ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-08-23

      ᠰᠢᠨᠬᠤᠸᠠ   ᠬᠣᠷᠢᠶᠠᠨ ᠎ᠤ   ᠪᠡᠭᠡᠵᠢᠩ ᠎ᠤᠨ  8   ᠰᠠᠷ᠎ᠠ ᠵᠢᠨ  19᠎ᠤ ᠴᠠᠬᠢᠯᠭ᠋ᠠᠨ ᠮᠡᠳᠡᠭᠡ  8 ᠰᠠᠷ᠎ᠠ ᠵᠢᠨ 19᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ ᠳᠤᠮᠳᠠᠳᠤ ᠤᠯᠤᠰ ᠪᠠ ᠠᠷᠠᠪ᠎ᠤᠨ ᠤᠯᠤᠰ᠎ᠤᠳ᠎ᠤᠨ ᠠᠷᠠᠳ ᠲᠦᠮᠡᠨ᠎ᠤ ᠤᠯᠠᠮᠵᠢᠯᠠᠯᠲᠤ ᠨᠥᠬᠥᠷᠯᠡᠯ ᠶᠠᠪᠤᠬᠤ ᠳᠤᠳᠤᠮ ᠪᠠᠲᠤᠵᠢᠵᠤ ᠪᠠᠢ᠌ᠨ᠎ᠠ᠃ ᠣᠶ᠋ᠢᠷ᠎ᠠ ᠵᠢᠨ ᠵᠢᠯ᠎ᠳᠤ᠂ ᠳᠤᠮᠳᠠᠳᠤ ᠠᠷᠠᠪ ᠬᠣᠶᠠᠷ ᠲᠠᠯ᠎ᠠ᠎ᠪᠠᠷ ᠵᠶ᠋ᠠᠨ ᠪᠠᠶ᠋ᠢᠯᠳᠤᠬᠤ ᠪᠣᠳᠣᠯᠭ᠎ᠠ ᠵᠢᠨ ᠵᠣᠬᠢᠴᠠᠭᠤᠯᠭ᠎ᠠ ᠪᠤᠯᠤᠨ ᠠᠵᠢᠯᠯᠠᠭ᠎ᠠ ᠵᠢᠨ ᠵᠣᠯᠭ᠋ᠠᠯᠴᠠᠭ᠎ᠠ᠎ᠪᠠᠨ ᠲᠠᠰᠤᠷᠠᠯᠲᠠ ᠥᠬᠡᠶ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠬᠠᠮᠲᠤᠷᠠᠯᠴᠠᠭ᠋ᠠᠨ᠎ᠤ ᠦᠷ᠎ᠠ ᠪᠦᠲᠦᠭᠡᠯ ᠦᠯᠠᠮᠵᠢ ᠪᠠᠢ᠌ᠵᠤ᠂ ᠳᠤᠮᠳᠠᠳᠤ ᠤᠯᠤᠰ ᠠᠷᠠᠪ᠎ᠤᠨ ᠤᠯᠤᠰ᠎ᠤᠳ᠎ᠤᠨ ᠨᠢᠭᠡᠳᠦᠭᠡᠷ ᠲᠣᠮᠣ ᠠᠷᠠᠯᠵᠢᠶᠠᠨ᠎ᠤ ᠬᠠᠨᠢᠲᠠᠨ ᠤᠯᠤᠰ ᠪᠤᠯᠬᠤ ᠪᠠᠶ᠋ᠢᠷᠢ ᠰᠠᠭᠤᠷᠢ᠎ᠪᠠᠨ ᠦᠷᠭᠦᠯᠵᠢᠯᠡᠨ ᠪᠠᠲᠤᠯᠠᠪᠠ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠡᠮᠦᠨ᠎ᠠ᠂ ᠳᠤᠮᠳᠠᠳᠤ ᠤᠯᠤᠰ ᠪᠣᠯᠤᠨ ᠠᠷᠠᠪ᠎ᠤᠨ ᠤᠯᠤᠰ᠎ᠤᠳ ᠭᠠᠷ ᠬᠣᠯᠪᠣᠨ ᠬᠢᠵᠢᠭ᠎ᠲᠠᠢ ᠲᠡᠮᠡᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠬᠤ ᠬᠡᠪ ᠳᠠᠭᠤᠷᠢᠶᠠᠯ᠎ᠢ ᠪᠤᠢ ᠪᠤᠯᠭ᠋ᠠᠪᠠ ᠭᠡᠵᠤ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠠᠷᠠᠪ᠎ᠤᠨ ᠤᠯᠤᠰ᠎ᠤᠳ᠎ᠲᠠᠢ ᠬᠠᠮᠲᠤ᠎ᠪᠠᠷ ᠬᠠᠮᠲᠤᠷᠠᠯᠴᠠᠨ ᠬᠦᠭᠵᠢᠬᠦ ᠵᠢ ᠰᠦᠪᠡᠭᠴᠢᠯᠡᠵᠤ᠂ ᠡᠩᠬᠡ ᠲᠠᠶ᠋ᠢᠪᠤᠩ ᠬᠥᠭᠵᠢᠯᠲᠡ ᠵᠢ ᠬᠠᠮᠲᠤ᠎ᠪᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠵᠦ᠂ ᠬᠠᠮᠲᠤ᠎ᠪᠠᠷ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠳᠠᠢ ᠪᠦᠳᠦᠭᠡᠨ ᠪᠠᠶ᠋ᠢᠭᠤᠯᠵᠤ᠂ ᠳᠤᠮᠳᠠᠳᠤ ᠤᠯᠤᠰ ᠪᠠ ᠠᠷᠠᠪ᠎ᠤᠨ ᠤᠯᠤᠰ᠎ᠤᠳ᠎ᠤᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠨᠡᠩ ᠥᠨᠳᠥᠷ ᠲᠦᠪᠰᠢᠨ᠎ᠳᠤ ᠭᠠᠷᠬᠤ ᠵᠢ ᠠᠬᠢᠭᠤᠯᠵᠤ᠂ ᠰᠢᠨ᠎ᠠ ᠴᠠᠭ ᠦᠶ᠎ᠠ᠎ᠳᠤ ᠬᠠᠨᠳᠤᠭᠰᠠᠨ ᠳᠤᠮᠳᠠᠳᠤ ᠤᠯᠤᠰ ᠪᠠ ᠠᠷᠠᠪ᠎ᠤᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠴᠤᠭᠴᠠ ᠵᠢ ᠭᠠᠷ ᠬᠣᠯᠪᠣᠨ ᠪᠠᠶ᠋ᠢᠭᠤᠯᠤᠨ᠎ᠠ ᠭᠡᠵᠦ ᠴᠢᠬᠤᠯᠠᠴᠢᠯᠠᠪᠠ᠃
      ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ ᠲᠤᠰ ᠡᠳᠦᠷ ᠨᠢᠩᠰᠢᠶᠠ ᠵᠢᠨ ᠢᠷᠭ᠋ᠠᠢ᠎ᠳᠤ ᠡᠬᠢᠯᠡᠵᠤ᠂ ᠦᠵᠡᠰᠬᠦᠯᠡᠩ᠎ᠤᠨ ᠴᠤᠬᠯᠠᠭ᠋ᠠᠨ᠎ᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠤᠯᠠᠨ ᠤᠯᠤᠰ᠎ᠤᠨ ᠠᠷᠠᠯᠵᠢᠶ᠎ᠠ ᠵᠢ ᠠᠬᠢᠭᠤᠯᠬᠤ ᠵᠥᠪᠯᠡᠯ ᠪᠣᠯᠤᠨ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠬᠢᠯᠡᠵᠡᠢ᠃

ᠢᠷᠡᠯᠲᠡ᠄ ᠦᠪᠦᠷ ᠮᠤᠩᠭᠤᠯ᠎ᠤᠨ ᠡᠳᠦᠷ ᠦ᠋᠊ᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠾᠧᠨᠠᠨ᠎ᠳᠤ ᠠᠵᠢᠯ᠎ᠤᠨ ᠪᠠᠢ᠌ᠴᠠᠭ᠋ᠠᠯᠲᠠ ᠬᠢᠭᠰᠡᠨ ᠪᠥᠭᠡᠳ ᠭᠠᠮᠰᠢᠭ᠎ᠤᠨ ᠳᠠᠷᠠᠭ᠎ᠠ ᠰᠡᠷᠭᠦᠭᠡᠵᠦ ᠳᠠᠬᠢᠨ ᠪᠥᠲᠥᠭᠡᠨ ᠪᠠᠢ᠌ᠭᠤᠯᠬᠤ ᠲᠤᠰᠬᠠᠶ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠪᠠ
ᠰᠢ ᠵᠢᠨ ᠫᠢᠩ ᠴᠧᠩᠳᠧ ᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ ᠵᠡᠷᠭᠡ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠰᠠᠢ᠍ᠢ᠍ᠬᠠᠨᠳᠠᠪᠠᠭ᠎ᠠ ᠮᠸᠬᠠᠨᠢᠭᠵᠢᠯ᠎ᠤᠨ ᠤᠢ ᠰᠢᠭᠤᠢ ᠵᠢᠨ ᠲᠠᠯᠠᠪᠠᠢ᠎ᠳᠤ ᠪᠠᠢ᠌ᠴᠠᠭ᠋ᠠᠨ ᠰᠤᠳᠤᠯᠤᠯᠲᠠ ᠬᠢᠪᠡ
 
            