠ ᠪᠡᠯᠡᠳᠬᠡᠮᠵᠢ ᠵᠢ ᠰᠡᠯᠪᠢᠨ ᠵᠠᠰᠠᠬᠤ᠂ ᠬᠤᠳᠠ ᠵᠢᠨ ᠦᠶᠡᠷ᠎ᠢ ᠰᠡᠷᠭᠡᠶ᠋ᠢᠯᠡᠵᠦ ᠤᠰᠤᠲᠤᠯ᠎ᠢ ᠵᠠᠯᠠᠬᠤ ᠪᠡᠯᠡᠳᠬᠡᠮᠵᠢ ᠵᠢ ᠪᠦᠷᠢᠨᠰᠢᠭᠦᠯᠬᠦ ᠵᠡᠷᠭᠡ ᠵᠢ ᠴᠢᠩᠭ᠎ᠠ ᠪᠥᠭᠡᠳ ᠰᠠᠶ᠋ᠢᠲᠤᠷ ᠠᠳᠬᠤᠬᠤ ᠬᠡᠷᠡᠭᠲᠡᠢ᠃ ᠬᠣᠶᠠᠷ᠎ᠲᠤ᠂ ᠠᠵᠢᠯ ᠣᠯᠭᠣᠯᠲᠠ ᠵᠢ ᠪᠠᠲᠤᠯᠠᠬᠤ ᠠᠵᠢᠯ᠎ᠢ ᠲᠤᠪᠤᠢ᠍ᠢ᠍ᠯᠭ᠋ᠠᠨ ᠰᠠᠶ᠋ᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠠ ᠨᠡᠶ᠋ᠢᠭᠡᠮᠴᠢᠯᠡᠭᠰᠡᠨ ᠠᠵᠢᠯ ᠣᠯᠭᠣᠯᠲᠠ ᠵᠢ ᠠᠬᠢᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠣᠣᠯᠳᠠᠯᠭ᠎ᠠ᠎ᠲᠠᠢ ᠬᠥᠮᠥᠰ ᠪᠠ ᠬᠦᠴᠢᠷᠳᠡᠯ᠎ᠲᠠᠢ ᠤᠯᠠᠨ ᠲᠦᠮᠡᠨ᠎ᠤ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠠᠵᠢᠯ᠎ᠢ ᠴᠢᠩᠭ᠋ᠠᠳᠬᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠪᠠᠷ ᠳᠠᠮᠵᠢᠭᠤᠯᠤᠨ ᠤᠯᠠᠨ ᠲᠦᠮᠡᠨ᠎ᠤ ᠣᠷᠣᠯᠭ᠎ᠠ ᠪᠠ ᠠᠮᠢᠳᠤᠷᠠᠯ᠎ᠢ ᠪᠠᠲᠤᠯᠠᠬᠤ ᠬᠡᠷᠡᠭᠲᠡᠢ᠃ ᠭᠤᠷᠪᠠ᠎ᠳᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠢᠷᠳᠡᠯ᠎ᠢ ᠰᠢᠢ᠍ᠳᠪᠦᠷᠢᠯᠡᠬᠦ᠎ᠪᠠᠷ ᠬᠦᠴᠦᠯᠡᠨ ᠴᠢᠷᠮᠠᠢ᠌ᠬᠤ ᠬᠡᠷᠡᠭᠲᠡᠢ᠃ ᠨᠢᠭᠡᠨᠲᠡ ᠲᠣᠭᠲᠠᠭ᠋ᠠᠭᠰᠠᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠬᠣᠷᠢᠭᠯᠠᠬᠤ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠬᠠᠳᠠᠭ᠋ᠠᠯᠠᠮᠵᠢ ᠵᠢᠨ ᠪᠡᠯᠡᠳᠬᠡᠯ ᠮᠥᠩᠭᠥᠨ᠎ᠤ ᠨᠤᠷᠮ᠎ᠠ ᠵᠢ ᠪᠠᠭᠤᠷᠠᠭᠤᠯᠤᠭᠰᠠᠨ ᠪᠠᠯᠠ ᠮᠥᠩᠭᠥ ᠵᠡᠷᠭᠡ ᠵᠢ ᠰᠠᠶ᠋ᠢᠲᠤᠷ ᠬᠡᠷᠡᠭᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠬᠤ ᠬᠡᠷᠡᠭᠲᠡᠢ᠃ ᠲᠦᠷᠪᠡ᠎ᠳᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠴᠢᠬᠤᠯᠠ ᠲᠦᠭᠦᠬᠡᠶ ᠮᠠᠲ᠋ᠧᠷᠢᠶᠠᠯ᠎ᠤᠨ ᠦᠨ᠎ᠡ ᠬᠠᠩᠰᠢ ᠵᠢᠨ ᠥᠰᠥᠯᠲᠡ ᠵᠢ ᠠᠷᠭ᠋ᠠᠴᠠᠭ᠋ᠠᠬᠤ ᠲᠥᠰᠦᠯ᠎ᠢ ᠪᠦᠷᠢᠨᠰᠢᠭᠦᠯᠦᠨ ᠨᠠᠶ᠋ᠢᠳᠠᠪᠤᠷᠢᠵᠢᠭᠤᠯᠵᠤ᠂ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠢ ᠵᠦᠢ ᠵᠣᠬᠢᠰᠲᠠᠶ᠎ᠪᠠᠷ ᠨᠡᠮᠡᠭᠳᠡᠭᠦᠯᠦᠨ᠂ ᠨᠥᠭᠡᠴᠡᠯᠡᠬᠦ ᠪᠠ ᠲᠠᠯᠪᠢᠬᠤ ᠵᠢ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠶ᠋ᠢᠭᠤᠯᠵᠤ᠂ ᠭᠣᠣᠯᠳᠠᠯᠭ᠎ᠠ᠎ᠲᠠᠢ ᠲᠠᠸᠠᠷ᠎ᠤᠨ ᠵᠠᠬ᠎ᠠ ᠳᠡᠯᠭᠡᠭᠦᠷ᠎ᠤᠨ ᠬᠣᠯᠪᠣᠯᠳᠤᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠠᠮᠢᠳᠤᠷᠠᠯ᠎ᠤᠨ ᠡᠳ᠋ ᠪᠣᠳᠠᠰ᠎ᠤᠨ ᠪᠠᠲᠤᠯᠠᠭ᠎ᠠ ᠵᠢᠨ ᠲᠣᠭᠲᠠᠴᠠ ᠵᠢ ᠦᠷᠭᠦᠯᠵᠢᠯᠡᠨ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠭᠦᠢ᠍ᠴᠡᠳ ᠪᠠᠶ᠋ᠢᠬᠤ ᠵᠢ ᠪᠠᠲᠤᠯᠠᠬᠤ ᠬᠡᠷᠡᠭᠲᠡᠢ᠃ ᠲᠠᠪᠤ᠎ᠳᠤ᠂ ᠭᠠᠮᠰᠢᠭᠳᠠᠭᠰᠠᠨ ᠤᠯᠠᠨ ᠲᠦᠮᠡᠨ᠎ᠢ ᠲᠥᠪᠬᠢᠨᠡᠭᠦᠯᠬᠦ ᠪᠠ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠰᠠᠶ᠋ᠢᠲᠤᠷ ᠬᠢᠵᠦ᠂ ᠤᠮᠠᠷᠠᠲᠤ ᠣᠷᠣᠨ ᠭᠠᠮᠰᠢᠭᠳᠠᠭᠰᠠᠨ ᠤᠯᠠᠨ ᠲᠦᠮᠡᠨ᠎ᠤ ᠠᠮᠤᠷ ᠲᠦᠪᠰᠢᠨ ᠮᠥᠷᠲᠡᠭᠡᠨ ᠳᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠬᠤ ᠠᠵᠢᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ ᠭᠡᠵᠡᠢ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠠᠵᠤ ᠠᠬᠤᠢ ᠵᠢᠨ ᠬᠠᠨᠳᠤᠰᠢ ᠵᠢᠨ ᠬᠤᠪᠢᠷᠠᠯᠲᠠ ᠵᠢ ᠨᠠᠷᠢᠨ ᠨᠢᠭᠲᠠ ᠮᠥᠷᠳᠡᠨ ᠳᠠᠭ᠋ᠠᠵᠤ᠂ ᠲᠦᠷᠦ ᠵᠢᠨ ᠪᠤᠳᠤᠯᠭ᠎ᠠ ᠵᠢᠨ ᠤᠶᠠᠯᠳᠤᠯ᠎ᠢ ᠰᠢᠯᠢᠳᠡᠭᠵᠢᠭᠦᠯᠬᠦ ᠬᠡᠷᠡᠭᠲᠡᠢ᠃ ᠬᠡᠷᠡᠭᠯᠡᠭᠡ ᠵᠢ ᠲᠣᠭᠲᠠᠭᠤᠨ ᠵᠶ᠋ᠠᠷ ᠰᠡᠷᠭᠦᠭᠡᠨ ᠨᠡᠮᠡᠭᠳᠡᠭᠦᠯᠬᠦ ᠵᠢ ᠠᠬᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢ ᠰᠠᠶ᠋ᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ ᠵᠢ ᠲᠠᠢ᠍ᠢ᠍ᠴᠢᠯᠠᠵᠤ᠂ ᠨᠡᠩ ᠪᠦᠲᠦᠮᠵᠢᠲᠡᠶ ᠨᠡᠭᠡᠭᠡᠯᠳᠡ ᠵᠢᠨ ᠠᠷᠭ᠎ᠠ ᠬᠡᠮᠵᠢᠶ᠎ᠡ᠎ᠪᠠᠷ ᠭᠠᠳᠠᠭ᠋ᠠᠳᠤ ᠠᠷᠠᠯᠵᠢᠶ᠎ᠠ ᠪᠠ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠵᠤ᠂ ᠲᠦᠷᠦ ᠵᠢᠨ ᠪᠤᠳᠤᠯᠭ᠎ᠠ ᠵᠢᠨ ᠵᠣᠬᠢᠴᠠᠭᠤᠯᠭ᠎ᠠ ᠪᠠ ᠲᠠᠶ᠋ᠢᠯᠤᠮᠵᠢ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠯ᠎ᠢ ᠨᠡᠮᠡᠭᠳᠡᠭᠦᠯᠵᠦ᠂ ᠠᠵᠤ ᠠᠬᠤᠶ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠣᠲᠠ ᠪᠠᠯᠭ᠋ᠠᠰᠤᠨ᠎ᠤ ᠠᠵᠢᠯ ᠣᠯᠭᠣᠯᠲᠠ ᠵᠢᠨ ᠳᠠᠷᠤᠯᠲᠠ ᠮᠥᠨ ᠬᠦ᠌ ᠨᠡᠯᠢᠶᠡᠳ ᠶᠡᠬᠡ ᠪᠠᠶ᠋ᠢᠭ᠎ᠠ ᠪᠣᠯᠬᠣᠷ ᠠᠵᠢᠯ ᠣᠯᠭᠣᠯᠲᠠ ᠵᠢ ᠦᠷᠭᠦᠯᠵᠢᠯᠡᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠬᠣᠷᠸ᠎ᠠ ᠲᠥᠷᠥ ᠵᠢᠨ ᠪᠣᠳᠣᠯᠭ᠎ᠠ ᠵᠢᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠴᠢᠩᠭ᠋ᠠᠳᠬᠠᠨ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠡᠩ ᠭᠦᠢ᠍ᠴᠡᠳ ᠨᠡᠩ ᠴᠢᠨᠠᠷᠯᠢᠭ ᠠᠵᠢᠯ ᠣᠯᠭᠣᠯᠲᠠ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠶ᠃ ᠨᠢᠭᠡ᠎ᠳᠤ᠂ ᠡᠳ᠋᠎ᠤᠨ ᠵᠠᠰᠠᠭ᠂ ᠵᠣᠭᠣᠰ ᠮᠥᠩᠭᠥ ᠵᠡᠷᠭᠡ ᠲᠦᠷᠦ ᠵᠢᠨ ᠪᠤᠳᠤᠯᠭ᠎ᠠ᠎ᠪᠠᠷ ᠠᠵᠢᠯ ᠣᠯᠭᠣᠯᠲᠠ ᠵᠢ ᠳᠡᠮᠵᠢᠬᠦ ᠤᠳᠤᠷᠢᠳᠤᠮᠵᠢ ᠵᠢ ᠴᠢᠩᠭ᠋ᠠᠳᠬᠠᠵᠤ᠂ ᠠᠵᠢᠯ ᠣᠯᠭᠣᠯᠲᠠ ᠵᠢᠨ ᠴᠢᠳᠠᠪᠤᠷᠢ᠎ᠪᠠᠷ ᠴᠢᠩᠭ᠎ᠠ ᠬᠥᠳᠡᠯᠮᠦᠷᠢ ᠬᠤᠷᠠᠭᠰᠠᠨ ᠬᠡᠯᠪᠡᠷᠢ ᠵᠢᠨ ᠠᠵᠢᠯ ᠲᠦᠷᠦᠯ᠎ᠤᠨ ᠬᠥᠭᠵᠢᠯᠲᠡ ᠵᠢ ᠰᠢᠩᠭᠡᠭᠡᠨ ᠠᠪᠬᠤ ᠵᠢ ᠠᠬᠢᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠠᠭᠤᠰᠤᠯᠳᠤᠨ ᠬᠥᠭᠵᠢᠬᠦ ᠵᠢ ᠠᠬᠢᠭᠤᠯᠵᠤ᠂ ᠤᠯᠠᠨ ᠠᠷᠭ᠎ᠠ ᠵᠠᠮ ᠵᠶ᠋ᠠᠷ ᠠᠮᠢᠳᠤᠯᠢᠭ ᠠᠵᠢᠯ ᠣᠯᠭᠣᠯᠲᠠ ᠵᠢ ᠠᠬᠢᠭᠤᠯᠬᠤ ᠬᠡᠷᠡᠭᠲᠡᠢ᠃ ᠬᠣᠶᠠᠷ᠎ᠲᠤ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠴᠢᠩᠭ᠋ᠠᠳᠬᠠᠵᠤ᠂ ᠠᠵᠢᠯ ᠣᠯᠭᠣᠯᠲᠠ ᠵᠢᠨ ᠳᠠᠬᠢᠨ ᠵᠶ᠋ᠠᠷ ᠨᠡᠮᠡᠭᠳᠡᠬᠦ ᠦᠢ᠍ᠯᠡᠳᠦᠯ᠎ᠢ ᠶᠡᠬᠡᠰᠬᠡᠬᠦ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠳᠠᠯ ᠦᠢ᠍ᠯᠡᠰ ᠴᠣᠭᠴᠠᠯᠠᠬᠤ ᠵᠢ ᠬᠦᠯᠢᠶᠡᠰᠦᠯᠡᠵᠦ ᠪᠠᠶ᠋ᠢᠭ᠎ᠠ ᠪᠡᠬᠢᠯᠡᠯᠲᠡ ᠵᠢ ᠡᠪᠳᠡᠵᠦ᠂ ᠠᠳᠠᠯ ᠦᠢ᠍ᠯᠡᠰ ᠴᠣᠭᠴᠠᠯᠠᠬᠤ᠎ᠳᠤ ᠦᠵᠡᠭᠦᠯᠬᠦ ᠳᠡᠮᠵᠢᠯᠭᠡ ᠵᠢ ᠴᠢᠩᠭ᠋ᠠᠳᠬᠠᠨ᠂ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠬᠠᠮᠠᠭ᠋ᠠᠯᠠᠵᠤ᠂ ᠬᠥᠳᠡᠯᠮᠦᠷᠢᠴᠢᠳ᠎ᠤᠨ ᠠᠳᠠᠯ ᠦᠢ᠍ᠯᠡᠰ ᠴᠣᠭᠴᠠᠯᠠᠬᠤ ᠢᠳᠡᠪᠬᠢᠵᠢᠯ᠎ᠢ᠎ᠨᠢ ᠬᠥᠭᠵᠢᠭᠡᠬᠦ ᠬᠡᠷᠡᠭᠲᠡᠢ᠃ ᠭᠤᠷᠪᠠ᠎ᠳᠤ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠬᠤᠳᠠᠯᠳᠤᠭ᠋ᠠᠨ᠎ᠤ ᠵᠠᠭᠪᠤᠷ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠰᠢᠨ᠎ᠡ ᠠᠵᠢᠯ᠎ᠤᠨ ᠪᠠᠶ᠋ᠢᠷᠢ ᠵᠢ ᠨᠡᠮᠡᠭᠳᠡᠭᠦᠯᠬᠦ ᠬᠡᠷᠡᠭᠲᠡᠢ᠃ ᠲᠦᠷᠪᠡ᠎ᠳᠤ᠂ ᠲᠣᠭᠲᠠᠴᠠ ᠪᠠ ᠲᠦᠷᠦ ᠵᠢᠨ ᠪᠤᠳᠤᠯᠭ᠎ᠠ ᠵᠢ ᠪᠦᠷᠢᠨᠰᠢᠭᠦᠯᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠠᠴᠠ ᠬᠠᠯᠠᠭᠳᠠᠭᠰᠠᠳ ᠪᠠ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠬᠦ ᠬᠡᠷᠡᠭᠲᠡᠢ᠃ ᠠᠵᠢᠯ ᠣᠯᠭᠣᠯᠲᠠ ᠵᠢᠨ ᠭᠠᠳᠠᠭᠤᠷᠴᠢᠯᠠᠯ᠎ᠢ ᠴᠢᠷᠮᠠᠶ᠋ᠢᠨ ᠠᠷᠢᠯᠭ᠋ᠠᠵᠤ᠂ ᠠᠮᠢᠳᠤᠯᠢᠭ ᠵᠶ᠋ᠠᠷ ᠠᠵᠢᠯ ᠣᠯᠤᠭᠰᠠᠳ ᠪᠠ ᠨᠠᠰᠤ ᠠᠬᠢᠬᠰᠠᠨ᠂ ᠡᠮᠡᠭᠲᠡᠶ ᠬᠥᠳᠡᠯᠮᠦᠷᠢᠴᠢᠨ ᠵᠡᠷᠭᠡ ᠵᠢᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ᠃ ᠲᠠᠪᠤ᠎ᠳᠤ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠬᠠᠨᠳᠤᠭᠤᠯᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠥᠳᠡᠯᠮᠦᠷᠢᠴᠢᠳ᠎ᠤᠨ ᠤᠷ᠎ᠠ ᠴᠢᠳᠠᠪᠤᠷᠢ ᠪᠠ ᠠᠶᠤᠯ ᠦᠭᠡᠢ ᠦᠢ᠍ᠯᠡᠳᠪᠦᠷᠢᠯᠡᠯ᠎ᠤᠨ ᠬᠡᠪ ᠴᠢᠨᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶᠠᠨ᠎ᠤ ᠠᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠾᠧᠨᠠᠨ᠎ᠳᠤ ᠠᠵᠢᠯ᠎ᠤᠨ ᠪᠠᠢ᠌ᠴᠠᠭ᠋ᠠᠯᠲᠠ ᠬᠢᠭᠰᠡᠨ ᠪᠥᠭᠡᠳ ᠭᠠᠮᠰᠢᠭ᠎ᠤᠨ ᠳᠠᠷᠠᠭ᠎ᠠ ᠰᠡᠷᠭᠦᠭᠡᠵᠦ ᠳᠠᠬᠢᠨ ᠪᠥᠲᠥᠭᠡᠨ ᠪᠠᠢ᠌ᠭᠤᠯᠬᠤ ᠲᠤᠰᠬᠠᠶ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠪᠠ
ᠰᠢ ᠵᠢᠨ ᠫᠢᠩ ᠴᠧᠩᠳᠧ ᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠪᠡ
 
            