23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠾᠸᠪᠸᠢ ᠮᠤᠵᠢ ᠵᠢᠨ ᠰᠠᠢ᠍ᠢ᠍ᠬᠠᠨᠳᠠᠪᠠᠭ᠎ᠠ ᠮᠸᠬᠠᠨᠢᠭᠵᠢᠯᠤᠨ ᠤᠢ ᠰᠢᠭᠤᠢ ᠵᠢᠨ ᠲᠠᠯᠠᠪᠠᠢ ᠵᠢᠨ ᠶᠤᠸᠠᠢ ᠯᠢᠶᠠᠩ ᠱᠠᠨ ᠠᠭᠤᠯᠠᠨ᠎ᠳᠤ ᠬᠦᠷᠴᠦ᠂ ᠤᠢ ᠰᠢᠭᠤᠢ ᠵᠢᠨ ᠲᠠᠯᠠᠪᠠᠢ ᠵᠢᠨ ᠪᠠᠶ᠋ᠢᠭ᠋ᠠᠯᠢ ᠵᠢᠨ ᠦᠵᠡᠮᠵᠢ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠾᠸᠪᠸᠢ ᠵᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠᠨ᠎ᠤ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠪᠠ ᠤᠢ ᠰᠢᠭᠤᠢ ᠵᠢᠨ ᠲᠠᠯᠠᠪᠠᠢ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠤᠢ ᠰᠢᠭᠤᠢ ᠵᠢᠨ ᠬᠠᠮᠠᠭ᠋ᠠᠯᠠᠭᠴᠢ ᠵᠢ ᠪᠣᠯᠭᠣᠭ᠋ᠠᠨ ᠦᠵᠡᠪᠡ᠃ ᠳᠠᠷᠠᠭ᠎ᠠ᠎ᠳᠤ᠎ᠨᠢ᠂ ᠰᠢ ᠵᠢᠨ ᠫᠢᠩ ᠱᠠᠩ ᠬᠠᠢ ᠳᠤᠷᠠᠰᠬᠠᠯ᠎ᠤᠨ ᠤᠢ᠎ᠳᠤ ᠬᠦᠷᠴᠦ᠂ ᠤᠢ ᠮᠣᠳᠣᠨ᠎ᠤ ᠤᠷᠭᠤᠯᠳᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠤᠢ ᠰᠢᠭᠤᠢ ᠵᠢᠨ ᠲᠠᠯᠠᠪᠠᠢ᠎ᠠᠴᠠ ᠰᠠᠢ᠍ᠢ᠍ᠬᠠᠨᠳᠠᠪᠠᠭ᠎ᠠ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠴᠢᠨᠠᠷᠯᠢᠭ ᠬᠥᠭᠵᠢᠯᠲᠡ ᠵᠢ ᠠᠬᠢᠭᠤᠯᠤᠭᠰᠠᠨ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃










